ᠬᠤᠸᠠᠩ ᠮᠢᠨ ᠲᠥᠯᠥᠭᠡᠯᠡᠭ᠌ᠴᠢ᠄ 《ᠭᠤᠷᠪᠠᠨ ᠲᠣᠭ᠍ᠲᠠᠴᠠ》 ᠶ᠋ᠢ ᠪᠦᠷᠢᠨᠰᠢᠬᠦᠯᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠨ᠎ᠠ
2026-02-05 15:45:41
ᠵᠣᠬᠢᠶᠠᠭ᠍ᠴᠢ᠄
ᠮᠠ ᠹᠠᠩ ᠸᠠᠡᠭ ᠰᠢᠶᠤᠤ ᠪᠦᠸᠸ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠪᠣᠳᠠᠲᠠᠢ ᠪᠠᠢᠷᠢᠯᠠᠭᠤᠯᠤᠯᠲᠠ ᠬᠢᠵᠦ᠍᠂ ᠮᠠᠨ᠎ᠤ ᠤᠨᠤᠯ᠎ᠤᠨ ᠰᠤᠳᠤᠯᠭᠠᠨ᠎ᠤ ᠠᠵᠢᠯᠲᠠᠳ᠎ᠲᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》 ᠬᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ ᠵᠢᠨ᠎ᠨᠠᠮ᠎ᠤᠨ ᠰᠤᠷᠭᠠᠭᠤᠯᠢ᠎ᠶ᠋ᠢᠨ ᠪᠠᠢᠩᠭᠤ᠎ᠶ᠋ᠢᠨ ᠳᠡᠳ᠋ ᠵᠠᠬᠢᠷᠤᠯ ᠬᠤᠸᠠᠩ ᠮᠢᠨ ᠬᠡᠯᠡᠪᠡ᠃


QQ截图20250224163902.png


ᠬᠤᠸᠠᠩ ᠮᠢᠨ ᠲᠥᠯᠥᠭᠡᠯᠡᠭ᠌ᠴᠢ


ᠬᠤᠸᠠᠩ ᠮᠢᠨ ᠲᠠᠨᠢᠯᠴᠠᠭᠤᠯᠬᠤ᠎ᠳᠠᠭᠠᠨ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ ᠨᠢ 《ᠣᠨᠣᠯ + ᠦᠶ᠋ᠯᠡᠳᠦᠯᠭᠡ》᠂ 《ᠤᠯᠠᠮᠵᠢᠯᠠᠯ + ᠱᠢᠨ᠎ᠡ ᠡᠭᠦᠳᠦᠯᠲᠡ》 ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠨᠡᠢᠭᠡᠮᠯᠢᠭ᠎ᠢ ᠪᠠᠢᠭᠤᠯᠵᠤ᠂ ᠨᠠᠷᠠᠲᠤ ᠬᠢᠴᠢᠶᠡᠯ᠎ᠢ ᠡᠭᠦᠳᠦᠨ ᠪᠠᠢᠭᠤᠯᠬᠤ ᠢᠨᠵᠧᠨᠧᠷᠢᠩ᠎ᠢ ᠬᠡᠷᠡᠭ᠌ᠵᠢᠭᠦᠯᠬᠦ᠌᠂ 《1+7+N》 ᠬᠢᠴᠢᠶᠡᠯ᠎ᠦᠨ ᠱᠢᠰᠲ᠋ᠧᠮ᠎ᠢ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠰᠤᠷᠭᠠᠨ ᠬᠥᠮᠦᠵᠢᠯ᠎ᠦᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠠᠢ ᠬᠡᠪᠡ᠃

ᠬᠤᠸᠠᠩ ᠮᠢᠨ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠲᠣᠭᠠᠴᠢᠯᠠᠭ᠍ᠰᠠᠨ ᠵᠠᠰᠠᠯᠲᠠ᠎ᠶ᠋ᠢᠨ ᠳᠦᠷᠢᠮ ᠲᠣᠭ᠍ᠲᠠᠴᠠ᠎ᠶ᠋ᠢ ᠰᠦᠪᠡᠭ᠌ᠴᠢᠯᠡᠨ ᠠᠬᠢᠭᠤᠯᠵᠤ᠂ ᠦᠨᠳᠦᠰᠦᠨ ᠱᠠᠲᠤᠨ᠎ᠤ ᠺᠠᠳ᠋ᠷ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠳᠦᠷᠢᠮ ᠲᠣᠭ᠍ᠲᠠᠴᠠ᠎ᠶ᠋ᠢ ᠪᠦᠷᠢᠨᠱᠢᠭᠦᠯᠦᠨ ᠴᠢᠩᠭᠠᠳᠬᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠯ᠎ᠡ ᠵᠦᠢᠯ᠎ᠦᠨ ᠠᠵᠢᠯ᠎ᠤᠨ ᠳᠦᠷᠢᠮᠵᠢᠯᠲᠡ᠂ ᠵᠢᠷᠤᠮᠵᠢᠯᠲᠠ᠂ ᠤᠷᠳᠤ ᠬᠤᠭᠤᠴᠠᠭᠠᠨ᠎ᠤ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠᠲᠡᠢ ᠬᠡᠵᠤ ᠰᠠᠨᠠᠭᠤᠯᠪᠠ᠃

《ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 〈1571〉 ᠠᠵᠢᠯ᠎ᠤᠨ ᠪᠠᠢᠷᠢᠯᠠᠭᠤᠯᠤᠯᠲᠠ᠎ᠶ᠋ᠢᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠡᠵᠡᠮᠱᠢᠵᠦ᠍᠂ ᠤᠨᠤᠯ᠎ᠤᠨ ᠰᠤᠳᠤᠯᠭᠠᠨ ᠪᠣᠯᠤᠨ ᠤᠬᠠᠭᠤᠯᠭ᠎ᠠ ᠬᠥᠮᠦᠵᠢᠯ᠎ᠢ ᠤᠯᠠᠮ ᠴᠢᠨᠠᠭ᠍ᠰᠢᠳᠠ ᠴᠢᠩᠭᠠᠳᠭᠠᠵᠤ᠂ ᠬᠢᠴᠢᠶᠡᠯ᠎ᠦᠨ ᠱᠢᠰᠲᠸᠮ᠎ᠢ ᠲᠠᠰᠤᠷᠠᠯᠳᠡ ᠦᠭᠡᠢ ᠱᠢᠯᠢᠳᠡᠭ᠌ᠵᠢᠭᠦᠯᠤᠨ᠂ ᠨᠠᠮ᠎ᠤᠨ ᠰᠤᠷᠭᠠᠭᠤᠯᠢ᠎ᠶ᠋ᠢᠨ ᠲᠠᠪᠴᠠᠩ᠎ᠢᠶᠠᠷ ᠡᠯ᠎ᠡ ᠲᠠᠯ᠎ᠠ᠎ᠶ᠋ᠢᠨ ᠤᠶᠤᠨ ᠤᠬᠠᠭᠠᠨ᠎ᠢ ᠲᠥᠪᠯᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠡᠮᠦᠨ᠎ᠡ ᠨᠢ ᠬᠣᠱᠢᠭᠤᠷᠠᠵᠤ᠂ ᠦᠯᠢᠭᠡᠷ ᠳᠠᠭᠤᠷᠢᠶᠠᠯ ᠪᠣᠯᠬᠤ ᠴᠢᠬᠤᠯᠠᠳᠡᠢ》 ᠭᠡᠵᠦ᠍ ᠬᠤᠸᠠᠩ ᠮᠢᠨ ᠬᠡᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号