ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠍᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠰᠠᠨᠠᠯ
2026-02-06 09:39:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

  ( 2026 ᠣᠨ᠎ᠤ 1 ᠰᠠᠷ᠎ᠠ᠎ᠶ᠋ᠢᠨ 3᠎ᠦ ᠡᠳᠦᠷ)


ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠬᠦ᠌ ᠲᠠᠯ᠎ᠠ ᠪᠠ ᠶᠠᠰᠤ ᠴᠢᠨᠠᠷ᠎ᠲᠠᠶ ᠬᠣᠯᠪᠣᠭ᠍ᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠦᠳᠡᠭᠡ ᠠᠵᠤ ᠠᠬᠤᠢ ᠵᠢᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ᠎ᠦᠨ ᠴᠢᠳᠠᠪᠤᠷᠢ ᠱᠢᠨ᠎ᠡ ᠳᠡᠭ᠌ᠲᠡᠷ᠎ᠲᠦ ᠭᠠᠷᠴᠤ᠌᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠲᠠᠷᠢᠶᠠᠴᠢᠳ᠎ᠤᠨ ᠠᠮᠢᠳᠤᠷᠠᠯ᠎ᠤᠨ ᠲᠦᠪᠱᠢᠨ ᠢᠯᠡᠳᠲᠡ ᠳᠡᠭᠡᠭ᠌ᠰᠢᠯᠡᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠢᠯᠡᠷᠬᠡᠢ ᠠᠬᠢᠴᠠ᠎ᠲᠠᠶ ᠪᠣᠯᠪᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠵᠢᠨ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠬᠦᠷᠢᠶᠡᠨ᠎ᠦ ᠲᠤᠪᠤᠢ᠌ᠮ᠎ᠠ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠰᠠᠢᠲᠤᠷ ᠬᠢᠬᠦ᠌ ᠨᠢ ᠲᠤᠢᠯ᠎ᠤᠨ ᠴᠢᠬᠤᠯᠠ ᠶᠤᠮ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ ᠤ᠋ᠨ ᠲᠦᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠪᠦᠬᠦ᠌ ᠨᠠᠮ᠎ᠤᠨ ᠠᠵᠢᠯ᠎ᠤᠨ ᠴᠢᠬᠤᠯᠠ ᠵᠢᠨ ᠳᠤᠳᠤᠷᠠᠬᠢ ᠴᠢᠬᠤᠯᠠ ᠵᠦᠢᠯ ᠪᠣᠯᠭᠠᠬᠤ᠎ᠶ᠋ᠢ ᠪᠠᠷᠢᠮᠲᠠᠯᠠᠵᠤ᠂ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠪᠠᠷ ᠶᠡᠷᠦᠩᠬᠡᠶ ᠭᠠᠷᠳᠠᠴᠠ ᠪᠣᠯᠭᠠᠵᠤ᠂ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠰᠤᠷᠤᠯᠴᠠᠨ ᠬᠡᠷᠡᠭ᠌ᠯᠡᠬᠦ᠌᠎ᠪᠡᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠬᠦᠳᠡᠭᠡ ᠠᠵᠤ ᠠᠬᠤᠢ ᠵᠢ ᠬᠦᠴᠦᠷᠬᠡᠭ᠌ᠵᠢᠭᠦᠯᠦᠨ ᠲᠠᠷᠢᠶᠠᠴᠢᠳ᠎ᠲᠤ ᠠᠱᠢᠭ ᠬᠦᠷᠲᠡᠭᠡᠵᠦ᠍ ᠲᠠᠷᠢᠶᠠᠴᠢᠳ᠎ᠢ ᠪᠠᠶᠠᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠬᠦᠴᠦᠨ ᠴᠢᠳᠠᠯ ᠢ᠋ ᠳᠡᠭᠡᠭ᠌ᠰᠢᠯᠡᠭᠦᠯᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠵᠤ᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠤ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠦᠪᠱᠢᠨ᠂ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠲᠦᠪᠱᠢᠨ᠂ ᠬᠥᠳᠡᠭᠡ ᠲᠣᠰᠭᠣᠨ᠎ᠤ ᠵᠠᠰᠠᠯᠲᠠ᠎ᠶ᠋ᠢᠨ ᠲᠦᠪᠱᠢᠨ ᠢ᠋ ᠳᠡᠭᠡᠭᠰᠢᠯᠡᠭᠦᠯᠵᠤ᠂ ᠬᠦᠳᠡᠭᠡ ᠠᠵᠤ ᠠᠬᠤᠢ ᠵᠢ ᠣᠳᠣᠬᠢᠴᠢᠯᠠᠭ᠍ᠰᠠᠨ ᠲᠣᠮᠣ ᠠᠵᠤ ᠦᠶ᠋ᠯᠡᠰ ᠪᠣᠯᠭᠠᠨ ᠪᠦᠲᠦᠭᠡᠨ ᠪᠠᠢᠭᠤᠯᠬᠤ᠂ ᠬᠥᠳᠡᠭᠡ ᠲᠣᠰᠭᠣᠨ᠎ᠢ ᠦᠨᠳᠦᠰᠦᠨ᠎ᠳᠡᠭᠡᠨ ᠣᠳᠣ ᠦᠶ᠎ᠡ᠎ᠶ᠋ᠢᠨ ᠠᠮᠢᠳᠤᠷᠠᠯ᠎ᠤᠨ ᠨᠥᠬᠥᠴᠡᠯ ᠲᠡᠶ ᠪᠣᠯᠭᠠᠬᠤ᠂ ᠲᠠᠷᠢᠶᠠᠴᠢᠳ᠎ᠤᠨ ᠠᠮᠢᠳᠤᠷᠠᠯ᠎ᠢ ᠨᠠᠩ ᠪᠠᠶᠠᠨ ᠴᠢᠨᠡᠭᠡᠯᠢᠭ ᠰᠠᠢᠨ ᠰᠠᠢᠬᠠᠨ ᠪᠣᠯᠭᠠᠬᠤ ᠪᠡᠷ ᠴᠢᠷᠮᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭ᠌ᠲᠡᠶ᠃

ᠨᠢᠭᠡ᠂ ᠲᠠᠷᠢᠶᠠᠯᠠᠩ᠎ᠤᠨ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ

(ᠨᠢᠭᠡ) ᠠᠮᠤ ᠲᠣᠰᠣᠨ᠎ᠤ ᠦᠢᠯᠡᠳᠪᠦᠷᠢᠯᠡᠯ᠎ᠢ ᠲᠣᠭ᠍ᠲᠠᠭᠤᠨ᠎ᠢᠶᠠᠷ ᠬᠥᠭ᠌ᠵᠢᠭᠦᠯᠦᠨ᠎ᠠ᠃ ᠠᠮᠤ ᠪᠤᠳᠠᠭᠠᠨ᠎ᠤ ᠤᠨᠠᠯᠲᠠ᠎ᠶ᠋ᠢ 1.4 ᠲᠦᠮᠡᠨ ᠳ᠋ᠦᠩᠱᠢᠭᠤᠷ ᠵᠢᠩ ᠣᠷᠴᠢᠮ᠎ᠳᠤ ᠲᠣᠭ᠍ᠲᠠᠪᠤᠷᠢᠵᠢᠭᠤᠯᠤᠨ᠎ᠠ᠃ ᠦᠢᠯᠡᠳᠪᠦᠷᠢᠯᠡᠯ ᠤ᠋ᠨ ᠬᠡᠮᠵᠢᠶ᠎ᠠ ᠪᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ ᠤ᠋ᠨ ᠠᠮᠢ ᠠᠬᠤᠢ᠂ ᠦᠢᠯᠡᠳᠪᠦᠷᠢᠯᠡᠯ ᠪᠠ ᠣᠷᠣᠯᠭ᠎ᠠ᠎ᠶ᠋ᠢᠨ ᠨᠡᠮᠡᠭ᠌ᠳᠡᠯ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ᠂ ᠱᠢᠨ᠎ᠡ ᠨᠢᠭᠡ ᠡᠭᠡᠯᠵᠢ᠎ᠶ᠋ᠢᠨ ᠮᠢᠩᠭᠠᠨ ᠳ᠋ᠦᠩᠱᠢᠭᠤᠷ ᠵᠢᠩ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠦᠴᠦᠯᠡᠨ ᠬᠡᠷᠡᠭ᠌ᠵᠢᠭᠦᠯᠵᠦ᠍᠂ ᠰᠠᠢ᠌ᠨ ᠲᠠᠷᠢᠶ᠎ᠠ ᠰᠠᠢ᠌ᠨ ᠦᠷ᠎ᠠ ᠰᠠᠢ᠌ᠨ ᠮᠠᠰᠢᠨ ᠮᠸᠬᠠᠨᠢᠭ ᠰᠠᠢᠨ ᠬᠠᠤᠯᠢ ᠵᠢᠨ ᠬᠤᠷᠠᠮᠳᠤᠯ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠮᠤ ᠲᠤᠰᠤᠨ᠎ᠤ ᠲᠠᠷᠢᠮᠠᠯ᠎ᠤᠨ ᠨᠢᠭᠡᠴᠢ ᠲᠠᠯᠠᠪᠠᠢ ᠵᠢᠨ ᠤᠨᠠᠯᠲᠠ᠎ᠶ᠋ᠢ ᠶᠡᠬᠡ ᠬᠡᠮᠵᠢᠶ᠎ᠠ ᠪᠡᠷ ᠠᠬᠢᠭᠤᠯᠤᠨ᠎ᠠ᠃ ᠭᠠᠵᠠᠷ ᠣᠷᠣᠨ᠎ᠤ ᠪᠠᠢᠳᠠᠯ ᠳ᠋ᠤᠨᠢ ᠲᠤᠬᠢᠷᠠᠭᠤᠯᠤᠨ ᠲᠠᠷᠢᠶᠠᠯᠠᠩ᠎ᠤᠨ ᠦᠢᠯᠡᠳᠪᠦᠷᠢᠯᠡᠯ᠎ᠦᠨ ᠪᠦᠲᠦᠴᠡ ᠪᠠ ᠣᠷᠣᠨ ᠪᠦᠰᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠠᠮᠤ ᠪᠤᠳᠠᠭᠠᠨ᠎ᠤ ᠡᠭᠦᠯᠳᠡᠷ᠎ᠢ ᠱᠢᠯᠢᠳᠡᠭ᠌ᠵᠢᠭᠦᠯᠬᠦ᠌ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠠᠮᠤ ᠪᠤᠳᠠᠭᠠᠨ᠎ᠤ ᠭᠦᠢᠯᠭᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠲᠦᠷᠦᠯ ᠵᠦᠢᠯ᠎ᠢ ᠬᠡᠷᠡᠭ᠌ᠵᠢᠭᠦᠯᠵᠦ᠍᠂ ᠪᠣᠷᠣᠯᠠᠭᠤᠯᠭ᠎ᠠ ᠰᠠᠢᠲᠠᠢ᠂ ᠴᠢᠨᠠᠷ ᠰᠠᠢᠲᠠᠢ᠎ᠳᠤᠨᠢ ᠰᠠᠢ᠌ᠨ ᠦᠨ᠎ᠡ ᠥᠭ᠌ᠬᠦ᠎ᠶ᠋ᠢ ᠠᠬᠢᠭᠤᠯᠤᠨ᠎ᠠ᠃ ᠱᠢᠷ᠎ᠠ ᠪᠤᠷᠴᠠᠭ᠎ᠤᠨ ᠦᠢᠯᠡᠳᠪᠦᠷᠢᠯᠡᠯ᠎ᠦᠨ ᠴᠢᠳᠠᠪᠤᠷᠢ᠎ᠶ᠋ᠢ ᠪᠠᠲᠤᠳᠭᠠᠨ ᠳᠡᠭᠡᠭ᠌ᠰᠢᠯᠡᠭᠦᠯᠵᠦ᠍᠂ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠰᠠᠢᠲᠤᠷ ᠵᠣᠯᠭᠠᠭᠤᠯᠤᠨ᠎ᠠ᠃ ᠱᠢᠯᠢᠮᠳᠡᠭ᠂ ᠯᠣᠬᠠᠱᠧᠩ᠂ ᠲᠤᠰᠤ ᠴᠠᠢ ᠵᠡᠷᠭᠡ᠎ᠶ᠋ᠢᠨ ᠦᠢᠯᠡᠳᠪᠦᠷᠢᠯᠡᠯ᠎ᠦᠨ ᠣᠷᠣᠨ ᠵᠠᠢ᠎ᠶ᠋ᠢ ᠥᠷᠭᠡᠳᠭᠡᠵᠦ᠍᠂ ᠲᠣᠰᠣᠯᠢᠭ ᠵᠦᠢᠯ ᠤ᠋ᠨ ᠤᠯᠠᠨ ᠡᠱᠢᠵᠢᠭᠰᠡᠨ ᠬᠠᠩᠭᠠᠯᠭ᠎ᠠ᠎ᠶ᠋ᠢ ᠥᠷᠭᠡᠳᠭᠡᠨ᠎ᠡ᠃ ᠬᠥᠪᠥᠩ᠂ ᠱᠢᠬᠢᠷᠯᠢᠭ ᠮᠠᠲ᠋ᠧᠷᠢᠶᠠᠯ᠂ ᠪᠠᠢᠭᠠᠯᠢᠯᠢᠭ ᠭᠣᠮ ᠵᠡᠷᠭᠡ ᠠᠵᠤ ᠦᠢᠯᠡᠰ᠎ᠦᠨ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠤᠨ᠎ᠠ᠃ ᠠᠮᠤ ᠪᠤᠳᠠᠭ᠎ᠠ᠎ᠶ᠋ᠢ ᠠᠷᠪᠢᠯᠠᠨ ᠭᠠᠮᠨᠠᠬᠤ ᠪᠠ ᠢᠳᠡᠭᠡᠨ᠎ᠢ ᠪᠦᠷᠢᠯᠭᠡᠨ ᠰᠦᠢᠳᠭᠡᠬᠦ᠌᠎ᠶ᠋ᠢ ᠡᠰᠡᠷᠭᠦᠴᠡᠬᠦ᠌ ᠠᠵᠢᠯᠯᠠᠭ᠎ᠠ᠎ᠶ᠋ᠢ ᠭᠦᠨᠵᠡᠭᠡᠢ ᠠᠬᠢᠭᠤᠯᠤᠨ᠎ᠠ᠃

(ᠬᠣᠶᠠᠷ) 《ᠬᠤᠯᠢᠰᠢᠨ ᠢᠳᠡᠭᠡᠨ》 ᠤ᠋ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠲᠠᠷᠢᠶᠠᠯᠠᠩ ᠤᠢ ᠱᠢᠭᠤᠢ ᠮᠠᠯ ᠠᠵᠤ ᠠᠬᠤᠢ  ᠵᠢᠭᠠᠰᠤᠨ ᠠᠵᠤ ᠠᠬᠤᠢ᠎ᠶ᠋ᠢ ᠵᠡᠷᠭᠡ᠎ᠪᠡᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠤᠯᠠᠨ ᠡᠱᠢᠵᠢᠭ᠌ᠰᠡᠨ ᠢᠳᠡᠭᠡᠨ᠎ᠦ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠤᠨ᠎ᠠ᠃ ᠭᠠᠬᠠᠢ ᠲᠡᠵᠢᠭᠡᠨ ᠦᠷᠡᠵᠢᠭᠦᠯᠬᠦ ᠴᠢᠳᠠᠪᠤᠷᠢ᠎ᠶ᠋ᠢ ᠶᠡᠷᠦᠩᠬᠡᠢᠯᠡᠨ ᠲᠤᠬᠢᠷᠠᠭᠤᠯᠤᠨ ᠡᠵᠡᠮᠳᠡᠬᠦ᠌᠎ᠶ᠋ᠢ ᠴᠢᠩᠭᠠᠳᠭᠠᠵᠤ᠂ ᠮᠢᠬᠠᠨ ᠦᠬᠡᠷ᠂ ᠰᠠᠭᠠᠯᠢ᠎ᠶ᠋ᠢᠨ ᠦᠨᠢᠶᠡᠨ᠎ᠦ ᠠᠵᠤ ᠦᠢᠯᠡᠰ᠎ᠦᠨ ᠬᠦᠴᠢᠷᠳᠡᠯ᠎ᠢ ᠱᠢᠢᠳᠪᠦᠷᠢᠯᠡᠭ᠌ᠰᠡᠨ ᠦᠷ᠎ᠡ ᠪᠦᠲᠦᠭᠡᠯ᠎ᠢ ᠪᠡᠬᠢᠵᠢᠭᠦᠯᠦᠨ᠂ ᠬᠠᠩᠭᠠᠯᠭ᠎ᠠ ᠬᠡᠷᠡᠭ᠌ᠴᠡᠭᠡ᠎ᠶ᠋ᠢᠨ ᠲᠡᠩᠴᠡᠭᠦᠷᠢ ᠪᠠ ᠡᠷᠡᠭᠦᠯ ᠬᠦᠭᠵᠢᠯᠳᠡ ᠶ᠋ᠢ ᠠᠬᠢᠭᠤᠯᠤᠨ᠎ᠠ᠃ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ ᠪᠡᠷ ᠬᠡᠷᠡᠭ᠌ᠯᠡᠨ ᠴᠠᠭᠠᠨ ᠢᠳᠡᠭᠡᠨ᠎ᠦ ᠬᠡᠷᠡᠭ᠌ᠯᠡᠭᠡ᠎ᠶ᠋ᠢ ᠠᠬᠢᠭᠤᠯᠤᠨ᠎ᠠ᠃ ᠬᠦᠭᠡ ᠲᠠᠷᠤᠰᠢ ᠵᠢᠨ ᠡᠷᠳᠡᠨᠢ ᠱᠢᠰᠢ᠂ ᠴᠠᠷᠭᠠᠰᠤ ᠵᠡᠷᠭᠡ ᠲᠡᠵᠢᠭᠡᠯ ᠡᠪᠡᠰᠦ ᠪᠣᠷᠳᠣᠭᠠᠨ᠎ᠤ ᠦᠢᠯᠡᠳᠪᠦᠷᠢᠯᠡᠯ᠎ᠢ ᠬᠥᠭ᠌ᠵᠢᠭᠦᠯᠬᠦ᠌᠎ᠶ᠋ᠢ ᠳᠠᠮᠵᠢᠵᠤ᠂ ᠪᠡᠯᠴᠢᠭᠡᠷ᠎ᠤᠨ ᠮᠠᠯ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠤᠨ᠎ᠠ᠃ ᠲᠦᠬᠦᠭᠡᠷᠤᠮᠵᠢᠳᠤ ᠲᠠᠷᠢᠶᠠᠯᠠᠩ᠎ᠢ ᠱᠢᠨᠡᠳᠭᠡᠨ ᠥᠭᠡᠷᠡᠴᠢᠯᠡᠬᠦ᠌᠎ᠶ᠋ᠢ ᠳᠡᠮᠵᠢᠵᠦ᠍᠂ ᠢᠳᠡᠱᠢᠨ ᠨᠣᠭᠣᠭ᠎ᠠ᠎ᠶ᠋ᠢᠨ ᠦᠢᠯᠡᠳᠪᠦᠷᠢᠯᠡᠯ᠎ᠢ ᠲᠣᠭ᠍ᠲᠠᠭᠤᠨ᠎ᠢᠶᠠᠷ ᠬᠥᠭ᠌ᠵᠢᠭᠦᠯᠦᠨ᠂ ᠭᠦᠨ ᠠᠯᠤᠰ ᠳᠠᠯᠠᠶ᠎ᠳᠦ ᠲᠡᠵᠢᠭᠡᠨ ᠦᠷᠡᠵᠢᠭᠦᠯᠬᠦ᠌ ᠪᠠ ᠣᠳᠣᠬᠢᠴᠢᠯᠠᠭ᠍ᠰᠠᠨ ᠠᠯᠤᠰ ᠳᠠᠯᠠᠶ᠎ᠳᠦ ᠠᠩᠨᠠᠵᠤ ᠱᠦᠭᠦᠬᠦ᠌᠎ᠶ᠋ᠢ ᠠᠬᠢᠭᠤᠯᠵᠤ᠂ ᠣᠶ ᠱᠢᠭᠤᠶ᠎ᠶ᠋ᠢᠨ ᠢᠳᠡᠭᠡᠨ ᠪᠠ ᠠᠮᠢᠳᠤ ᠪᠣᠳᠠᠰ᠎ᠤᠨ ᠲᠠᠷᠢᠶᠠᠯᠠᠩ᠎ᠢ ᠢᠳᠡᠪᠬᠢᠲᠡᠶ ᠬᠥᠭ᠌ᠵᠢᠭᠦᠯᠦᠨ᠎ᠡ᠃ ᠢᠳᠡᠭᠡᠨ᠎ᠦ ᠠᠮᠤᠷ ᠲᠦᠪᠰᠢᠨ ᠤ᠋ ᠬᠠᠷᠢᠭᠤᠴᠠᠯᠭ᠎ᠠ᠎ᠶ᠋ᠢᠨ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠣᠯᠠᠨ ᠰᠠᠯᠠᠭ᠎ᠠ ᠮᠥᠴᠢᠷ ᠬᠠᠮᠵᠢᠯᠴᠠᠬᠤ ᠪᠠ ᠪᠦᠬᠦ᠌ ᠬᠡᠯᠬᠢᠶ᠎ᠡ᠎ᠪᠡᠷ ᠬᠢᠨᠠᠨ ᠬᠠᠮᠢᠶᠠᠷᠬᠤ᠎ᠶ᠋ᠢ ᠴᠢᠩᠭᠠᠷᠠᠭᠤᠯᠤᠨ᠂ ᠬᠠᠤᠯᠢ ᠪᠤᠰᠤ᠎ᠪᠠᠷ ᠨᠡᠮᠡᠵᠤ ᠬᠤᠯᠢᠬᠤ ᠪᠠ ᠲᠠᠷᠢᠶᠠᠨ ᠡᠮ ᠮᠠᠯ᠎ᠤᠨ ᠡᠮ᠎ᠦᠨ ᠦᠯᠡᠳᠡᠭ᠌ᠳᠡᠯ ᠪᠠᠷᠢᠮᠵᠢᠶ᠎ᠠ ᠡᠴᠡ ᠬᠡᠲᠦᠷᠡᠭ᠌ᠰᠡᠨ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠴᠢᠩᠭ᠎ᠠ ᠱᠢᠢᠳᠭᠡᠨ᠎ᠡ᠃

(ᠭᠤᠷᠪᠠ) ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠩᠭᠠᠳᠭᠠᠨ᠎ᠠ᠃ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠨ ᠭᠠᠵᠠᠷ᠎ᠤᠨ ᠪᠠᠢᠷᠢᠱᠢᠭᠤᠯᠤᠯᠳᠠ ᠵᠢ ᠱᠢᠯᠢᠳᠡᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ᠂ ᠲᠠᠷᠢᠶᠠᠨ ᠭᠠᠵᠠᠷ᠎ᠢ ᠡᠵᠡᠯᠡᠬᠦ᠌ ᠨᠥᠬᠥᠪᠥᠷᠢ ᠵᠢ ᠲᠡᠩᠴᠡᠭᠦᠷᠢᠲᠡᠢ ᠪᠠᠢᠯᠭᠠᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠨᠦᠬᠦᠪᠦᠷᠢᠯᠡᠭᠰᠡᠨ ᠲᠠᠷᠢᠶᠠᠨ ᠭᠠᠵᠠᠷ᠎ᠤᠨ ᠶᠠᠰᠤ ᠴᠢᠨᠠᠷ᠎ᠢ ᠱᠢᠯᠭᠠᠨ ᠠᠪᠬᠤ᠎ᠶ᠋ᠢ ᠵᠢᠷᠤᠮᠵᠢᠭᠤᠯᠤᠨ᠂ ᠲᠠᠷᠢᠶᠠᠨ ᠭᠠᠵᠠᠷ᠎ᠢ ᠬᠠᠮᠠᠭᠠᠯᠠᠬᠤ ᠲᠤᠰᠭᠠᠢ ᠲᠥᠯᠥᠪᠵᠢᠭᠦᠯᠭᠡ᠎ᠶ᠋ᠢ ᠲᠣᠭ᠍ᠲᠠᠭᠠᠨ᠎ᠠ᠃ ᠲᠠᠷᠢᠶᠠᠨ ᠭᠠᠵᠠᠷ᠎ᠢ ᠡᠪᠳᠡᠭ᠌ᠰᠡᠨ ᠡᠯ᠎ᠡ ᠲᠥᠷᠥᠯ᠎ᠦᠨ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ᠎ᠳᠤ ᠡᠷᠡᠰ ᠴᠣᠬᠢᠯᠲᠠ ᠥᠭ᠌ᠴᠦ᠂ ᠬᠥᠳᠡᠭᠡ ᠲᠣᠰᠭᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ᠎ᠢᠶᠠᠨ ᠡᠵᠡᠯᠡᠨ ᠬᠡᠷ ᠪᠠᠢᠱᠢᠩ ᠪᠠᠷᠢᠬᠤ᠎ᠶ᠋ᠢ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ 《ᠬᠦᠯᠡᠮᠵᠢ ᠵᠢᠨ ᠨᠡᠷ᠎ᠠ ᠪᠡᠷ ᠪᠠᠢᠭᠤᠯᠤᠭᠰᠠᠨ ᠬᠠᠤᠯᠢ ᠪᠤᠰᠤ ᠪᠠᠷᠢᠯᠭ᠎ᠠ》 ᠵᠡᠷᠭᠡ ᠠᠰᠠᠭᠤᠳᠠᠯ ᠳᠠᠬᠢᠨ ᠢᠯᠡᠷᠡᠬᠦ᠌᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃ ᠲᠠᠷᠢᠶᠠᠯᠠᠬᠤ ᠳᠠᠪᠬᠤᠷᠭ᠎ᠠ ᠪᠠ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠬᠠᠮᠠᠭᠠᠯᠠᠬᠤ ᠡᠴᠡ ᠭᠠᠷᠲᠠᠵᠤ᠂ ᠲᠠᠷᠢᠶᠠᠨ ᠭᠠᠵᠠᠷ᠎ᠤᠨ ᠪᠠᠢᠴᠠᠭᠠᠯᠲᠠ᠎ᠶ᠋ᠢᠨ ᠲᠦᠷᠢᠮ᠎ᠢ ᠱᠢᠯᠢᠳᠡᠭ᠌ᠵᠢᠭᠦᠯᠵᠦ᠍᠂ ᠲᠦᠬᠦᠭᠡᠷᠦᠮᠵᠢᠲᠦ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠲᠠᠷᠢᠶᠠᠨ ᠭᠠᠵᠠᠷ ᠎ᠢ 《ᠠᠮᠤ ᠪᠤᠳᠠᠭᠠᠨ᠎ᠤ ᠦᠢᠯᠡᠳᠪᠦᠷᠢᠯᠡᠯ ᠳ᠋ᠦ ᠬᠡᠷᠡᠭᠯᠡᠬᠦ ᠦᠭᠡᠢ》 ᠵᠢ ᠴᠡᠭ᠌ᠴᠡᠯᠡᠨ ᠰᠠᠢᠵᠢᠷᠠᠭᠤᠯᠬᠤ ᠪᠠ ᠠᠲᠠᠷᠱᠢᠭ᠍ᠰᠠᠨ ᠭᠠᠵᠠᠷ᠎ᠢ ᠰᠡᠷᠭᠦᠭᠡᠨ ᠠᠱᠢᠭ᠍ᠯᠠᠬᠤ ᠠᠵᠢᠯ᠎ᠢ ᠯᠠᠪᠳᠠᠭᠤᠨ ᠡᠮᠬᠢ ᠵᠢᠷᠤᠮ᠎ᠲᠠᠶ ᠰᠠᠢᠲᠤᠷ ᠬᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠣᠷᠣᠨ ᠲᠥᠷᠥᠯ ᠬᠤᠪᠢᠶᠠᠨ ᠴᠢᠨᠠᠷ ᠰᠠᠢᠲᠠᠶ ᠠᠬᠢᠭᠤᠯᠵᠤ᠂ ᠲᠥᠷᠥᠯ ᠵᠦᠶ᠋ᠯ ᠲᠣᠭ᠍ᠲᠠᠭᠠᠬᠤ᠂ ᠪᠥᠲᠥᠭᠡᠨ ᠪᠠᠢᠭᠤᠯᠬᠤ᠂ ᠱᠢᠯᠭᠠᠨ ᠠᠪᠬᠤ ᠪᠠ ᠬᠠᠮᠢᠶᠠᠷᠴᠤ᠌ ᠬᠠᠮᠠᠭᠠᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠪᠠᠯᠠ ᠮᠥᠩᠭᠥ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠷᠥᠰᠥ᠍ ᠱᠢᠷᠣᠶ᠎ᠶ᠋ᠢ ᠰᠠᠢᠵᠢᠷᠠᠭᠤᠯᠬᠤ ᠪᠠ ᠭᠠᠵᠠᠷ᠎ᠤᠨ ᠬᠦᠴᠦ᠍ ᠱᠢᠮ᠎ᠡ᠎ᠶ᠋ᠢ ᠳᠡᠭᠡᠭ᠌ᠰᠢᠯᠡᠭᠦᠯᠬᠦ᠌ ᠡᠷᠴᠢᠮ᠎ᠢ ᠴᠢᠩᠭᠠᠷᠠᠭᠤᠯᠤᠨ᠎ᠠ᠃ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ ᠬᠢᠭᠡᠳ ᠥᠭᠡᠷᠡᠴᠢᠯᠡᠯᠲᠡ᠎ᠶ᠋ᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠰᠤᠪᠠᠭ᠎ᠤᠨ ᠱᠢᠰᠲ᠋ᠧᠮ ᠬᠢᠭᠡᠳ ᠤᠰᠤᠯᠠᠯᠲᠠ᠎ᠶ᠋ᠢᠨ ᠣᠷᠣᠨ᠎ᠤ ᠭᠤᠤᠯ ᠢᠨᠵᠧᠨᠧᠷᠢᠩ᠎ᠢ ᠵᠣᠯᠭᠠᠭᠤᠯᠬᠤ᠎ᠶ᠋ᠢ ᠴᠢᠩᠭᠠᠳᠭᠠᠨ᠎ᠠ᠃ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠤᠨ ᠱᠢᠯᠢᠳᠡᠭ᠎ᠢ᠎ᠨᠢ ᠣᠷᠣᠭᠤᠯᠵᠤ ᠮᠠᠭᠤ᠎ᠶ᠋ᠢ᠎ᠨᠢ ᠲᠠᠶᠠᠭᠳᠠᠬᠤ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠱᠢᠨ᠎ᠡ ᠨᠢᠭᠡᠨ ᠡᠭᠡᠯᠵᠢ᠎ᠶ᠋ᠢᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠬᠤᠵᠢᠷᠯᠢᠭ ᠭᠠᠵᠠᠷ᠎ᠢ ᠶᠡᠷᠦᠩᠬᠡᠢᠯᠡᠨ ᠠᠱᠢᠭ᠍ᠯᠠᠬᠤ ᠪᠠ ᠬᠦᠴᠢᠯᠯᠢᠭᠵᠢᠭᠰᠡᠨ ᠲᠠᠷᠢᠶᠠᠨ ᠭᠠᠵᠠᠷ᠎ᠢ ᠵᠠᠰᠠᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠮᠤᠵᠢ᠎ᠶ᠋ᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ᠎ᠢ ᠬᠠᠮᠠᠭᠠᠯᠠᠬᠤ ᠡᠭᠦᠷᠭᠡ᠎ᠶ᠋ᠢ ᠪᠠᠭᠤᠷᠠᠭᠤᠯᠬᠤ ᠦᠭᠡᠶ ᠪᠠᠢᠬᠤ᠎ᠶ᠋ᠢ ᠪᠠᠲᠤᠯᠠᠭ᠍ᠰᠠᠨ ᠤᠷᠢᠲᠠᠯ ᠳᠣᠣᠷ᠎ᠠ᠂ ᠭᠣᠣᠯ᠎ᠤᠨ ᠵᠠᠮ ᠨᠠᠭᠤᠷ᠎ᠤᠨ ᠣᠷᠣᠨ᠎ᠤ ᠦᠶᠡᠷ ᠶᠠᠪᠤᠭᠤᠯᠬᠤ ᠠᠮᠤᠷ ᠲᠦᠪᠱᠢᠨ᠎ᠢ ᠨᠥᠯᠥᠭᠡᠯᠡᠬᠦ᠌ ᠵᠡᠷᠭᠡ ᠲᠣᠭ᠍ᠲᠠᠭᠤᠨ ᠪᠤᠰᠤ ᠲᠠᠷᠢᠶᠠᠨ ᠭᠠᠵᠠᠷ ᠢ᠋ ᠯᠠᠪᠳᠠᠭᠤᠨ ᠡᠮᠬᠢ ᠵᠢᠷᠤᠮ᠎ᠲᠠᠶ ᠲᠠᠶᠠᠭᠳᠠᠨ᠎ᠠ᠃

