《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠲᠣᠳᠣᠷᠬᠠᠢ ᠪᠠᠢᠷᠢᠯᠠᠭᠤᠯᠤᠯᠲᠠ ᠬᠢᠵᠡᠢ᠂ ᠡᠨᠡ ᠨᠢ ᠠᠷᠠᠳᠴᠢᠯᠠᠭ᠍ᠰᠠᠨ ᠨᠠᠮ ᠪᠦᠯᠦᠭ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠴᠢᠭ᠌ᠯᠡᠯ᠎ᠢ ᠤᠯᠠᠮ ᠲᠣᠳᠣᠷᠬᠠᠢ ᠵᠢᠭᠠᠵᠤ ᠥᠭ᠌ᠴᠡᠢ》 ᠬᠡᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠦ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠲᠤᠰᠭᠠᠢ ᠲᠤᠱᠢᠶᠠᠯᠳᠦ ᠳᠡᠳ᠋ ᠡᠷᠬᠢᠯᠡᠭ᠌ᠴᠢ ᠭᠡᠱᠢᠭᠦᠨ ᠱᠢᠤᠢ ᠢᠦᠢ ᠫᠢᠩ ᠬᠡᠯᠡᠪᠡ᠃

ᠱᠢᠤᠢ ᠢᠦᠶ ᠫᠢᠩ ᠲᠥᠯᠥᠭᠡᠯᠡᠭ᠌ᠴᠢ
ᠱᠢᠤᠢ ᠢᠦᠢ ᠫᠢᠩ᠂ 2021 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ ᠲᠦᠷᠦᠭᠦᠯᠡᠠ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠬᠢᠨ 《ᠰᠡᠳᠭᠢᠯ ᠨᠢᠭᠡᠳᠦᠨ ᠢᠷᠡᠭᠡᠳᠦᠢ ᠲᠠᠢᠰᠢ ᠤᠷᠤᠭᠰᠢᠯᠠᠬᠤ》 ᠤᠬᠠᠭᠤᠯᠤᠨ ᠲᠠᠢᠯᠪᠤᠷᠢᠯᠠᠯᠲᠠ ᠶ᠋ᠢ ᠦᠷᠬᠦᠯᠵᠢᠯᠠᠨ ᠦᠷᠨᠢᠬᠦᠯᠵᠠᠢ᠃ ᠡᠨᠡ ᠵᠢᠯ᠎ᠦᠨ ᠡᠬᠢ᠎ᠪᠡᠷ᠂ ᠳᠤᠮᠳᠠᠳᠦ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠠᠩᠬᠠᠳᠤᠭᠠᠷ ᠬᠤᠭᠤᠴᠠᠭᠠᠨ᠎ᠤ 《ᠰᠡᠳᠬᠢᠯ ᠨᠢᠬᠡᠳᠡᠢ ᠤᠯᠤᠰ ᠲᠦᠷᠦ᠍᠎ᠶ᠋ᠢᠨ ᠬᠢᠴᠢᠶᠡᠯ᠎ᠦᠨ ᠲᠠᠩᠬᠢᠮ》 ᠢ᠋ ᠡᠷᠬᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠨᠤᠯ᠎ᠤᠨ ᠰᠤᠷᠤᠯᠴᠠᠯᠭ᠎ᠠ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ ᠬᠡᠵᠤ ᠳᠠᠨᠢᠯᠴᠠᠭᠤᠯᠤᠨ᠎ᠠ᠃ ᠱᠢᠤᠢ ᠢᠦᠢ ᠫᠢᠩ᠄《ᠳᠠᠷᠠᠭᠠᠴᠢ ᠪᠡᠷ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ 〈1571〉 ᠠᠵᠢᠯ᠎ᠤᠨ ᠪᠠᠢᠷᠢᠯᠠᠭᠤᠯᠤᠯᠳᠠ ᠵᠢᠨ ᠲᠤᠭᠤᠷᠢᠨ᠎ᠳᠦ᠂ ᠰᠤᠷᠤᠯᠴᠠᠯᠭ᠎ᠠ ᠵᠢᠨ ᠦᠷ᠎ᠡ ᠪᠦᠳᠦᠭᠡᠯ ᠵᠢᠡᠨ ᠦᠨᠡᠨᠬᠦ ᠡᠭᠦᠷᠭᠡ ᠳᠤᠰᠢᠶᠠᠯ ᠵᠢᠡᠨ ᠬᠦᠢᠴᠡᠳᠭᠡᠬᠦ ᠦᠷ᠎ᠡ ᠪᠦᠳᠦᠮᠵᠢ ᠪᠤᠯᠭᠠᠨ᠎ᠠ》 ᠭᠡᠪᠡ᠃
ᠱᠢᠤᠢ ᠢᠦᠶ ᠫᠢᠩ᠂ ᠬᠣᠢᠱᠢᠳᠠ ᠡᠲᠡᠭᠡᠳᠢᠯᠭᠠᠯ ᠪᠣᠯᠤᠨ ᠴᠢᠳᠠᠪᠤᠷᠢᠲᠠᠨ᠎ᠤ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ᠎ᠦ ᠡᠷᠡᠭᠦᠯ ᠮᠡᠨᠳᠦ ᠠᠵᠠ ᠵᠢᠷᠭᠠᠯ᠎ᠢ ᠨᠡᠮᠡᠭ᠌ᠳᠡᠭᠦᠯᠬᠦ᠌᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢ ᠰᠤᠷᠤᠯᠴᠠᠨ ᠨᠠᠷᠢᠯᠢᠭ ᠠᠵᠢᠯᠯᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠳᠤ ᠨᠡᠩ ᠤᠯᠠᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ ᠭᠡᠪᠡ᠃