ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ ᠎ᠤ ᠤᠯᠤᠰ ᠲᠦᠷᠦ᠍ ᠎ᠶ᠋ᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠎ᠤᠨ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ ᠳ᠋ᠤ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ ᠎ᠢ ᠪᠦᠬᠦ᠌ ᠲᠠᠯ᠎ᠠ᠎ᠪᠠᠷ ᠭᠦᠨᠵᠡᠭᠡᠢ ᠪᠣᠳᠠᠲᠠᠢ ᠪᠡᠷ ᠲᠤᠭᠤᠱᠢᠯᠠᠭᠤᠯᠵᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠪᠡᠷ ᠪᠦᠬᠦ᠌ ᠣᠷᠣᠨ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ
2026-02-06 00:55:34
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆


 ᠵᠠᠩ ᠶᠠᠨ ᠺᠦᠨ ᠤᠷᠤᠯᠴᠠᠵᠠᠢ

 

2 ᠰᠠᠷ᠎ᠠ᠎ᠶ᠋ᠢᠨ 5 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠎ᠶ᠋ᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠎ᠤᠨ ᠠᠵᠤ ᠠᠬᠤᠶ ᠎ᠶ᠋ᠢᠨ ᠡᠲᠡᠭᠡᠳ᠂ ᠦᠶ᠋ᠯᠡᠳᠪᠦᠷᠢ ᠬᠤᠳᠠᠯᠳᠤᠭᠠᠨ ᠎ᠤ ᠬᠣᠯᠪᠣᠭ᠎ᠠ᠂ ᠴᠥᠭᠡᠨ  ᠲᠣᠭᠠᠲᠤ  ᠦᠨᠳᠦᠰᠦᠲᠡᠨ  ᠎ᠦ  ᠡᠲᠡᠭᠡᠳ ᠎ᠦᠨ  ᠲᠤᠭᠤᠢᠯᠠᠩ  ᠬᠠᠮᠲᠤᠷᠠᠭ᠍ᠰᠠᠨ  ᠶᠠᠷᠢᠯᠴᠠᠭ᠎ᠠ  ᠎ᠳᠤ  ᠣᠷᠣᠯᠴᠠᠬᠤ ᠎ᠳᠠᠭᠠᠨ  ᠂  ᠶᠡᠷᠦᠩᠬᠡᠶ  ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠠᠳᠠᠯᠢ ᠴᠢᠭ᠌ᠯᠡᠯ᠎ᠢᠶᠡᠷ ᠬᠠᠮᠲᠤ᠎ᠪᠠᠷ ᠤᠷᠤᠭ᠍ᠰᠢᠯᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠵᠢᠨ ᠱᠢᠨ᠎ᠡ ᠠᠯᠬᠤᠮ᠎ᠢ ᠠᠯᠬᠤᠬᠤ᠎ᠶ᠋ᠢ ᠠᠬᠢᠭᠤᠯᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ  ᠲᠤᠬᠠᠢ ᠴᠢᠬᠤᠯᠠ ᠦᠵᠡᠯ ᠰᠠᠨᠠᠭ᠎ᠠ ᠎ᠶ᠋ᠢ  ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠳᠤᠮᠳᠠᠳᠤ  ᠎ᠶ᠋ᠢᠨ  ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ  ᠪᠠᠲᠤ  ᠴᠣᠭ᠍ᠴᠠᠯᠠᠬᠤ  ᠭᠣᠣᠯ ᠱᠢᠵᠢᠮ ᠎ᠢ ᠲᠤᠭᠤᠱᠢᠯᠠᠭᠤᠯᠬᠤ ᠠᠵᠢᠯ ᠎ᠤᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ ᠎ᠦᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠎ᠶ᠋ᠢᠨ ᠬᠥᠭ᠌ᠵᠢᠯᠲᠡ ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠪᠡᠷ ᠪᠦᠬᠦ᠌ ᠣᠷᠣᠨ ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠣᠷᠣᠯᠴᠠᠭᠰᠠᠨ ᠪᠦᠭᠡᠳ ᠦᠭᠡ ᠬᠡᠯᠡᠪᠡ᠃  


QQ20260206-005701.png  


2 ᠰᠠᠷ᠎ᠠ᠎ᠶᠢᠨ 5᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ ᠎ᠶᠢᠨ ᠵᠥᠪᠯᠡᠯᠭᠡᠨ ᠎ᠦ ᠠᠷᠪᠠᠨ ᠭᠤᠷᠪᠠᠳᠤᠭᠠᠷ ᠬᠤᠭᠤᠴᠠᠭᠠᠨ ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠎ᠤᠨ ᠠᠵᠤ ᠠᠬᠤᠢ᠎ᠶᠢᠨ ᠡᠲᠡᠭᠡᠳ᠂ ᠦᠢᠯᠡᠳᠪᠦᠷᠢ ᠬᠤᠳᠠᠯᠳᠤᠭᠠᠨ ᠎ᠤ ᠬᠣᠯᠪᠣᠭ᠎ᠠ᠂ ᠴᠥᠭᠡᠨ ᠲᠣᠭᠠᠲᠤ ᠦᠨᠳᠦᠰᠦᠲᠡᠨ ᠎ᠦ ᠡᠲᠡᠭᠡᠳ ᠎ᠦᠨ ᠳᠤᠭᠤᠢᠯᠠᠩ ᠬᠠᠮᠲᠤᠷᠠᠭᠰᠠᠨ ᠶᠠᠷᠢᠯᠴᠠᠭ᠎ᠠ᠎ᠳᠦ ᠤᠷᠤᠯᠴᠠᠪᠠ᠃ 


