ᠵᠢᠶᠠ ᠮᠸᠢ ᠯᠢᠨ ᠭᠡᠱᠢᠭᠦᠨ᠄ ᠶᠡᠬᠡ ᠳᠡᠭᠡᠳᠦ ᠰᠤᠷᠭᠠᠭᠤᠯᠢ᠎ᠶ᠋ᠢᠨ ᠳᠠᠪᠠᠭᠤᠯᠢᠭ᠎ᠢ ᠪᠠᠳᠠᠷᠠᠭᠤᠯᠵᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠰᠠᠢᠲᠤᠷ ᠶᠠᠷᠢᠨ᠎ᠠ
2026-02-05 15:57:17
ᠵᠣᠬᠢᠶᠠᠭ᠍ᠴᠢ᠄
ᠠᠨ ᠶᠢᠨ ᠳ᠋ᠥᠨᠭ ᠎ᠶ᠋ᠢᠨ ᠴᠢᠤᠸᠠᠨ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠬᠠᠮᠵᠢᠯᠴᠠᠨ ᠰᠤᠳᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠦᠶ᠋ᠯᠡᠳᠦᠯᠭᠡ᠎ᠶ᠋ᠢᠨ ᠰᠠᠭᠤᠷᠢᠨ᠎ᠤ ᠱᠢᠰᠲ᠋ᠧᠮ᠎ᠢ ᠪᠠᠢᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠢ ᠨᠠᠢᠷᠠᠭᠤᠯᠵᠤ᠂ ᠱᠢᠨ᠎ᠡ ᠴᠠᠭ ᠦᠶ᠎ᠡ᠎ᠡᠴᠡ ᠨᠠᠭᠠᠱᠢᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠰᠣᠩᠭᠣᠨ ᠴᠤᠬᠴᠠᠯᠠᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠰᠠᠢᠲᠤᠷ ᠶᠠᠷᠢᠨ᠎ᠠ ᠭᠡᠵᠦ᠍ ᠳᠤᠷᠠᠳᠪᠠ᠃ ᠡᠨᠡ ᠨᠢ ᠪᠢᠳᠡᠨ᠎ᠦ ᠡᠨᠡ ᠵᠢᠯ᠎ᠦᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠵᠢᠶᠠ ᠮᠧᠶ ᠯᠢᠨ ᠶᠠᠷᠢᠨ᠎ᠠ᠃


QQ截图20260203153236.png


ᠵᠢᠶᠠ ᠮᠸᠢ ᠯᠢᠨ ᠭᠡᠱᠢᠭᠦᠨ


ᠵᠢᠶᠠ ᠮᠧᠢ ᠯᠢᠨ᠂ ᠶᠡᠬᠡ ᠳᠡᠭᠡᠳᠦ ᠰᠤᠷᠭᠠᠭᠤᠯᠢ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠨᠢᠭᠦᠯᠬᠦ᠌ ᠴᠢᠬᠤᠯᠠ ᠵᠢᠭ᠍ᠰᠠᠭᠠᠯ᠎ᠤᠨ ᠭᠠᠵᠠᠷ ᠪᠣᠯᠤᠨ᠎ᠠ᠃ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠰᠤᠷᠭᠠᠭᠤᠯᠢ ᠡᠷᠭᠢᠯᠡᠵᠦ᠍ ᠬᠥᠮᠦᠨ᠎ᠢ ᠬᠥᠮᠦᠵᠢᠭᠦᠯᠬᠦ᠌ ᠪᠥᠬᠥ᠌ ᠶᠠᠪᠤᠴᠠ᠎ᠳᠤ ᠦᠨᠡᠨ ᠬᠦ᠌ ᠲᠤᠭᠤᠱᠢᠯᠠᠭᠤᠯᠤᠨ᠎ᠠ ᠭᠡᠪᠡ᠃

ᠵᠢᠶᠠ ᠮᠧᠢ ᠯᠢᠨ᠂ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ ᠱᠢᠨᠵᠢᠯᠡᠭᠡᠨ᠎ᠦ ᠰᠠᠯᠠᠭ᠎ᠠ᠎ᠶ᠋ᠢᠨ ᠴᠢᠳᠠᠪᠤᠷᠢᠲᠠᠨ᠎ᠤ ᠳᠠᠪᠠᠭᠤᠯᠢᠭ᠎ᠢᠶᠠᠨ ᠪᠠᠳᠠᠷᠠᠭᠤᠯᠵᠤ᠂ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠰᠤᠳᠤᠯᠭᠠᠨ᠎ᠢ ᠴᠢᠩᠭᠠᠳᠭᠠᠵᠤ᠂ ᠦᠪᠦᠷ ᠮᠤᠨᠭᠭᠤᠯ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠶᠣᠰᠣ ᠵᠦᠢ᠎ᠶ᠋ᠢᠨ ᠲᠤᠯᠭᠠᠭᠤᠷᠢᠯᠠᠯ ᠬᠠᠩᠭᠠᠬᠤ ᠴᠢᠬᠤᠯᠠᠲᠠᠢ᠃ ᠲᠣᠭᠠᠴᠢᠯᠠᠭ᠍ᠰᠠᠨ ᠮᠡᠷᠭᠡᠵᠢᠯ᠎ᠢ ᠢᠳᠡᠪᠬᠢᠲᠡᠢ ᠬᠡᠷᠡᠭ᠌ᠯᠡᠨ ᠬᠢᠴᠢᠶᠡᠯ᠎ᠦᠨ ᠪᠠᠢᠭᠤᠯᠤᠯᠲᠠ ᠪᠣᠯᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠍᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠮᠠᠯᠵᠢᠬᠤ ᠲᠠᠷᠢᠶᠠᠯᠠᠬᠤ ᠣᠷᠣᠨ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠬᠤ ᠴᠢᠬᠤᠯᠠᠲᠠᠢ ᠬᠡᠵᠦ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号