(ᠳᠥᠷᠪᠡ) ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠤ᠂ ᠲᠠᠷᠢᠶᠠᠯᠠᠩ᠎ᠤᠨ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠤᠭᠤᠮᠳᠠ ᠰᠢᠪᠳᠤᠯᠬᠤ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠢ᠎ᠪᠡᠷ ᠤᠨᠳᠤᠤᠰᠢᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠲᠠᠷᠢᠶᠠᠯᠠᠩ᠎ᠤᠨ ᠬᠦᠷᠢᠶᠡᠨ᠎ᠳᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠭᠠᠭᠤᠯᠤᠭ᠍ᠴᠢ ᠠᠵᠤ ᠠᠬᠤᠢᠯᠠᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠦᠷ᠎ᠡ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠱᠢᠪᠲᠤᠯᠤᠯᠲᠠ᠎ᠶ᠋ᠢᠨ ᠴᠢᠨᠠᠷᠲᠠᠢ ᠡᠭᠦᠯᠳᠡᠷ᠎ᠢ ᠰᠣᠩᠭᠣᠨ ᠪᠣᠢᠵᠢᠭᠤᠯᠬᠤ ᠪᠠ ᠳᠡᠯᠭᠡᠷᠡᠭᠦᠯᠬᠦ᠌᠎ᠶ᠋ᠢ ᠲᠦᠷᠭᠡᠳᠭᠡᠵᠦ᠍᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠵᠢᠨ ᠠᠵᠤ ᠦᠢᠯᠡᠰᠵᠢᠯᠲᠡ᠎ᠶ᠋ᠢ ᠠᠬᠢᠭᠤᠯᠤᠨ᠎ᠠ᠃ ᠳᠡᠭᠡᠳᠦ ᠲᠠᠰ᠎ᠤᠨ ᠣᠶᠤᠨᠴᠢ᠂ ᠳᠣᠪᠣᠷᠬᠠᠭ ᠠᠭᠤᠯᠠᠷᠬᠠᠭ ᠣᠷᠣᠨ ᠳ᠋ᠤ ᠬᠡᠷᠡᠭ᠌ᠯᠡᠬᠦ ᠲᠠᠷᠢᠶᠠᠯᠠᠩ᠎ᠤᠨ ᠮᠠᠱᠢᠨ ᠲᠤᠨᠤᠭᠯᠠᠯ ᠢ᠋ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠲᠦᠷᠭᠡᠳᠭᠡᠵᠦ᠍᠂ ᠣᠶ ᠱᠢᠭᠤᠶ ᠨᠤᠳᠤᠭ ᠪᠡᠯᠴᠢᠭᠡᠷ᠎ᠦᠨ ᠮᠠᠰᠢᠨ ᠲᠤᠨᠤᠭᠯᠠᠯ ᠢ᠋ ᠰᠤᠳᠤᠯᠤᠨ ᠨᠡᠭᠡᠭᠡᠵᠦ᠍ ᠳᠡᠯᠭᠡᠷᠡᠭᠦᠯᠬᠦ᠌᠎ᠶ᠋ᠢ ᠴᠢᠩᠭᠠᠳᠭᠠᠨ᠎ᠠ᠃ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠲᠠᠷᠢᠶᠠᠯᠠᠩ᠎ᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠵᠣᠬᠢᠶᠠᠮᠠᠯ ᠣᠶᠤᠨ ᠴᠢᠳᠠᠪᠤᠷᠢ ᠬᠢᠭᠡᠳ ᠲᠠᠷᠢᠶᠠᠯᠠᠩ᠎ᠤᠨ ᠬᠥᠭ᠌ᠵᠢᠯᠲᠡ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠠᠬᠢᠭᠤᠯᠤᠨ᠂ ᠵᠢᠯᠣᠭᠣᠴᠢ ᠦᠭᠡᠶ ᠨᠢᠰᠭᠡᠯ᠂ ᠪᠠᠷᠠᠭᠠᠨ᠎ᠤ ᠰᠦᠯᠵᠢᠶ᠎ᠡ᠂ ᠮᠠᠱᠢᠨ ᠬᠥᠮᠦᠨ ᠵᠡᠷᠭᠡ᠎ᠶ᠋ᠢᠨ ᠬᠡᠷᠡᠭ᠌ᠯᠡᠭᠡᠨ᠎ᠦ ᠠᠬᠤᠢ ᠪᠠᠢᠳᠠᠯ᠎ᠢ ᠥᠷᠭᠡᠳᠭᠡᠵᠦ᠍᠂ ᠲᠠᠷᠢᠶᠠᠯᠠᠩ᠎ᠤᠨ ᠠᠮᠢᠳᠤ ᠪᠣᠳᠠᠰ᠎ᠤᠨ ᠦᠢᠯᠡᠳᠭᠡᠯ᠎ᠤᠨ ᠵᠠᠩᠭᠢᠯᠠᠭ᠎ᠠ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠨ᠎ᠡ᠃ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠱᠢᠰᠲᠧᠮ᠎ᠤᠨ ᠥᠭᠡᠷᠡᠴᠢᠯᠡᠯᠲᠡ ᠬᠢᠭᠡᠳ ᠪᠠᠢᠭᠤᠯᠤᠯᠲᠠ᠎ᠶ᠋ᠢ ᠠᠬᠢᠭᠤᠯᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠣᠰᠭᠣᠨ ᠡᠷᠦᠬᠡ᠎ᠳᠦ ᠣᠷᠣᠭᠤᠯᠬᠤ᠎ᠶ᠋ᠢ ᠠᠬᠢᠭᠤᠯᠤᠨ᠎ᠠ᠃ ᠲᠠᠷᠢᠶᠠᠯᠠᠩ᠎ᠳᠤ ᠬᠣᠯᠪᠣᠭ᠍ᠳᠠᠬᠤ ᠶᠡᠬᠡ ᠳᠡᠭᠡᠳᠦ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠨ ᠱᠢᠨ᠎ᠡ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠲᠠᠷᠢᠶᠠᠯᠠᠩ᠎ᠳᠤ ᠬᠣᠯᠪᠣᠭ᠍ᠳᠠᠬᠤ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠢ ᠬᠠᠨᠳᠤᠯᠭ᠎ᠠ᠎ᠲᠠᠶ ᠪᠡᠷ ᠬᠥᠮᠦᠵᠢᠭᠦᠯᠬᠦ᠌᠎ᠶ᠋ᠢ ᠠᠬᠢᠭᠤᠯᠤᠨ᠎ᠠ᠃

(ᠲᠠᠪᠤ) ᠲᠠᠷᠢᠶᠠᠯᠠᠩ᠎ᠤᠨ ᠭᠠᠮᠱᠢᠭ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠱᠢᠰᠲᠧᠮ᠎ᠤᠨ ᠪᠠᠢᠭᠤᠯᠤᠯᠲᠠ᠎ᠶ᠋ᠢ ᠴᠢᠩᠭᠠᠷᠠᠭᠤᠯᠤᠨ᠎ᠠ᠃ ᠲᠠᠷᠢᠶᠠᠯᠠᠩ᠎ᠤᠨ ᠠᠭᠤᠷ ᠠᠮᠢᠰᠭᠤᠯ᠎ᠤᠨ ᠡᠬᠢ ᠪᠠᠶᠠᠯᠢᠭ᠎ᠤᠨ ᠨᠡᠢᠳᠡᠮ ᠪᠠᠢᠴᠠᠭᠠᠯᠲᠠ ᠪᠠ ᠣᠷᠣᠨ᠎ᠤ ᠬᠤᠪᠢᠶᠠᠷᠢᠯᠠᠯ᠎ᠢ ᠥᠷᠨᠢᠭᠦᠯᠵᠦ᠍᠂ ᠴᠠᠭ ᠠᠭᠤᠷ᠂ ᠤᠰᠤᠨ ᠵᠦᠢ᠂ ᠭᠠᠵᠠᠷ᠎ᠤᠨ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠬᠠᠴᠢᠨ ᠴᠠᠭ ᠠᠭᠤᠷ᠎ᠢ ᠠᠷᠭᠠᠴᠡᠭᠠᠬᠤ ᠴᠢᠳᠠᠪᠤᠷᠢ᠎ᠵᠢ ᠳᠡᠭᠡᠭ᠌ᠰᠢᠯᠡᠭᠦᠯᠦᠨ᠎ᠡ᠃ ᠶᠡᠬᠡ ᠭᠣᠣᠯ ᠮᠥᠷᠡᠨ᠎ᠦ ᠡᠵᠡᠮᠳᠡᠯ᠎ᠦᠨ ᠴᠢᠨᠠᠷᠲᠠᠢ ᠬᠦᠢᠰᠦ᠂ ᠬᠠᠱᠢᠯᠭ᠎ᠠ ᠳᠠᠯᠠᠩ᠎ᠢ ᠪᠠᠷᠢᠮᠵᠢᠶ᠎ᠠ᠎ᠳᠤ ᠬᠦᠷᠭᠡᠵᠦ᠍ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠪᠠ ᠦᠶᠡᠷ᠎ᠢ ᠲᠣᠭ᠍ᠲᠠᠭᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠡᠮᠵᠡᠭ ᠠᠶᠤᠯᠲᠠᠢ ᠤᠰᠤᠨ ᠴᠥᠭᠥᠷᠥᠮ᠂ ᠲᠤᠮᠤ ᠳᠤᠮᠳᠠ ᠬᠡᠯᠪᠡᠷᠢ᠎ᠶ᠋ᠢᠨ ᠡᠮᠵᠡᠭ ᠠᠶᠤᠯᠲᠠᠢ ᠤᠰᠤᠨ ᠬᠠᠭᠠᠯᠲᠠ᠎ᠶ᠋ᠢᠨ ᠠᠶᠤᠯ᠎ᠢ ᠠᠷᠢᠯᠭᠠᠨ ᠪᠡᠬᠢᠯᠡᠬᠦ᠌᠎ᠶ᠋ᠢ ᠴᠢᠩᠭᠠᠳᠭᠠᠵᠤ᠂ ᠲᠠᠷᠢᠶᠠᠨ ᠭᠠᠵᠠᠷ᠎ᠤᠨ ᠭᠤᠤ ᠰᠤᠪᠠᠭ᠎ᠢ ᠰᠡᠷᠭᠦᠭᠡᠨ ᠵᠠᠰᠠᠬᠤ᠂ ᠳᠤᠮᠳᠠ ᠵᠢᠵᠢᠭ ᠭᠣᠣᠯ ᠮᠥᠷᠡᠨ ᠪᠠ ᠲᠠᠯ᠎ᠠ ᠭᠠᠵᠠᠷ᠎ᠤᠨ ᠤᠰᠤᠲᠤᠯ᠎ᠤᠨ ᠣᠷᠣᠨ᠎ᠤ ᠵᠠᠰᠠᠯᠲᠠ ᠵᠢ ᠴᠢᠩᠭᠠᠳᠭᠠᠵᠤ᠂ ᠠᠭᠤᠯᠠᠨ ᠦᠶᠡᠷ᠎ᠦᠨ ᠭᠤᠤ ᠰᠤᠪᠠᠭ᠎ᠤᠨ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠪᠠ ᠦᠶᠡᠷ᠎ᠢ ᠰᠡᠷᠭᠡᠢᠯᠡᠵᠦ᠍ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠭᠠᠮᠱᠢᠭ᠎ᠲᠤ ᠡᠪᠳᠡᠭ᠌ᠳᠡᠭ᠌ᠰᠡᠨ ᠲᠥᠬᠥᠭᠡᠷᠦᠮᠵᠢ᠎ᠶ᠋ᠢ ᠰᠡᠷᠭᠦᠭᠡᠨ ᠳᠠᠬᠢᠨ ᠪᠠᠢᠭᠤᠯᠬᠤ ᠠᠵᠢᠯ᠎ᠢ ᠰᠠᠢᠲᠤᠷ ᠬᠢᠨ᠎ᠡ᠃ ᠤᠮᠠᠷᠠᠲᠤ ᠣᠷᠣᠨ᠎ᠤ ᠦᠶᠡᠷ᠎ᠢ ᠰᠡᠷᠭᠡᠢᠯᠡᠵᠦ᠍ ᠤᠰᠤᠲᠤᠯ᠎ᠢ ᠵᠠᠯᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠷᠢᠯᠭ᠎ᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠵᠣᠬᠢᠰᠲᠠᠢ᠎ᠪᠠᠷ ᠳᠡᠭᠡᠭ᠌ᠰᠢᠯᠡᠭᠦᠯᠦᠨ᠎ᠡ᠃ ᠭᠠᠩ ᠬᠠᠭ᠍ᠰᠠᠷᠠᠭᠠᠨ᠎ᠲᠠᠶ ᠲᠡᠮᠡᠴᠡᠵᠦ᠍ ᠪᠠᠴᠢᠮ ᠪᠠᠢᠳᠠᠯ᠎ᠢ ᠠᠷᠭᠠᠴᠡᠭᠠᠬᠤ ᠤᠰᠤᠨ ᠰᠤᠷᠪᠤᠯᠵᠢ᠎ᠶ᠋ᠢᠨ ᠢᠨᠵᠧᠨᠧᠷᠢᠩ ᠪᠠ ᠲᠠᠷᠢᠶᠠᠨ ᠭᠠᠵᠠᠷ᠎ᠤᠨ ᠤᠰᠤᠲᠤᠯ᠎ᠢ ᠵᠠᠯᠠᠬᠤ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠭᠠᠮᠱᠢᠭ᠎ᠡᠴᠡ ᠠᠪᠤᠷᠠᠬᠤ ᠮᠠᠱᠢᠨ ᠬᠡᠷᠡᠭ᠌ᠰᠡᠯ᠎ᠢ ᠲᠤᠬᠢᠷᠠᠭᠤᠯᠬᠤ ᠪᠠ ᠪᠠᠴᠢᠮ ᠪᠠᠢᠳᠠᠯ᠎ᠢ ᠠᠷᠭᠠᠴᠡᠭᠠᠬᠤ ᠱᠢᠯᠵᠢᠭᠦᠯᠦᠨ ᠬᠡᠷᠡᠭ᠌ᠯᠡᠬᠦ᠌ ᠲᠣᠭ᠍ᠲᠡᠴᠡ᠎ᠶ᠋ᠢ ᠪᠦᠷᠢᠨᠱᠢᠭᠦᠯᠦᠨ᠎ᠡ᠃ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠨᠢᠭᠡᠳᠦᠯᠲᠡᠶ ᠰᠡᠷᠭᠡᠢᠯᠡᠨ ᠨᠢᠭᠡᠳᠦᠯᠲᠡᠶ ᠵᠠᠰᠠᠬᠤ᠎ᠶ᠋ᠢ ᠴᠢᠩᠭᠠᠳᠭᠠᠵᠤ᠂ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠎ᠶ᠋ᠢ ᠠᠬᠢᠭᠤᠯᠤᠨ᠎ᠠ᠃ ᠲᠠᠷᠢᠶᠠᠨ ᠭᠠᠵᠠᠷ᠎ᠤᠨ ᠬᠠᠯᠬᠠᠪᠴᠢ ᠣᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠣᠶ ᠱᠢᠭᠤᠶ ᠨᠤᠲᠤᠭ ᠪᠡᠯᠴᠢᠭᠡᠷ᠎ᠦᠨ ᠭᠠᠯ᠎ᠢ ᠰᠡᠷᠭᠡᠢᠯᠡᠨ ᠤᠨᠲᠠᠷᠠᠭᠠᠬᠤ ᠠᠵᠢᠯ᠎ᠢ ᠴᠢᠩᠭᠠᠳᠬᠠᠨ᠎ᠠ᠃

(ᠵᠢᠷᠭᠤᠭ᠎ᠠ) ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠷᠠᠯᠵᠢᠶ᠎ᠠ ᠪᠣᠯᠤᠨ ᠦᠢᠯᠡᠳᠪᠦᠷᠢᠯᠡᠯ᠎ᠦᠨ ᠬᠠᠷᠢᠯᠴᠠᠨ ᠵᠣᠬᠢᠴᠠᠯᠳᠤᠬᠤ᠎ᠶ᠋ᠢ ᠠᠬᠢᠭᠤᠯᠤᠨ᠎ᠠ᠃ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠳᠠᠭᠠᠳᠤ ᠤᠷᠤᠭᠤᠯᠤᠯᠲᠠ ᠵᠢᠨ ᠤᠯᠠᠨ ᠡᠱᠢᠵᠢᠯᠳᠠ᠎ᠶ᠋ᠢ ᠠᠬᠢᠭᠤᠯᠤᠨ᠎ᠠ᠃ ᠳᠡᠯᠡᠬᠡᠢ ᠳᠡᠭᠡᠷ᠎ᠡ ᠦᠷᠢᠰᠦᠯᠳᠦᠬᠦ᠌ ᠬᠦᠴᠦᠨ ᠪᠦᠬᠦᠢ ᠲᠠᠷᠢᠶᠠᠯᠠᠩ᠎ᠤᠨ ᠠᠵᠤ ᠠᠬᠤᠢᠯᠠᠯ᠎ᠢ ᠪᠣᠢᠵᠢᠭᠤᠯᠤᠨ᠎ᠠ᠃ ᠳᠠᠪᠠᠭᠤᠯᠢᠭ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ᠎ᠶ᠋ᠢ ᠥᠷᠭᠡᠳᠭᠡᠬᠦ᠌᠎ᠶ᠋ᠢ ᠳᠠᠮᠵᠢᠨ᠎ᠠ᠃ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠢᠭᠤᠴᠠ᠎ᠪᠠᠷ ᠠᠷᠠᠯᠵᠢᠶᠠᠯᠠᠬᠤ᠎ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠭᠦᠨ᠎ᠡ᠃ ᠤᠯᠠᠨ ᠤᠯᠤᠰ᠎ᠤᠨ ᠠᠮᠤ ᠪᠤᠳᠠᠭ᠎ᠠ ᠲᠠᠷᠢᠶᠠᠯᠠᠩ᠎ᠢ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠨ᠎ᠠ᠃

ᠬᠣᠶᠠᠷ᠂ ᠪᠠᠢᠩᠭᠤᠵᠢᠭ᠍ᠰᠠᠨ ᠨᠠᠷᠢᠯᠢᠭ ᠣᠨᠣᠪᠴᠢᠲᠠᠶ ᠬᠠᠪᠰᠤᠷᠤᠨ ᠲᠡᠳᠬᠦᠯᠲᠡ᠎ᠶ᠋ᠢ ᠬᠡᠷᠡᠭ᠌ᠵᠢᠭᠦᠯᠦᠨ᠎ᠡ

(ᠳᠣᠯᠣᠭ᠎ᠠ) ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠦᠨ᠎ᠡ᠃ ᠪᠠᠢ᠌ᠩᠭᠤᠵᠢᠭ᠍ᠰᠠᠨ ᠬᠠᠪᠰᠤᠷᠤᠨ ᠲᠡᠳᠬᠦᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ 《ᠭᠤᠷᠪᠠ᠎ᠶ᠋ᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠠᠪᠤᠳᠠᠯ ᠡᠭᠦᠰᠬᠦ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠤᠷᠤᠭᠤᠯᠵᠤ᠎ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠤ᠂ ᠡᠳ᠋᠎ᠦᠨ ᠵᠠᠰᠠᠭ᠎ᠤᠨ ᠣᠷᠣᠭᠤᠯᠤᠯᠲᠠ᠂ ᠮᠥᠩᠭᠥᠨ ᠭᠦᠶ᠋ᠯᠭᠡᠭᠡᠨ᠎ᠦ ᠳᠡᠮᠵᠢᠯᠭᠡ᠂ ᠡᠬᠢ ᠪᠠᠶᠠᠯᠢᠭ᠎ᠤᠨ ᠡᠯᠧᠮᠧᠨ᠋ᠲ᠎ᠦᠨ ᠲᠣᠬᠢᠷᠠᠭᠤᠯᠤᠯᠲᠠ ᠵᠡᠷᠭᠡ ᠲᠠᠯ᠎ᠠ᠎ᠪᠠᠷ᠎ᠬᠢ ᠲᠥᠷᠥ᠎ᠶ᠋ᠢᠨ ᠪᠣᠳᠣᠯᠭ᠎ᠠ᠎ᠶ᠋ᠢ ᠶᠡᠷᠦᠩᠬᠡᠶ᠎ᠳᠡᠭᠡᠨ ᠲᠣᠭ᠍ᠲᠠᠭᠤᠨ ᠪᠠᠢᠯᠭᠠᠬᠤ ᠵᠢ ᠪᠠᠲᠤᠯᠠᠨ᠎ᠠ᠃ ᠨᠡᠭᠡᠭᠡᠨ ᠬᠥᠭ᠌ᠵᠢᠭᠦᠯᠬᠦ᠌ ᠬᠡᠯᠪᠡᠷᠢ᠎ᠶ᠋ᠢᠨ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠳᠣᠲᠣᠭᠠᠳᠤ ᠬᠥᠳᠡᠯᠭᠡᠬᠦ᠌ ᠬᠦᠴᠦᠨ᠎ᠢ ᠴᠢᠩᠭᠠᠳᠭᠠᠵᠤ᠂ ᠨᠡᠢᠭᠡᠮ᠎ᠦᠨ ᠠᠪᠤᠷᠠᠨ ᠲᠤᠰᠠᠯᠠᠯᠲᠠ ᠵᠢᠨ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠪᠠᠳᠠᠷᠠᠭᠤᠯᠵᠤ᠂ ᠬᠠᠪᠰᠤᠷᠤᠨ ᠲᠡᠳᠬᠦᠬᠦ᠌ ᠲᠦᠷᠦ᠍᠎ᠶ᠋ᠢᠨ ᠪᠤᠳᠤᠯᠭ᠎ᠠ᠎ᠶ᠋ᠢ ᠬᠠᠮᠵᠢᠯᠴᠠᠨ ᠬᠤᠷᠠᠮᠳᠤᠭᠤᠯᠬᠤ᠎ᠶ᠋ᠢ ᠠᠬᠢᠭᠤᠯᠤᠨ᠎ᠠ᠃ ᠲᠥᠪ᠎ᠦᠨ ᠡᠳ᠋᠎ᠦᠨ ᠵᠠᠰᠠᠭ᠎ᠤᠨ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠪᠡᠯᠡ ᠮᠥᠩᠭᠥ᠎ᠶ᠋ᠢᠨ ᠬᠡᠪᠴᠢᠶ᠎ᠡ ᠵᠢᠴᠢ ᠮᠤᠵᠢ ᠬᠣᠲᠠ ᠬᠣᠶᠠᠷ ᠱᠠᠲᠤᠨ᠎ᠤ ᠣᠷᠣᠭᠤᠯᠤᠯᠲᠠ᠎ᠶ᠋ᠢᠨ ᠪᠡᠯᠡ ᠮᠥᠩᠭᠥ᠎ᠶ᠋ᠢᠨ ᠬᠡᠪᠴᠢᠶ᠎ᠡ᠎ᠶ᠋ᠢ ᠲᠣᠭ᠍ᠲᠠᠭᠤᠨ ᠪᠠᠢᠯᠭᠠᠬᠤ᠎ᠶ᠋ᠢ ᠪᠠᠲᠤᠯᠠᠵᠤ᠂ ᠱᠢᠶᠠᠨ᠎ᠤ ᠱᠠᠲᠤ ᠨᠢ ᠬᠠᠪᠰᠤᠷᠤᠨ ᠲᠡᠳᠬᠦᠬᠦ᠌ ᠡᠭᠦᠷᠭᠡ᠎ᠪᠡᠨ ᠦᠨᠳᠦᠰᠦᠯᠡᠨ ᠪᠡᠯᠡ ᠮᠥᠩᠭᠥ᠎ᠶ᠋ᠢ ᠵᠦᠢ ᠵᠣᠬᠢᠰᠲᠠᠶ ᠲᠣᠬᠢᠷᠠᠭᠤᠯᠵᠤ ᠪᠣᠯᠤᠨ᠎ᠠ᠃

