2 ᠰᠠᠷ᠎ᠠ᠎ᠶᠢᠨ 5 ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ᠎ᠤᠨ ᠣᠷᠳᠣᠨ ᠤ ᠲᠡᠷᠢᠭᠦᠯᠡᠭᠴᠢ ᠪᠦᠦ ᠭᠠᠩ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠡᠲᠡᠭᠡᠳ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠂ ᠰᠤᠷᠭᠠᠨ ᠬᠥᠮᠦᠵᠢᠯ ᠦᠨ ᠡᠲᠡᠭᠡᠳ᠂ ᠪᠡᠶ᠎ᠡ᠎ᠶᠢᠨ ᠲᠠᠮᠢᠷ᠎ᠤᠨ ᠡᠲᠡᠭᠡᠳ ᠦᠨ ᠳᠤᠭᠤᠢᠯᠠᠩ ᠬᠠᠮᠲᠤᠷᠠᠭᠰᠠᠨ ᠶᠠᠷᠢᠯᠴᠠᠭ᠎ᠠ᠎ᠳᠤ ᠣᠷᠣᠯᠴᠠᠵᠤ᠂ ᠤᠯᠠᠨ᠎ᠤ ᠵᠠᠰᠠᠭ᠎ᠤᠨ ᠣᠷᠳᠣᠨ ᠤ ᠠᠵᠢᠯ᠎ᠤᠨ ᠢᠯᠡᠳᠬᠡᠯ᠎ᠦᠨ ᠲᠤᠬᠠᠢ ᠰᠠᠨᠠᠯ ᠰᠠᠨᠠᠭᠤᠯᠭ᠎ᠠ᠎ᠶᠢ ᠰᠣᠨᠣᠰᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠵᠠᠩ ᠵᠢᠶᠦ᠋ᠨ᠂ ᠮᠠ ᠺᠦᠢ᠂ ᠯᠢᠦ ᠱᠤᠸᠠᠩ᠂ ᠯᠢᠦ ᠴᠢ ᠹᠧᠩ᠂ ᠬᠠᠨ ᠯᠢ ᠮᠢᠨ᠂ ᠮᠦ᠍ ᠶᠤᠸᠠᠢ ᠬᠣᠶ᠂ ᠭᠡᠷᠡᠯ᠂ ᠰᠦᠨ ᠴᠢ᠂ ᠶᠤᠸᠠᠢ ᠶᠣᠣ ᠮᠢᠩ᠂ ᠪᠤᠶᠠᠨᠬᠡᠰᠢᠭ᠂ ᠵᠢᠶᠠ ᠮᠧᠶ ᠯᠢᠨ᠂ ᠯᠢ ᠸᠸᠨ ᠭᠸ᠂ ᠵᠢᠨ ᠮᠠᠨ ᠼᠠᠩ᠂ ᠸᠠᠩ ᠴᠦᠨ ᠰᠢᠶᠠ᠂ ᠶᠠᠩ ᠰᠢᠸ᠋ ᠶᠤᠸᠠᠨ ᠤᠷᠢᠳ ᠬᠣᠵᠢᠳ ᠦᠭᠡ ᠬᠡᠯᠡᠪᠡ᠃

2 ᠰᠠᠷ᠎ᠠ᠎ᠶᠢᠨ 5᠎ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ᠎ᠤ ᠲᠡᠷᠢᠭᠦᠯᠡᠭᠴᠢ ᠪᠤᠤ ᠭᠠᠩ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠡᠲᠡᠭᠡᠳ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠨᠡᠢᠭᠡᠮᠯᠢᠭ᠂ ᠰᠤᠷᠭᠠᠨ ᠬᠥᠮᠦᠵᠢᠯ ᠦᠨ ᠡᠲᠡᠭᠡᠳ᠂ ᠪᠡᠶ᠎ᠡ᠎ᠶᠢᠨ ᠲᠠᠮᠢᠷ᠎ᠤᠨ ᠡᠲᠡᠭᠡᠳ᠎ᠤᠨ ᠳᠤᠭᠤᠢᠯᠠᠩ ᠬᠠᠮᠲᠤᠷᠠᠭᠰᠠᠨ ᠶᠠᠷᠢᠯᠴᠠᠭ᠎ᠠ᠎ᠳᠦ ᠤᠷᠤᠯᠴᠠᠪᠠ᠃
ᠲᠤᠰ ᠰᠣᠨᠢᠨ᠎ᠤ ᠰᠤᠷᠪᠤᠯᠵᠢᠯᠠᠭ᠍ᠴᠢ ᠬᠠᠨ ᠴᠢᠩ ᠯᠢ ᠰᠡᠭᠦᠳᠡᠷᠯᠡᠪᠡ