  ᠲᠤᠰ ᠰᠣᠨᠢᠨ᠎ᠤ ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ 



ᠬᠤᠷᠠᠯ ᠳᠡᠭᠡᠷ᠎ᠡ᠂ ᠭᠤᠤ ᡁᠢ ᠮᠢᠩ᠂ ᠴᠧᠩ ᠰᠢ᠂ ᠰᠦᠨ ᡁᠢ ᠴᠢᠶᠠᠩ᠂ ᠶᠠᠩ ᠮᠤᠤ ᠱᠧᠩ᠂ ᠰᠦᠨ ᠬᠤᠤ᠂ ᠸᠠᠩ ᠶᠦᠩ ᠯᠸ᠂ ᠠᠨ ᠴᠢᠩ ᠮᠧᠢ᠂ ᠳ᠋ᠦ᠋ ᠹᠸᠩ ᠯᠢᠶᠠᠨ᠂ ᠦ᠋ ᠮᠢᠩ ᠱᠢᠤᠸᠠᠢ᠂ ᠯᠢ ᠬᠣᠩ ᠱᠧᠩ᠂ ᠴᠢ ᠶᠢᠩ᠂ ᠬᠠᠨ ᠫᠢᠩ᠂ ᠸᠠᠩ ᠰᠠᠨ ᠮᠢᠨ᠂ ᠨᠢᠶ᠍ᠸ ᠶᠦᠩ ᠱᠧᠩ ᠵᠡᠷᠭᠡ ᠭᠡᠱᠢᠭᠦᠨ ᠤᠷᠢᠳ ᠬᠣᠵᠢᠳ ᠦᠭᠡ ᠬᠡᠯᠡᠵᠦ᠍᠂ ᠸᠠᠩ ᠸᠧᠢ ᠵᠦᠩ ᠤᠯᠠᠨ᠎ᠤ ᠶᠠᠷᠢᠬᠤ ᠵᠢ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠤᠯᠠᠨ᠎ᠲᠠᠶ ᠶᠠᠷᠢᠯᠴᠠᠨ ᠰᠤᠯᠢᠯᠴᠠᠵᠤ ᠪᠠᠢᠪᠠ᠃ ᠲᠡᠷᠡ᠂ ᠤᠯᠠᠨ᠎ᠤ ᠰᠠᠨᠠᠯ ᠰᠠᠨᠠᠭᠤᠯᠭ᠎ᠠ ᠮᠠᠰᠢ ᠬᠠᠨᠳᠤᠯᠭᠠᠲᠤ ᠴᠢᠨᠠᠷᠲᠠᠢ᠂ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ ᠨᠠᠷᠢᠨ ᠬᠢᠨᠠᠮᠠᠭᠠᠢ ᠰᠤᠳᠤᠯᠤᠨ ᠱᠢᠩᠭᠡᠭᠡᠨ ᠠᠪᠬᠤ ᠬᠡᠷᠡᠭ᠌ᠲᠡᠢ ᠭᠡᠪᠡ᠃    

ᠸᠠᠩ ᠸᠧᠶ ᠵᠥᠩ᠂ ᠵᠠᠩ ᠶᠠᠨ ᠺᠦᠨ ᠨᠥᠬᠥᠷ᠎ᠦᠨ ᠬᠢᠭ᠌ᠰᠡᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠨᠢ ᠠᠵᠢᠯ ᠎ᠢᠶᠠᠨ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠪᠠᠢᠷᠢᠯᠠᠭᠤᠯᠤᠬᠰᠡᠨ ᠡᠭᠦᠷᠭᠡ᠎ᠨᠢ ᠭᠤᠤᠯᠳᠠᠯᠭ᠎ᠠ᠎ᠶ᠋ᠢ ᠳᠣᠪᠣᠢᠯᠭᠠᠵᠤ᠂ ᠲᠥᠪ ᠶᠣᠰᠣ ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠦᠭ᠌ᠰᠡᠨ᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ ᠰᠠᠢᠨ ᠮᠡᠳᠡᠬᠦᠯᠦᠯᠳᠠ ᠪᠣᠯᠵᠠᠶ᠃ ᠣᠢᠷ᠎ᠠ᠎ᠶ᠋ᠢᠨ ᠵᠢᠯ᠎ᠳ᠋ᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠭᠤᠤᠯ ᠠᠵᠢᠯ᠎ᠤᠨ᠎ᠲᠣᠭᠣᠷᠢᠨ ᠎ᠳᠤ ᠶᠡᠬᠡ ᠲᠠᠯ᠎ᠠ᠎ᠳᠤ ᠦᠶ᠋ᠯᠡᠴᠢᠯᠡᠵᠦ᠍᠂ ᠶᠡᠬᠡ ᠬᠡᠮᠵᠢᠶᠡᠨ᠎ᠦ ᠲᠣᠪᠣᠢᠮ᠎ᠠ ᠦᠷ᠎ᠡ ᠪᠦᠲᠦᠮᠵᠢ᠎ᠲᠡᠶ ᠠᠵᠢᠯ ᠬᠢᠵᠦ᠍᠂ ᠠᠮᠵᠢᠯᠲᠠ ᠪᠦᠲᠦᠮᠵᠢ ᠨᠢ ᠭᠦᠶ᠋ᠴᠡᠳ ᠨᠤᠲᠠᠯᠠᠭᠤᠱᠢᠲᠠᠶ ᠪᠠᠢᠨ᠎ᠠ ᠭᠡᠵᠤ ᠵᠢᠭᠠᠵᠤ ᠭᠠᠷᠭᠠᠪᠠ᠃    

ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》 ᠠᠵᠢᠯ᠎ᠤᠨ ᠪᠠᠢᠷᠢᠯᠠᠭᠤᠯᠤᠯᠲᠠ ᠵᠢᠨ ᠲᠡᠷᠢᠬᠦᠨ ᠴᠢᠬᠤᠯᠠ ᠪᠠᠢᠷᠢᠨ ᠳ᠋ᠤ ᠪᠠᠢᠭ᠎ᠠ ᠨᠢ ᠲᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ ᠶᠠᠪᠤᠳᠠᠯ ᠪᠤᠯᠤᠨ᠎ᠠ᠃ ᠢᠩᠭᠢᠵᠦ᠍ ᠬᠢᠬᠦ᠌᠎ᠶ᠋ᠢᠨ ᠵᠣᠷᠢᠯᠭ᠎ᠠ᠎ᠨᠢ ᠤᠷᠤᠨ ᠲᠠᠶᠠᠭᠠᠷ ᠢ᠋ ᠬᠥᠲᠥᠯᠥᠨ ᠵᠢᠯᠣᠭᠣᠳᠴᠤ᠌ ᠤᠯᠤᠰ ᠲᠥᠷᠥ᠎ᠶ᠋ᠢᠨ ᠤᠬᠠᠮᠰᠠᠷ᠎ᠢᠶᠡᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠭᠤᠤᠯ ᠱᠢᠵᠢᠮ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ᠎ᠶ᠋ᠢ ᠡᠯ᠎ᠡ ᠵᠦᠶ᠋ᠯ᠎ᠦᠨ ᠠᠵᠢᠯ᠎ᠳᠠᠭᠠᠨ ᠪᠥᠬᠥ᠌ ᠲᠠᠯ᠎ᠠ᠎ᠪᠠᠷ ᠭᠦᠨᠵᠡᠭᠡᠶ ᠪᠣᠳᠠᠲᠠᠶ᠎ᠪᠠᠷ ᠠᠭᠤᠰᠤᠯᠴᠠᠭᠤᠯᠬᠤ᠎ᠶ᠋ᠢᠨ ᠲᠥᠯᠥᠭᠡ ᠶᠤᠮ᠃ ᠭᠤᠤᠯ ᠱᠢᠵᠢᠮ᠎ᠦᠨ ᠲᠣᠭᠣᠷᠢᠨ᠎ᠳᠤ 《ᠵᠢᠷᠭᠤᠭᠠᠨ ᠶᠡᠬᠡ ᠪᠥᠲᠥᠭᠡᠨ ᠪᠠᠢᠭᠤᠯᠤᠯᠲᠠ》 ᠶ᠋ᠢ ᠠᠬᠢᠭᠤᠯᠬᠤ ᠤᠶᠠᠯᠳᠤᠯ᠎ᠤᠨ ᠴᠡᠭ᠎ᠢ ᠣᠨᠣᠪᠴᠢᠲᠠᠶ ᠡᠷᠢᠵᠦ᠍᠂ ᠠᠵᠢᠯ᠎ᠤᠨ ᠴᠠᠭ ᠬᠡᠮ ᠬᠡᠮᠵᠢᠶ᠎ᠡ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠢᠳᠤᠨ ᠳ᠋ᠤ ᠦᠵᠡᠭᠳᠡᠮ᠎ᠠ ᠰᠡᠳᠬᠢᠯ ᠳ᠋ᠤ ᠰᠠᠭᠤᠬᠳᠠᠮ᠎ᠠ ᠭᠠᠷ ᠲᠤ᠌ ᠪᠠᠷᠢᠬᠳᠠᠮ᠎ᠠ ᠠᠬᠢᠭᠤᠯᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠬᠠᠢᠷ᠎ᠠ ᠬᠠᠯᠠᠮᠵᠢ ᠵᠢ ᠭᠦᠨᠵᠡᠭᠡᠢ ᠤᠬᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠶᠠᠪᠤᠳᠠᠯ ᠲᠡᠦᠬᠡᠨ ᠮᠠᠲ᠋ᠧᠷᠢᠶᠠᠯ᠎ᠢ ᠠᠭᠤᠳᠠᠯᠤᠨ ᠲᠠᠢᠯᠪᠤᠷᠢᠯᠠᠵᠤ᠂ ᠨᠠᠮ᠎ᠤᠨ ᠲᠡᠦᠬᠡ᠎ᠶ᠋ᠢᠨ ᠰᠤᠳᠤᠯᠭᠠᠨ᠎ᠤ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠤ 《ᠲᠠᠪᠤᠨ ᠬᠠᠮᠲᠤ᠎ᠶ᠋ᠢᠨ ᠲᠠᠨᠢᠯᠲᠠ》 ᠵᠢ ᠨᠡᠮᠡᠭ᠌ᠳᠡᠭᠦᠯᠵᠦ᠍᠂ ᠨᠠᠮ᠎ᠤ᠋ᠨ ᠠᠴᠢ ᠳ᠋ᠤ ᠲᠠᠯᠠᠷᠬᠠᠵᠤ ᠨᠠᠮ᠎ᠤᠨ ᠦᠭᠡ᠎ᠶ᠋ᠢ ᠰᠣᠨᠣᠰᠴᠤ᠌ ᠨᠠᠮ᠎ᠢᠶᠠᠨ ᠳᠠᠭᠠᠵᠤ ᠤᠷᠤᠬᠰᠢᠯᠠᠬᠤ ᠵᠢ ᠬᠦᠳᠦᠯᠦᠨ ᠵᠢᠯᠣᠭᠣᠳᠬᠤ ᠬᠡᠷᠡᠭ᠌ᠲᠡᠢ᠃ 《ᠠᠨᠠᠷ ᠎ᠤᠨ ᠦᠷ᠎ᠡ》 ᠬᠥᠮᠦᠨ ᠬᠥᠮᠦᠵᠢᠭᠦᠯᠬᠦ᠌ ᠢᠨᠵᠧᠨᠧᠷᠢᠩ ᠎ᠦᠨ ᠠᠭᠤᠯᠤᠭ᠍ᠳᠠᠬᠤᠨ ᠎ᠢ ᠪᠠᠶᠠᠯᠢᠭ᠍ᠵᠢᠭᠤᠯᠵᠤ᠂ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠲᠤᠬᠠᠶ ᠲᠠᠨᠢᠨ ᠮᠡᠳᠡᠷᠡᠬᠦᠶ ᠬᠠᠮᠳᠤ ᠵᠢᠨ ᠲᠠᠨᠢᠯᠳᠠ ᠵᠢ  ᠴᠢᠩᠭᠠᠳᠭᠠᠬᠤ ᠬᠡᠷᠡᠭ᠌ᠲᠡᠶ᠃ ᠬᠠᠮᠲᠤ ᠎ᠪᠠᠷ ᠰᠠᠭᠤᠷᠢᠱᠢᠬᠤ ᠬᠠᠮᠲᠤ᠎ᠪᠠᠷ ᠰᠤᠷᠤᠯᠴᠠᠬᠤ᠂ ᠬᠠᠮᠲᠤ ᠎ᠪᠠᠷ ᠪᠠᠢᠭᠤᠯᠬᠤ ᠬᠠᠮᠲᠤ ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠬᠤ ᠬᠠᠮᠲᠤ ᠎ᠪᠠᠷ ᠪᠠᠶᠠᠰᠤᠯᠴᠠᠬᠤ ᠨᠡᠢᠭᠡᠮ ᠎ᠦᠨ ᠨᠥᠬᠥᠴᠡᠯ ᠎ᠢ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠦ ᠠᠬ᠎ᠠ ᠳᠡᠭᠦᠦ ᠮᠡᠲᠦ ᠳᠣᠲᠣᠨᠣ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃    