(ᠨᠠᠶ᠋ᠮᠠ) ᠬᠢᠨᠠᠨ ᠬᠡᠮᠵᠢᠵᠦ ᠬᠠᠪᠰᠤᠷᠤᠨ ᠲᠡᠳᠬᠦᠬᠦ᠎ᠶ᠋ᠢᠨ ᠤᠨᠤᠴᠠᠳᠤ ᠴᠢᠨᠠᠷ ᠪᠠ ᠴᠠᠭᠴᠢ ᠴᠢᠨᠠᠷ᠎ᠢ ᠳᠡᠭᠡᠭ᠌ᠰᠢᠯᠡᠭᠦᠯᠦᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ᠎ᠡᠴᠡ ᠰᠡᠷᠭᠡᠢᠯᠡᠬᠦ᠌ ᠡᠲᠡᠭᠡᠳ᠎ᠢ ᠬᠢᠨᠠᠵᠤ ᠲᠣᠭ᠍ᠲᠠᠭᠠᠬᠤ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠭ᠍ᠲᠠᠭᠠᠵᠤ᠂ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠌ ᠲᠣᠭ᠍ᠲᠡᠴᠡ᠎ᠶ᠋ᠢ ᠵᠢᠷᠤᠮᠵᠢᠭᠤᠯᠤᠨ᠎ᠠ᠃ ᠰᠢᠶᠠᠩ  ᠲᠣᠰᠭᠣᠨ ᠬᠣᠶᠠᠷ ᠱᠠᠲᠤᠨ᠎ᠤ ᠪᠠᠢᠩᠭᠤᠵᠢᠭ᠍ᠰᠠᠨ ᠬᠢᠨᠠᠨ ᠬᠡᠮᠵᠢᠯᠲᠡ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠤᠨᠤᠴᠠᠳᠠᠢ ᠢᠯᠭᠠᠨ ᠲᠠᠨᠢᠬᠤ ᠪᠠ ᠲᠦᠷᠭᠡᠨ ᠴᠤᠤᠷᠢᠶᠠᠲᠤᠨ ᠳᠠᠭᠠᠬᠤ ᠲᠣᠭ᠍ᠲᠡᠴᠡ᠎ᠶ᠋ᠢ ᠪᠦᠷᠢᠨᠱᠢᠭᠦᠯᠵᠦ᠍᠂ ᠡᠷᠲᠡ ᠢᠯᠡᠷᠡᠭᠦᠯᠬᠦ᠌᠂ ᠡᠷᠲᠡ ᠭᠠᠷ ᠲᠦᠷᠦᠭᠦ᠌᠂ ᠡᠷᠲᠡ ᠬᠠᠪᠰᠤᠷᠤᠨ ᠲᠡᠳᠬᠦᠬᠦ᠌᠎ᠶ᠋ᠢ ᠦᠨᠡᠨ ᠬᠦ᠌ ᠪᠠᠲᠤᠯᠠᠨ᠎ᠠ᠃ ᠲᠠᠬᠢᠨ ᠶᠠᠳᠠᠭᠤᠷᠠᠬᠤ ᠪᠠ ᠶᠠᠳᠠᠭᠤᠷᠠᠬᠤ᠎ᠡᠴᠡ ᠰᠡᠷᠭᠡᠢᠯᠡᠬᠦ᠌ ᠡᠲᠡᠭᠡᠳ ᠪᠣᠯᠤᠨ ᠬᠥᠳᠡᠭᠡ ᠲᠣᠰᠭᠣᠨ᠎ᠤ ᠨᠡᠢᠭᠡᠮ᠎ᠦᠨ ᠠᠪᠤᠷᠠᠨ ᠲᠤᠰᠠᠯᠠᠬᠤ ᠡᠲᠡᠭᠡᠳ᠎ᠢ ᠬᠢᠨᠠᠨ ᠬᠡᠮᠵᠢᠵᠦ᠍ ᠢᠯᠭᠠᠨ ᠲᠠᠨᠢᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠍᠂ ᠣᠷᠣᠯᠭ᠎ᠠ ᠵᠠᠷᠤᠯᠭ᠎ᠠ᠎ᠶ᠋ᠢᠨ ᠲᠣᠭᠠᠴᠡᠭ᠎ᠠ ᠬᠢᠬᠦ᠌ ᠪᠠᠷᠢᠮᠵᠢᠶ᠎ᠠ᠎ᠶ᠋ᠢ ᠵᠢᠷᠤᠮᠵᠢᠭᠤᠯᠵᠤ᠂ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃ ᠲᠠᠬᠢᠨ ᠶᠠᠳᠠᠭᠤᠷᠠᠬᠤ ᠪᠠ ᠶᠠᠳᠠᠭᠤᠷᠠᠬᠤ᠎ᠡᠴᠡ ᠰᠡᠷᠭᠡᠢᠯᠡᠬᠦ᠌ ᠡᠲᠡᠭᠡᠳ᠎ᠢ ᠨᠠᠷᠢᠯᠢᠭ ᠣᠨᠣᠪᠴᠢᠲᠠᠶ ᠬᠠᠪᠰᠤᠷᠤᠨ ᠲᠡᠳᠬᠦᠬᠦ᠌ ᠪᠠ ᠬᠥᠳᠡᠯᠦᠩᠭᠦᠢ ᠲᠤᠬᠢᠷᠠᠭᠤᠯᠤᠯᠳᠠ᠎ᠶ᠋ᠢ ᠰᠠᠢᠲᠤᠷ ᠬᠢᠨ᠎ᠡ᠃ ᠤᠤᠯ᠎ᠤᠨ ᠲᠠᠩᠰᠠᠯᠠᠵᠤ ᠺᠠᠷᠲᠯᠠᠭᠰᠠᠨ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠡᠷ ᠪᠦᠯᠢ᠎ᠶ᠋ᠢᠨ ᠠᠵᠤ ᠠᠬᠤᠶ᠎ᠶ᠋ᠢᠨ ᠪᠠᠢᠳᠠᠯ ᠪᠣᠯᠤᠨ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ᠎ᠶ᠋ᠢ ᠶᠡᠷᠦᠩᠬᠡᠢᠯᠡᠨ ᠦᠨᠡᠯᠡᠵᠦ᠍᠂ ᠤᠬᠤᠷᠢᠨ ᠭᠠᠷᠬᠤ ᠨᠥᠬᠥᠴᠡᠯ᠎ᠳᠦ ᠨᠡᠢᠴᠡᠬᠦ᠌᠎ᠶ᠋ᠢ᠎ᠨᠢ ᠬᠠᠪᠰᠤᠷᠤᠨ ᠲᠡᠳᠬᠦᠬᠦ᠌᠎ᠡᠴᠡ ᠡᠮᠬᠢ ᠵᠢᠷᠤᠮ᠎ᠲᠠᠶ᠎ᠪᠠᠷ ᠭᠠᠷᠭᠠᠵᠤ᠂ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠡᠴᠡ ᠰᠠᠯᠪᠠᠯ ᠳᠠᠬᠢᠨ ᠶᠠᠳᠠᠭᠤᠷᠠᠬᠤ ᠲᠦᠭ᠌ᠰᠢᠭᠦᠷᠢ ᠢᠯᠡᠷᠡᠪᠠᠯ ᠦᠷᠭᠦᠯᠵᠢᠯᠡᠨ ᠬᠠᠪᠰᠤᠷᠤᠨ ᠲᠡᠳᠬᠦᠨ᠎ᠡ᠃

(ᠶᠢᠰᠦ) ᠠᠵᠤ ᠦᠶ᠋ᠯᠡᠰ ᠪᠠ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠠᠵᠤ ᠦᠢᠯᠡᠰ᠎ᠢᠶᠡᠷ ᠬᠠᠪᠰᠤᠷᠤᠨ ᠲᠡᠳᠬᠦᠬᠦ᠌ ᠠᠷᠭ᠎ᠠ ᠬᠡᠯᠪᠡᠷᠢ᠎ᠶ᠋ᠢ ᠱᠢᠯᠢᠳᠡᠭ᠌ᠵᠢᠭᠦᠯᠵᠦ᠍᠂ ᠣᠳᠣ ᠪᠠᠢᠭ᠎ᠠ ᠠᠵᠤ ᠦᠢᠯᠡᠰ᠎ᠢ ᠪᠡᠬᠢᠵᠢᠭᠦᠯᠬᠦ᠌᠂ ᠳᠡᠰ ᠳᠡᠪᠱᠢᠭᠦᠯᠬᠦ᠌᠂ ᠠᠮᠢᠳᠤᠯᠢᠭᠵᠢᠭᠤᠯᠬᠤ᠂ ᠲᠣᠬᠢᠷᠠᠭᠤᠯᠬᠤ᠎ᠠᠵᠢᠯ᠎ᠢ ᠲᠥᠷᠥᠯ ᠬᠤᠪᠢᠶᠠᠨ ᠠᠬᠢᠭᠤᠯᠵᠤ᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠲᠡᠶ ᠬᠠᠪᠰᠤᠷᠤᠨ ᠲᠡᠳᠬᠦᠬᠦ᠌ ᠠᠵᠤ ᠦᠢᠯᠡᠰ᠎ᠢ ᠬᠥᠭ᠌ᠵᠢᠭᠦᠯᠦᠨ᠎ᠡ᠃ ᠲᠥᠪ᠎ᠦᠨ ᠡᠳ᠋᠎ᠦᠨ ᠵᠠᠰᠠᠭ᠎ᠤᠨ ᠪᠠᠢᠩᠭᠤᠵᠢᠭ᠍ᠰᠠᠨ ᠬᠠᠪᠰᠤᠷᠤᠨ ᠲᠡᠳᠬᠦᠬᠦ᠌ ᠪᠡᠯᠡ ᠮᠥᠩᠭᠥ᠎ᠶ᠋ᠢ ᠠᠵᠤ ᠦᠢᠯᠡᠰ᠎ᠦᠨ ᠬᠥᠭ᠌ᠵᠢᠯᠲᠡ᠎ᠳᠦ ᠬᠡᠷᠡᠭ᠌ᠯᠡᠬᠦ᠌ ᠬᠠᠷᠢᠴᠠᠯ᠎ᠢ ᠮᠤᠵᠢ᠎ᠶ᠋ᠢᠨ ᠱᠠᠲᠤᠨ᠎ᠳᠤ ᠦᠨᠳᠦᠰᠦᠨ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠤ᠂ ᠱᠢᠶᠠᠨ᠎ᠤ ᠱᠠᠲᠤᠨ᠎ᠤ ᠬᠢᠨ ᠵᠥᠷᠢᠶᠡᠲᠦ ᠱᠠᠭᠠᠷᠳᠠᠯᠭ᠎ᠠ᠎ᠶ᠋ᠢ ᠬᠡᠷᠡᠭ᠌ᠵᠢᠭᠦᠯᠵᠦ᠍ ᠪᠣᠯᠤᠨ᠎ᠠ᠃ ᠠᠵᠤ ᠦᠢᠯᠡᠰ᠎ᠢᠶᠡᠷ ᠡᠷᠦᠬᠡ᠎ᠳᠦ ᠬᠦᠷᠲᠡᠯ᠎ᠡ ᠬᠠᠪᠰᠤᠷᠤᠨ ᠲᠡᠳᠬᠦᠬᠦ᠌ ᠱᠠᠩᠨᠠᠵᠤ ᠨᠥᠬᠥᠪᠥᠷᠢᠯᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠡᠴᠡ ᠰᠡᠷᠭᠡᠢᠯᠡᠬᠦ ᠡᠲᠡᠭᠡᠳ᠎ᠦᠨ ᠡᠵᠡᠩᠨᠡᠯᠲᠡ᠎ᠪᠡᠷ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠳᠠᠮᠵᠢᠨ᠎ᠡ᠃ ᠬᠠᠪᠰᠤᠷᠤᠨ ᠲᠡᠳᠬᠦᠬᠦ᠌ ᠲᠥᠷᠥᠯ ᠵᠦᠶ᠋ᠯ᠎ᠦᠨ ᠡᠳ᠋ ᠬᠥᠷᠥᠩᠭᠡ᠎ᠶ᠋ᠢ ᠪᠠᠢᠩᠭᠤᠵᠢᠭᠤᠯᠤᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠤᠯᠤᠰ᠎ᠤᠨ ᠥᠮᠴᠢᠯᠡᠯ ᠎ᠤᠨ  ᠡᠳ᠋ ᠬᠥᠷᠥᠩᠭᠡ ᠪᠤᠶᠤ ᠬᠥᠳᠡᠭᠡ ᠲᠣᠰᠭᠣᠨ᠎ᠤ ᠬᠠᠮᠲᠤ᠎ᠶ᠋ᠢᠨ ᠡᠳ᠋ ᠬᠥᠷᠥᠩᠭᠡ᠎ᠶ᠋ᠢ ᠬᠢᠨᠠᠨ ᠬᠠᠮᠢᠶᠠᠷᠬᠤ ᠱᠢᠰᠲ᠋ᠧᠮ᠎ᠳᠦ ᠲᠥᠷᠥᠯ ᠬᠤᠪᠢᠶᠠᠨ ᠣᠷᠣᠭᠤᠯᠵᠤ᠂ ᠦᠷ᠎ᠡ ᠠᠱᠢᠭ᠎ᠢᠶᠠᠷ ᠳᠤᠤᠷ᠎ᠠ ᠰᠤᠯᠠ ᠲᠠᠯᠪᠢᠭᠳᠠᠵᠤ ᠪᠠᠢᠭ᠎ᠠ ᠡᠳ᠋ ᠬᠥᠷᠥᠩᠭᠡ᠎ᠶ᠋ᠢ ᠠᠮᠢᠳᠤᠯᠢᠭ᠍ᠵᠢᠭᠤᠯᠤᠨ ᠠᠱᠢᠭ᠍ᠯᠠᠬᠤ᠎ᠶ᠋ᠢ ᠴᠢᠩᠭᠠᠳᠭᠠᠨ᠎ᠠ᠃ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌᠎ᠶ᠋ᠢ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠲᠠᠶ ᠬᠥᠳᠡᠯᠮᠦᠷᠢ ᠦᠢᠯᠡᠴᠢᠯᠡᠭᠡ᠎ᠶ᠋ᠢ ᠭᠠᠳᠠᠭ᠍ᠰᠢ ᠭᠠᠷᠭᠠᠬᠤ ᠠᠵᠢᠯ᠎ᠢ ᠰᠠᠢᠲᠤᠷ ᠬᠢᠵᠦ᠍᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌ ᠦᠢᠯᠡᠳᠪᠦᠷᠢ᠎ᠶ᠋ᠢᠨ ᠲᠠᠰᠤᠭ᠂ ᠬᠥᠳᠡᠭᠡ ᠲᠣᠰᠭᠣᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠵᠡᠷᠭᠡ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠰᠠᠢᠲᠤᠷ ᠬᠡᠷᠡᠭ᠌ᠯᠡᠨ᠎ᠡ᠃ ᠣᠨᠳᠣᠣ ᠭᠠᠵᠠᠷ᠎ᠲᠤ ᠨᠡᠭᠦᠯᠭᠡᠭ᠌ᠰᠡᠨ᠎ᠦ ᠳᠠᠷᠠᠭᠠᠬᠢ ᠲᠡᠳᠬᠦᠨ ᠳᠡᠮᠵᠢᠬᠦ᠌ ᠠᠵᠢᠯ᠎ᠢ ᠦᠷᠭᠦᠯᠵᠢᠯᠡᠨ ᠰᠠᠢᠲᠤᠷ ᠬᠢᠨ᠎ᠡ᠃

(ᠠᠷᠪᠠ) ᠬᠥᠭ᠌ᠵᠢᠭᠡᠳᠦᠶ ᠭᠠᠵᠠᠷ ᠣᠷᠣᠨ᠎ᠢ ᠳᠡᠰ ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠨ᠎ᠡ᠃ ᠤᠯᠤᠰ ᠪᠠ ᠮᠤᠵᠢ᠎ᠶ᠋ᠢᠨ ᠱᠠᠲᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ᠎ᠢ ᠲᠣᠰ ᠲᠣᠰ ᠲᠣᠭ᠍ᠲᠠᠭᠠᠵᠤ᠂ ᠳᠡᠮᠵᠢᠬᠦ᠌ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠤᠨ ᠬᠢᠵᠠᠭᠠᠷᠯᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠵᠦ᠍᠂ ᠬᠥᠭ᠌ᠵᠢᠯᠲᠡ᠎ᠶ᠋ᠢᠨ ᠪᠠᠢᠳᠠᠯ᠎ᠢ ᠪᠦᠷᠢᠳᠭᠡᠨ ᠬᠢᠨᠠᠨ ᠬᠡᠮᠵᠢᠬᠦ᠌ ᠱᠢᠰᠲ᠋ᠧᠮ᠎ᠢ ᠪᠦᠷᠢᠨᠱᠢᠭᠦᠯᠦᠨ᠎ᠡ᠃ ᠣᠷᠣᠨ ᠪᠦᠰᠡ᠎ᠶ᠋ᠢᠨ ᠴᠢᠨᠠᠷᠲᠠᠢ ᠪᠠ ᠣᠷᠣᠨ ᠪᠦᠰᠡ ᠠᠯᠤᠰᠯᠠᠭ᠍ᠰᠠᠨ ᠴᠢᠬᠤᠯᠠ ᠶᠡᠬᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠡᠮᠴᠢᠯᠡᠭᠡ᠂ ᠰᠤᠷᠭᠠᠨ ᠬᠥᠮᠦᠵᠢᠯ᠎ᠦᠨ ᠺᠠᠳ᠋ᠷ ᠴᠢᠳᠠᠪᠦᠷᠢᠳᠠᠨ᠎ᠤ 《ᠪᠦᠯᠬᠦᠮ ᠪᠠᠢᠭᠤᠯᠬᠤ ᠮᠠᠶᠢᠭ》ᠤ᠋ᠨ ᠬᠠᠪᠰᠤᠷᠤᠨ ᠲᠡᠳᠬᠦᠬᠦ᠌ ᠪᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠰᠠᠨ ᠪᠦᠯᠬᠦᠮ᠎ᠢ ᠰᠣᠩᠭᠣᠨ ᠲᠣᠮᠢᠯᠠᠬᠤ ᠠᠵᠢᠯ᠎ᠢ ᠭᠦᠨᠵᠡᠭᠡᠶ ᠥᠷᠨᠢᠭᠦᠯᠦᠨ᠎ᠡ᠃ ᠵᠡᠭᠦᠨ ᠪᠠᠷᠠᠭᠤᠨ ᠤᠷᠤᠨ᠎ᠤ ᠬᠠᠮᠵᠢᠯᠴᠠᠬᠤ ᠬᠦᠷᠢᠶ᠎ᠡ᠎ᠶ᠋ᠢ ᠥᠷᠭᠡᠳᠭᠡᠵᠦ᠍᠂ ᠲᠥᠪ᠎ᠦᠨ ᠨᠢᠭᠡᠴᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠬᠠᠪᠰᠤᠷᠤᠯᠴᠠᠭ᠎ᠠ ᠪᠠᠢᠭᠤᠯᠬᠤ ᠬᠠᠷᠢᠴᠠᠭ᠎ᠠ᠎ᠶ᠋ᠢ ᠲᠤᠬᠢᠷᠠᠭᠤᠯᠤᠨ ᠱᠢᠯᠢᠳᠡᠭ᠌ᠵᠢᠭᠦᠯᠵᠦ᠍᠂ ᠬᠢᠨᠠᠨ ᠱᠢᠯᠭᠠᠵᠤ ᠦᠨᠡᠯᠡᠬᠦ᠌ ᠠᠷᠭ᠎ᠠ᠎ᠶ᠋ᠢ ᠰᠠᠢᠵᠢᠷᠠᠭᠤᠯᠤᠨ᠎ᠠ᠃  ᠲᠣᠰᠭᠣᠨ᠎ᠳᠤ ᠰᠠᠭᠤᠵᠤ ᠬᠠᠪᠰᠤᠷᠤᠨ ᠲᠡᠳᠬᠦᠬᠦ᠌᠎ᠶ᠋ᠢ ᠪᠠᠢᠩᠭᠤᠵᠢᠭᠤᠯᠤᠨ ᠦᠷᠨᠢᠭᠦᠯᠵᠦ᠂ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ᠎ᠶ᠋ᠢ ᠰᠣᠩᠭᠣᠨ ᠲᠣᠮᠢᠯᠠᠬᠤ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠱᠢᠯᠢᠳᠡᠭ᠌ᠵᠢᠭᠦᠯᠦᠨ᠎ᠡ᠃

ᠭᠤᠷᠪᠠ᠂ ᠲᠠᠷᠢᠶᠠᠴᠢᠳ᠎ᠤᠨ ᠣᠷᠣᠯᠭ᠎ᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠢᠳᠡᠪᠬᠢᠲᠡᠢ ᠠᠬᠢᠭᠤᠯᠤᠨ᠎ᠠ

(ᠠᠷᠪᠠᠨ ᠨᠢᠭᠡ) ᠲᠠᠷᠢᠶᠠᠴᠢᠳ᠎ᠤᠨ ᠲᠠᠷᠢᠶᠠᠨ ᠠᠵᠢᠯ ᠬᠢᠵᠦ᠍ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭᠠᠯᠠᠨ ᠳᠠᠢᠴᠢᠯᠠᠨ᠎ᠠ᠃ ᠦᠨ᠎ᠡ ᠬᠠᠩᠰᠢ᠂ ᠨᠥᠬᠥᠪᠥᠷᠢ᠂ ᠳᠠᠭᠠᠳᠭᠠᠯ ᠵᠡᠷᠭᠡ ᠲᠠᠯ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠱᠢᠭ ᠣᠷᠣᠯᠭ᠎ᠠ᠎ᠶ᠋ᠢ ᠪᠠᠲᠤᠯᠠᠬᠤ ᠲᠣᠭ᠍ᠲᠡᠴᠡ᠎ᠶ᠋ᠢ ᠪᠦᠷᠢᠨᠱᠢᠭᠦᠯᠦᠨ᠎ᠡ᠃ ᠲᠠᠷᠢᠶᠠᠯᠠᠩ᠎ᠤᠨ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠮᠡᠳᠡᠭᠡ ᠵᠠᠩᠭᠢ ᠨᠡᠢᠲᠡᠯᠡᠬᠦ᠌ ᠠᠵᠢᠯ᠎ᠢ ᠴᠢᠩᠭᠠᠳᠭᠠᠵᠤ᠂ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠪᠠ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ᠎ᠪᠠᠷ ᠬᠤᠷᠢᠶᠠᠨ ᠨᠥᠭᠡᠴᠡᠯᠡᠬᠦ᠌ ᠠᠵᠢᠯ᠎ᠢ ᠨᠢᠭᠡᠳᠦᠯᠲᠡᠢ ᠲᠥᠯᠥᠪᠵᠢᠬᠥᠯᠥᠨ  ᠰᠠᠢᠲᠤᠷ ᠬᠢᠵᠦ᠍᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠨ᠎ᠡ ᠬᠠᠩᠰᠢ᠎ᠶ᠋ᠢ ᠵᠦᠢ ᠵᠣᠬᠢᠰᠲᠠᠢ ᠲᠦᠪᠱᠢᠨ᠎ᠳᠦ ᠪᠠᠢᠯᠭᠠᠬᠤ᠎ᠶ᠋ᠢ ᠠᠬᠢᠭᠤᠯᠤᠨ᠎ᠠ᠃ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠨᠠᠭᠠᠳᠤ ᠵᠠᠬ᠎ᠠ᠎ᠶ᠋ᠢᠨ ᠪᠠᠲᠤᠯᠠᠭᠠᠲᠤ ᠦᠨ᠎ᠡ᠎ᠶ᠋ᠢ ᠵᠦᠢ ᠵᠣᠬᠢᠰᠲᠠᠢ ᠲᠣᠭ᠍ᠲᠠᠭᠠᠵᠤ᠂ ᠬᠥᠪᠥᠩ᠎ᠦᠨ ᠬᠠᠷᠠᠯᠲᠠᠲᠤ ᠦᠨ᠎ᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠤᠨ ᠭᠠᠵᠠᠷ᠎ᠤᠨ ᠬᠦᠴᠦ᠍ ᠱᠢᠮ᠎ᠡ᠎ᠶ᠋ᠢ ᠬᠠᠮᠠᠭᠠᠯᠠᠬᠤ ᠨᠥᠬᠥᠪᠥᠷᠢ᠂ ᠡᠷᠳᠡᠨᠢ ᠱᠢᠰᠢ ᠱᠢᠷ᠎ᠠ ᠪᠤᠷᠴᠠᠭ ᠦᠢᠯᠡᠳᠪᠦᠷᠢᠯᠡᠭ᠌ᠴᠢ᠎ᠶ᠋ᠢᠨ ᠨᠥᠬᠥᠪᠥᠷᠢ ᠪᠠ ᠲᠤᠲᠤᠷᠭ᠎ᠠ᠎ᠶ᠋ᠢᠨ ᠨᠥᠬᠥᠪᠥᠷᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠣᠭ᠍ᠲᠠᠭᠤᠨ᠎ᠢᠶᠠᠷ ᠬᠡᠷᠡᠭ᠌ᠵᠢᠭᠦᠯᠦᠨ᠎ᠡ᠃ ᠲᠠᠷᠢᠶᠠᠯᠠᠩ᠎ᠤᠨ ᠮᠠᠱᠢᠨ ᠬᠤᠳᠠᠯᠳᠤᠨ ᠠᠪᠬᠤ ᠪᠠ ᠬᠡᠷᠡᠭ᠌ᠯᠡᠬᠦ᠌ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠬᠡᠷᠡᠭ᠌ᠵᠢᠭᠦᠯᠵᠦ᠍᠂ ᠰᠠᠢᠨ ᠮᠠᠱᠢᠨ᠎ᠳᠤ ᠤᠷᠢᠳ ᠵᠢᠨᠷ ᠨᠥᠬᠥᠪᠥᠷᠢ ᠥᠭ᠌ᠬᠦ᠎ᠶ᠋ᠢ ᠠᠬᠢᠭᠤᠯᠵᠤ᠂ ᠪᠥᠬᠥ᠌ ᠬᠡᠯᠬᠢᠶᠡᠨ᠎ᠦ ᠪᠠᠢᠩᠭᠤᠵᠢᠭᠰᠠᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠲᠤᠲᠤᠷᠭ᠎ᠠ᠂ ᠪᠤᠭᠤᠳᠠᠢ᠂ ᠡᠷᠳᠡᠨᠢ ᠱᠢᠰᠢ᠂ ᠱᠢᠷ᠎ᠠ ᠪᠤᠷᠴᠠᠭ᠎ᠤᠨ ᠳᠠᠭᠠᠳᠭᠠᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠣᠷᠣᠨ ᠨᠤᠲᠤᠭ᠎ᠤᠨ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠳᠠᠭᠠᠳᠭᠠᠯ᠎ᠢ ᠬᠥᠭ᠌ᠵᠢᠭᠦᠯᠬᠦ᠌᠎ᠶ᠋ᠢ ᠳᠠᠮᠵᠢᠵᠤ᠂ ᠳᠠᠭᠠᠳᠭᠠᠯ᠎ᠤᠨ ᠲᠥᠯᠥᠪᠦᠷᠢ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠬᠦᠨ᠎ᠦ ᠬᠤᠭᠤᠴᠠᠭᠠᠲᠤ ᠪᠠᠷᠠᠭᠠᠨ᠎ᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶᠢ ᠴᠢᠩᠭᠠᠳᠬᠠᠨ᠎ᠠ᠃ ᠣᠷᠣᠨ ᠨᠤᠲᠤᠭ᠎ᠤᠨ ᠬᠢᠨ᠎ᠦ ᠠᠮᠤ  ᠲᠣᠰᠣᠨ᠎ᠤ ᠲᠠᠷᠢᠮᠠᠯ᠎ᠤᠨ ᠲᠤᠰᠬᠠᠢ ᠵᠦᠢᠯ᠎ᠦᠨ ᠵᠢᠭᠡᠯᠡᠯᠭᠡ᠎ᠳᠦ ᠲᠡᠮ ᠬᠦᠦ ᠮᠦᠨᠭᠭᠦ ᠥᠭᠬᠦ ᠲᠤᠷᠰᠢᠯᠲᠠ᠎ᠵᠢᠨ ᠴᠡᠭ ᠥᠷᠨᠢᠭᠦᠯᠬᠦ᠎ᠶᠢ ᠵᠣᠷᠢᠭ᠍ᠵᠢᠭᠤᠯᠤᠨ᠎ᠠ᠃ ᠲᠠᠷᠢᠶᠠᠯᠠᠩ᠎ᠤᠨ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠳᠤ ᠪᠣᠯᠪᠠᠰᠤᠷᠠᠭᠤᠯᠬᠤ ᠦᠢᠯᠡᠳᠪᠦᠷᠢᠯᠡᠬᠦ ᠴᠢᠳᠠᠪᠤᠷᠢ᠎ᠶᠢ ᠨᠢᠭᠡᠳᠦᠯᠲᠡᠢ ᠲᠥᠯᠥᠪᠵᠢᠭᠦᠯᠦᠨ ᠪᠠᠢᠷᠢᠰᠢᠭᠤᠯᠤᠨ᠎ᠠ᠃ ᠠᠮᠤ ᠪᠤᠳᠠᠭᠠᠨ᠎ᠤ ᠦᠢᠯᠡᠳᠪᠦᠷᠢᠯᠡᠯ ᠪᠣᠷᠤᠯᠠᠭᠤᠯᠭ᠎ᠠ᠎ᠶᠢᠨ ᠣᠷᠣᠨ᠎ᠤ ᠮᠤᠵᠢ᠎ᠶᠢᠨ ᠬᠣᠭᠣᠷᠣᠨᠳᠣᠬᠢ ᠬᠥᠨᠳᠡᠯᠡᠨ᠎ᠦ ᠠᠰᠢᠭ᠋ ᠲᠤᠰᠠ᠎ᠶᠢᠨ ᠨᠥᠬᠥᠪᠦᠷᠢ᠎ᠶᠢᠨ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠤ ᠡᠳ᠋᠎ᠦᠨ ᠬᠦᠴᠦᠨ᠎ᠢᠶᠡᠨ ᠨᠥᠬᠥᠪᠦᠷᠢᠯᠡᠬᠦ᠂ ᠠᠮᠤ ᠪᠤᠳᠠᠭᠠᠨ᠎ᠤ ᠠᠵᠤ ᠦᠢᠯᠡᠰ᠎ᠢ ᠬᠥᠭᠵᠢᠭᠦᠯᠬᠦ ᠵᠢ ᠳᠡᠮᠵᠢᠨ᠎ᠡ᠃

(ᠠᠷᠪᠠᠨ ᠬᠣᠶᠠᠷ) ᠰᠢᠶᠠᠨ᠎ᠤ ᠬᠡᠪᠴᠢᠶᠡᠨ᠎ᠦ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ᠂   ᠴᠢᠨᠠᠷ ᠰᠠᠢᠳᠠᠢ ᠲᠠᠷᠢᠶᠠᠯᠠᠩ᠂ ᠲᠦᠷᠦᠯ ᠲᠡᠮᠳᠡᠭᠲᠦ ᠲᠠᠷᠢᠶᠠᠯᠠᠩ᠎ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠵᠦ᠂ ᠲᠠᠷᠢᠶᠠᠯᠠᠩ᠎ᠤᠨ ᠤᠯᠠᠨ ᠵᠦᠢᠯ᠎ᠦᠨ ᠴᠢᠳᠠᠮᠵᠢ᠎ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠪᠣᠬᠢᠷᠲᠤᠯ ᠦᠭᠡᠢ ᠥᠨᠳᠥᠷ ᠪᠦᠲᠦᠮᠵᠢᠲᠡᠢ ᠲᠠᠷᠢᠵᠦ ᠲᠡᠵᠢᠭᠡᠬᠦ ᠦᠢᠯᠡᠰ᠎ᠢ ᠬᠥᠭᠵᠢᠭᠦᠯᠬᠦ᠎ᠶᠢ ᠲᠡᠮᠵᠢᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠭᠦᠨᠵᠡᠭᠡᠢ ᠪᠣᠯᠪᠠᠰᠤᠷᠠᠭᠤᠯᠬᠤ᠎ᠶᠢ ᠠᠬᠢᠭᠤᠯᠵᠤ᠂ ᠲᠠᠷᠢᠶᠠᠯᠠᠩ᠎ᠤᠨ ᠰᠣᠳᠣᠨ ᠲᠦᠷᠦᠯ ᠲᠡᠮᠳᠡᠭ᠎ᠢ ᠪᠣᠢᠵᠢᠭᠤᠯᠵᠤ᠂ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠨᠡᠭᠡᠭᠡᠨ ᠬᠥᠭᠵᠢᠭᠦᠯᠬᠦ᠎ᠶᠢ ᠠᠬᠢᠭᠤᠯᠤᠨ᠎ᠠ᠃ ᠬᠥᠳᠡᠭᠡ ᠲᠣᠰᠬᠣᠨ᠎ᠤ ᠡᠯᠧᠺᠲᠷᠣᠨ ᠬᠤᠳᠠᠯᠳᠤᠭᠠᠨ᠎ᠤ ᠴᠢᠨᠠᠷ ᠰᠠᠢᠲᠠᠢ ᠬᠥᠭᠵᠢᠯᠲᠡ᠎ᠶᠢᠨ ᠢᠨᠵᠧᠨᠧᠷᠢᠩ᠎ᠢ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠳᠣᠷᠣᠭ᠍ᠰᠢ ᠪᠠᠭᠤᠵᠤ ᠡᠨᠧᠷᠭᠢ ᠣᠯᠭᠣᠬᠤ᠎ᠶᠢ ᠠᠬᠢᠭᠤᠯᠤᠨ᠂ ᠭᠠᠷᠤᠯᠲᠠ᠎ᠶᠢᠨ ᠣᠷᠣᠨ᠎ᠤ ᠤᠷᠢᠳᠴᠢᠯᠠᠨ ᠬᠥᠷᠥᠭᠡᠬᠦ᠂ ᠬᠥᠮᠥᠷᠭᠡᠯᠡᠵᠦ ᠰᠢᠨ᠎ᠡ ᠰᠣᠷᠭᠣᠭ ᠪᠠᠢᠯᠭᠠᠬᠤ᠂ ᠢᠯᠭᠠᠵᠤ ᠪᠣᠯᠪᠠᠰᠤᠷᠠᠭᠤᠯᠬᠤ ᠵᠡᠷᠭᠡ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠲᠠᠷᠢᠶᠠᠯᠠᠩ᠎ᠤᠨ ᠪᠦᠲᠦᠭᠡᠭᠳᠡᠬᠦᠨ᠎ᠢ ᠰᠢᠭᠤᠳ ᠨᠡᠪᠲᠡᠷᠡᠭᠦᠯᠭᠡ ᠪᠡᠷ ᠪᠤᠷᠤᠯᠠᠭᠤᠯᠬᠤ ᠵᠢ ᠵᠢᠷᠤᠮᠵᠢᠭᠤᠯᠤᠨ᠎ᠠ᠃ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠭᠦᠨᠵᠡᠭᠡᠢᠷᠡᠭᠦᠯᠵᠦ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠢᠯᠢᠳᠡᠭᠵᠢᠵᠦ ᠳᠡᠰ ᠳᠡᠪᠰᠢᠬᠦ᠎ᠶᠢ ᠠᠬᠢᠭᠤᠯᠵᠤ᠂ 《ᠵᠢᠵᠢᠭ ᠮᠥᠷᠲᠡᠭᠡᠨ ᠭᠤᠢᠲᠠ》 ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶᠢᠨ ᠬᠡᠯᠪᠡᠷᠢ᠎ᠶᠢ ᠬᠥᠭᠵᠢᠭᠦᠯᠦᠨ᠎ᠡ᠃ ᠣᠶ ᠰᠢᠭᠤᠢ ᠡᠪᠡᠰᠦᠨ᠎ᠦ ᠠᠵᠤ ᠦᠢᠯᠡᠰ᠎ᠢ ᠢᠳᠡᠪᠬᠢᠲᠡᠢ ᠬᠥᠭᠵᠢᠭᠦᠯᠵᠦ᠂ ᠣᠶ᠎ᠳᠤᠲᠤᠷᠠᠬᠢ ᠠᠵᠤ ᠠᠬᠤᠢ᠂ ᠣᠶ ᠰᠢᠭᠤᠢ᠎ᠶᠢᠨ ᠡᠷᠡᠭᠦᠯᠵᠢᠯ ᠰᠤᠪᠢᠯᠠᠯᠲᠠ ᠵᠡᠷᠭᠡ ᠡᠵᠡᠩᠨᠡᠯᠲᠡ᠎ᠶᠢᠨ ᠪᠠᠢᠳᠠᠯ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠬᠦᠷᠢ᠎ᠶᠢᠨ ᠰᠢᠷᠬᠡᠭ ᠲᠣᠷᠭᠠᠨ᠎ᠤ ᠠᠵᠤ ᠦᠢᠯᠡᠰ᠎ᠦᠨ ᠣᠷᠣᠨ ᠪᠦᠰᠡ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠦᠨ᠎ᠡ᠃ ᠦᠪᠡᠷᠮᠢᠴᠡ ᠣᠨᠴᠠᠯᠢᠭ᠋ ᠪᠦᠬᠦᠢ ᠰᠢᠶᠠᠨ᠎ᠤ ᠬᠡᠪᠴᠢᠶᠡᠨ᠎ᠦ ᠠᠵᠤ ᠠᠬᠤᠢ᠎ᠶᠢ ᠬᠥᠭᠵᠢᠭᠦᠯᠦᠨ᠂ ᠳᠤᠮᠳᠠ ᠪᠠᠭ᠎ᠠ ᠠᠵᠤ ᠠᠬᠤᠢᠯᠠᠯ᠎ᠤᠨ ᠣᠨᠴᠠᠯᠢᠭ᠍ᠲᠤ ᠠᠵᠤ ᠦᠢᠯᠡᠰ᠎ᠦᠨ ᠲᠥᠪᠯᠡᠷᠡᠯ᠎ᠢ ᠪᠣᠢᠵᠢᠭᠤᠯᠵᠤ᠂ ᠠᠵᠤ ᠦᠢᠯᠡᠰ᠎ᠢ ᠮᠠᠨᠳᠤᠭᠤᠯᠬᠤ᠂ ᠰᠢᠶᠠᠨ᠎ᠢ ᠬᠦᠴᠦᠷᠬᠡᠭᠵᠢᠭᠦᠯᠬᠦ᠂ ᠠᠷᠠᠳ᠎ᠢ ᠪᠠᠶᠠᠵᠢᠭᠤᠯᠬᠤ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠠᠬᠢᠭᠤᠯᠤᠨ᠎ᠠ᠃ ᠲᠠᠷᠢᠶᠠᠴᠢᠳ᠎ᠤᠨ ᠠᠵᠤ ᠦᠢᠯᠡᠰ᠎ᠦᠨ ᠬᠥᠭᠵᠢᠯᠲᠡ᠎ᠳᠦ ᠣᠷᠣᠯᠴᠠᠬᠤ ᠠᠷᠭ᠎ᠠ ᠵᠠᠮ ᠪᠠ ᠠᠷᠭ᠎ᠠ ᠮᠠᠶᠢᠭ᠋᠎ᠢ ᠥᠷᠭᠡᠳᠬᠡᠵᠦ᠂ ᠠᠵᠤ ᠦᠢᠯᠡᠰ᠎ᠦᠨ ᠬᠥᠭᠵᠢᠯᠲᠡ᠎ᠶᠢᠨ ᠠᠰᠢᠭ᠋ ᠣᠷᠣᠯᠭ᠎ᠠ᠎ᠶᠢ ᠲᠥᠪ ᠭᠣᠣᠯᠴᠢ᠎ᠪᠠᠷ ᠬᠤᠪᠢᠶᠠᠨ ᠡᠳ᠋ᠯᠡᠬᠦ ᠲᠣᠭᠲᠡᠴᠡ᠎ᠶᠢ ᠲᠡᠭᠦᠯᠳᠡᠷᠵᠢᠭᠦᠯᠦᠨ᠂ ᠰᠢᠨ᠎ᠡ ᠬᠡᠯᠪᠡᠷᠢ᠎ᠶᠢᠨ ᠲᠠᠷᠢᠶᠠᠯᠠᠩ᠎ᠤᠨ ᠡᠵᠡᠩᠨᠡᠯᠲᠡ᠎ᠶᠢᠨ ᠪᠡᠶᠡᠴᠢ ᠴᠣᠭᠴᠠ᠎ᠶᠢ ᠬᠥᠲᠥᠯᠥᠨ ᠵᠢᠯᠤᠭᠣᠳᠴᠤ ᠪᠠᠢᠭᠠᠳ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ᠎ᠶᠢ ᠲᠠᠢ᠍ᠢᠴᠢᠯᠠᠨ᠎ᠠ᠃ ᠠᠵᠤ ᠦᠢᠯᠡᠰ᠎ᠦᠨ ᠲᠥᠷᠥᠯ ᠵᠦᠢᠯ᠎ᠢ ᠨᠢᠭᠡᠳᠦᠯᠲᠡᠢ ᠲᠥᠯᠥᠪᠵᠢᠭᠦᠯᠬᠦ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ᠎ᠶᠢ ᠴᠢᠩᠭᠠᠳᠬᠠᠵᠤ᠂ ᠨᠢᠭᠡ ᠯᠡ ᠳᠣᠣᠷ᠎ᠠ ᠳᠡᠷᠪᠡᠵᠦ᠂ ᠶᠡᠬᠡ ᠪᠡᠷ ᠳᠡᠭᠡᠭᠰᠢᠯᠡᠵᠦ ᠶᠡᠬᠡ ᠪᠡᠷ ᠪᠠᠭᠤᠷᠠᠬᠤ᠎ᠡᠴᠡ ᠵᠠᠢᠯᠠᠰᠬᠢᠨ᠎ᠠ᠃ ᠮᠤᠵᠢ᠎ᠶᠢᠨ ᠱᠠᠲᠤᠨ᠎ᠤ ᠲᠠᠷᠢᠶᠠᠯᠠᠩ ᠵᠢᠴᠢ ᠬᠣᠯᠪᠣᠭᠳᠠᠯ ᠪᠦᠬᠦᠢ ᠠᠵᠤ ᠦᠢᠯᠡᠰ᠎ᠦᠨ ᠪᠦᠷᠢᠳᠬᠡᠨ ᠦᠨᠡᠯᠡᠬᠦ ᠰᠢᠰᠲᠧᠮ᠎ᠢ ᠲᠡᠭᠦᠯᠳᠡᠷᠵᠢᠭᠦᠯᠦᠨ᠎ᠡ᠃

(ᠠᠷᠪᠠᠨ ᠭᠤᠷᠪᠠ) ᠬᠥᠯᠥᠰᠦᠨ ᠠᠵᠢᠯᠴᠢᠨ᠎ᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ᠎ᠶᠢ ᠠᠬᠢᠭᠤᠯᠤᠨ᠎ᠠ᠃ ᠬᠥᠯᠥᠰᠦᠨ ᠠᠵᠢᠯᠴᠢᠨ᠎ᠤ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ ᠣᠯᠭᠣᠬᠤ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠳᠠᠷᠤᠭᠠᠰᠤ᠎ᠶᠢ ᠬᠥᠩᠭᠡᠷᠡᠭᠦᠯᠦᠨ ᠠᠵᠢᠯ᠎ᠤᠨ ᠪᠠᠢᠷᠢ᠎ᠶᠢ ᠥᠷᠭᠡᠳᠬᠡᠬᠦ᠎ᠶᠢ ᠳᠡᠮᠵᠢᠨ᠎ᠡ᠃ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠶᠡᠬᠡ ᠬᠡᠪᠴᠢᠶᠡᠨ᠎ᠦ ᠪᠣᠯᠪᠠᠰᠤᠷᠠᠯ᠎ᠢ ᠬᠡᠷᠡᠭᠵᠢᠭᠦᠯᠵᠦ᠂ ᠪᠣᠯᠪᠠᠰᠤᠷᠠᠯ᠎ᠤᠨ ᠲᠥᠷᠥᠯ ᠵᠦᠢᠯ ᠬᠢᠭᠡᠳ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠣᠨᠣᠴᠠᠲᠠᠶ᠎ᠪᠠᠷ ᠵᠣᠬᠢᠴᠠᠭᠤᠯᠬᠤ᠎ᠶᠢ ᠠᠬᠢᠭᠤᠯᠤᠨ᠎ᠠ᠃ ᠭᠠᠳᠠᠭ᠍ᠰᠢ ᠭᠠᠷᠴᠤ ᠬᠦᠯᠦᠰᠦᠨ ᠠᠵᠢᠯ ᠬᠢᠬᠦ ᠦᠢᠯᠡᠴᠢᠯᠡᠭᠡᠨ᠎ᠦ ᠪᠠᠲᠤᠯᠠᠭ᠎ᠠ ᠪᠠ ᠨᠤᠲᠤᠭ᠎ᠲᠠᠭᠠᠨ ᠪᠤᠴᠠᠵᠤ ᠠᠵᠢᠯ ᠣᠯᠵᠤ ᠦᠢᠯᠡᠰ ᠪᠤᠰᠬᠠᠬᠤ᠎ᠶᠢ ᠲᠡᠳᠬᠦᠨ ᠳᠡᠮᠵᠢᠬᠦ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠨᠠᠰᠤ ᠠᠬᠢᠭ᠍ᠰᠠᠨ ᠬᠥᠯᠥᠰᠦᠨ ᠠᠵᠢᠯᠴᠢᠨ᠎ᠢ ᠬᠠᠯᠠᠮᠵᠢᠯᠠᠨ ᠲᠡᠳᠬᠦᠬᠦ ᠠᠵᠢᠯ᠎ᠢ ᠴᠢᠩᠭᠠᠳᠬᠠᠨ᠎ᠠ᠃ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠪᠠᠲᠤᠯᠠᠭ᠎ᠠ᠎ᠶᠢ ᠴᠢᠩᠭᠠᠳᠬᠠᠵᠤ᠂ ᠴᠠᠯᠢᠩ ᠥᠷᠢᠲᠦᠬᠦ᠎ᠶᠢ ᠴᠡᠭᠴᠡᠯᠡᠨ ᠵᠠᠰᠠᠬᠤ ᠡᠷᠴᠢᠮ᠎ᠢ ᠴᠢᠩᠭᠠᠷᠠᠭᠤᠯᠤᠨ᠎ᠠ᠃ ᠬᠥᠳᠡᠭᠡ ᠲᠣᠰᠬᠣᠨ᠎ᠤ ᠤᠷᠠᠨ ᠳᠠᠷᠬᠠᠨ᠎ᠢ ᠪᠣᠢᠵᠢᠭᠤᠯᠬᠤ ᠢᠨᠵᠧᠨᠧᠷᠢᠩ᠎ᠢ ᠠᠬᠢᠭᠤᠯᠤᠨ᠎ᠠ᠃ ᠬᠦᠳᠡᠯᠮᠦᠷᠢᠯᠡᠬᠦ᠎ᠪᠠᠷ ᠲᠡᠳᠬᠦᠮᠵᠢ᠎ᠶᠢ ᠣᠷᠣᠯᠠᠭᠤᠯᠬᠤ ᠲᠦᠷᠦᠯ ᠵᠦᠢᠯ᠎ᠦᠨ ᠬᠠᠮᠤᠷᠬᠤ ᠬᠡᠪᠴᠢᠶ᠎ᠡ᠂ ᠪᠦᠲᠦᠭᠡᠨ ᠪᠠᠢᠭᠤᠯᠤᠯᠲᠠ᠎ᠶᠢᠨ ᠬᠦᠷᠢᠶ᠎ᠡ ᠪᠠ ᠬᠥᠳᠡᠯᠮᠦᠷᠢ ᠦᠢᠯᠡᠴᠢᠯᠡᠭᠡᠨ᠎ᠦ ᠬᠥᠯᠥᠰᠦ ᠣᠯᠭᠣᠮᠵᠢ ᠣᠯᠭᠣᠬᠤ ᠬᠡᠪᠴᠢᠶ᠎ᠡ᠎ᠶᠢ ᠥᠷᠭᠡᠳᠬᠡᠵᠦ᠂ ᠠᠮᠢᠳᠤᠯᠢᠭ᠋᠎ᠵᠢᠡᠷ ᠳᠠᠭᠠᠭᠠᠴᠢᠯᠠᠭᠤᠯᠬᠤ᠎ᠬᠡᠯᠪᠡᠷᠢ᠎ᠪᠡᠷ ᠬᠥᠳᠡᠭᠡ ᠲᠣᠰᠬᠣᠨ᠎ᠤ ᠦᠨᠳᠦᠰᠦᠨ ᠱᠠᠲᠤᠨ᠎ᠳᠤ ᠪᠡᠶ᠎ᠡ᠎ᠪᠡᠨ ᠳᠠᠭᠠᠭᠠᠵᠤ ᠬᠡᠷᠡᠭᠵᠢᠭᠦᠯᠬᠦ ᠲᠦᠷᠦᠯ ᠵᠦᠢᠯ᠎ᠢ ᠬᠡᠷᠡᠭᠵᠢᠭᠦᠯᠬᠦ᠎ᠶᠢ ᠵᠣᠷᠢᠭ᠍ᠵᠢᠭᠤᠯᠤᠨ᠎ᠠ᠃ ᠠᠮᠢᠳᠤᠯᠢᠭ᠋᠎ᠢᠶᠠᠷ ᠠᠵᠢᠯ ᠣᠯᠣᠭᠰᠠᠳ ᠬᠣᠲᠠ ᠪᠠᠯᠭᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠳᠤ ᠣᠷᠣᠯᠴᠠᠬᠤ᠎ᠶᠢ ᠠᠬᠢᠭᠤᠯᠵᠤ᠂ ᠠᠵᠢᠯ ᠣᠯᠭᠣᠯᠲᠠ᠎ᠶᠢᠨ ᠰᠢᠨ᠎ᠡ ᠬᠡᠯᠪᠡᠷᠢ᠎ᠶᠢᠨ ᠬᠥᠮᠥᠰ᠎ᠦᠨ ᠠᠵᠢᠯ ᠮᠡᠷᠭᠡᠵᠢᠯ᠎ᠦᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ᠎ᠶᠢᠨ ᠴᠡᠭ᠎ᠢ ᠥᠷᠭᠡᠳᠬᠡᠨ᠎ᠡ᠃

(ᠠᠷᠪᠠᠨ ᠳᠥᠷᠪᠡ) ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠪᠡᠷ ᠬᠡᠷᠡᠭᠵᠢᠭᠦᠯᠵᠦ ᠬᠥᠳᠡᠭᠡ ᠲᠣᠰᠬᠣᠨ᠎ᠤ ᠬᠡᠷᠡᠭᠯᠡᠭᠡ᠎ᠶᠢ ᠥᠷᠭᠡᠳᠬᠡᠨ᠎ᠡ᠃ ᠬᠥᠳᠡᠭᠡ ᠲᠣᠰᠬᠣᠨ᠎ᠤ ᠬᠡᠷᠡᠭᠯᠡᠭᠡ᠎ᠶᠢᠨ ᠪᠠᠭᠲᠠᠭᠠᠮᠵᠢ᠎ᠶᠢ ᠥᠷᠭᠡᠳᠬᠡᠨ ᠲᠠᠰ ᠳᠡᠪᠰᠢᠭᠦᠯᠬᠦ᠎ᠶᠢ ᠳᠡᠮᠵᠢᠵᠦ᠂ ᠬᠡᠷᠡᠭᠯᠡᠭᠡ᠎ᠶᠢᠨ ᠲᠤᠨᠤᠭ ᠲᠦᠬᠦᠭᠡᠷᠦᠮᠵᠢ ᠪᠠ ᠦᠢᠯᠡᠴᠢᠯᠡᠭᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠡᠯᠪᠡᠭ ᠬᠤᠷᠢᠶᠠᠯᠲᠠ᠎ᠶᠢᠨ ᠵᠠᠬ᠎ᠠ ᠳᠡᠯᠭᠡᠭᠦᠷ ᠴᠤᠬᠯᠠᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠂ ᠰᠡᠯᠡᠭᠦᠴᠡᠨ ᠬᠡᠭᠡᠷ᠎ᠡ ᠪᠠᠭᠤᠳᠠᠯᠯᠠᠬᠤ ᠵᠡᠷᠭᠡ ᠬᠡᠷᠡᠭᠯᠡᠭᠡ᠎ᠶᠢᠨ ᠰᠢᠨ᠎ᠡ ᠡᠵᠡᠩᠨᠡᠯᠲᠡ᠎ᠶᠢᠨ ᠬᠡᠯᠪᠡᠷᠢ ᠰᠢᠨ᠎ᠡ ᠵᠠᠭᠪᠤᠷ ᠰᠢᠨ᠎ᠡ ᠦᠵᠡᠭᠳᠡᠯ ᠪᠠᠢᠳᠠᠯ᠎ᠢ ᠪᠣᠢᠵᠢᠭᠤᠯᠤᠨ᠎ᠠ᠃ ᠰᠢᠶᠠᠨ ᠰᠢᠶᠠᠩ ᠲᠣᠰᠬᠣᠨ᠎ᠤ ᠭᠦᠢᠯᠭᠡᠭᠡᠨ᠎ᠦ ᠰᠠᠭᠤᠷᠢ ᠲᠦᠬᠦᠭᠡᠷᠦᠮᠵᠢ᠎ᠶᠢ ᠪᠦᠲᠦᠭᠡᠨ ᠪᠠᠢᠭᠤᠯᠵᠤ ᠰᠢᠨᠡᠳᠬᠡᠬᠦ᠎ᠶᠢ ᠳᠡᠮᠵᠢᠵᠦ᠂ ᠬᠥᠳᠡᠭᠡ ᠲᠣᠰᠬᠣᠨ ᠵᠢᠴᠢ ᠪᠤᠶ᠋ᠢᠳᠠ ᠪᠥᠭᠯᠡᠭᠦᠦ ᠭᠠᠵᠠᠷ ᠣᠷᠣᠨ᠎ᠤ ᠬᠤᠳᠠᠯᠳᠤᠭ᠎ᠠ ᠠᠷᠠᠯᠵᠢᠶᠠᠨ᠎ᠤ ᠭᠦᠢᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠤᠨ᠎ᠠ᠃ ᠰᠢᠨ᠎ᠡ ᠡᠨᠧᠷᠭᠢ᠎ᠶᠢᠨ ᠮᠠᠰᠢᠨ ᠲᠡᠷᠭᠡ᠂ ᠭᠡᠷ᠎ᠦᠨ ᠣᠶᠤᠨᠲᠤ ᠴᠠᠬᠢᠯᠭᠠᠨ ᠬᠡᠷᠡᠭᠰᠡᠯ᠂ ᠪᠣᠬᠢᠷᠲᠤᠯ ᠦᠭᠡᠢ ᠪᠠᠷᠢᠯᠭ᠎ᠠ᠎ᠶᠢᠨ ᠮᠠᠲᠧᠷᠢᠶᠠᠯ᠎ᠢ ᠬᠥᠳᠡᠭᠡ ᠪᠠᠭᠤᠯᠭᠠᠬᠤ᠎ᠶᠢ ᠳᠡᠮᠵᠢᠵᠦ᠂ ᠬᠥᠳᠡᠭᠡ ᠲᠣᠰᠬᠣᠨ᠎ᠤ ᠭᠡᠷ᠎ᠦᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠭᠡᠷ᠎ᠦᠨ ᠬᠡᠷᠡᠭᠰᠡᠯ ᠵᠡᠷᠭᠡ ᠳᠠᠬᠢᠠ ᠠᠰᠢᠬᠯᠠᠵᠤ ᠪᠤᠯᠬᠤ ᠡᠬᠢ ᠪᠠᠶᠠᠯᠢᠭ᠋᠎ᠢ ᠡᠭᠡᠭᠦᠯᠦᠨ ᠬᠤᠷᠢᠶᠠᠬᠤ ᠰᠢᠰᠲᠧᠮ᠎ᠢ ᠪᠦᠷᠢᠨᠰᠢᠭᠦᠯᠦᠨ᠎ᠡ᠃ ᠬᠥᠳᠡᠭᠡ ᠲᠣᠰᠬᠣᠨ᠎ᠤ ᠭᠠᠵᠠᠷ ᠣᠷᠣᠨ᠎ᠤ ᠴᠢᠨᠡᠷ ᠮᠠᠭᠤ ᠪᠠᠷᠠᠭ᠎ᠠ ᠲᠠᠸᠠᠷ ᠦᠢᠯᠡᠳᠪᠦᠷᠢᠯᠡᠨ ᠪᠣᠷᠣᠯᠠᠭᠤᠯᠬᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃

ᠳᠥᠷᠪᠡ᠂ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠠᠵᠢᠯᠯᠠᠵᠤ ᠠᠮᠢᠳᠤᠷᠠᠬᠤ᠎ᠳᠤ ᠲᠣᠬᠢᠲᠠᠢ ᠪᠠ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ

(ᠠᠷᠪᠠᠨ ᠲᠠᠪᠤ) ᠬᠥᠳᠡᠭᠡ ᠲᠣᠰᠬᠣᠨ᠎ᠤ ᠤᠯᠤᠰ᠎ᠤᠨ ᠨᠤᠳᠤᠭ ᠲᠠᠪᠢᠰᠬᠡᠷ᠎ᠤᠨ ᠣᠷᠣᠨ ᠵᠠᠢ᠎ᠶᠢᠨ ᠪᠠᠢᠷᠢᠰᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠎ᠡ᠃ ᠬᠥᠮᠥᠨ ᠠᠮᠠ᠎ᠶᠢᠨ ᠬᠤᠪᠢᠷᠠᠯᠲᠠ᠎ᠶᠢᠨ ᠬᠠᠨᠳᠤᠰᠢ᠎ᠳᠤ ᠵᠣᠬᠢᠴᠠᠭᠤᠯᠤᠨ᠂ ᠭᠤᠤᠯ ᠴᠣᠭᠴᠠ᠎ᠶᠢᠨ ᠦᠢᠯᠡᠳᠦᠯ ᠴᠢᠳᠠᠮᠵᠢ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠨ᠂ ᠪᠠᠢᠭᠠᠯᠢ᠎ᠶᠢᠨ ᠭᠠᠮᠰᠢᠭ᠋᠎ᠢ ᠰᠡᠷᠭᠡᠢᠯᠡᠬᠦ᠎ᠲᠠᠢ ᠤᠶᠠᠯᠳᠤᠭᠤᠯᠵᠤ᠂ ᠭᠠᠴᠠᠭ᠎ᠠ ᠪᠠᠯᠭᠠᠰᠤᠨ᠎ᠤ ᠪᠠᠢᠷᠢᠰᠢᠭᠤᠯᠤᠯᠳᠠ ᠵᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠵᠦ᠂ ᠠᠢᠯ ᠲᠣᠰᠬᠣᠨ᠎ᠤ ᠲᠥᠯᠦᠪᠵᠢᠭᠦᠯᠭᠡ᠎ᠶᠢᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠪᠦᠲᠦᠭᠡᠨ ᠪᠠᠶ᠋ᠢᠭᠤᠯᠬᠤ ᠭᠣᠣᠯᠳᠠᠯᠭ᠎ᠠ ᠪᠠ ᠤᠷᠢᠳ᠎ᠢᠶᠠᠷ ᠬᠢᠬᠦ ᠲᠡᠰ ᠳᠠᠷᠠᠭᠠᠯᠠᠯ᠎ᠢ ᠵᠦᠢ ᠵᠣᠬᠢᠰᠲᠠᠢ ᠲᠣᠭᠲᠠᠭᠠᠨ᠎ᠠ᠃ ᠭᠠᠵᠠᠷ ᠣᠷᠣᠨ᠎ᠤ ᠪᠠᠢᠳᠠᠯ ᠳ᠋ᠠᠭᠠᠨ ᠲᠣᠬᠢᠷᠠᠭᠤᠯᠤᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠶᠢᠨ ᠬᠡᠷᠡᠭᠵᠢᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠲᠥᠷᠥᠯ ᠬᠤᠪᠢᠶᠠᠨ ᠡᠮᠬᠢ ᠵᠢᠷᠤᠮ᠎ᠲᠠᠢ᠂ ᠬᠡᠰᠡᠭ ᠲᠤᠭᠤᠷᠢᠭᠵᠢᠭᠤᠯᠤᠨ ᠠᠬᠢᠭᠤᠯᠵᠤ᠂ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ᠎ᠶᠢᠨ ᠪᠦᠷᠢᠨ ᠲᠡᠭᠦᠯᠳᠡᠷ᠎ᠦᠨ ᠬᠡᠮᠵᠢᠶ᠎ᠡ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠲᠥᠬᠥᠮ᠎ᠦᠨ ᠬᠡᠮᠵᠢᠶ᠎ᠡ᠂ ᠣᠷᠣᠰᠢᠨ ᠰᠠᠭᠤᠬᠤ ᠣᠷᠴᠢᠨ ᠨᠦᠬᠦᠴᠡᠯ᠎ᠤᠨ ᠲᠠᠭᠠᠯᠠᠮᠵᠢᠲᠠᠢ᠎ᠶᠢᠨ ᠬᠡᠮᠵᠢᠶ᠎ᠡ᠎ᠶᠢ ᠠᠯᠬᠤᠮ ᠠᠯᠬᠤᠮ᠎ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠣᠲᠣ᠌ ᠦᠶ᠎ᠡ᠎ᠶᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠲᠦᠷᠭᠡᠳᠬᠡᠨ ᠨᠥᠬᠥᠪᠦᠷᠢᠯᠡᠵᠦ᠂ ᠬᠥᠳᠡᠭᠡ ᠲᠣᠰᠬᠣᠨ᠎ᠤ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ᠎ᠶᠢ ᠡᠭᠦᠳᠦᠨ᠎ᠡ᠃ ᠰᠢᠶᠠᠨ᠎ᠤ ᠬᠡᠪᠴᠢᠶᠡᠨ᠎ᠦ ᠤᠯᠤᠰ᠎ᠤᠨ ᠨᠤᠳᠤᠭ ᠲᠠᠪᠢᠰᠬᠡᠷ᠎ᠤᠨ ᠣᠷᠣᠨ ᠵᠠᠢ᠎ᠶᠢᠨ ᠵᠠᠰᠠᠯᠲᠠ᠎ᠶᠢ ᠬᠠᠮᠵᠢᠯᠴᠠᠭᠤᠯᠤᠨ ᠠᠬᠢᠭᠤᠯᠵᠤ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠎ᠶᠢ ᠪᠠᠭᠠᠰᠬᠠᠬᠤ ᠦᠭᠡᠢ᠂ ᠶᠠᠰᠤ ᠴᠢᠨᠠᠷ᠎ᠢ ᠳᠡᠭᠡᠭᠰᠢᠯᠡᠭᠦᠯᠬᠦ᠂ ᠠᠮᠢ ᠠᠬᠤᠢ᠎ᠶᠢ ᠰᠠᠢᠵᠢᠷᠠᠭᠤᠯᠬᠤ ᠤᠷᠢᠲᠠᠯ ᠳᠣᠣᠷ᠎ᠠ᠂ ᠪᠥᠬᠥ ᠣᠷᠣᠨ ᠪᠦᠰᠡ᠎ᠶᠢᠨ ᠭᠠᠵᠠᠷ ᠰᠢᠷᠣᠢ᠎ᠶᠢ ᠶᠡᠷᠦᠩᠬᠡᠢᠯᠡᠨ ᠴᠡᠭᠴᠡᠯᠡᠨ ᠵᠠᠰᠠᠬᠤ᠎ᠶᠢ ᠯᠠᠪᠳᠠᠭᠤᠨ᠎ᠢᠶᠠᠷ ᠥᠷᠨᠢᠭᠦᠯᠵᠦ᠂ ᠭᠠᠵᠠᠷ ᠰᠢᠷᠣᠢ᠎ᠶᠢ ᠠᠷᠪᠢᠲᠠᠢ ᠡᠷᠴᠢᠮᠵᠢᠭᠦᠯᠦᠨ ᠠᠰᠢᠭ᠍ᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠬᠥᠭᠵᠢᠯᠲᠡ᠎ᠳᠦ ᠬᠡᠷᠡᠭᠯᠡᠬᠦ ᠭᠠᠵᠠᠷ ᠰᠢᠷᠣᠢ᠎ᠶᠢ ᠲᠥᠷᠥᠯ ᠬᠤᠪᠢᠶᠠᠨ ᠪᠠᠲᠤᠯᠠᠨ᠎ᠠ᠃ ᠬᠢᠯᠢ᠎ᠶᠢᠨ ᠭᠠᠵᠠᠷ ᠣᠷᠣᠨ᠎ᠤ ᠬᠣᠲᠠ ᠪᠠᠯᠭᠠᠰᠤ ᠪᠣᠯᠣᠨ ᠠᠢᠯ ᠲᠣᠰᠬᠣᠨ᠎ᠤ ᠪᠦᠲᠦᠭᠡᠨ ᠪᠠᠢᠭᠤᠯᠤᠯᠲᠠ᠎ᠶᠢ ᠳᠡᠮᠵᠢᠨ᠎ᠡ᠃

(ᠠᠷᠪᠠᠨ ᠵᠢᠷᠭᠤᠭ᠎ᠠ) ᠬᠥᠳᠡᠭᠡ ᠲᠣᠰᠬᠣᠨ᠎ᠤ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠣᠯᠣᠨ ᠬᠠᠮᠢᠶᠠᠷᠤᠯᠲᠠ ᠬᠠᠮᠠᠭᠠᠯᠠᠯᠲᠠ᠎ᠶᠢ ᠴᠢᠩᠭᠠᠳᠬᠠᠨ᠎ᠠ᠃  ᠪᠠᠭ᠎ᠠ ᠬᠡᠯᠪᠡᠷᠢ᠎ᠶᠢᠨ ᠤᠰᠤ ᠵᠠᠯᠠᠬᠤ ᠤᠰᠤ ᠲᠤᠬᠢᠷᠠᠭᠤᠯᠬᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢ ᠳᠡᠮᠵᠢᠵᠦ᠂ ᠬᠥᠳᠡᠭᠡ ᠲᠣᠰᠬᠣᠨ᠎ᠤ ᠤᠰᠤ ᠬᠠᠩᠭᠠᠬᠤ ᠪᠠᠲᠤᠯᠠᠭ᠎ᠠ᠎ᠶᠢᠨ ᠬᠢᠷᠢ ᠲᠦᠪᠰᠢᠨ᠎ᠢ ᠲᠥᠷᠥᠯ ᠬᠤᠪᠢᠶᠠᠨ ᠳᠡᠭᠡᠭᠰᠢᠯᠡᠭᠦᠯᠵᠦ᠂ ᠨᠥᠬᠥᠴᠡᠯ᠎ᠲᠠᠢ ᠭᠠᠵᠠᠷ ᠣᠷᠣᠨ ᠨᠢ ᠬᠥᠳᠡᠭᠡ ᠲᠣᠰᠬᠣᠨ᠎ᠤ ᠤᠰᠤ ᠬᠠᠩᠭᠠᠬᠤ ᠰᠢᠶᠠᠨ᠎ᠤ ᠬᠡᠪᠴᠢᠶ᠎ᠡ᠎ᠶᠢ ᠨᠢᠭᠡᠳᠦᠯᠲᠡᠢ ᠬᠠᠮᠢᠶᠠᠷᠬᠤ ᠪᠠ ᠲᠤᠰᠬᠠᠢᠵᠢᠭ᠍ᠰᠠᠨ ᠬᠠᠮᠢᠶᠠᠷᠤᠯᠲᠠ ᠬᠠᠮᠠᠭᠠᠯᠠᠯᠲᠠ᠎ᠶᠢ ᠬᠡᠷᠡᠭᠵᠢᠭᠦᠯᠵᠦ ᠪᠣᠯᠣᠨ᠎ᠠ᠃ ᠬᠥᠳᠡᠭᠡ ᠲᠣᠰᠬᠣᠨ᠎ᠤ ᠴᠠᠬᠢᠯᠭᠠᠨ ᠲᠣᠣᠷ᠎ᠤᠨ ᠴᠠᠬᠢᠯᠭᠠᠨ ᠬᠠᠩᠭᠠᠬᠤ ᠪᠠᠲᠤᠯᠠᠭ᠎ᠠ ᠪᠠ ᠶᠡᠷᠦᠩᠬᠡᠢᠯᠡᠭᠰᠡᠨ ᠳᠠᠭᠠᠭᠠᠴᠡ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠴᠠᠬᠢᠯᠭᠠᠨ ᠴᠡᠨᠡᠭᠯᠡᠬᠦ ᠲᠤᠨᠤᠭ ᠲᠥᠬᠦᠭᠡᠷᠦᠮᠵᠢ᠎ᠶᠢ ᠪᠦᠷᠬᠦᠬᠦᠯᠬᠦ ᠬᠡᠪᠴᠢᠶ᠎ᠡ᠎ᠶᠢ ᠥᠷᠭᠡᠳᠬᠡᠨ᠎ᠡ᠃ ᠬᠥᠳᠡᠭᠡ ᠲᠣᠰᠬᠣᠨ᠎ᠤ ᠬᠠᠭᠤᠴᠢᠨ ᠵᠠᠰᠠᠮᠠᠯ ᠵᠠᠮ᠎ᠤᠨ ᠥᠭᠡᠷᠡᠴᠢᠯᠡᠯᠲᠡ᠂ ᠬᠡᠲᠦ ᠢᠪᠴᠤᠤ ᠵᠠᠰᠠᠮᠠᠯ ᠵᠠᠮ᠎ᠢ  ᠥᠷᠭᠡᠳᠬᠡᠬᠦ ᠪᠠ ᠡᠪᠳᠡᠷᠡᠭᠰᠡᠨ ᠵᠠᠮ᠎ᠤᠨ ᠬᠡᠰᠡᠭ᠎ᠦᠨ ᠶᠠᠰᠤ ᠴᠢᠨᠡᠷ᠎ᠢ ᠳᠡᠭᠡᠭᠰᠢᠯᠡᠬᠦᠯᠬᠦ᠎ᠶᠢ ᠠᠬᠢᠭᠤᠯᠵᠤ᠂ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠤᠨᠤᠭ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠬᠥᠳᠡᠭᠡ ᠲᠣᠰᠬᠣᠨ᠎ᠤ ᠭᠤᠪᠢᠭᠤᠯᠤᠨ ᠲᠠᠮᠵᠢᠭᠤᠯᠬᠤ ᠪᠠᠷᠠᠭᠠᠨ᠎ᠤ ᠭᠦᠢᠯᠭᠡᠭᠡ ᠵᠢᠨ ᠲᠤᠨᠤᠭ ᠲᠦᠬᠦᠭᠡᠷᠦᠮᠵᠢ᠎ᠶᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠎ᠶᠢ ᠳᠠᠮᠵᠢᠵᠤ᠂ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ ᠪᠠᠷᠠᠭᠠᠨ᠎ᠤ ᠲᠡᠭᠡᠭᠡᠪᠦᠷᠢ ᠪᠠᠷᠠᠭᠠᠨ᠎ᠤ ᠭᠦᠢᠯᠭᠡᠭᠡ ᠰᠢᠤᠳᠠᠨ᠎ᠤ ᠲᠦᠷᠭᠡᠨ ᠬᠦᠷᠭᠡᠯᠲᠡ ᠵᠢᠨ ᠠᠭᠤᠰᠤᠯᠴᠠᠨ ᠬᠥᠭᠵᠢᠬᠦ᠎ᠶᠢ ᠠᠬᠢᠭᠤᠯᠤᠨ᠂ ᠬᠠᠮᠲᠤ ᠪᠠᠷ ᠲᠣᠬᠢᠷᠠᠭᠤᠯᠤᠨ ᠬᠦᠷᠭᠡᠬᠦ᠎ᠶᠢ ᠬᠡᠷᠡᠭᠵᠢᠭᠦᠯᠵᠦ᠂ ᠲᠦᠷᠭᠡᠨ ᠬᠦᠷᠭᠡᠯᠲᠡ᠎ᠶᠢ ᠲᠣᠰᠬᠣᠨ᠎ᠳᠤ ᠣᠷᠣᠭᠤᠯᠬᠤ᠎ᠶᠢ ᠭᠦᠨᠵᠡᠭᠡᠢᠷᠡᠭᠦᠯᠦᠨ᠎ᠡ᠃ ᠬᠥᠳᠡᠭᠡ ᠲᠣᠰᠬᠣᠨ᠎ᠤ ᠠᠶᠠᠨᠴᠢᠳ᠎ᠤᠨ ᠵᠦᠭᠡᠭᠡᠪᠦᠷᠢ᠎ᠶᠢᠨ ᠲᠣᠭᠲᠠᠭᠤᠨ ᠡᠷᠬᠢᠯᠳᠡ ᠵᠢ ᠪᠠᠲᠤᠯᠠᠬᠤ ᠲᠣᠭᠲᠡᠴᠡ᠎ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠨᠤᠷᠠᠬᠤ ᠠᠶᠤᠯᠲᠠᠢ ᠭᠡᠷ ᠪᠠᠢᠰᠢᠩ᠎ᠢ ᠥᠭᠡᠷᠡᠴᠢᠯᠡᠨ ᠵᠠᠰᠠᠬᠤ ᠠᠵᠢᠯ᠎ᠢ ᠦᠷᠭᠦᠯᠵᠢᠯᠡᠨ ᠬᠡᠷᠡᠭᠵᠢᠭᠦᠯᠵᠦ᠂ ᠤᠳᠤ ᠦᠶ᠎ᠡ᠎ᠶᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠬᠥᠳᠡᠭᠡ ᠲᠣᠰᠬᠣᠨ᠎ᠤ ᠭᠡᠷ ᠪᠠᠢᠰᠢᠩ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠣᠨ᠎ᠤ ᠴᠢᠨᠠᠷ ᠰᠠᠢᠲᠠᠢ ᠬᠥᠭᠵᠢᠯᠲᠡ᠎ᠶᠢᠨ ᠠᠵᠢᠯᠯᠠᠭ᠎ᠠ᠎ᠶᠢ ᠬᠡᠷᠡᠭᠵᠢᠭᠦᠯᠵᠦ᠂ ᠬᠥᠳᠡᠭᠡ ᠲᠣᠰᠬᠣᠨ ᠵᠢᠴᠢ ᠪᠣᠶ᠋ᠢᠳᠠ ᠪᠥᠭᠯᠡᠭᠦᠦ ᠭᠠᠵᠠᠷ ᠣᠷᠣᠨ ᠳ᠋ᠤ ᠰᠦᠯᠵᠢᠶ᠎ᠠ ᠵᠢ ᠪᠦᠷᠬᠦᠬᠦᠯᠬᠦ ᠲᠦᠪᠰᠢᠨ᠎ᠢ ᠳᠡᠭᠡᠭᠰᠢᠯᠡᠭᠦᠯᠦᠨ᠎ᠡ᠃ ᠰᠢᠭᠤᠢᠲᠤ ᠣᠷᠣᠨ᠂ ᠠᠳᠠᠷ ᠬᠠᠭᠠᠯᠪᠤᠷᠢᠯᠠᠯᠲᠠ᠎ᠶᠢᠨ ᠣᠷᠣᠨ᠂ ᠮᠠᠯᠵᠢᠬᠤ ᠣᠷᠣᠨ᠎ᠤ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠨ᠎ᠠ᠃ ᠰᠢᠶᠠᠨ᠎ᠤ ᠬᠡᠪᠴᠢᠶᠡᠨ᠎ᠦ ᠰᠠᠭᠤᠷᠢ ᠲᠦᠬᠦᠭᠡᠷᠦᠮᠵᠢ᠎ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠪᠦᠲᠦᠭᠡᠨ ᠪᠠᠢᠭᠤᠯᠵᠤ ᠬᠠᠮᠢᠶᠠᠷᠤᠨ ᠬᠠᠮᠠᠭᠠᠯᠠᠬᠤ᠎ᠶᠢ ᠠᠬᠢᠭᠤᠯᠵᠤ᠂ ᠬᠥᠳᠡᠭᠡ ᠲᠣᠰᠬᠣᠨ᠎ᠤ ᠰᠠᠭᠤᠷᠢ ᠲᠦᠬᠦᠭᠡᠷᠦᠮᠵᠢ᠎ᠶᠢ ᠬᠠᠮᠢᠶᠠᠷᠤᠨ ᠬᠠᠮᠠᠭᠠᠯᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠪᠦᠷᠢᠨᠰᠢᠭᠦᠯᠦᠨ᠎ᠡ᠃

(ᠠᠷᠪᠠᠨ ᠳᠣᠯᠣᠭ᠎ᠠ) ᠰᠢᠶᠠᠨ᠎ᠤ ᠬᠡᠪᠴᠢᠶᠡᠨ᠎ᠦ ᠦᠨᠳᠦᠰᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠠᠩᠭᠠᠯᠭ᠎ᠠ᠎ᠶᠢ ᠨᠢᠭᠡᠳᠦᠯᠲᠡᠢ ᠲᠥᠯᠥᠪᠵᠢᠭᠦᠯᠬᠦ᠎ᠶᠢ ᠴᠢᠩᠭᠠᠳᠬᠠᠨ᠎ᠠ᠃ ᠬᠥᠳᠡᠭᠡ ᠲᠣᠰᠬᠣᠨ᠎ᠤ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠦᠨ ᠪᠠᠢᠷᠢᠰᠢᠭᠤᠯᠤᠯᠳᠠ᠎ᠵᠢ ᠯᠠᠪᠳᠠᠭᠤᠨ ᠪᠣᠯᠭᠣᠮᠵᠢᠲᠠᠢ ᠰᠢᠯᠢᠳᠡᠭᠵᠢᠭᠦᠯᠵᠦ᠂ ᠴᠢᠬᠤᠯᠠ ᠪᠦᠬᠦᠢ ᠬᠥᠳᠡᠭᠡ ᠲᠣᠰᠬᠣᠨ᠎ᠤ ᠪᠠᠭ᠎ᠠ ᠬᠡᠪᠴᠢᠶᠡᠨ᠎ᠦ ᠰᠤᠷᠭᠠᠭᠤᠯᠢ ᠪᠠ ᠬᠡᠦᠬᠡᠳ᠎ᠦᠨ ᠴᠡᠴᠡᠷᠯᠢᠭ᠎ᠢ ᠦᠯᠡᠳᠡᠭᠡᠬᠦ᠎ᠶᠢᠨ ᠬᠠᠮᠲᠤ ᠰᠠᠢᠲᠤᠷ ᠡᠷᠭᠢᠯᠡᠵᠦ᠂ ᠰᠢᠶᠠᠨ᠎ᠤ ᠬᠡᠪᠴᠢᠶᠡᠨ᠎ᠦ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ᠎ᠶᠢ ᠬᠡᠷᠡᠭᠵᠢᠭᠦᠯᠦᠨ᠎ᠡ᠃ ᠬᠣᠲᠠ ᠬᠦᠳᠡᠭᠡ᠎ᠵᠢᠨ ᠰᠤᠷᠭᠠᠭᠤᠯᠢ᠎ᠶᠢᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠰᠢᠶᠠᠨ᠎ᠤ ᠬᠡᠪᠴᠢᠶᠡᠨ᠎ᠦ ᠪᠠᠭ᠍ᠰᠢ᠎ᠶᠢᠨ ᠡᠩᠨᠡᠭᠡ᠎ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠎ᠶᠢ ᠴᠢᠩᠭᠠᠳᠬᠠᠨ᠂ ᠬᠣᠲᠠ ᠬᠥᠳᠡᠭᠡ᠎ᠶᠢᠨ ᠰᠤᠷᠭᠠᠭᠤᠯᠢ᠎ᠶᠢᠨ ᠰᠦᠯᠵᠢᠶᠡᠨ ᠳᠡᠭᠡᠷ᠎ᠡ ᠴᠢᠨᠠᠷ ᠰᠠᠢᠲᠠᠢ ᠬᠢᠴᠢᠶᠡᠯ᠎ᠦᠨ ᠲᠠᠨᠭᠬᠢᠮ᠎ᠢ ᠬᠠᠮᠲᠤ ᠪᠠᠷ ᠡᠳ᠋ᠯᠡᠬᠦ᠎ᠶᠢ ᠠᠬᠢᠭᠤᠯᠤᠨ᠎ᠠ᠃ ᠶᠡᠷᠦᠩᠬᠡᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠬᠥᠳᠡᠭᠡ ᠲᠣᠰᠬᠣᠨ᠎ᠤ ᠰᠤᠷᠤᠯᠭ᠎ᠠ᠎ᠪᠠᠨ ᠳᠣᠷᠭᠣᠨ ᠵᠣᠭᠰᠣᠬᠤ᠎ᠶᠢ ᠡᠵᠡᠮᠳᠡᠬᠦ ᠠᠯᠪᠠᠨ ᠵᠢᠷᠤᠮ᠎ᠤᠨ ᠰᠤᠷᠭᠠᠨ ᠬᠦᠮᠦᠵᠢᠯ᠎ᠢ ᠪᠠᠳᠤᠯᠠᠬᠤ ᠡᠷᠴᠢᠮ᠎ᠢ ᠴᠢᠩᠭᠠᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠪᠡᠬᠢᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠰᠢᠶᠠᠨ᠎ᠤ ᠱᠠᠲᠤᠨ᠎ᠤ ᠡᠮᠨᠡᠯᠭᠡ᠎ᠶᠢᠨ ᠬᠣᠷᠢᠶ᠎ᠠ ᠪᠠ ᠭᠣᠣᠯᠳᠠᠯᠭ᠎ᠠ᠎ᠲᠠᠢ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠠᠬᠢᠭᠤᠯᠵᠤ᠂ ᠰᠢᠶᠠᠨ ᠲᠣᠭᠣᠷᠢᠭ᠋᠂ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶᠢᠨ ᠠᠵᠢᠯᠯᠠᠭᠠᠨ᠎ᠤ ᠪᠠᠲᠤᠯᠠᠭ᠎ᠠ᠎ᠶᠢ ᠴᠢᠩᠭᠠᠳᠬᠠᠨ᠎ᠠ᠃ ᠨᠢᠭ᠍ᠲᠠ ᠬᠡᠯᠪᠡᠷᠢ᠎ᠶᠢᠨ ᠰᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶᠢᠨ ᠴᠣᠭᠴᠠ᠎ᠶᠢᠨ ᠶᠡᠷᠦᠩᠬᠡᠢᠯᠡᠭᠰᠡᠨ ᠦᠢᠯᠡᠴᠢᠯᠡᠭᠡᠨ᠎ᠦ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠳᠡᠮᠵᠢᠵᠦ᠂ ᠦᠨᠳᠦᠰᠦᠨ ᠱᠠᠲᠤᠨ᠎ᠤ ᠡᠮ ᠡᠮᠨᠡᠯᠬᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢᠨ ᠡᠮ᠎ᠦᠨ ᠵᠦᠢᠯᠡᠰ ᠬᠤᠳᠠᠯᠳᠤᠨ ᠠᠪᠬᠤ᠂ ᠲᠣᠬᠢᠷᠠᠭᠤᠯᠬᠤ᠂ ᠬᠡᠷᠡᠭᠯᠡᠬᠦ ᠬᠡᠪᠴᠢᠶ᠎ᠡ᠎ᠶᠢ ᠵᠦᠢ ᠵᠣᠬᠢᠰᠲᠠᠢ ᠥᠷᠭᠡᠳᠬᠡᠨ᠎ᠡ᠃ ᠬᠥᠳᠡᠭᠡ ᠲᠣᠰᠬᠣᠨ᠎ᠤ ᠰᠠᠭᠤᠭᠠᠯᠢ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠦᠷᠭᠦᠯᠵᠢᠯᠡᠨ ᠳᠠᠭᠠᠳᠬᠠᠯ᠎ᠳᠤ ᠣᠷᠣᠯᠴᠠᠬᠤ᠎ᠶᠢ ᠤᠷᠮᠠᠰᠢᠭᠤᠯᠤᠨ ᠬᠢᠵᠠᠭᠠᠷᠯᠠᠬᠤ ᠲᠣᠭᠲᠡᠴᠡ᠎ᠶᠢ ᠪᠦᠷᠢᠨᠰᠢᠭᠦᠯᠵᠦ᠂ ᠡᠮ ᠡᠮᠨᠡᠯᠭᠡ᠎ᠶᠢᠨ ᠳᠠᠭᠠᠳᠬᠠᠯ᠎ᠤᠨ ᠰᠠᠭᠤᠷᠢ ᠮᠥᠩᠭᠥ᠎ᠶᠢ ᠰᠢᠶᠠᠨ ᠰᠢᠶᠠᠩ ᠲᠤᠰᠬᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠳᠤ ᠬᠡᠷᠡᠭᠯᠡᠬᠦ ᠬᠠᠷᠢᠴᠠᠯ᠎ᠢ ᠲᠣᠭᠲᠠᠭᠤᠨ᠎ᠢᠶᠠᠷ ᠳᠡᠭᠡᠭᠰᠢᠯᠡᠭᠦᠯᠦᠨ᠎ᠡ᠃ ᠣᠶᠤᠲᠠᠳ᠎ᠤᠨ ᠬᠥᠳᠡᠭᠡ ᠲᠣᠰᠬᠣᠨ᠎ᠤ ᠡᠮᠴᠢ᠎ᠶᠢᠨ ᠲᠤᠰᠬᠠᠢ ᠲᠥᠯᠥᠪᠯᠡᠭᠡ᠎ᠶᠢ ᠬᠡᠷᠡᠭᠵᠢᠭᠦᠯᠦᠨ᠎ᠡ᠃ ᠭᠡᠷ᠎ᠲᠡᠬᠡᠨ ᠨᠠᠰᠤᠵᠢᠯ᠎ᠤᠨ ᠠᠰᠠᠷᠠᠮᠵᠢ ᠬᠦᠷᠲᠡᠬᠦ ᠪᠡᠷ᠎ᠰᠠᠭᠤᠷᠢ ᠪᠣᠯᠭᠠᠵᠤ᠂ ᠨᠥᠬᠥᠴᠡᠯ᠎ᠲᠠᠢ ᠭᠠᠵᠠᠷ ᠣᠷᠣᠨ᠎ᠤ ᠬᠣᠭᠣᠯᠠ ᠪᠡᠷ ᠲᠤᠰᠠᠯᠠᠬᠤ ᠦᠢᠯᠡᠴᠢᠯᠡᠭᠡ᠂ ᠡᠳᠦᠷ ᠲᠤᠲᠤᠮ᠎ᠤᠨ ᠬᠠᠷᠠᠭᠠᠯᠵᠠᠯ ᠦᠵᠡᠬᠦᠯᠬᠦ᠂ ᠡᠷᠡᠭᠦᠯᠵᠢᠯ ᠰᠤᠪᠢᠯᠠᠯᠲᠠ ᠵᠡᠷᠭᠡ ᠨᠠᠰᠤᠵᠢᠯ᠎ᠤᠨ ᠠᠰᠠᠷᠠᠮᠵᠢ ᠵᠢᠨ ᠦᠢᠯᠡᠴᠢᠯᠡᠭᠡ᠎ᠶᠢ ᠬᠥᠭᠵᠢᠭᠦᠯᠬᠦ᠎ᠶᠢ ᠵᠣᠷᠢᠭ᠍ᠵᠢᠭᠤᠯᠤᠨ᠎ᠠ᠃ ᠰᠢᠶᠠᠨ ᠰᠢᠶᠠᠩ᠎ᠤᠨ ᠲᠦᠬᠡᠮᠡᠯ ᠬᠠᠷᠠᠭᠠᠯᠵᠠᠯᠳᠤ ᠨᠠᠢᠳᠠᠨ ᠬᠥᠮᠥᠵᠢᠭᠦᠯᠬᠦ ᠦᠢᠯᠡᠴᠢᠯᠡᠭᠡ᠎ᠶᠢ ᠬᠥᠭᠵᠢᠭᠦᠯᠦᠨ᠎ᠡ᠃ ᠬᠥᠳᠡᠭᠡ ᠲᠣᠰᠬᠣᠨ᠎ᠤ ᠨᠠᠭᠠᠲᠤ ᠵᠠᠬ᠎ᠠ᠎ᠶᠢᠨ ᠠᠮᠢᠳᠦᠷᠠᠯ᠎ᠤᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠲᠣᠭᠲᠠᠭᠠᠬᠤ ᠪᠠ ᠬᠥᠳᠡᠯᠦᠩᠭᠦᠢ᠎ᠪᠡᠷ ᠲᠣᠬᠢᠷᠠᠭᠤᠯᠬᠤ ᠲᠣᠭᠲᠡᠴᠡ᠎ᠶᠢ ᠲᠡᠭᠦᠯᠳᠡᠷᠵᠢᠭᠦᠯᠵᠦ᠂ ᠣᠨᠴᠠ ᠬᠦᠴᠢᠷᠳᠡᠯᠲᠠᠢ ᠬᠥᠮᠥᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ᠎ᠢ ᠰᠢᠯᠢᠳᠡᠭᠵᠢᠭᠦᠯᠵᠦ᠂ ᠲᠦᠷ ᠴᠠᠭ᠎ᠤᠨ ᠠᠪᠤᠷᠠᠨ ᠲᠤᠰᠠᠯᠠᠯᠲᠠ᠎ᠶᠢᠨ ᠴᠠᠬᠳᠤ  ᠴᠢᠨᠠᠷ᠂ ᠬᠦᠷᠳᠡᠵᠤ ᠲᠡᠢᠯᠬᠦ ᠴᠢᠨᠠᠷ᠎ᠢ ᠳᠡᠭᠡᠭᠰᠢᠯᠡᠭᠦᠯᠦᠨ᠎ᠡ᠃ ᠺᠠᠳ᠋ᠷᠴᠤᠳ ᠳᠠᠭᠠᠭᠠᠴᠢᠯᠠᠨ ᠬᠠᠷᠢᠯᠴᠠᠬᠤ᠂ ᠰᠠᠢᠨ ᠳᠤᠷ᠎ᠠ ᠵᠢᠨ ᠦᠢᠯᠡᠴᠢᠯᠡᠭᠡ᠂ ᠬᠥᠳᠡᠭᠡ ᠲᠣᠰᠬᠣᠨ᠎ᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠨᠡᠭᠡᠭᠡᠨ ᠬᠥᠭᠵᠢᠭᠦᠯᠬᠦ ᠵᠡᠷᠭᠡ ᠠᠷᠭ᠎ᠠ ᠮᠠᠶᠢᠭ᠋᠎ᠢ ᠠᠪᠴᠤ᠂ ᠬᠥᠳᠡᠭᠡ ᠲᠣᠰᠬᠣᠨ᠎ᠤ ᠭᠣᠣᠨᠢ ᠪᠡᠯᠪᠡᠰᠦᠨ ᠨᠠᠰᠤᠲᠠᠨ᠂ ᠭᠡᠷ᠎ᠲᠡᠭᠡᠨ ᠬᠣᠴᠣᠷᠤᠭᠰᠠᠨ ᠬᠡᠦᠬᠡᠳ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠂ ᠵᠡᠮᠳᠡᠭᠴᠦᠳ᠂ ᠣᠶᠣᠨ ᠮᠡᠳᠡᠷᠡᠯ᠎ᠦᠨ ᠰᠠᠭᠠᠳ᠎ᠲᠠᠢ ᠬᠥᠮᠥᠰ ᠵᠡᠷᠭᠡ᠎ᠶᠢ ᠰᠤᠷᠪᠤᠯᠵᠢᠯᠠᠵᠤ ᠬᠠᠯᠠᠮᠵᠢᠯᠠᠨ ᠬᠠᠢᠷᠠᠯᠠᠬᠤ᠎ᠪᠠᠨ ᠴᠢᠩᠭᠠᠳᠬᠠᠵᠤ᠂ ᠪᠣᠳᠠᠲᠠᠢ ᠬᠦᠴᠢᠷᠳᠡᠯ᠎ᠢ ᠨᠢ ᠴᠠᠭ ᠲᠤᠬᠠᠢ ᠳ᠋ᠤᠨᠢ ᠬᠠᠪᠰᠤᠷᠤᠨ ᠰᠢᠢᠳᠪᠦᠷᠢᠯᠡᠨ᠎ᠡ᠃