ᠭᠡᠰᠢᠭᠦᠳ᠎ᠦᠨ ᠬᠡᠯᠡᠬᠦ ᠵᠢ ᠰᠣᠨᠣᠰᠤᠭᠰᠠᠨ᠎ᠤ ᠲᠠᠷᠠᠭ᠎ᠠ᠂ ᠪᠤᠤ ᠭᠠᠩ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢᠨ ᠲᠣᠭᠣᠷᠢᠨ᠎ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠬᠤᠯᠠ ᠦᠢᠯᠡᠳᠦᠯ ᠵᠢᠡᠨ ᠪᠠᠳᠠᠷᠠᠭᠤᠯᠵᠠᠢ ᠭᠡᠪᠡ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠶᠢ ᠡᠭᠦᠳᠬᠦ ᠠᠵᠢᠯ ᠢ ᠳᠡᠭᠡᠳᠦ ᠬᠡᠮᠵᠢᠶ᠎ᠡ᠎ᠪᠡᠷ ᠠᠩᠬᠠᠷᠴᠤ᠂ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶᠠᠨ᠎ᠳᠤ ᠤᠳᠠᠭ᠎ᠠ ᠪᠣᠯᠭᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠶᠠᠷᠢᠵᠤ᠂ ᠪᠢᠳᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠬᠤ᠎ᠳᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠭᠰᠡᠨ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠎ᠶᠢᠨ ᠳᠤᠷᠠᠳᠤᠭᠰᠠᠨ《1571》 ᠠᠵᠢᠯ ᠤᠨ ᠪᠠᠢᠷᠢᠯᠠᠭᠤᠯᠤᠯᠲᠠ ᠶᠢᠨ ᠨᠢᠭᠡᠨ ᠴᠢᠬᠤᠯᠠ ᠡᠭᠦᠷᠭᠡ ᠪᠣᠯ ᠳᠠᠷᠤᠢ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠬᠥᠭᠵᠢᠯᠲᠡ᠎ᠶᠢᠨ ᠴᠢᠬᠤᠯᠠ ᠪᠠᠢᠷᠢᠨ᠎ᠳᠤ ᠲᠠᠯᠪᠢᠭ᠍ᠰᠠᠨ ᠶᠠᠪᠤᠳᠠᠯ ᠪᠣᠯᠣᠨ᠎ᠠ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠶᠢ ᠡᠭᠦᠳᠬᠦ ᠨᠢ ᠨᠥᠬᠥᠴᠡᠯ ᠪᠤᠯᠤᠯᠴᠠᠭ᠎ᠠ᠎ᠲᠠᠢ᠂ ᠦᠨᠳᠦᠰᠦ ᠰᠠᠭᠤᠷᠢ᠎ᠲᠠᠢ ᠪᠠᠢᠵᠤ᠂ ᠶᠡᠬᠡ ᠶᠠᠪᠤᠳᠠᠯ ᠢ ᠪᠦᠲᠦᠭᠡᠵᠦ᠂ ᠵᠢᠳᠬᠦᠯ ᠴᠢᠷᠮᠠᠢᠯᠭ᠎ᠠ ᠭᠠᠷᠭᠠᠵᠤ ᠪᠣᠯᠬᠤ ᠶᠤᠮ ᠭᠡᠪᠡ᠃
ᠪᠤᠤ ᠭᠠᠩ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠨᠠᠢᠳᠠᠪᠤᠷᠢᠵᠢᠭᠤᠯᠬᠤ᠎ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ᠎ᠤᠨ ᠠᠮᠢ ᠠᠬᠤᠢ᠎ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ᠂ ᠡᠨᠧᠷᠭᠢ᠎ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ᠎ᠦᠨ ᠠᠮᠤᠷ ᠲᠦᠪᠰᠢᠨ᠎ᠢ ᠪᠠᠲᠤᠯᠠᠬᠤ᠎ᠵᠢᠨ ᠲᠤᠭᠤᠷᠢᠨ ᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠦᠷᠦᠯ ᠵᠦᠢᠯ ᠢ ᠪᠠᠢᠷᠢᠯᠠᠭᠤᠯᠬᠤ ᠬᠡᠷᠡᠭᠲᠡᠢ᠃ ᠮᠡᠷᠭᠡᠵᠢᠯ᠎ᠦᠨ ᠪᠡᠷᠬᠡ ᠪᠣᠭᠣᠮᠲᠠ᠎ᠶᠢ ᠰᠢᠪᠲᠤᠯᠵᠤ᠂ ᠰᠢᠨ᠎ᠡ ᠡᠨᠧᠷᠭᠢ᠎ᠶᠢ ᠶᠡᠬᠡ ᠬᠡᠪᠴᠢᠶ᠎ᠡ᠎ᠪᠡᠷ ᠰᠢᠩᠭᠡᠭᠡᠬᠦ᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢᠯᠡᠳᠪᠦᠷᠢᠯᠡᠬᠦ᠂ ᠡᠭᠦᠯᠳᠡᠷᠪᠡ ᠦᠷ᠎ᠡ ᠵᠢᠨ ᠦᠢᠯᠡᠰ᠎ᠤᠨ ᠢᠨᠵᠧᠨᠧᠷᠢᠩ᠂ ᠠᠮᠢᠳᠤ ᠪᠣᠳᠠᠰ᠎ᠤᠨ ᠦᠢᠯᠡᠳᠬᠡᠯ᠂ ᠤᠰᠤᠲᠥ᠋ᠷᠥᠭᠴᠢᠵᠢᠭᠤᠯᠤᠨ ᠡᠨ᠋ᠸᠷᠭᠢ ᠨᠦᠭᠡᠴᠡᠯᠡᠬᠦ᠂ ᠬᠣᠪᠣᠷ ᠰᠢᠷᠣᠢ᠂ ᠪᠤᠳᠤᠯᠳᠠ ᠵᠢᠨ ᠬᠦᠴᠦᠨ ᠵᠡᠷᠭᠡ ᠬᠦᠷᠢᠶᠡᠨ᠎ᠳᠦ ᠨᠢᠭᠡ ᠪᠦᠯᠦᠭ ᠵᠠᠩᠭᠢᠯᠠᠭ᠎ᠠ᠎ᠶᠢᠨ ᠮᠡᠷᠭᠡᠵᠢᠯ᠎ᠤᠨ ᠰᠢᠪᠲᠤᠯᠤᠯᠲᠠ ᠵᠢ ᠪᠡᠶᠡᠯᠡᠬᠦᠯᠵᠤ᠂ ᠨᠢᠭᠡ ᠪᠦᠯᠦᠭ ᠳᠡᠭᠡᠳᠦ ᠲᠠᠰ᠎ᠤᠨ ᠦᠢᠯᠡᠳᠬᠦᠨ᠎ᠢ ᠰᠤᠳᠤᠯᠤᠨ ᠨᠡᠭᠡᠭᠡᠵᠦ᠂ ᠨᠢᠭᠡ ᠪᠦᠯᠦᠭ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠥᠮᠴᠢᠯᠡᠯ᠎ᠤᠨ ᠡᠷᠬᠡ ᠶᠢ ᠡᠭᠦᠳᠬᠦ ᠬᠡᠷᠡᠭᠲᠡᠢ᠃ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢ ᠠᠬᠢᠭᠤᠯᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠦᠵᠡᠭᠳᠡᠯ᠎ᠢ ᠶᠡᠬᠡ ᠬᠡᠪᠴᠢᠶ᠎ᠡ᠎ᠪᠡᠷ ᠬᠡᠷᠡᠭᠯᠡᠬᠦ ᠵᠢᠱ᠌ᠢᠶ᠎ᠡ ᠦᠵᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠨᠢᠭᠡ ᠪᠦᠯᠦᠭ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ᠎ᠤ ᠵᠠᠮ᠎ᠤᠨ ᠴᠢᠬᠤᠯᠠ ᠶᠡᠬᠡ ᠬᠡᠷᠡᠭᠯᠡᠭᠡᠨ ᠦ ᠠᠬᠤᠢ ᠦᠵᠡᠭᠳᠡᠯ ᠢ ᠴᠤᠭᠴᠠᠯᠠᠵᠤ᠂ ᠦᠷ᠎ᠡ ᠪᠦᠲᠦᠭᠡᠯ᠎ᠢ ᠣᠨᠳᠣᠣᠰᠢᠭᠤᠯᠬᠤ ᠵᠢᠨ ᠦᠷ᠎ᠡ ᠪᠦᠲᠦᠮᠵᠢ ᠪᠣᠯᠣᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠢᠯᠠᠯ᠎ᠤᠨ ᠭᠣᠣᠯ ᠴᠣᠭᠴᠠ᠎ᠶᠢᠨ ᠪᠠᠢᠷᠢ ᠰᠠᠭᠤᠷᠢ᠎ᠶᠢ ᠴᠢᠩᠭᠠᠳᠬᠠᠵᠤ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠣᠷᠣᠭᠤᠯᠤᠯᠲᠠ᠎ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠢᠯᠠᠯ ᠲᠦᠷᠦᠭᠦᠯᠡᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ ᠪᠠᠶ᠋ᠢᠭᠤᠯᠬᠤ᠂ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ ᠢ ᠡᠭᠦᠷᠭᠡᠯᠡᠬᠦ ᠵᠢ ᠳᠡᠮᠵᠢᠵᠤ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠶᠡᠬᠡ ᠳᠡᠭᠡᠳᠦ ᠰᠤᠷᠭᠠᠭᠤᠯᠢ᠎ᠶᠢᠨ ᠪᠠᠢᠷᠢ ᠲᠣᠭᠲᠠᠭᠠᠯᠲᠠ᠎ᠶᠢ ᠲᠣᠳᠣᠷᠬᠠᠢᠯᠠᠵᠤ᠂ ᠰᠢᠨᠵᠢᠯᠡᠭᠡᠨ ᠦ ᠰᠠᠯᠠᠭ᠎ᠠ ᠶᠢᠨ ᠲᠣᠬᠢᠷᠠᠭᠤᠯᠤᠯᠲᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠢ ᠰᠢᠯᠢᠳᠡᠭᠵᠢᠭᠦᠯᠵᠦ᠂ ᠣᠷᠣᠨ ᠨᠤᠲᠤᠭ᠎ᠤᠨ ᠴᠢᠳᠠᠪᠤᠷᠢᠲᠠᠨ ᠪᠠ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠶᠡᠬᠡ ᠪᠡᠷ ᠬᠥᠮᠥᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠦᠢᠯᠡᠰ᠎ᠦᠨ ᠠᠯᠤᠰ ᠬᠡᠲᠦ ᠶᠢᠨ ᠬᠥᠭᠵᠢᠯᠲᠡ ᠶᠢᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ ᠡᠯ᠎ᠡ ᠵᠦᠢᠯ ᠦᠨ ᠲᠦᠷᠦ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠢᠭᠡᠳᠦᠯᠲᠡᠢ ᠲᠥᠯᠥᠪᠵᠢᠭᠦᠯᠦᠨ ᠨᠡᠢᠳᠬᠡᠵᠤ᠂ ᠨᠠᠢᠳᠠᠪᠤᠷᠢᠵᠢᠭᠤᠯᠬᠤ ᠶᠠᠪᠤᠴᠠ᠎ᠳᠠᠬᠢ ᠲᠦᠭᠵᠢᠷᠡᠯ ᠴᠡᠭ ᠬᠠᠷᠰᠢ ᠰᠠᠭᠠᠳ ᠢ ᠨᠡᠪᠲᠡᠷᠡᠭᠦᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠳᠤ ᠦᠨᠡᠨ ᠬᠦ᠌ ᠬᠦᠨᠳᠦᠳᠬᠡᠭᠳᠡᠬᠦ᠂ ᠬᠠᠢᠷᠠᠯᠠᠭᠳᠠᠬᠤ ᠲᠥᠷᠥᠭᠳᠡᠯ ᠢ ᠣᠯᠭᠣᠬᠤ ᠬᠡᠷᠡᠭᠲᠡᠢ ᠭᠡᠪᠡ᠃
ᠯᠢ ᠳ᠋ᠦᠩ ᠰᠢᠦᠢ᠂ ᠳᠠᠢᠴᠢᠨ᠂ ᠰᠦᠨ ᠵᠢᠶᠦ᠋ᠨ ᠴᠢᠩ᠂ ᠲᠠᠩ ᠢ᠂ ᠯᠥᠸᠧ ᡁᠢ ᠬ᠍ᠤ᠂ ᠴᠡᠴᠡᠭ᠂ ᠸᠧᠢ ᠭᠦᠸᠧ ᠨᠠᠨ᠂ ᠶᠠᠩ ᠵᠢᠶᠧ ᠶᠠᠷᠢᠯᠴᠠᠭ᠎ᠠ᠎ᠳᠤ ᠣᠷᠣᠯᠴᠠᠵᠠᠢ᠃