《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠴᠢᠨᠭᠭᠠᠳᠬᠠᠨ᠎ᠠ ᠭᠡᠵᠦ ᠳᠤᠷᠠᠳᠪᠠ᠃ ᠮᠢᠨᠦ᠍ ᠦᠵᠡᠬᠦ᠌ ᠪᠡᠷ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠦᠷᠭᠦᠯᠵᠢᠯᠡᠨ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠵᠢᠭᠠᠨ ᠰᠤᠷᠭᠠᠯᠲᠠ᠂ ᠤᠬᠠᠭᠤᠯᠤᠨ ᠲᠠᠢᠯᠪᠤᠷᠢᠯᠠᠬᠤ᠂ ᠦᠢᠯᠡᠳᠦᠯᠭᠡ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭᠳᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠴᠠᠪ ᠬᠣᠲᠠ᠎ᠶ᠋ᠢᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠸᠠᠩ ᠶᠦᠩ ᠯᠢ ᠶᠠᠷᠢᠪᠠ᠃

ᠸᠠᠩ ᠶᠦᠩ ᠯᠢ ᠭᠡᠱᠢᠭᠦᠨ
ᠸᠠᠩ ᠶᠦᠩ ᠯᠢ᠂ ᠳᠡᠷᠭᠡᠳᠡᠬᠢ ᠤᠴᠢᠷ ᠶᠠᠪᠤᠳᠠᠯ᠎ᠢᠶᠠᠷ ᠳᠡᠷᠭᠡᠳᠡᠬᠢ ᠬᠥᠮᠦᠰ᠎ᠢᠶᠡᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠲᠤᠰ ᠭᠠᠵᠠᠷ᠎ᠤᠨ ᠦᠨᠳᠦᠰᠦᠲᠡᠨ᠎ᠦ ᠪᠦᠯᠬᠦᠮᠳᠡᠯ᠎ᠦᠨ ᠠᠮᠢᠳᠤᠯᠢᠭ ᠦᠢᠯᠡᠳᠦᠯᠭᠡ᠎ᠶ᠋ᠢ ᠭᠦᠨᠵᠡᠭᠡᠢ ᠠᠭᠤᠳᠠᠯᠵᠤ᠂ ᠨᠢᠭᠡ ᠪᠦᠯᠦᠭ ᠤᠨᠴᠠᠯᠢᠬ᠍ᠳᠤ ᠬᠢᠴᠢᠶᠡᠯ᠎ᠢ ᠴᠣᠭ᠍ᠴᠠᠯᠠᠵᠤ᠂ ᠲᠡᠦᠬᠡ᠎ᠶ᠋ᠢᠨ ᠳᠤᠷᠠᠳᠭᠠᠯ᠂ ᠣᠷᠣᠨ ᠪᠦᠰᠡ᠎ᠶ᠋ᠢᠨ ᠰᠣᠶᠣᠯ ᠪᠣᠯᠤᠨ ᠪᠣᠳᠠᠲᠤ ᠦᠯᠢᠭᠡᠷ᠎ᠢ ᠨᠢᠭᠡ ᠴᠤᠬ᠍ᠴᠠᠵᠢᠭᠤᠯᠵᠤ᠂ ᠬᠥᠮᠦᠵᠢᠯ ᠪᠣᠯᠪᠠᠰᠤᠷᠠᠯ᠎ᠤᠨ ᠨᠥᠯᠥᠭᠡᠯᠡᠬᠦ᠌ ᠬᠦᠴᠦᠨ ᠪᠣᠯᠤᠨ ᠪᠣᠳᠠᠲᠤ ᠦᠷ᠎ᠡ ᠪᠦᠳᠦᠮᠵᠢᠳᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠬᠦ᠌ ᠴᠢᠬᠤᠯᠠᠲᠠᠢ; ᠤᠬᠠᠭᠤᠯᠤᠨ ᠲᠠᠢᠯᠪᠤᠷᠢᠯᠠᠬᠤ ᠬᠦᠴᠦᠨ᠎ᠢ ᠦᠨᠳᠦᠰᠦᠨ ᠱᠠᠲᠤᠨ᠎ᠳᠤ ᠪᠠᠭᠤᠯᠭᠠᠬᠤ᠂ ᠤᠨᠤᠯ᠎ᠤᠨ ᠤᠬᠠᠭᠤᠯᠤᠨ ᠲᠠᠢᠯᠪᠤᠷᠢᠯᠠᠯᠲᠠ᠎ᠶ᠋ᠢ ᠬᠤᠷᠠᠯ᠎ᠤᠨ ᠲᠠᠯᠠᠪᠠᠢ᠎ᠠᠴᠠ ᠠᠭᠤᠳᠠᠮ ᠲᠠᠯᠠᠪᠠᠢ ᠲᠡᠢᠰᠢ᠂ ᠬᠢᠴᠢᠶᠡᠯ᠎ᠦᠨ ᠲᠠᠩᠬᠢᠮ᠎ᠠᠴᠠ ᠬᠥᠳᠡᠭᠡ ᠲᠣᠰᠭᠣᠨ ᠮᠠᠯᠵᠢᠬᠤ ᠣᠷᠣᠨ᠂ ᠬᠤᠳᠠ ᠬᠥᠳᠡᠭᠡ ᠨᠡᠢᠭᠡᠮ ᠲᠣᠭᠣᠷᠢᠭ᠎ᠲᠤ ᠬᠦᠷᠭᠡᠵᠦ᠍᠂ ᠤᠯᠠᠨ ᠲᠦᠮᠡᠨ᠎ᠦ ᠰᠣᠨᠣᠰᠬᠤ ᠳᠤᠷᠠᠳᠠᠢ ᠣᠢᠯᠠᠭᠠᠵᠦ ᠳᠡᠢᠯᠬᠦ᠌ ᠦᠭᠡ ᠬᠡᠯᠡ ᠪᠡᠷ ᠤᠬᠠᠭᠤᠯᠤᠨ ᠲᠠᠢᠯᠪᠤᠷᠢᠯᠠᠬᠤ᠎ᠶ᠋ᠢ ᠢᠯᠡᠭᠦᠬᠡᠨ ᠥᠷᠨᠢᠭᠦᠯᠬᠦ ᠴᠢᠬᠤᠯᠠᠲᠠᠢ; ᠲᠤᠰ ᠭᠠᠵᠠᠷ᠎ᠤᠨ ᠬᠤᠪᠢᠰᠭᠠᠯ᠎ᠤᠨ ᠡᠬᠢ ᠪᠠᠶᠠᠯᠢᠭ ᠪᠣᠯᠤᠨ ᠰᠣᠶᠣᠯ᠎ᠤᠨ ᠵᠢᠭ᠍ᠰᠠᠭᠠᠯ᠎ᠤᠨ ᠭᠠᠵᠠᠷ᠎ᠢ ᠭᠦᠢᠴᠡᠳ ᠰᠠᠢᠲᠤᠷ ᠠᠱᠢᠭ᠍ᠯᠠᠵᠤ᠂ ᠮᠦᠽᠧᠢ᠂ ᠳᠤᠷᠠᠰᠭᠠᠯ᠎ᠤᠨ ᠣᠷᠳᠣᠨ ᠵᠢᠴᠢ ᠡᠯ᠎ᠡ ᠲᠦᠷᠦᠯ᠎ᠦᠨ ᠰᠣᠶᠣᠯ᠎ᠤᠨ ᠲᠠᠯᠠᠪᠤᠷ ᠣᠷᠳᠣᠨ ᠵᠡᠷᠭᠡ ᠲᠤᠬᠠᠢ᠎ᠶ᠋ᠢᠨ ᠲᠠᠯᠠᠪᠠᠢ᠎ᠶ᠋ᠢᠨ ᠵᠢᠭᠠᠨ ᠰᠤᠷᠭᠠᠯᠲᠠ᠎ᠶ᠋ᠢᠨ ᠴᠡᠭ᠎ᠢ ᠨᠢᠭᠡᠳᠦᠯᠲᠡᠢ ᠲᠥᠯᠥᠪᠵᠢᠭᠦᠯᠦᠨ ᠠᠱᠢᠭ᠍ᠯᠠᠵᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠪᠦᠯᠬᠦᠮᠳᠡᠯ᠎ᠦᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠬᠤᠯᠠᠲᠠᠢ ᠬᠡᠵᠦ ᠰᠠᠨᠠᠭᠤᠯᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号