(ᠠᠷᠪᠠᠨ ᠨᠠᠢ᠍ᠮᠠ) ᠬᠥᠳᠡᠭᠡ ᠲᠣᠰᠬᠣᠨ᠎ᠤ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠎ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠬᠥᠳᠡᠭᠡ ᠲᠣᠰᠬᠣᠨ᠎ᠤ ᠬᠥᠮᠥᠰ᠎ᠦᠨ ᠣᠷᠣᠰᠢᠨ ᠰᠠᠭᠤᠬᠤ ᠣᠷᠴᠢᠨ ᠨᠦᠭᠦᠴᠡᠯ᠎ᠢ ᠦᠷᠭᠦᠯᠵᠢᠯᠡᠨ ᠴᠡᠭᠴᠡᠯᠡᠵᠤ ᠵᠠᠰᠠᠨ ᠳᠡᠭᠡᠭᠰᠢᠯᠡᠭᠦᠯᠵᠦ᠂ ᠬᠠᠳᠠᠭᠠᠰᠤ ᠬᠠᠳᠠᠬᠤ ᠵᠣᠷᠢᠭ᠋ ᠰᠠᠨᠠᠭ᠎ᠠ᠎ᠪᠠᠷ ᠬᠥᠳᠡᠭᠡ ᠲᠣᠰᠬᠣᠨ᠎ᠤ ᠵᠣᠷᠯᠣᠩ᠎ᠤᠨ ᠦᠭᠡᠷᠡᠴᠢᠯᠡᠯᠳᠡ᠂ ᠲᠤᠰᠬᠤᠨ᠎ᠤ ᠬᠣᠭ ᠨᠣᠪᠰᠢ ᠪᠡᠷ ᠳᠦᠭᠦᠷᠦᠭᠰᠡᠨ ᠵᠡᠷᠭᠡ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠬᠥᠳᠡᠭᠡ ᠲᠣᠰᠬᠣᠨ᠎ᠤ ᠵᠣᠷᠯᠣᠩ᠎ᠤᠨ ᠨᠡᠢᠭᠡᠮᠴᠢᠯᠡᠭᠰᠡᠨ ᠬᠠᠮᠢᠶᠠᠷᠴᠤ ᠬᠠᠮᠠᠭᠠᠯᠠᠬᠤ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠤ᠂ ᠲᠣᠰᠬᠣᠨ᠎ᠤ ᠳᠦᠷᠰᠦ ᠪᠠᠢᠳᠠᠯ᠎ᠢ ᠰᠠᠢᠵᠢᠷᠠᠭᠤᠯᠵᠤ᠂ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠢ ᠪᠦᠲᠦᠭᠡᠨ ᠪᠠᠢᠭᠤᠯᠤᠨ᠎ᠠ᠃ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ᠎ᠶᠢ ᠵᠠᠰᠠᠬᠤ ᠵᠠᠭᠪᠤᠷ᠎ᠢ ᠰᠣᠩᠭᠣᠵᠤ᠂ ᠦᠷ᠎ᠡ ᠠᠰᠢᠭ᠋᠎ᠢᠶᠠᠷ ᠳᠣᠣᠷ᠎ᠠ ᠪᠤᠳᠠᠳᠠᠢ ᠦᠷ᠎ᠡ ᠪᠦᠳᠦᠮᠵᠢ ᠦᠭᠡᠢ ᠪᠣᠬᠢᠷ ᠤᠰᠤ᠎ᠶᠢ ᠰᠢᠢᠳᠪᠦᠷᠢᠯᠡᠬᠦ ᠲᠥᠬᠦᠭᠡᠷᠦᠮᠵᠢ᠎ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠥᠳᠡᠭᠡ ᠲᠣᠰᠬᠣᠨ᠎ᠤ ᠪᠣᠬᠢᠷ ᠦᠮᠡᠬᠡᠢ ᠤᠰᠤᠨ ᠴᠣᠭᠴᠠ᠎ᠶᠢ ᠲᠦᠷᠭᠡᠳᠬᠡᠨ ᠠᠷᠢᠯᠭᠠᠨ᠎ᠠ᠃ ᠬᠥᠳᠡᠭᠡ ᠲᠣᠰᠬᠣᠨ᠎ᠤ ᠠᠮᠢᠳᠤᠷᠠᠯ᠎ᠤᠨ ᠬᠣᠭ ᠨᠣᠪᠰᠢ᠎ᠶᠢᠨ ᠡᠬᠢ ᠡᠭᠦᠰᠦᠯ᠎ᠦᠨ ᠬᠡᠮᠵᠢᠶ᠎ᠡ᠎ᠶᠢ ᠪᠠᠭᠠᠰᠬᠠᠬᠤ᠎ᠶᠢ ᠠᠬᠢᠭᠤᠯᠵᠤ᠂ ᠬᠤᠷᠢᠶᠠᠬᠤ ᠲᠡᠭᠡᠭᠡᠪᠦᠷᠢᠯᠡᠬᠦ ᠰᠢᠢᠳᠪᠦᠷᠢᠯᠡᠬᠦ᠎ᠶᠢ ᠪᠠᠢᠩᠭᠤᠵᠢᠭᠤᠯᠬᠤ ᠠᠵᠢᠯᠯᠠᠭᠠᠨ᠎ᠤ ᠪᠠᠲᠤᠯᠠᠭ᠎ᠠ᠎ᠶᠢᠨ ᠲᠣᠭᠲᠡᠴᠡ᠎ᠶᠢ ᠪᠦᠷᠢᠨᠰᠢᠭᠦᠯᠦᠨ᠎ᠡ᠃ ᠪᠣᠬᠢᠷᠲᠤᠯ ᠦᠭᠡᠢ ᠦᠢᠯᠡᠳᠪᠦᠷᠢᠯᠡᠯ ᠪᠠ ᠤᠰᠤ ᠠᠷᠪᠢᠯᠠᠬᠤ ᠤᠰᠤᠯᠠᠯᠲᠠ᠎ᠶᠢᠨ ᠮᠡᠷᠭᠡᠵᠢᠯ᠎ᠢ ᠳᠡᠯᠭᠡᠷᠡᠭᠦᠯᠵᠦ᠂ ᠠᠮᠢ ᠠᠬᠤᠢ᠎ᠶᠢᠨ ᠪᠠᠭ᠎ᠠ ᠨᠡᠭᠦᠷᠡᠰᠦᠲᠥ᠋ᠷᠥᠭᠴᠢᠲᠦ ᠲᠠᠷᠢᠶᠠᠯᠠᠩ᠎ᠢ ᠬᠥᠭᠵᠢᠭᠦᠯᠦᠨ᠎ᠡ᠃ ᠲᠠᠷᠢᠶᠠᠯᠠᠩ ᠬᠥᠳᠡᠭᠡ ᠲᠣᠰᠬᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠭᠦᠴᠢᠷ ᠠᠰᠠᠭᠤᠳᠠᠯ᠎ᠢ ᠰᠢᠢᠳᠪᠦᠷᠢᠯᠡᠬᠦ ᠠᠵᠢᠯ᠎ᠢ ᠠᠬᠢᠭᠤᠯᠵᠤ᠂ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢᠶᠡᠷ ᠲᠣᠪᠣᠢᠮ᠎ᠠ ᠣᠷᠣᠨ ᠪᠦᠰᠡ᠎ᠶᠢᠨ ᠰᠢᠰᠲᠧᠮ᠎ᠲᠠᠢ ᠵᠠᠰᠠᠯᠲᠠ᠎ᠶᠢ ᠴᠢᠩᠭᠠᠳᠬᠠᠵᠤ᠂ ᠬᠥᠷᠥᠰᠥ ᠰᠢᠷᠣᠢ᠎ᠶᠢᠨ ᠬᠦᠨᠳᠦ ᠲᠡᠮᠦᠷᠯᠢᠭ᠎ᠦᠨ ᠪᠣᠬᠢᠷᠲᠤᠯ᠎ᠤᠨ ᠡᠬᠢ ᠰᠤᠷᠪᠤᠯᠵᠢ᠎ᠶᠢ ᠡᠷᠢᠬᠦ᠂ ᠪᠣᠬᠢᠷᠲᠤᠭᠳᠠᠭᠰᠠᠨ ᠲᠠᠷᠢᠶᠠᠨ ᠭᠠᠵᠠᠷ᠎ᠢ ᠴᠡᠭᠴᠡᠯᠡᠨ ᠵᠠᠰᠠᠬᠤ ᠪᠠ ᠪᠣᠬᠢᠷᠲᠤᠭᠳᠠᠭᠰᠠᠨ ᠲᠠᠷᠢᠶᠠᠨ ᠭᠠᠵᠠᠷ᠎ᠢ ᠠᠮᠤᠷ ᠲᠦᠪᠰᠢᠨ ᠵᠢᠡᠷ ᠠᠰᠢᠭ᠍ᠯᠠᠬᠤ᠎ᠶᠢ ᠠᠬᠢᠭᠤᠯᠵᠤ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ ᠳ᠋ᠤ ᠪᠤᠢ ᠪᠤᠯᠤᠬᠰᠠᠨ ᠢᠯᠭᠠᠳᠠᠰᠦ ᠵᠢᠨ ᠪᠣᠬᠢᠷᠲᠤᠯ ᠪᠠ ᠳᠠᠯᠠᠢ᠎ᠶᠢᠨ ᠤᠰᠤᠨ᠎ᠤ ᠲᠡᠵᠢᠭᠡᠨ ᠦᠷᠡᠵᠢᠭᠦᠯᠬᠦ ᠠᠮᠢ ᠠᠬᠤᠢ᠎ᠶᠢᠨ ᠣᠷᠴᠢᠨ ᠨᠥᠬᠥᠴᠡᠯ᠎ᠦᠨ ᠠᠰᠠᠭᠤᠳᠠᠯ᠎ᠢ ᠶᠡᠷᠦᠩᠬᠡᠢᠯᠡᠨ ᠵᠠᠰᠠᠬᠤ ᠵᠢ ᠴᠢᠨᠭᠭᠠᠳᠬᠠᠨ᠎ᠠ᠃ ᠡᠰᠢ ᠰᠦᠷᠡᠯ᠎ᠢ ᠶᠡᠷᠦᠩᠬᠡᠢᠯᠡᠨ ᠠᠰᠢᠭ᠍ᠯᠠᠬᠤ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠢ ᠰᠢᠰᠲᠧᠮ᠎ᠲᠠᠢ  ᠵᠠᠰᠠᠬᠤ ᠪᠠ ᠠᠮᠢ ᠠᠬᠤᠢ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠭᠣᠣᠯᠳᠠᠯᠭ᠎ᠠ᠎ᠲᠠᠢ ᠰᠠᠪᠠ ᠭᠠᠵᠠᠷ᠂ ᠣᠷᠣᠨ ᠪᠦᠰᠡ᠎ᠶᠢᠨ ᠬᠥᠷᠥᠰᠥ ᠰᠢᠷᠣᠢ᠎ᠶᠢᠨ ᠢᠳᠡᠭᠳᠡᠯ᠎ᠢ ᠶᠡᠷᠦᠩᠬᠡᠢᠯᠡᠨ ᠵᠠᠰᠠᠬᠤ ᠠᠵᠢᠯ᠎ᠢ ᠠᠬᠢᠭᠤᠯᠤᠨ᠎ᠠ᠃ ᠬᠥᠬᠡᠮᠥ᠋ᠷᠡᠨ᠎ᠦ ᠠᠷᠪᠠᠨ ᠵᠢᠯ ᠵᠢᠭᠠᠰᠤ ᠠᠩᠨᠠᠬᠤ᠎ᠶᠢ ᠴᠠᠭᠠᠵᠠᠯᠠᠬᠤ ᠠᠵᠢᠯ᠎ᠢ ᠪᠠᠲᠤᠲᠠᠢ ᠰᠠᠢᠳᠦᠷ ᠬᠢᠨ᠎ᠡ᠃ ᠬᠢᠯᠢ᠎ᠪᠡᠷ ᠣᠷᠣᠬᠤ ᠠᠮᠢᠲᠠᠨ ᠤᠷᠭᠤᠮᠠᠯ᠎ᠤᠨ ᠬᠢᠵᠢᠭ᠎ᠢ ᠪᠠᠢᠴᠠᠭᠠᠬᠤ ᠪᠠ ᠭᠠᠳᠠᠨ᠎ᠠ᠎ᠡᠴᠡ ᠣᠷᠣᠵᠤ ᠢᠷᠡᠬᠦ ᠪᠣᠳᠠᠰ᠎ᠤᠨ ᠳᠦᠷᠰᠦ᠎ᠶᠢ ᠰᠡᠷᠭᠡᠢᠯᠡᠨ ᠡᠵᠡᠮᠳᠡᠬᠦ ᠠᠵᠢᠯ᠎ᠢ ᠴᠢᠩᠭᠠᠳᠬᠠᠨ᠎ᠠ᠃ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠬᠦᠳᠡᠯᠮᠦᠷᠢᠯᠡᠬᠦ ᠪᠡᠷ ᠲᠡᠳᠬᠦᠮᠵᠢ᠎ᠶᠢ ᠣᠷᠣᠯᠠᠭᠤᠯᠬᠤ ᠵᠡᠷᠭᠡ ᠲᠦᠷᠦᠯ ᠵᠦᠢᠯ᠎ᠢ ᠬᠡᠷᠡᠭᠵᠢᠭᠦᠯᠬᠦ ᠠᠷᠭ᠎ᠠ ᠮᠠᠶᠢᠭ᠋᠎ᠢ ᠳᠡᠯᠭᠡᠷᠡᠭᠦᠯᠵᠦ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ᠃ ᠳᠥᠷᠪᠡᠳᠦᠭᠡᠷ ᠡᠭᠡᠯᠵᠢ᠎ᠶᠢᠨ ᠨᠤᠲᠤᠭ ᠪᠡᠯᠴᠢᠭᠡᠷ ᠠᠮᠢ ᠠᠬᠤᠢ᠎ᠶᠢᠨ ᠬᠠᠮᠠᠭᠠᠯᠠᠯᠲᠠ᠎ᠶᠢᠨ ᠨᠥᠬᠥᠪᠦᠷᠢ ᠦᠭᠴᠤ ᠱᠠᠩᠨᠠᠬᠤ ᠲᠥᠷᠥ᠎ᠶᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ᠃

(ᠠᠷᠪᠠ ᠶᠢᠰᠦ) ᠬᠥᠳᠡᠭᠡ ᠲᠣᠰᠬᠣᠨ᠎ᠤ ᠪᠣᠯᠪᠠᠰᠤᠨ ᠰᠤᠷᠲᠠᠯ᠎ᠤᠨ ᠪᠠᠢᠭᠤᠯᠤᠯᠲᠠ᠎ᠶᠢᠨ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠣᠨ᠎ᠤ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠢ ᠴᠢᠩᠭᠠᠳᠬᠠᠵᠤ᠂ ᠨᠡᠢᠭᠡᠮ ᠵᠢᠷᠤᠮ᠎ᠤᠨ ᠭᠣᠣᠯᠯᠠᠭᠴᠢ ᠦᠷᠳᠡᠭ᠎ᠦᠨ ᠦᠵᠡᠯᠲᠡ᠎ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠦᠨ᠎ᠡ᠃ ᠪᠣᠯᠪᠠᠰᠤᠨ᠎ᠢ ᠪᠣᠢᠵᠢᠭᠤᠯᠬᠤ᠂ ᠪᠣᠯᠪᠠᠰᠤᠨ᠎ᠢ ᠦᠢᠯᠡᠳᠦᠯᠭᠡᠵᠢᠭᠦᠯᠬᠦ᠂ ᠪᠣᠯᠪᠠᠰᠤᠨ᠎ᠢ ᠡᠭᠦᠳᠦᠨ ᠪᠠᠶ᠋ᠢᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠳᠡᠷᠭᠡᠭ ᠲᠠᠪᠰᠢᠩᠭᠤᠢ ᠬᠥᠳᠡᠭᠡ ᠲᠣᠰᠬᠣᠨ᠎ᠤ ᠶᠣᠰᠣ᠌ ᠮᠤᠷᠠᠯ ᠬᠡᠪ ᠰᠤᠷᠲᠠᠯ᠎ᠢ ᠪᠦᠷᠢᠯᠳᠦᠭᠦᠯᠬᠦ᠎ᠶᠢ ᠠᠬᠢᠭᠤᠯᠤᠨ᠎ᠠ᠃《ᠤᠳᠬ᠎ᠠ ᠤᠷᠠᠯᠢᠭ᠋ ᠵᠢᠡᠷ ᠭᠣᠢᠳᠠ ᠰᠠᠢᠬᠠᠨ ᠬᠥᠳᠡᠭᠡ ᠲᠣᠰᠬᠣᠨ᠎ᠢ ᠪᠠᠢᠭᠤᠯᠬᠤ᠎ᠳᠦ ᠬᠦᠴᠦᠨ ᠨᠡᠮᠡᠷᠢᠯᠡᠬᠦ》 ᠵᠢ ᠠᠬᠢᠭᠤᠯᠵᠤ᠂ ᠬᠥᠳᠡᠭᠡ ᠲᠣᠰᠬᠣᠨ᠎ᠤ ᠰᠣᠶᠣᠯ᠎ᠤᠨ ᠪᠦᠲᠦᠭᠡᠭᠳᠡᠬᠦᠨ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠤᠨ᠎ᠠ᠃ ᠬᠥᠳᠡᠭᠡ ᠲᠣᠰᠬᠣᠨ᠎ᠤ ᠰᠣᠶᠣᠯ᠎ᠤᠨ ᠥᠪ᠎ᠦᠨ ᠰᠢᠰᠲᠧᠮᠲᠦ ᠬᠠᠮᠠᠭᠠᠯᠠᠯᠲᠠ᠎ᠶᠢ ᠠᠬᠢᠭᠤᠯᠵᠤ᠂ ᠬᠥᠳᠡᠭᠡ ᠲᠣᠰᠬᠣᠨ᠎ᠤ ᠲᠡᠦᠬᠡ᠎ᠶᠢᠨ ᠳᠤᠷᠠᠰᠬᠠᠯᠲᠤ ᠵᠦᠢᠯᠡᠰ᠂ ᠤᠯᠠᠮᠵᠢᠯᠠᠯᠲᠤ ᠠᠢᠯ ᠲᠣᠰᠬᠣᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠠᠢᠴᠠᠭᠠᠨ ᠬᠠᠮᠠᠭᠠᠯᠠᠬᠤ᠎ᠶᠢ ᠴᠢᠩᠭᠠᠳᠬᠠᠵᠤ᠂ ᠲᠣᠰᠬᠣᠨ᠎ᠤ ᠠᠷᠠᠳ᠎ᠢᠶᠠᠷ ᠭᠣᠣᠯ ᠴᠣᠭᠴᠠ ᠪᠣᠯᠭᠠᠭᠰᠠᠨ ᠬᠠᠮᠠᠭᠠᠯᠠᠯᠲᠠ᠎ᠶᠢᠨ ᠬᠡᠷᠡᠭᠵᠢᠭᠦᠯᠬᠦ ᠲᠣᠭᠲᠡᠴᠡ᠎ᠶᠢ ᠪᠠᠢᠭᠤᠯᠤᠨ᠎ᠠ᠃ ᠬᠥᠳᠡᠭᠡ ᠲᠣᠰᠬᠣᠨ᠎ᠤ ᠬᠠᠭᠤᠴᠢᠨ ᠪᠤᠯᠬᠢ ᠵᠠᠩ ᠳᠠᠳᠬᠠᠯ᠎ᠢ ᠥᠭᠡᠷᠡᠴᠢᠯᠡᠬᠦ᠎ᠶᠢ ᠦᠷᠭᠦᠯᠵᠢᠯᠡᠨ ᠠᠬᠢᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠳᠠᠭᠠᠭᠤᠯᠬᠤ ᠪᠠ ᠲᠣᠰᠬᠣᠨ᠎ᠤ ᠳᠦᠷᠢᠮ ᠠᠷᠠᠳ᠎ᠤᠨ ᠭᠡᠷ᠎ᠡ᠎ᠶᠢᠨ ᠬᠥᠲᠥᠯᠥᠨ ᠵᠢᠯᠤᠭᠣᠳᠬᠤ ᠦᠢᠯᠡᠳᠦᠯ᠎ᠢ ᠪᠠᠳᠠᠷᠠᠭᠤᠯᠵᠤ᠂ ᠨᠡᠪᠲᠡᠷᠡᠭᠦᠯᠬᠦ ᠪᠠ ᠬᠤᠷᠢᠬᠤ᠎ᠶᠢ ᠤᠶᠠᠯᠳᠤᠭᠤᠯᠵᠤ᠂ ᠦᠩᠭᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ᠎ᠶᠢ ᠠᠬᠢᠭᠤᠯᠵᠤ᠂ ᠲᠣᠪᠣᠢᠮ᠎ᠠ ᠠᠰᠠᠭᠤᠳᠠᠯ᠎ᠢ ᠶᠡᠷᠦᠩᠬᠡᠢᠯᠡᠨ ᠵᠠᠰᠠᠬᠤ᠎ᠶᠢ ᠠᠬᠢᠭᠤᠯᠤᠨ᠎ᠠ᠃ ᠬᠥᠳᠡᠭᠡ ᠲᠣᠰᠬᠣᠨ᠎ᠤ ᠶᠡᠬᠡ ᠬᠡᠮᠵᠢᠶ᠎ᠠ ᠪᠡᠷ ᠪᠣᠭᠲᠣᠯᠠᠬᠤ ᠪᠡᠯᠡᠭ ᠦᠭᠴᠤ ᠠᠪᠬᠤ᠎ᠵᠢ ᠦᠷᠭᠦᠯᠵᠢᠯᠡᠨ ᠴᠡᠭᠴᠡᠯᠡᠨ ᠵᠠᠰᠠᠵᠤ᠂ ᠮᠤᠵᠢ᠎ᠶᠢᠨ ᠬᠣᠭᠣᠷᠣᠨᠳᠣᠬᠢ ᠬᠥᠷᠰᠢ ᠵᠡᠷᠭᠡᠯᠡᠳᠡᠭᠡ ᠭᠠᠵᠠᠷ ᠣᠷᠣᠨ᠎ᠤ ᠬᠣᠯᠪᠣᠭᠠᠯᠠᠨ ᠬᠦᠳᠡᠯᠦᠯᠴᠡᠵᠤ ᠵᠠᠰᠠᠬᠤ ᠠᠵᠢᠯ᠎ᠢ ᠴᠢᠩᠭᠠᠳᠬᠠᠨ᠎ᠠ᠃ ᠵᠥᠪ ᠣᠨᠣᠪᠴᠢᠲᠠᠶ ᠣᠷᠣᠭ ᠢᠨᠠᠭ᠎ᠤᠨ ᠦᠵᠡᠯᠲᠡ᠂ ᠦᠷᠡᠵᠢᠯ᠎ᠦᠨ ᠦᠵᠡᠯᠲᠡ᠂ ᠭᠡᠷ ᠪᠦᠯᠢ᠎ᠶᠢᠨ ᠦᠵᠡᠯᠲᠡ᠎ᠶᠢ ᠪᠣᠶ ᠪᠣᠯᠭᠠᠬᠤ ᠵᠢ ᠬᠥᠲᠥᠯᠥᠨ ᠵᠢᠯᠤᠭᠣᠳᠴᠤ᠂ ᠲᠥᠬᠥᠮ ᠪᠤᠷᠤᠬᠵᠢᠭᠤᠨ ᠪᠣᠯᠪᠠᠰᠤᠨ ᠣᠷᠣᠭ ᠬᠤᠷᠢᠮ᠎ᠤᠨ ᠵᠠᠩ ᠳᠠᠳᠬᠠᠯ᠎ᠤᠨ ᠰᠣᠶᠣᠯ᠎ᠢ ᠪᠣᠢᠵᠢᠭᠤᠯᠤᠨ᠎ᠠ᠃ ᠬᠥᠳᠡᠭᠡ ᠲᠣᠰᠬᠣᠨ᠎ᠤ ᠣᠷᠣᠰᠢᠭᠤᠯᠭ᠎ᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠪᠤᠯᠠᠰᠢᠨ ᠭᠠᠵᠠᠷ᠎ᠤᠨ ᠪᠦᠲᠦᠭᠡᠨ ᠪᠠᠢᠭᠤᠯᠤᠯᠲᠠ ᠪᠠ ᠵᠢᠷᠤᠮᠵᠢᠭ᠍ᠰᠠᠨ ᠬᠠᠮᠢᠶᠠᠷᠤᠯᠲᠠ᠎ᠶᠢ ᠠᠬᠢᠭᠤᠯᠤᠨ᠎ᠠ᠃