ᠸᠠᠩ ᠸᠧᠢ ᠵᠦᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠂ ᠱᠢᠨ᠎ᠡ ᠵᠠᠮ᠎ᠢ ᠲᠦᠷᠭᠡᠳᠬᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠤᠳᠤ ᠪᠢᠳᠡᠨ᠎ᠳᠦ ᠮᠠᠰᠢ ᠰᠠᠢ᠌ᠨ ᠬᠥᠭ᠌ᠵᠢᠯᠲᠡ᠎ᠶ᠋ᠢᠨ ᠰᠠᠭᠤᠷᠢ᠎ᠲᠠᠶ᠂ ᠯᠤᠲᠤ ᠶᠡᠬᠡ ᠬᠠᠷᠢᠴᠠᠭᠤᠯᠤᠭ᠍ᠰᠠᠨ ᠳᠠᠪᠠᠭᠤᠯᠢᠭ᠎ᠲᠠᠶ᠂ ᠥᠷᠭᠡᠨ ᠠᠭᠤᠳᠠᠮ ᠬᠥᠭ᠌ᠵᠢᠯᠲᠡ᠎ᠶ᠋ᠢᠨ ᠢᠷᠡᠭᠡᠳᠦᠢ᠎ᠲᠡᠶ᠂ ᠮᠠᠰᠢ ᠤᠯᠠᠨ ᠬᠥᠭ᠌ᠵᠢᠯᠲᠡ᠎ᠶ᠋ᠢᠨ ᠠᠵᠠ ᠲᠣᠬᠢᠶᠠᠯ᠎ᠲᠠᠶ ᠪᠣᠯᠬᠣᠷ ᠨᠡᠩ ᠰᠠᠢ᠌ᠨ ᠬᠥᠭ᠌ᠵᠢᠯᠲᠡ᠎ᠶ᠋ᠢ ᠪᠦᠷᠢᠮᠦᠰᠦᠨ ᠪᠡᠶᠡᠯᠡᠭᠦᠯᠵᠦ᠍ ᠴᠢᠳᠠᠬᠤ ᠶᠤᠮ᠃ ᠥᠷᠭᠡᠨ ᠤᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠯ᠎ᠡ ᠵᠦᠢᠯ᠎ᠦᠨ ᠲᠥᠯᠥᠪᠵᠢᠭᠦᠯᠭᠡ᠎ᠶ᠋ᠢ ᠭᠦᠨᠵᠡᠭᠡᠢ ᠰᠤᠳᠤᠯᠵᠤ᠂ ᠡᠭᠦᠨ᠎ᠦ ᠳᠤᠮᠳᠠ᠎ᠡᠴᠡ ᠴᠢᠭ᠌ᠯᠡᠯ᠎ᠢ ᠡᠷᠢᠵᠦ᠍᠂ ᠭᠡᠷᠡᠭᠴᠡᠭᠡ ᠵᠢ ᠡᠷᠢᠵᠦ᠍᠂ ᠰᠢᠨ᠎ᠠ ᠤᠷᠤᠨ ᠵᠠᠢ ᠵᠢ ᠡᠷᠢᠵᠦ᠍᠂ ᠡᠯᠪᠡᠭ ᠪᠠᠶᠠᠯᠢᠭ ᠡᠬᠢ ᠪᠠᠶᠠᠯᠢᠭ᠎ᠢ ᠠᠱᠢᠭ᠍ᠯᠠᠵᠤ᠂ ᠪᠣᠳᠠᠲᠤ ᠴᠣᠭ᠍ᠴᠠ᠎ᠶ᠋ᠢᠨ ᠠᠵᠤ ᠦᠢᠯᠡᠰ᠎ᠢ ᠪᠤᠵᠠᠭᠠᠢᠷᠠᠭᠤᠯᠵᠤ᠂ 《ᠭᠠᠷᠴᠤ ᠶᠠᠪᠤᠬᠤ》ᠠᠯᠬᠤᠭ᠎ᠠ᠎ᠪᠠᠨ ᠲᠦᠷᠭᠡᠳᠭᠡᠵᠦ᠍᠂ ᠠᠵᠤ ᠠᠬᠤᠢ᠎ᠶ᠋ᠢᠨ ᠭᠠᠳᠠᠭᠠᠳᠤ ᠬᠠᠨᠳᠤᠯᠭᠠᠳᠤ ᠲᠦᠪᠱᠢᠨ ᠎ᠢ ᠳᠡᠭᠡᠭ᠌ᠰᠢᠯᠡᠭᠦᠯᠵᠦ᠍᠂ ᠥᠪᠥᠷ ᠮᠣᠩᠭᠣᠯ ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠥᠷᠭᠡᠨ ᠠᠭᠤᠳᠠᠮ ᠣᠷᠣᠨ ᠵᠠᠢ᠎ᠳᠤ ᠡᠷᠳᠡᠮ ᠴᠢᠳᠠᠪᠤᠷᠢ᠎ᠪᠠᠨ ᠪᠠᠳᠠᠷᠠᠭᠤᠯᠬᠤ᠎ᠶ᠋ᠢ ᠬᠦᠰᠡᠵᠦ᠍ ᠪᠠᠢᠨ᠎ᠠ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠰᠠᠢᠨ ᠤᠢᠯᠠᠭᠠᠳᠠᠭ ᠬᠦᠷᠢᠶ᠎ᠡ ᠴᠠᠷᠠᠭ᠎ᠠ ᠪᠣᠯᠤᠨ《ᠪᠣᠭᠣᠮᠢ ᠪᠤᠯᠵᠤ ᠪᠠᠢᠭ᠎ᠠ》ᠭᠣᠭ᠍ᠴᠣᠭ᠎ᠠ᠎ᠳᠤ ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤ ᠪᠣᠭᠣᠮᠲᠠ ᠱᠢᠪᠲᠤᠯᠬᠤ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠠᠵᠤ ᠦᠢᠯᠡᠰ᠎ᠦᠨ ᠬᠥᠭ᠌ᠵᠢᠯᠲᠡ᠎ᠳᠦ ᠬᠦᠴᠤᠨ ᠣᠯᠭᠣᠬᠤ ᠬᠡᠷᠡᠭ᠌ᠲᠡᠢ᠃ ᠰᠠᠨᠠᠭᠠᠴᠢᠯᠠᠭ᠎ᠠ᠎ᠡᠴᠡ᠎ᠪᠠᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠵᠢᠮ᠎ᠡ ᠶᠣᠰᠣᠨ᠎ᠳᠤ ᠵᠣᠬᠢᠴᠠᠵᠤ᠂ ᠤᠳᠤ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠢ ᠲᠦᠷᠭᠡᠳᠭᠡᠨ ᠲᠡᠭᠦᠯᠳᠡᠷᠵᠢᠭᠦᠯᠬᠦ᠌ ᠬᠡᠷᠡᠭ᠌ᠲᠡᠢ᠃ ᠤᠯᠤᠰ᠎ᠢᠶᠡᠨ ᠬᠠᠢᠷᠠᠯᠠᠬᠤ ᠬᠠᠢᠷ᠎ᠠ ᠰᠡᠳᠭᠢᠯᠭᠡ᠎ᠪᠡᠨ ᠴᠢᠩᠭᠠᠳᠭᠠᠵᠤ᠂ ᠨᠡᠢᠭᠡᠮ᠎ᠦᠨ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠢ᠋ ᠥᠷᠨᠢᠭᠦᠯᠬᠦ᠌᠎ᠪᠡᠷ ᠭᠠᠷᠳᠠᠴᠠ ᠪᠣᠯᠭᠠᠨ ᠦᠶ᠋ᠯᠡᠴᠢᠯᠡᠭᠡ ᠪᠠᠲᠤᠯᠠᠭ᠎ᠠ᠎ᠶ᠋ᠢ ᠰᠠᠢᠲᠤᠷ ᠬᠢᠬᠦ᠌ ᠬᠡᠷᠡᠭ᠌ᠲᠡᠶ᠃ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ᠎ᠵᠢᠨ ᠬᠢᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠬᠠᠷᠢᠯᠴᠠᠵᠤ ᠦᠢᠯᠡᠴᠢᠯᠡᠬᠦ᠌ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠶ ᠭᠡᠵᠤ ᠵᠢᠭᠠᠵᠤ ᠭᠠᠷᠭᠠᠪᠠ᠃    

ᠸᠠᠩ ᠸᠧᠢ ᠵᠦᠩ᠂ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠵᠥᠪᠯᠡᠯᠭᠡ ᠬᠢᠵᠦ᠍ ᠵᠠᠰᠠᠭ ᠤ᠋ᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠰᠠᠨᠠᠯ ᠵᠦᠪᠯᠡᠯᠭᠡ ᠲᠤᠷᠠᠳᠤᠨ ᠠᠷᠭ᠎ᠠ ᠤᠬᠭᠠᠨ ᠲᠡᠪᠰᠢᠬᠦᠯᠬᠦ ᠵᠡᠷᠭᠡ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠦᠷᠭᠡᠨ ᠤᠯᠠᠨ ᠤᠯᠤᠰ ᠲᠥᠷᠤ᠎ᠶ᠋ᠢᠨ ᠵᠥᠪᠯᠡᠯᠭᠡᠨ᠎ᠦ ᠭᠡᠱᠢᠭᠦᠨ ᠢ᠋ ᠬᠥᠳᠥᠯᠥᠨ ᠵᠢᠯᠣᠭᠣᠳᠴᠤ᠌ ᠪᠥᠬᠥ᠌ ᠣᠷᠣᠨ᠎ᠤ ᠬᠥᠭ᠌ᠵᠢᠯᠲᠡ᠎ᠶ᠋ᠢ ᠬᠦᠯᠢᠶᠡᠰᠦᠯᠡᠵᠤ ᠪᠠᠢᠭ᠎ᠠ ᠬᠦᠴᠢᠷᠳᠠᠯ᠂ ᠲᠦᠭ᠌ᠵᠢᠷᠡᠯ ᠴᠡᠭ᠎ᠤ᠋ᠨ ᠲᠤᠭᠤᠷᠢᠨ ᠳ᠋ᠤ ᠰᠡᠳᠦᠪ᠎ᠢᠶᠡᠨ ᠨᠠᠷᠢᠨ ᠨᠢᠮᠪᠠᠢ ᠰᠣᠩᠭᠣᠵᠤ᠂ ᠭᠦᠨᠵᠡᠭᠡᠢ ᠪᠠᠢᠴᠠᠭᠠᠨ ᠰᠤᠳᠤᠯᠵᠤ᠂ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ ᠪᠤᠳᠤᠯᠭ᠎ᠠ ᠎ᠶ᠋ᠢ ᠬᠠᠨᠳᠤᠯᠭᠠᠲᠤ ᠴᠢᠨᠠᠷᠲᠠᠢ᠎ᠪᠠᠷ ᠳᠤᠷᠠᠳᠭᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠤᠯᠤᠰ ᠲᠦᠷᠦ᠍ ᠎ᠶ᠋ᠢᠨ ᠵᠥᠪᠯᠡᠯᠭᠡᠨ᠎ᠦ ᠠᠵᠢᠯ᠎ᠢ ᠶᠡᠬᠡ᠎ᠪᠡᠷ ᠳᠡᠮᠵᠢᠵᠦ᠍᠂ ᠭᠡᠱᠢᠭᠦᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠰᠠᠢ᠌ᠨ ᠰᠠᠢᠬᠠᠨ ᠨᠥᠬᠥᠴᠡᠯ ᠪᠦᠷᠢᠯᠳᠦᠭᠦᠯᠵᠦ᠍ ᠥᠭ᠌ᠬᠦ ᠬᠡᠷᠡᠭ᠌ᠲᠡᠢ ᠭᠡᠵᠤ ᠴᠢᠬᠤᠯᠠᠴᠢᠯᠠᠪᠠ᠃    

ᠬᠤᠸᠠᠩ ᡁᠢ ᠴᠢᠶᠠᠩ᠂ ᠬᠦᠤᠳᠠᠭᠤᠯᠠ᠂ ᠢᠦᠢ ᠯᠢ ᠱᠢᠨ᠂ ᠴᠢ᠊ ᠪᠠᠲᠤ᠂ ᠶᠤᠤ ᠶᠦᠩ ᠪᠥᠸᠧ᠂ ᠠᠨ ᠷᠦᠨ ᠱᠧᠩ᠂ ᠵᠠᠩ ᠯᠸᠢ᠂ ᠵᠠᠩ ᠪᠠᠢ ᠴᠧᠩ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号