(ᠬᠣᠷᠢ) ᠠᠮᠤᠭᠤᠯᠠᠨᠭᠲᠦ ᠬᠠᠤᠯᠢ᠎ᠪᠠᠷ ᠵᠠᠰᠠᠭᠰᠠᠨ ᠬᠥᠳᠡᠭᠡ ᠲᠣᠰᠬᠣᠨ᠎ᠢ ᠪᠦᠲᠦᠭᠡᠨ ᠪᠠᠢᠭᠤᠯᠤᠨ᠎ᠠ᠃ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤ ᠰᠢᠢᠳᠪᠦᠷᠢᠯᠡᠬᠦ᠎ᠶᠢ ᠠᠬᠢᠭᠤᠯᠤᠨ᠎ᠠ᠃ ᠬᠥᠳᠡᠭᠡ ᠲᠣᠰᠬᠣᠨ᠎ᠤ ᠨᠡᠢᠭᠡᠮ᠎ᠦᠨ ᠠᠮᠤᠷ ᠲᠦᠪᠰᠢᠨ᠎ᠦ ᠪᠦᠬᠦᠯᠢ ᠴᠣᠭᠴᠠ᠎ᠶᠢᠨ ᠰᠡᠷᠭᠡᠢᠯᠡᠯᠲᠡ ᠡᠵᠡᠮᠳᠡᠯ᠎ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ 《ᠲᠣᠰᠬᠣᠨ᠎ᠤ ᠡᠵᠡᠷᠬᠡᠭᠴᠢ》᠂ ᠤᠳᠤᠮ ᠤᠭᠰᠠᠭ᠎ᠠ ᠠᠢᠮᠠᠭ ᠲᠦᠷᠦᠯ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠦ ᠡᠭᠦᠰᠦᠨ ᠳᠡᠯᠭᠡᠷᠡᠬᠦ᠎ᠶᠢ ᠡᠷᠡᠰ ᠬᠣᠷᠢᠭ᠍ᠯᠠᠨ᠎ᠠ᠃ ᠠᠢᠮᠠᠭ ᠲᠦᠷᠦᠯ᠎ᠤᠨ ᠲᠠᠬᠢᠯᠭ᠎ᠠ ᠵᠢᠨ ᠠᠵᠢᠯᠯᠠᠭ᠎ᠠ᠎ᠶᠢᠨ ᠬᠠᠮᠢᠶᠠᠷᠤᠯᠲᠠ᠎ᠶᠢᠨ ᠳᠦᠷᠢᠮ᠎ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠱᠠᠯᠢᠭ᠋ ᠵᠠᠪᠬᠠᠢ ᠵᠤᠭᠤᠰ ᠮᠦᠷᠦᠢᠴᠡᠬᠦ ᠬᠤᠤᠷ ᠲᠠᠲᠠᠬᠤ᠂ ᠡᠮᠡᠭᠲᠡᠢᠴᠦᠳ ᠬᠡᠦᠬᠡᠳ᠎ᠦᠨ ᠡᠷᠬᠡ ᠠᠰᠢᠭ᠋ ᠪᠠ ᠵᠡᠮᠳᠡᠭᠴᠦᠳ᠎ᠦᠨ ᠪᠡᠶ᠎ᠡ᠎ᠶᠢᠨ ᠡᠷᠬᠡ᠎ᠳᠦ ᠬᠠᠯᠳᠠᠬᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠂ ᠬᠠᠤᠯᠢ ᠪᠤᠰᠤ ᠮᠥᠩᠭᠥᠨ ᠭᠦᠢᠯᠭᠡᠭᠡᠨ᠎ᠦ ᠠᠵᠢᠯᠯᠠᠭ᠎ᠠ ᠵᠡᠷᠭᠡ ᠬᠠᠤᠯᠢ᠎ᠡᠴᠡ ᠵᠥᠷᠢᠴᠡᠭᠰᠡᠨ ᠡᠯ᠎ᠡ ᠵᠦᠢᠯ᠎ᠦᠨ ᠶᠠᠯᠠᠲᠤ ᠠᠵᠢᠯᠯᠠᠭ᠎ᠠ᠎ᠳᠤ ᠭᠦᠨᠵᠡᠭᠡᠢ ᠴᠣᠬᠢᠯᠲᠠ ᠥᠭᠭᠦᠨ᠎ᠡ᠃ ᠨᠠᠰᠤᠨ᠎ᠳᠤ ᠦᠯᠤ ᠬᠥᠷᠦᠭᠰᠡᠳ᠎ᠦᠨ ᠬᠠᠤᠯᠢ᠎ᠶᠢ ᠵᠥᠷᠢᠴᠡᠵᠦ ᠶᠠᠯ᠎ᠠ ᠬᠢᠬᠦ᠎ᠶᠢ ᠤᠷᠢᠳᠴᠢᠯᠠᠨ ᠰᠡᠷᠭᠡᠢᠯᠡᠬᠦ ᠪᠠ ᠵᠠᠰᠠᠬᠤ ᠵᠢ ᠴᠢᠨᠭᠭᠠᠷᠠᠭᠤᠯᠤᠨ᠎ᠠ᠃ ᠬᠥᠳᠡᠭᠡ ᠲᠣᠰᠬᠣᠨ᠎ᠤ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠤᠨ ᠬᠠᠮᠢᠶᠠᠷᠤᠯᠳᠠ ᠵᠢ ᠴᠢᠨᠭᠭᠠᠳᠬᠠᠨ᠎ᠠ᠃ ᠬᠦᠳᠡᠭᠡ ᠠᠵᠤ ᠠᠬᠤᠢ ᠬᠥᠳᠡᠭᠡ ᠲᠣᠰᠬᠣᠨ᠎ᠤ ᠬᠠᠤᠯᠢ ᠴᠠᠭᠠᠵᠠ᠎ᠶᠢᠨ ᠵᠢᠷᠤᠮᠵᠢᠯ᠎ᠤᠨ ᠰᠢᠰᠲᠧᠮ᠎ᠢ ᠪᠠᠢᠭᠤᠯᠤᠨ ᠪᠦᠷᠢᠨᠰᠢᠭᠦᠯᠵᠤ᠂ ᠬᠥᠳᠡᠭᠡ ᠲᠣᠰᠬᠣᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠬᠤ ᠬᠠᠤᠯᠢ᠎ᠶᠢ ᠭᠦᠨᠵᠡᠭᠡᠢ ᠨᠠᠢᠳᠠᠪᠤᠷᠢᠵᠢᠭᠤᠯᠤᠨ᠎ᠠ᠃ ᠬᠥᠳᠡᠭᠡ ᠲᠣᠰᠬᠣᠨ᠎ᠤ ᠭᠠᠢ ᠭᠠᠮᠰᠢᠭ᠋᠎ᠤᠨ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠵᠠᠮ ᠬᠠᠷᠢᠯᠴᠠᠭ᠎ᠠ᠂ ᠬᠢᠵᠠᠭᠠᠷᠯᠠᠯ᠎ᠲᠠᠢ ᠣᠷᠣᠨ ᠵᠠᠢ᠂ ᠰᠢᠲᠠᠮᠠᠬᠠᠢ ᠬᠡᠢ᠂ ᠭᠠᠯ ᠰᠡᠷᠭᠡᠢᠯᠡᠵᠦ ᠭᠠᠯ ᠤᠨᠲᠠᠷᠠᠭᠠᠬᠤ᠂ ᠭᠡᠷ ᠪᠠᠢᠰᠢᠩ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠤᠰᠤᠨ᠎ᠳᠤ ᠴᠠᠴᠠᠬᠤ ᠵᠡᠷᠭᠡ ᠠᠶᠤᠯ ᠲᠦᠭᠰᠢᠭᠦᠷᠢ᠎ᠳᠦ ᠬᠣᠯᠪᠣᠭᠳᠠᠬᠤ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠯᠲᠠ ᠪᠠ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠳᠠᠯᠠᠢ ᠲᠠᠩᠭᠢᠰ᠎ᠤᠨ ᠵᠢᠭᠠᠰᠤ ᠠᠩᠨᠠᠬᠤ ᠣᠩᠭᠣᠴᠠᠨ᠎ᠤ ᠠᠶᠤᠯᠭᠦᠢ ᠦᠢᠯᠡᠳᠪᠦᠷᠢᠯᠡᠯ᠎ᠦᠨ ᠲᠤᠰᠬᠠᠢ ᠴᠡᠭᠴᠡᠯᠡᠨ ᠵᠠᠰᠠᠯᠲᠠ ᠵᠢ ᠦᠷᠨᠢᠭᠦᠯᠦᠨ᠎ᠡ᠃

ᠲᠠᠪᠤ᠂ ᠪᠠᠢᠭᠤᠯᠤᠯ ᠲᠣᠭᠲᠡᠴᠡ᠎ᠶᠢᠨ ᠰᠢᠨ᠎ᠡ᠎ᠶᠢ ᠡᠭᠦᠳᠬᠦ᠎ᠶᠢ ᠴᠢᠩᠭᠠᠳᠬᠠᠨ᠎ᠠ

(ᠬᠣᠷᠢᠨ ᠨᠢᠭᠡ)  ᠣᠲᠣ᠌ ᠦᠶ᠎ᠡ᠎ᠶᠢᠨ ᠬᠦᠳᠡᠭᠡ ᠠᠵᠤ ᠠᠬᠤᠢ ᠵᠢᠨ ᠡᠵᠡᠩᠨᠡᠯᠲᠡ᠎ᠶᠢᠨ ᠰᠢᠰᠲᠧᠮ᠎ᠢ ᠲᠦᠷᠭᠡᠳᠬᠡᠨ ᠪᠦᠷᠢᠨᠰᠢᠭᠦᠯᠦᠨ᠎ᠡ᠃ ᠬᠣᠶᠠᠳᠤᠭᠠᠷ ᠡᠭᠡᠯᠵᠢ᠎ᠶᠢᠨ ᠭᠠᠵᠠᠷ ᠰᠢᠷᠣᠢ᠎ᠶᠢᠨ ᠳᠠᠭᠠᠭᠠᠴᠢᠯᠠᠯᠲᠠ᠎ᠶᠢᠨ ᠬᠤᠭᠤᠴᠠᠭ᠎ᠠ ᠲᠤᠯᠤᠭᠰᠠᠨ᠎ᠤ ᠲᠠᠷᠠᠭ᠎ᠠ ᠲᠠᠬᠢᠨ ᠭᠤᠴᠢᠨ ᠵᠢᠯ ᠤᠷᠲᠤᠳᠬᠠᠬᠤ ᠪᠦᠬᠦᠶ᠋ᠢᠯᠡ ᠮᠤᠵᠢ᠎ᠶᠢᠨ ᠲᠤᠷᠰᠢᠯᠲᠠ᠎ᠶᠢ ᠪᠦᠬᠥ ᠲᠠᠯ᠎ᠠ᠎ᠪᠠᠷ ᠥᠷᠨᠢᠭᠦᠯᠵᠦ᠂ ᠤᠷᠲᠤᠳᠬᠠᠨ ᠳᠠᠭᠠᠭᠠᠴᠢᠯᠠᠭᠤᠯᠬᠤ ᠶᠠᠪᠤᠴᠠ᠎ᠳᠠᠬᠢ ᠵᠥᠷᠢᠴᠡᠯ ᠵᠠᠭᠤᠷᠠᠯᠳᠤᠭᠠᠨ᠎ᠢ ᠲᠣᠬᠢᠲᠠᠢ ᠰᠢᠢᠳᠪᠦᠷᠢᠯᠡᠵᠦ᠂ ᠵᠣᠩᠬᠢᠯᠠᠬᠤ ᠤᠯᠠᠨ ᠲᠣᠭᠠᠨ᠎ᠤ ᠲᠠᠷᠢᠶᠠᠴᠢᠨ ᠡᠷᠤᠭᠡ᠎ᠶᠢᠨ ᠤᠤᠯ᠎ᠤᠨ ᠳᠠᠭᠠᠭᠠᠴᠢᠯᠠᠯᠲᠠ᠎ᠶᠢᠨ ᠭᠠᠵᠠᠷ᠎ᠤᠨ ᠲᠣᠭᠲᠠᠭᠤᠨ ᠪᠠᠢᠬᠤ᠎ᠶᠢ ᠪᠠᠲᠤᠯᠠᠵᠤ᠂ ᠤᠷᠤᠭᠰᠢᠲᠠᠢ ᠤᠷᠲᠤᠳᠬᠠᠨ ᠳᠠᠭᠠᠭᠠᠴᠢᠯᠠᠭᠤᠯᠬᠤ᠎ᠶᠢ ᠦᠨᠡᠨ ᠬᠦ᠌ ᠪᠠᠲᠤᠯᠠᠨ᠎ᠠ᠃ ᠳᠠᠭᠠᠭᠠᠴᠢᠯᠠᠯᠲᠠ᠎ᠶᠢᠨ ᠭᠠᠵᠠᠷ᠎ᠤᠨ ᠡᠵᠡᠩᠨᠡᠯᠲᠡ᠎ᠶᠢᠨ ᠡᠷᠬᠡ᠎ᠶᠢ ᠰᠢᠯᠵᠢᠬᠦᠯᠬᠦ᠎ᠶᠢ ᠵᠢᠷᠤᠮᠵᠢᠭᠤᠯᠵᠤ᠂ ᠭᠠᠵᠠᠷ ᠰᠢᠷᠣᠢ᠎ᠶᠢ ᠤᠷᠲᠤ ᠬᠤᠭᠤᠴᠠᠭ᠎ᠠ᠎ᠪᠠᠷ ᠶᠡᠬᠡ ᠬᠡᠪᠴᠢᠶ᠎ᠡ᠎ᠪᠡᠷ ᠰᠢᠯᠵᠢᠭᠦᠯᠬᠦ ᠠᠶᠤᠯ ᠲᠦᠭᠰᠢᠭᠦᠷᠢ ᠵᠢᠨ ᠬᠢᠨᠠᠨ ᠭᠡᠮᠵᠢᠵᠦ ᠰᠡᠷᠡᠮᠵᠢᠯᠡᠬᠦᠯᠬᠦ ᠵᠢ ᠴᠢᠨᠭᠭᠠᠳᠬᠠᠨ᠎ᠠ᠃ ᠭᠡᠷ ᠪᠦᠯᠢ᠎ᠶᠢᠨ ᠲᠠᠷᠢᠶᠠᠯᠠᠩ᠎ᠤᠨ ᠲᠠᠯᠠᠪᠠᠶ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠂ ᠲᠠᠷᠢᠶᠠᠴᠢᠳ᠎ᠤᠨ ᠬᠣᠷᠰᠢᠶ᠎ᠠ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠤ᠂ ᠣᠲᠣ᠌ ᠦᠶ᠎ᠡ᠎ᠶᠢᠨ ᠲᠠᠷᠢᠶᠠᠯᠠᠩ᠎ᠤᠨ ᠶᠠᠪᠤᠳᠠᠯ᠎ᠤᠨ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠦᠨ ᠦᠢᠯᠡᠳᠦᠯ᠎ᠢ ᠪᠠᠳᠠᠷᠠᠭᠤᠯᠵᠤ᠂ ᠳᠥᠭᠥᠮ ᠳᠥᠲᠡ ᠥᠨᠳᠥᠷ ᠪᠦᠲᠦᠮᠵᠢᠲᠡᠶ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠰᠢᠰᠲᠧᠮ᠎ᠢ ᠲᠡᠭᠦᠯᠳᠡᠷᠵᠢᠭᠦᠯᠵᠤ᠂ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ᠎ᠶᠢ ᠬᠥᠭᠵᠢᠭᠦᠯᠵᠦ᠂ ᠵᠢᠵᠢᠭ ᠲᠠᠷᠢᠶᠠᠴᠢᠨ ᠡᠷᠦᠬᠡ ᠪᠠ ᠣᠲᠣ᠌ ᠦᠶ᠎ᠡ᠎ᠶᠢᠨ ᠲᠠᠷᠢᠶᠠᠯᠠᠩ᠎ᠤᠨ ᠬᠥᠭᠵᠢᠯᠲᠡ᠎ᠶᠢ ᠣᠷᠭᠠᠨᠢᠭ᠋᠎ᠢᠶᠠᠷ ᠵᠣᠯᠭᠠᠭᠤᠯᠬᠤ᠎ᠶᠢ ᠠᠬᠢᠭᠤᠯᠤᠨ᠎ᠠ᠃ ᠬᠥᠳᠡᠭᠡ ᠲᠣᠰᠬᠣᠨ᠎ᠤ ᠬᠠᠮᠲᠤ᠎ᠶᠢᠨ ᠥᠮᠴᠢᠯᠡᠯ᠎ᠦᠨ ᠡᠷᠬᠡ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠳᠡᠭᠡ ᠲᠣᠰᠬᠣᠨ᠎ᠤ ᠰᠢᠨ᠎ᠡ ᠮᠠᠶᠢᠭ᠋᠎ᠤᠨ ᠬᠠᠮᠲᠤ᠎ᠶᠢᠨ ᠠᠵᠤ ᠠᠬᠤᠢ᠎ᠶᠢ ᠬᠥᠭᠵᠢᠭᠦᠯᠬᠦ᠎ᠶᠢ ᠲᠡᠮᠵᠢᠵᠤ᠂ ᠲᠤᠰᠭᠤᠨ᠎ᠤ ᠱᠠᠲᠤᠨ᠎ᠤ ᠥᠷᠢ ᠦᠭᠴᠡᠭᠡ ᠰᠢᠨ᠎ᠡ ᠪᠡᠷ ᠨᠡᠮᠡᠭᠳᠡᠬᠦ ᠵᠢ ᠴᠢᠨᠭᠭ᠎ᠠ ᠡᠵᠡᠮᠳᠡᠨ᠎ᠡ᠃ ᠬᠠᠩᠭᠠᠨ ᠪᠣᠷᠣᠯᠠᠭᠤᠯᠬᠤ ᠬᠣᠷᠰᠢᠶ᠎ᠡ ᠵᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠠᠬᠢᠭᠤᠯᠵᠤ᠂ ᠬᠤᠷᠰᠢᠶ᠎ᠠ ᠪᠠ ᠠᠵᠤ ᠠᠬᠤᠢᠯᠠᠯ᠎ᠤᠨ ᠬᠠᠷᠢᠴᠠᠭ᠎ᠠ᠎ᠶᠢ ᠲᠦᠷᠭᠡᠳᠬᠡᠨ ᠰᠢᠯᠤᠭᠤᠳᠬᠠᠵᠤ᠂ ᠬᠦᠳᠡᠭᠡ ᠠᠵᠤ ᠠᠬᠤᠢ᠎ᠳᠤ ᠦᠢᠯᠡᠴᠢᠯᠡᠬᠦ ᠴᠢᠳᠠᠮᠵᠢ᠎ᠶᠢ ᠴᠢᠨᠭᠭᠠᠷᠠᠭᠤᠯᠤᠨ᠎ᠠ᠃ ᠠᠲᠠᠷ ᠬᠠᠭᠠᠯᠪᠤᠷᠢᠯᠠᠯᠲᠠ᠎ᠶᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠡᠬᠢ ᠪᠠᠶᠠᠯᠢᠭ᠋᠎ᠤᠨ ᠬᠢᠨᠠᠯᠲᠠ ᠬᠠᠮᠢᠶᠠᠷᠤᠯᠲᠠ ᠵᠢᠨ ᠲᠤᠭᠲᠠᠴᠠ ᠵᠢ ᠪᠦᠷᠢᠨᠰᠢᠭᠦᠯᠦᠨ᠎ᠡ᠃

(ᠬᠣᠷᠢᠨ ᠬᠣᠶᠠᠷ) ᠬᠥᠳᠡᠭᠡ ᠲᠣᠰᠭᠣᠨ᠎ᠤ ᠡᠯ᠎ᠡ ᠲᠥᠷᠥᠯ᠎ᠦᠨ ᠡᠬᠢ ᠪᠠᠶᠠᠯᠢᠭ᠎ᠢ ᠠᠮᠢᠳᠤᠯᠢᠬᠵᠢᠭᠤᠯᠤᠨ ᠠᠰᠢᠭᠯᠠᠬᠤ ᠵᠢ ᠡᠮᠬᠢ ᠵᠢᠷᠤᠮ᠎ᠲᠠᠶ᠎ᠪᠠᠷ ᠰᠠᠢᠲᠤᠷ ᠬᠢᠨ᠎ᠡ᠃ ᠬᠥᠳᠡᠭᠡ ᠲᠣᠰᠭᠣᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠠᠬ᠎ᠠ ᠳᠡᠯᠭᠡᠭᠦᠷ᠎ᠲᠦ ᠣᠷᠣᠭᠤᠯᠬᠤ᠎ᠶ᠋ᠢ ᠡᠮᠬᠢ ᠵᠢᠷᠤᠮ᠎ᠲᠠᠶ ᠠᠬᠢᠭᠤᠯᠵᠤ᠂ ᠵᠠᠬ᠎ᠠ ᠳᠡᠯᠭᠡᠭᠦᠷ᠎ᠲᠦ ᠣᠷᠣᠭᠤᠯᠤᠭᠰᠠᠨ ᠭᠠᠵᠠᠷ ᠱᠢᠷᠣᠶ᠎ᠶ᠋ᠢ ᠬᠠᠮᠲᠤ᠎ᠶ᠋ᠢᠨ ᠠᠵᠤ ᠠᠬᠤᠶ ᠪᠠ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠬᠦ᠌᠎ᠳᠦ ᠤᠷᠢᠳᠠᠪᠠᠷ ᠬᠡᠷᠡᠭ᠌ᠯᠡᠬᠦ᠌᠎ᠶ᠋ᠢ ᠳᠡᠮᠵᠢᠵᠦ᠍᠂ ᠲᠠᠸᠠᠷ᠎ᠤᠨ ᠣᠷᠣᠨ ᠰᠠᠭᠤᠴᠠ ᠪᠠᠢᠭᠤᠯᠬᠤ᠎ᠳᠤ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠎ᠠ᠃ ᠬᠥᠳᠡᠭᠡ ᠲᠣᠰᠭᠣᠨ᠎ᠤ ᠪᠠᠢᠰᠢᠩ᠎ᠤᠨ ᠰᠠᠭᠤᠷᠢ ᠭᠠᠵᠠᠷ ᠪᠠ ᠲᠠᠷᠢᠶᠠᠴᠢᠳ᠎ᠤᠨ ᠭᠡᠷ ᠪᠠᠢᠱᠢᠩ ᠪᠠᠷᠢᠬᠤ᠎ᠶ᠋ᠢ ᠬᠢᠨᠠᠨ ᠵᠥᠪᠱᠢᠶᠡᠷᠡᠬᠦ᠌ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯ᠎ᠢ ᠵᠥᠷᠢᠴᠡᠨ ᠲᠠᠷᠢᠶᠠᠴᠢᠨ᠎ᠤ ᠪᠠᠢᠱᠢᠩ᠎ᠤᠨ ᠰᠠᠭᠤᠷᠢ ᠭᠠᠵᠠᠷ ᠬᠤᠳᠠᠯᠳᠤᠨ ᠠᠪᠬᠤ᠎ᠶ᠋ᠢ ᠴᠢᠩᠭ᠎ᠠ ᠪᠠᠢᠴᠠᠭᠠᠵᠤ ᠴᠢᠩᠭ᠎ᠠ ᠰᠡᠷᠭᠡᠢᠯᠡᠨ᠎ᠡ᠃ ᠰᠤᠯᠠ ᠪᠠᠢᠭ᠎ᠠ ᠭᠠᠵᠠᠷ ᠱᠢᠷᠣᠢ ᠪᠠ ᠭᠡᠷ ᠪᠠᠢᠱᠢᠩ᠎ᠢ ᠬᠠᠤᠯᠢ ᠶᠣᠰᠣᠭᠠᠷ ᠠᠮᠢᠳᠤᠯᠢᠭ᠍ᠵᠢᠭᠤᠯᠤᠨ ᠰᠠᠢᠲᠤᠷ ᠬᠡᠷᠡᠭ᠌ᠯᠡᠵᠦ᠍᠂ ᠲᠦᠷᠢᠶᠡᠰᠦᠯᠡᠬᠦ᠌ ᠭᠡᠷ᠎ᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠬᠥᠳᠡᠭᠡ ᠲᠣᠰᠭᠣᠨ᠎ᠤ ᠥᠮᠴᠢᠯᠡᠬᠦ᠌ ᠡᠷᠬᠡ᠎ᠶ᠋ᠢ ᠬᠦᠢᠯᠭᠡᠭᠡᠨ ᠠᠷᠠᠯᠵᠢᠶᠠᠯᠠᠬᠤ ᠵᠠᠬ᠎ᠠ ᠳᠡᠯᠭᠡᠭᠦᠷ᠎ᠦᠨ ᠡᠷᠡᠭᠦᠯ᠎ᠢᠶᠡᠷ ᠬᠥᠭ᠌ᠵᠢᠬᠦ᠌᠎ᠶ᠋ᠢ ᠬᠥᠲᠥᠯᠥᠨ ᠵᠢᠯᠣᠭᠣᠳᠤᠨ᠎ᠠ᠃ ᠬᠥᠳᠡᠭᠡ ᠲᠣᠰᠭᠣᠨ᠎ᠤ ᠬᠠᠮᠲᠤ᠎ᠶ᠋ᠢᠨ ᠪᠡᠯᠡ ᠮᠥᠩᠭᠥ᠌᠂ ᠡᠳ᠋ ᠬᠥᠷᠥᠩᠭᠡ ᠪᠣᠯᠤᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠳᠣᠪᠣᠢᠮ᠎ᠠ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ ᠲᠣᠰᠭᠣᠨ᠎ᠤ ᠱᠠᠲᠤᠨ᠎ᠤ ᠬᠥᠳᠡᠯᠮᠦᠷᠢ ᠬᠦᠴᠦ᠍ ᠬᠡᠷᠡᠭ᠌ᠯᠡᠬᠦ᠌ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠬᠠᠮᠲᠤ᠎ᠶ᠋ᠢᠨ ᠤᠢ ᠵᠢᠨ ᠡᠷᠬᠡ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃

(ᠬᠣᠷᠢᠨ ᠭᠤᠷᠪᠠ) ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠪᠠᠯᠠ ᠣᠷᠣᠭᠤᠯᠵᠤ ᠪᠠᠯᠠ ᠬᠤᠷᠠᠮᠳᠤᠭᠤᠯᠬᠤ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠦᠨ᠎ᠡ᠃ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠦᠷᠢᠶᠡᠨ᠎ᠳᠡᠬᠢ ᠡᠩ᠎ᠦᠨ ᠤᠯᠠᠨ ᠨᠡᠢᠲᠡ᠎ᠶ᠋ᠢᠨ ᠲᠥᠰᠦᠪ᠎ᠦᠨ ᠣᠷᠣᠭᠤᠯᠤᠯᠲᠠ᠎ᠶ᠋ᠢ ᠤᠷᠢᠳ᠎ᠢᠶᠠᠷ ᠪᠠᠲᠤᠯᠠᠵᠤ᠂ ᠡᠳ᠋᠎ᠦᠨ ᠵᠠᠰᠠᠭ᠎ᠤᠨ ᠬᠦᠳᠡᠭᠡ ᠳᠤᠰᠬᠤᠨ᠎ᠢ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢᠨ ᠦᠢᠯᠡᠳᠦᠯ ᠴᠢᠳᠠᠪᠤᠷᠢ ᠪᠠ ᠪᠡᠯᠡ ᠮᠥᠩᠭᠥ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠲᠤᠰᠭᠠᠶ ᠵᠢᠭᠡᠯᠡᠯᠭᠡ᠂ ᠣᠷᠳᠣ ᠬᠤᠭᠤᠴᠠᠭᠠᠨ᠎ᠤ ᠣᠨᠴᠠᠭᠠᠶ ᠤᠯᠤᠰ᠎ᠤᠨ ᠵᠢᠭᠡᠯᠡᠯᠭᠡ᠎ᠶ᠋ᠢ ᠭᠦᠶ᠋ᠴᠡᠳ ᠰᠠᠢᠲᠤᠷ ᠬᠡᠷᠡᠭ᠌ᠯᠡᠵᠦ᠍᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠬᠦᠷᠢᠶᠡᠨ᠎ᠳᠡᠬᠢ ᠨᠥᠬᠥᠴᠡᠯ᠎ᠳᠦ ᠨᠡᠢᠴᠡᠬᠦ᠌ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠨ᠎ᠡ᠃ ᠡᠳ᠋᠎ᠦᠨ ᠵᠠᠰᠠᠭ ᠮᠥᠩᠭᠥᠨ ᠭᠦᠶ᠋ᠯᠭᠡᠭᠡᠨ ᠬᠠᠮᠵᠢᠯᠴᠠᠨ ᠬᠦᠳᠡᠭᠡ ᠳᠤᠰᠬᠤᠨ᠎ᠢ ᠳᠡᠮᠵᠢᠬᠦ᠌ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠦᠳᠡᠭᠡ ᠳᠤᠰᠬᠤᠨ᠎ᠢ ᠳᠡᠮᠵᠢᠬᠦ᠌ ᠵᠢᠵᠢᠭ ᠠᠵᠤ ᠠᠬᠤᠢᠯᠠᠯ᠎ᠢ ᠳᠡᠮᠵᠢᠬᠦ᠌᠎ᠳᠦ ᠳᠠᠬᠢᠨ ᠵᠢᠭᠡᠯᠡᠯᠭᠡ ᠲᠠᠯᠪᠢᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠮᠡᠷᠭᠡᠵᠢᠯ᠎ᠦᠨ ᠥᠭᠡᠷᠡᠴᠢᠯᠡᠯᠲᠡ ᠬᠢᠬᠦ᠎ᠳᠦ ᠳᠠᠬᠢᠨ ᠵᠢᠭᠡᠯᠡᠯᠭᠡ ᠲᠠᠯᠪᠢᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠤᠷᠮᠠᠱᠢᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠦᠷᠢᠶᠡᠨ᠎ᠳᠡᠬᠢ ᠪᠠᠯᠠ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠬᠦᠳᠡᠭᠡ ᠠᠵᠤ ᠠᠬᠤᠢ᠎ᠳᠤ ᠬᠣᠯᠪᠣᠭ᠍ᠳᠠᠬᠤ ᠠᠵᠤ ᠠᠬᠤᠢᠯᠠᠯ ᠪᠣᠯᠤᠨ ᠲᠠᠷᠢᠶᠠᠯᠠᠬᠤ ᠡᠷᠦᠬᠡ᠎ᠶ᠋ᠢᠨ ᠵᠢᠭᠡᠯᠡᠯᠭᠡ᠎ᠶ᠋ᠢᠨ ᠬᠤᠭᠤᠴᠠᠭ᠎ᠠ᠎ᠶ᠋ᠢ ᠤᠷᠲᠤᠳᠭᠠᠬᠤ᠂ ᠵᠢᠭᠡᠯᠡᠯᠭᠡ ᠵᠢ ᠦᠷᠭᠦᠯᠵᠢᠯᠡᠬᠦᠯᠬᠦ ᠵᠢ ᠳᠡᠮᠵᠢᠬᠦ᠌ ᠡᠷᠴᠢᠮ᠎ᠢᠶᠡᠨ ᠨᠡᠮᠡᠭ᠌ᠳᠡᠭᠦᠯᠦᠨ᠎ᠡ᠃ ᠬᠥᠳᠡᠭᠡ ᠲᠣᠰᠭᠣᠨ᠎ᠤ ᠢᠲᠡᠭᠡᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠵᠤ᠂ ᠬᠦᠳᠡᠭᠡ ᠠᠵᠤ ᠠᠬᠤᠢ ᠳ᠋ᠦ ᠬᠣᠯᠪᠣᠭ᠍ᠳᠠᠬᠤ ᠮᠡᠳᠡᠭᠡ ᠵᠠᠩᠭᠢ᠎ᠶ᠋ᠢ ᠴᠤᠭ᠍ᠯᠠᠭᠤᠯᠤᠨ ᠨᠡᠢᠯᠡᠭᠦᠯᠵᠦ᠍ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠦᠷᠢᠶᠡᠨ᠎ᠳᠡᠬᠢ ᠨᠡᠢᠭᠡᠮ᠎ᠦᠨ ᠪᠡᠯᠡ ᠣᠷᠣᠭᠤᠯᠤᠯᠲᠠ᠎ᠶ᠋ᠢ ᠬᠥᠲᠥᠯᠥᠨ ᠵᠢᠯᠣᠭᠣᠳᠭᠤ ᠪᠠ ᠵᠢᠷᠤᠮᠵᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠬᠦᠳᠡᠭᠡ ᠠᠵᠤ ᠠᠬᠤᠢ ᠳ᠋ᠦ ᠬᠣᠯᠪᠣᠭ᠍ᠳᠠᠬᠤ ᠪᠡᠯᠡ ᠮᠥᠩᠭᠥ᠎ᠶ᠋ᠢᠨ ᠲᠥᠷᠥᠯ ᠵᠦᠢᠯ᠎ᠦᠨ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠷᠠᠭᠤᠯᠵᠤ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠲᠥᠷᠥᠯ ᠰᠠᠳᠤᠨ ᠨᠠᠢᠵᠠ ᠨᠥᠬᠥᠳ᠎ᠲᠡᠬᠡᠨ ᠬᠠᠷᠠᠭᠠᠯᠵᠠᠯ ᠦᠵᠡᠭᠦᠯᠬᠦ᠌᠂ 《ᠥᠩᠭᠡᠷᠡᠬᠦ᠌ ᠭᠠᠯᠠᠭᠤ᠎ᠶ᠋ᠢᠨ ᠦᠳᠦ ᠵᠢ ᠰᠤᠭᠤᠯᠬᠤ》᠂ ᠱᠢᠬᠠᠨ ᠡᠵᠡᠯᠡᠵᠦ᠍ ᠨᠡᠭᠦᠯᠭᠡᠨ ᠬᠡᠷᠡᠭ᠌ᠯᠡᠬᠦ᠌ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃

(ᠬᠣᠷᠢᠨ ᠳᠥᠷᠪᠡ) ᠬᠣᠲᠠ ᠬᠥᠳᠡᠭᠡ᠎ᠶ᠋ᠢᠨ ᠡᠯᠸᠮᠸᠨ᠋ᠲ᠎ᠦᠨ ᠬᠤᠤᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠤᠨ᠎ᠠ᠃ ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢ ᠬᠣᠳᠠ᠎ᠶ᠋ᠢᠨ ᠠᠷᠠᠳ ᠪᠣᠯᠭᠠᠬᠤ ᠶᠠᠪᠤᠳᠠᠯ᠎ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠶ᠎ᠪᠠᠷ ᠠᠬᠢᠭᠤᠯᠵᠤ᠂ ᠰᠢᠯᠵᠢᠬᠦᠯᠦᠨ ᠲᠤᠭᠠᠴᠠᠭ᠎ᠠ ᠬᠢᠬᠦ᠂ ᠱᠢᠨ᠎ᠡ᠎ᠪᠡᠷ ᠨᠡᠮᠡᠭ᠌ᠳᠡᠭᠦᠯᠦᠭᠰᠡᠨ ᠪᠥᠳᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ ᠰᠢᠷᠤᠢ᠎ᠶᠢᠨ ᠭᠦᠢᠴᠡᠳᠭᠡᠯ ᠲᠣᠭ᠎ᠠ᠂ ᠰᠠᠭᠤᠷᠢ ᠲᠥᠬᠥᠭᠡᠷᠦᠮᠵᠢ᠎ᠶ᠋ᠢᠨ ᠪᠥᠳᠥᠭᠡᠨ ᠪᠠᠢᠭᠤᠯᠤᠯᠲᠠ᠎ᠶ᠋ᠢᠨ ᠪᠡᠯᠡ ᠣᠷᠣᠭᠤᠯᠤᠯᠲᠠ ᠵᠡᠷᠭᠡ᠎ᠶ᠋ᠢ ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢ ᠬᠣᠳᠠ᠎ᠶ᠋ᠢᠨ ᠠᠷᠠᠳ ᠪᠣᠯᠭᠠᠬᠤ ᠯᠤᠭ᠎ᠠ ᠬᠣᠯᠪᠣᠭ᠍ᠳᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠪᠠᠢᠩᠭᠤ ᠰᠠᠭᠤᠭ᠎ᠠ ᠭᠠᠵᠠᠷ ᠡᠴᠡ ᠡᠷᠦᠭᠡ ᠠᠮᠠ᠎ᠶ᠋ᠢ ᠳᠠᠩᠰᠠᠯᠠᠵᠤ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠬᠠᠩᠭᠠᠬᠤ ᠲᠥᠷᠢᠮ᠎ᠢ ᠬᠡᠷᠡᠭ᠌ᠵᠢᠭᠦᠯᠦᠨ᠎ᠡ᠃ ᠬᠣᠲᠠ᠎ᠳᠤ ᠡᠷᠦᠬᠡ ᠠᠮᠠ ᠤᠷᠤᠭ᠍ᠰᠠᠨ ᠲᠠᠷᠢᠶᠠᠴᠢᠳ᠎ᠤᠨ ᠭᠠᠵᠠᠷ ᠱᠢᠷᠣᠶ ᠳᠠᠭᠠᠭᠠᠴᠢᠯᠠᠬᠤ ᠡᠷᠬᠡ᠂ ᠣᠷᠣᠨ ᠰᠠᠭᠤᠴᠠ᠎ᠶ᠋ᠢᠨ ᠭᠠᠵᠠᠷ ᠬᠡᠷᠡᠭ᠌ᠯᠡᠬᠦ᠌ ᠡᠷᠬᠡ᠂ ᠬᠠᠮᠲᠤ᠎ᠶ᠋ᠢᠨ ᠠᠱᠢᠭ ᠣᠷᠣᠯᠭ᠎ᠠ ᠬᠤᠪᠢᠶᠠᠷᠢᠯᠠᠬᠤ ᠡᠷᠬᠡ᠎ᠶ᠋ᠢ ᠬᠠᠤᠯᠢ ᠶᠣᠰᠣᠭᠠᠷ ᠬᠠᠮᠠᠭᠠᠯᠠᠵᠤ᠂ ᠰᠠᠢᠨ ᠳᠤᠷ᠎ᠠ ᠡᠴᠡ᠎ᠪᠠᠨ ᠲᠥᠯᠥᠪᠦᠷᠢ᠎ᠲᠡᠶ᠎ᠪᠡᠷ ᠪᠤᠴᠠᠨ ᠭᠠᠷᠬᠤ ᠠᠷᠭ᠎ᠠ᠎ᠶ᠋ᠢ ᠰᠦᠪᠡᠭ᠌ᠴᠢᠯᠡᠨ ᠪᠠᠢᠭᠤᠯᠤᠨ᠎ᠠ᠃ ᠬᠥᠳᠡᠭᠡ ᠲᠣᠰᠭᠣᠨ᠎ᠤ ᠴᠢᠳᠠᠪᠤᠷᠢᠲᠠᠨ᠎ᠤ ᠡᠩᠨᠡᠭᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ᠂ ᠡᠯ᠎ᠡ ᠲᠥᠷᠥᠯ᠎ᠦᠨ ᠴᠢᠳᠠᠪᠤᠷᠢᠲᠠᠨ᠎ᠤ ᠬᠥᠳᠡᠭᠡ ᠪᠠᠭᠤᠵᠤ ᠦᠶ᠋ᠯᠡᠴᠢᠯᠡᠬᠦ᠌ ᠪᠠ ᠦᠢᠯᠡᠰ ᠪᠤᠰᠬᠠᠵᠦ ᠠᠵᠢᠯ ᠤᠯᠬᠤ᠎ᠶ᠋ᠢ ᠵᠣᠷᠢᠭ᠍ᠵᠢᠭᠤᠯᠤᠨ᠎ᠠ᠃ ᠬᠥᠳᠡᠭᠡ ᠲᠣᠰᠭᠣᠨ᠎ᠤ ᠠᠵᠤ ᠦᠢᠯᠡᠰ᠎ᠦᠨ ᠳᠠᠭᠠᠭᠤᠯᠤᠭ᠍ᠴᠢ ᠪᠠ ᠬᠥᠳᠡᠭᠡ ᠲᠣᠰᠭᠣᠨ᠎ᠤ ᠵᠠᠰᠠᠯᠲᠠ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠦᠳᠡᠭᠡ ᠠᠵᠤ ᠠᠬᠤᠢ᠎ᠶᠢᠨ ᠱᠢᠨ᠎ᠡ᠎ᠶ᠋ᠢ ᠡᠭᠦᠳᠦᠭ᠌ᠴᠢᠳ᠎ᠢ ᠬᠥᠮᠦᠵᠢᠭᠦᠯᠦᠨ᠎ᠡ᠃ ᠱᠢᠨ᠎ᠡ ᠨᠢᠭᠡ ᠡᠭᠡᠯᠵᠢ᠎ᠶ᠋ᠢᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ 《 ᠭᠤᠷᠪᠠ᠎ᠶ᠋ᠢ ᠳᠡᠮᠵᠢᠵᠦ᠍ ᠨᠢᠭᠡ᠎ᠶ᠋ᠢ ᠲᠡᠳᠬᠦᠬᠦ᠌》 ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ ᠬᠥᠳᠡᠭᠡ ᠲᠣᠰᠭᠣᠨ᠎ᠤ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠡᠮᠡᠭ᠌ᠲᠡᠢᠴᠦᠳ᠎ᠤᠨ ᠲᠥᠯᠥᠪᠯᠡᠭᠡ᠂ ᠤᠶᠤᠲᠠᠳ᠎ᠤᠨ ᠰᠠᠢᠨ ᠳᠤᠷ᠎ᠠ ᠡᠴᠡ᠎ᠪᠠᠨ ᠪᠠᠷᠠᠭᠤᠨ ᠣᠷᠣᠨ᠎ᠳᠤ ᠦᠶ᠋ᠯᠡᠴᠢᠯᠡᠬᠦ᠌ ᠲᠥᠯᠥᠪᠯᠡᠭᠡ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠦ ᠵᠠᠯᠠᠭᠤ ᠨᠠᠰᠤᠨ᠎ᠤ ᠭᠠᠪᠢᠶ᠎ᠠ ᠪᠠᠢᠭᠤᠯᠬᠤ ᠠᠵᠢᠯᠯᠠᠭ᠎ᠠ᠎ᠶ᠋ᠢ ᠠᠬᠢᠭᠤᠯᠤᠨ᠎ᠠ᠃

ᠵᠢᠷᠭᠤᠭ᠎ᠠ᠂ ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ᠎ᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ᠎ᠠ

(ᠬᠣᠷᠢᠨ ᠲᠠᠪᠤ) ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠠᠷᠢᠭᠤᠴᠠᠯᠭ᠎ᠠ᠎ᠶ᠋ᠢᠨ ᠲᠦᠷᠢᠮ᠎ᠦᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠨ᠎ᠠ᠃ ᠲᠠᠪᠤᠨ ᠱᠠᠲᠤᠨ᠎ᠤ ᠱᠦᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ᠎ᠶ᠋ᠢ ᠪᠠᠷᠢᠮᠲᠠᠯᠠᠵᠤ᠂ ᠨᠠᠮ᠎ᠤᠨ ᠬᠥᠳᠡᠭᠡ ᠲᠣᠰᠭᠣᠨ᠎ᠤ ᠠᠵᠢᠯ᠎ᠢ ᠤᠳᠤᠷᠢᠳᠭᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠨᠠᠮ᠎ᠤᠨ ᠬᠤᠷᠢᠶ᠎ᠠ᠎ᠶᠢᠨ ᠬᠦᠳᠡᠭᠡ ᠳᠤᠰᠬᠤᠨ ᠤ᠋ ᠠᠯᠪᠠᠨ ᠬᠡᠷ᠎ᠦᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ᠃《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠲᠤᠰᠭᠠᠢ ᠰᠡᠳᠦᠪᠲᠦ ᠪᠣᠯᠪᠠᠰᠤᠷᠠᠯ᠎ᠢ ᠭᠦᠨᠵᠡᠭᠡᠢ ᠥᠷᠨᠢᠭᠦᠯᠵᠦ᠍᠂ ᠡᠯ᠎ᠡ ᠱᠠᠲᠤᠨ᠎ᠤ ᠨᠠᠮ ᠵᠠᠰᠠᠭ᠎ᠤᠨ ᠺᠠᠳ᠋ᠷ᠎ᠤᠨ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠢ ᠠᠳᠭᠤᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃

(ᠬᠣᠷᠢᠨ ᠵᠢᠷᠭᠤᠭ᠎ᠠ) ᠬᠥᠳᠡᠭᠡ ᠲᠣᠰᠭᠣᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠨ᠎ᠠ᠃ ᠬᠥᠳᠡᠭᠡ ᠲᠣᠰᠭᠣᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢ ᠰᠠᠢᠲᠤᠷ ᠬᠢᠵᠦ᠍᠂ ᠱᠢᠶᠠᠩ ᠪᠠᠯᠭᠠᠰᠤᠨ᠎ᠤ ᠤᠳᠤᠷᠢᠳᠭᠤ ᠪᠠᠭ᠎ᠲᠤ ᠱᠢᠯᠢᠳᠡᠭ᠎ᠢ ᠰᠣᠩᠭᠣᠨ ᠬᠦᠴᠦᠷᠬᠡᠭ᠎ᠢ᠎ᠨᠢ ᠲᠣᠬᠢᠷᠠᠭᠤᠯᠵᠤ᠂ ᠲᠣᠰᠭᠣᠨ᠎ᠤ 《ᠬᠣᠶᠠᠷ ᠵᠥᠪᠯᠡᠯ》 ᠤ᠋ᠨ ᠤᠳᠤᠷᠢᠳᠭᠤ ᠪᠠᠭ ᠢᠯᠠᠩᠭᠤᠶ᠎ᠠ ᠳᠠᠭᠠᠭᠤᠯᠤᠭ᠍ᠴᠢ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠵᠦ᠍᠂ ᠲᠣᠰᠭᠣᠨ᠎ᠤ ᠲᠣᠷᠣᠶ ᠪᠠᠭᠤᠷᠠᠶ ᠰᠤᠯᠠ ᠵᠠᠳᠠᠭᠠᠶ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠦᠷᠭᠦᠯᠵᠢᠯᠡᠨ ᠴᠡᠭ᠌ᠴᠡᠯᠡᠨ᠎ᠡ᠃ ᠬᠥᠳᠡᠭᠡ ᠲᠣᠰᠭᠣᠨ᠎ᠤ ᠨᠠᠮ᠎ᠤᠨ ᠭᠡᠱᠢᠭᠦᠨ᠎ᠦ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠶ᠋ᠢ ᠴᠢᠩᠭᠠᠳᠭᠠᠵᠤ᠂ ᠬᠥᠳᠡᠭᠡ ᠲᠣᠰᠭᠣᠨ᠎ᠤ ᠨᠠᠮ᠎ᠤᠨ ᠭᠡᠱᠢᠭᠦᠨ᠎ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠦᠨ᠎ᠡ᠃ ᠬᠥᠳᠡᠭᠡ ᠲᠣᠰᠭᠣᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠬᠦᠴᠦᠨ᠎ᠢ ᠲᠡᠭᠦᠯᠳᠡᠷᠵᠢᠭᠦᠯᠦᠨ ᠲᠣᠭ᠍ᠲᠠᠪᠤᠷᠢᠵᠢᠭᠤᠯᠵᠤ᠂ ᠠᠯᠪᠠᠲᠠᠨ ᠡᠯᠰᠡᠬᠦ᠌ ᠲᠥᠯᠥᠪᠯᠡᠭᠡ᠎ᠶ᠋ᠢ ᠱᠢᠶᠠᠨ ᠱᠢᠶᠠᠩ᠎ᠤᠨ ᠦᠨᠳᠦᠰᠦᠨ ᠱᠠᠲᠤᠨ᠎ᠤ ᠪᠠᠢᠭᠤᠯᠭ᠎ᠠ ᠲᠡᠢᠰᠢ ᠬᠡᠯᠪᠡᠢᠯᠭᠡᠵᠦ᠍᠂ ᠵᠠᠷᠴᠢᠮ ᠳᠡᠭᠡᠷ᠎ᠡ᠎ᠪᠡᠨ ᠱᠢᠶᠠᠨ ᠱᠢᠶᠠᠩ ᠡᠴᠡ ᠠᠵᠢᠯᠲᠠᠨ ᠵᠢᠭᠡᠯᠡᠨ ᠬᠡᠷᠡᠭ᠌ᠯᠡᠵᠦ᠍ ᠪᠣᠯᠬᠤ ᠦᠭᠡᠢ᠃ ᠲᠣᠰᠭᠣᠨ᠎ᠤ ᠺᠠᠳ᠋ᠷ᠎ᠤᠨ ᠦᠨᠳᠦᠰᠦᠨ ᠬᠥᠯᠥᠰᠥ᠍ ᠣᠯᠭᠣᠮᠵᠢ᠎ᠶ᠋ᠢᠨ ᠪᠠᠲᠤᠯᠠᠭ᠎ᠠ᠎ᠶ᠋ᠢ ᠨᠠᠢᠳᠠᠪᠤᠷᠢᠵᠢᠭᠤᠯᠵᠤ᠂ ᠪᠡᠯᠡᠳᠭᠡᠯ ᠬᠦᠴᠦᠨ᠎ᠢ ᠬᠥᠮᠦᠵᠢᠭᠦᠯᠬᠦ᠌ ᠨᠥᠭᠡᠴᠡᠯᠡᠬᠦ᠎ᠶ᠋ᠢ ᠰᠠᠢᠲᠤᠷ ᠬᠢᠨ᠎ᠡ᠃ ᠲᠣᠰᠭᠣᠨ᠎ᠤ ᠱᠠᠲᠤᠨ᠎ᠤ ᠬᠡᠷᠡᠭ ᠵᠦᠪᠳᠡᠯᠴᠡᠵᠦ ᠵᠥᠪᠯᠡᠬᠦ ᠲᠣᠭ᠍ᠲᠠᠴᠠ᠎ᠶ᠋ᠢᠨ ᠳᠡᠰ ᠳᠠᠷᠠᠭᠠᠯᠠᠯ᠎ᠢ ᠪᠦᠷᠢᠨᠱᠢᠭᠦᠯᠵᠦ᠍᠂ ᠲᠠᠷᠢᠶᠠᠴᠢᠨ ᠲᠦᠮᠡᠨ᠎ᠦ ᠬᠥᠳᠡᠭᠡ ᠲᠣᠰᠭᠣᠨ᠎ᠤ ᠵᠠᠰᠠᠯᠲᠠ᠎ᠳᠤ ᠣᠷᠣᠯᠴᠠᠬᠤ ᠠᠷᠭ᠎ᠠ ᠵᠠᠮ᠎ᠢ ᠥᠷᠭᠡᠳᠭᠡᠨ᠎ᠡ᠃ ᠬᠥᠳᠡᠭᠡ ᠲᠣᠰᠭᠣᠨ ᠦᠨᠳᠦᠰᠦᠨ ᠱᠠᠲᠤᠨ᠎ᠤ ᠺᠠᠳ᠋ᠷ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ ᠳ᠋ᠠᠬᠢ ᠴᠠᠭ᠍ᠳᠠᠨ ᠪᠠᠢᠴᠠᠭᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃

(ᠬᠣᠷᠢᠨ ᠳᠣᠯᠣᠭ᠎ᠠ) ᠬᠥᠳᠡᠭᠡ ᠲᠣᠰᠭᠣᠨ᠎ᠤ ᠠᠵᠢᠯ᠎ᠤᠨ ᠠᠷᠭ᠎ᠠ ᠮᠠᠶᠢᠭ᠎ᠢ ᠰᠠᠢᠵᠢᠷᠠᠭᠤᠯᠤᠨ᠎ᠠ᠃ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠵᠤ᠂ ᠤᠬᠠᠮᠰᠠᠷ ᠡᠴᠡ᠎ᠪᠠᠨ ᠵᠢᠮ᠎ᠡ ᠶᠣᠰᠣ᠎ᠶ᠋ᠢ ᠵᠢᠷᠤᠮᠯᠠᠨ ᠠᠵᠢᠯᠯᠠᠬᠤ ᠬᠡᠷᠡᠭ᠌ᠲᠡᠶ᠃ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠠᠵᠢᠯ᠎ᠢ ᠭᠦᠨᠵᠡᠭᠡᠶ ᠥᠷᠨᠢᠭᠦᠯᠵᠦ᠍᠂ ᠱᠢᠶᠠᠩ ᠪᠠᠯᠭᠠᠰᠤ (ᠵᠡᠭᠡᠯᠢ ᠭᠤᠳᠤᠮᠵᠢ) ᠶ᠋ᠢᠨ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠵᠦᠶ᠋ᠯᠡᠰ᠎ᠦᠨ ᠨᠠᠷᠢᠨ ᠳᠠᠩᠰᠠ᠎ᠶ᠋ᠢ ᠰᠠᠢᠲᠤᠷ ᠬᠡᠷᠡᠭ᠌ᠯᠡᠨ᠂ ᠲᠣᠰᠭᠣᠨ (ᠨᠡᠢᠭᠡᠮ ᠲᠣᠭᠣᠷᠢᠭ) ᠤ᠋ ᠠᠵᠢᠯ᠎ᠤᠨ ᠵᠦᠶ᠋ᠯᠡᠰ᠎ᠢ ᠵᠥᠪᠱᠢᠶᠡᠷᠡᠨ ᠣᠷᠣᠭᠤᠯᠬᠤ ᠲᠦᠷᠢᠮ᠎ᠢ ᠲᠡᠭᠦᠯᠳᠡᠷᠵᠢᠭᠦᠯᠵᠦ᠍᠂ 《ᠨᠢᠭᠡ ᠬᠦᠰᠦᠨᠦᠭ᠌ᠲᠦ᠍᠎ᠪᠡᠷ ᠨᠡᠪᠲᠡᠷᠡᠭᠦᠯᠬᠦ᠌》ᠲᠣᠭ᠎ᠠ ᠪᠠᠷᠢᠮᠲᠠ᠎ᠶ᠋ᠢ ᠬᠠᠮᠲᠤᠪᠠᠷ ᠡᠳ᠋ᠯᠡᠬᠦ ᠪᠠ ᠱᠢᠨ᠎ᠡ᠎ᠶ᠋ᠢ ᠡᠭᠦᠳᠦᠨ ᠬᠡᠷᠡᠭ᠌ᠯᠡᠬᠦ᠌᠎ᠶ᠋ᠢ ᠴᠢᠩᠭᠠᠳᠭᠠᠨ᠂ ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨ ᠵᠠᠰᠠᠭ᠎ᠤᠨ ᠶᠠᠪᠤᠳᠠᠯ᠎ᠤᠨ ᠱᠢᠯᠵᠢᠮᠡᠯ ᠢᠨᠲ᠋ᠧᠷ ᠰᠦᠯᠵᠢᠶ᠎ᠡ᠎ᠶ᠋ᠢᠨ ᠬᠡᠷᠡᠭ᠌ᠯᠡᠭᠡᠨ᠎ᠦ ᠫᠷᠤᠭ᠌ᠷᠡᠮ᠎ᠢ ᠢᠯᠭᠠᠷᠠᠭᠤᠯᠤᠨ ᠡᠮᠬᠢᠯᠡᠨ ᠨᠡᠢᠯᠡᠭᠦᠯᠦᠨ᠎ᠡ᠃ ᠪᠥᠬᠥ᠌ ᠤᠯᠤᠰ᠎ᠤᠨ ᠳᠥᠷᠪᠡᠳᠦᠭᠡᠷ ᠤᠳᠠᠭᠠᠨ᠎ᠤ ᠬᠦᠳᠡᠭᠡ ᠠᠵᠤ ᠠᠬᠤᠢ᠎ᠶᠢᠨ ᠨᠡᠢᠳᠡᠮ ᠪᠠᠢᠴᠠᠭᠠᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠪᠣᠳᠠᠲᠤ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ᠎ᠶ᠋ᠢ ᠱᠢᠯᠢᠳᠡᠭ᠌ᠵᠢᠭᠦᠯᠵᠦ᠍᠂ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠨᠠᠨ ᠱᠢᠯᠭᠠᠬᠤ ᠠᠷᠭ᠎ᠠ ᠬᠡᠯᠪᠡᠷᠢ᠎ᠶ᠋ᠢ ᠲᠡᠭᠦᠯᠳᠡᠷᠵᠢᠭᠦᠯᠵᠦ᠍᠂ ᠬᠢᠨᠠᠨ ᠱᠢᠯᠭᠠᠬᠤ᠎ᠶ᠋ᠢᠨ ᠬᠠᠨᠳᠤᠯᠭᠠᠲᠤ ᠴᠢᠨᠠᠷ ᠪᠠ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠦᠨ᠎ᠡ᠃ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠳᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠥᠳᠡᠭᠡ ᠲᠣᠰᠭᠣᠨ᠎ᠤ ᠪᠣᠳᠠᠲᠤ ᠪᠠᠢᠳᠠᠯ ᠡᠴᠡ ᠡᠭᠦᠰᠴᠦ᠍᠂ ᠲᠠᠷᠢᠶᠠᠴᠢᠳ᠎ᠤᠨ ᠬᠦᠰᠡᠯ ᠰᠠᠨᠠᠭ᠎ᠠ᠎ᠶ᠋ᠢ ᠭᠦᠢᠴᠡᠳ ᠬᠦᠨᠳᠦᠳᠭᠡᠨ᠂ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠎ᠳᠦ《ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ》᠂ ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠌᠎ᠡᠴᠡ ᠵᠠᠢᠯᠠᠰᠭᠢᠨ᠎ᠠ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠲᠥᠷᠥ᠎ᠶ᠋ᠢᠨ ᠪᠣᠳᠣᠯᠭ᠎ᠠ᠎ᠪᠠᠷ ᠳᠡᠮᠵᠢᠬᠦ᠌ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ᠎ᠬᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠵᠣᠷᠢᠭ᠍ᠲᠠᠶ᠎ᠪᠠᠷ ᠬᠠᠢᠨ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠵᠤ᠂ ᠠᠵᠢᠯ ᠬᠢᠵᠦ᠍ ᠦᠶ᠋ᠯᠡᠰ ᠪᠤᠰᠭᠠᠬᠤ ᠠᠮᠢᠵᠢᠷᠠᠯ᠎ᠤᠨ ᠬᠦᠴᠦᠨ᠎ᠢ ᠭᠦᠶ᠋ᠴᠡᠳ ᠬᠥᠭ᠌ᠵᠢᠭᠡᠨ᠎ᠡ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠷᠢᠶᠡᠨ᠎ᠳᠡᠬᠢ ᠢᠯᠵᠢᠷᠠᠯ ᠪᠠ ᠰᠤᠷᠲᠠᠯ᠎ᠤᠨ ᠠᠰᠠᠭᠤᠳᠠᠯ᠎ᠢ ᠭᠦᠨᠵᠡᠭᠡᠶ ᠴᠡᠭ᠌ᠴᠡᠯᠡᠨ ᠵᠠᠰᠠᠵᠤ᠂ ᠲᠥᠪ᠎ᠦᠨ ᠨᠠᠶ᠋ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠱᠢᠯᠢᠳᠡᠭ ᠰᠤᠷᠲᠠᠯ᠎ᠢᠶᠠᠷ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃

ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠬᠠᠷᠠᠯᠲᠠ᠎ᠪᠠᠨ ᠪᠠᠳᠤ ᠡᠵᠡᠮᠳᠡᠨ᠂ ᠡᠷᠡᠮᠡᠬᠡᠢᠯᠡᠨ ᠤᠷᠤᠭ᠍ᠰᠢᠯᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠠᠵᠢᠯ ᠱᠢᠨ᠎ᠡ ᠠᠬᠢᠴᠠ᠎ᠲᠠᠶ ᠪᠣᠯᠬᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ ᠲᠠᠬᠢᠨ ᠱᠢᠨ᠎ᠡ ᠳᠡᠭ᠌ᠲᠡᠷ᠎ᠲᠦ ᠭᠠᠷᠬᠤ ᠵᠢ ᠠᠬᠢᠭᠤᠯᠵᠤ᠂ ᠬᠥᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠬᠤ ᠬᠡᠷᠡᠭ᠌ᠲᠡᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号