《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢᠶᠡᠷ ᠵᠠᠮᠨᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠎ᠶ᠋ᠢᠨ ᠥᠪᠥᠷ ᠮᠣᠩᠭᠣᠯ᠎ᠤᠨ ᠲᠤᠬᠠᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ ᠪᠠ ᠬᠥᠭ᠌ᠵᠢᠯᠲᠡ᠎ᠶ᠋ᠢᠨ ᠳᠠᠪᠠᠭᠤᠯᠢᠭ᠎ᠲᠤ ᠰᠠᠭᠤᠷᠢᠯᠠᠨ᠂ 《1571》 ᠠᠵᠢᠯ᠎ᠤᠨ ᠪᠠᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠪᠠᠷ ᠲᠤᠯᠭᠠᠭᠤᠷᠢᠯᠠᠯ ᠪᠣᠯᠭᠠᠵᠤ᠂ ᠳᠣᠯᠣᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢᠶᠠᠷ ᠠᠷᠭ᠎ᠠ ᠵᠠᠮ ᠪᠣᠯᠭᠠᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠪᠠᠷ ᠪᠠᠲᠤᠯᠠᠭ᠎ᠠ ᠪᠣᠯᠭᠠᠵᠤ᠂ ᠭᠦᠨ ᠭᠦᠨᠵᠡᠭᠡᠶ ᠤᠯᠤᠰ ᠲᠥᠷᠥ᠎ᠶ᠋ᠢᠨ ᠪᠣᠳᠣᠯᠬᠢᠯᠠᠯ᠂ ᠱᠢᠨᠵᠢᠯᠡᠬᠦ᠌ ᠤᠬᠠᠭᠠᠨᠴᠢ ᠱᠢᠰᠲ᠋ᠧᠮ᠎ᠤᠨ ᠰᠡᠳᠭᠢᠬᠦᠶ ᠪᠠ ᠪᠣᠳᠠᠲᠠᠶ᠎ᠶ᠋ᠢ ᠡᠷᠬᠢᠮᠯᠡᠭᠰᠡᠨ ᠠᠰᠠᠭᠤᠳᠠᠯ᠎ᠤᠨ ᠤᠳᠤᠷᠢᠳᠤᠮᠵᠢ ᠠᠭᠤᠯᠤᠭ᠍ᠳᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠭᠦᠯᠬᠦ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠦᠷᠭᠡᠨ ᠬᠤᠷᠳᠤᠴᠠ᠎ᠶ᠋ᠢ ᠪᠡᠶᠡᠯᠡᠭᠦᠯᠵᠦ᠂ 《ᠬᠣᠶᠠᠷ ᠲᠠᠯ᠎ᠠ ᠪᠡᠷ ᠪᠦᠬᠦ ᠤᠯᠤᠰ᠎ᠤᠨ ᠲᠡᠭᠡᠲᠤ ᠲᠦᠪᠰᠢᠨ᠎ᠳᠤ ᠲᠣᠭ᠍ᠲᠠᠭᠤᠨ ᠪᠠᠢᠬᠤ》 ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ 《ᠬᠣᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠶ᠋ᠢ ᠪᠠᠲᠤᠯᠠᠬᠤ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ ᠪᠠ ᠪᠥᠬᠥ᠌ ᠲᠠᠯ᠎ᠠ᠎ᠶ᠋ᠢᠨ ᠳᠠᠢᠴᠢᠯᠠᠯᠲᠠ ᠮᠦᠨ᠂ ᠪᠦᠬᠦ᠌ ᠣᠷᠣᠨ᠎ᠤ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠶᠡᠷᠦᠩᠬᠡᠶ ᠭᠠᠷᠳᠠᠴᠠ ᠵᠢ ᠲᠣᠳᠣᠷᠬᠠᠢᠯᠠᠵᠤ᠂ ᠵᠠᠮ ᠱᠤᠭᠤᠮ᠎ᠤᠨ ᠵᠢᠷᠤᠭ᠎ᠢ ᠬᠤᠪᠢᠶᠠᠷᠢᠯᠠᠨ ᠲᠣᠭ᠍ᠲᠠᠭᠠᠵᠤ ᠦᠭᠴᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠳᠣᠲᠣᠭᠠᠳᠤ ᠯᠣᠭᠢᠭ᠎ᠢ ᠭᠦᠨᠵᠡᠭᠡᠶ ᠡᠵᠡᠮᠱᠢᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠭᠤᠤᠯ ᠬᠠᠷᠠᠭᠠᠰᠤ᠎ᠶ᠋ᠢ ᠲᠣᠳᠣᠷᠬᠠᠶ ᠪᠣᠯᠭᠠᠬᠤ᠎ᠨᠢ ᠪᠦᠬᠦ ᠤᠷᠤᠨ ᠲᠠᠶᠠᠭᠠᠷ᠎ᠢᠶᠡᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠠᠵᠢᠯᠯᠠᠭᠠᠨ᠎ᠤ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠥᠪᠥᠷ ᠮᠣᠩᠭᠣᠯ᠎ᠤᠨ ᠱᠢᠨ᠎ᠡ ᠴᠠᠭ ᠦᠶ᠎ᠡ ᠱᠢᠨ᠎ᠡ ᠠᠶᠠᠨ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠴᠢᠬᠤᠯᠠ ᠣᠨᠣᠯ᠎ᠤᠨ ᠦᠨ᠎ᠡ ᠥᠷᠲᠡᠭ ᠪᠠ ᠦᠶ᠋ᠯᠡᠳᠦᠯᠭᠡ᠎ᠶ᠋ᠢᠨ ᠠᠴᠢ ᠬᠣᠯᠪᠣᠭ᠍ᠳᠠᠯ᠎ᠲᠠᠶ ᠶᠤᠮ᠃
《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠶ ᠡᠵᠡᠮᠱᠢᠬᠦ ᠬᠡᠷᠡᠭᠳᠡᠢ
(ᠨᠢᠭᠡ) 《1571》 ᠠᠵᠢᠯ᠎ᠤᠨ ᠪᠠᠢᠷᠢᠯᠠᠭᠤᠯᠤᠯᠲᠠ ᠨᠢ ᠳᠡᠭᠡᠳᠦ ᠬᠡᠮᠵᠢᠶᠡᠨ᠎ᠦ ᠤᠯᠤᠰ ᠲᠦᠷᠦᠴᠢ ᠴᠢᠨᠠᠷ᠎ᠢ ᠢᠯᠡᠷᠡᠭᠦᠯᠪᠡ᠃ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯ ᠴᠢᠬᠤᠯᠠ ᠠᠭᠤᠯᠭ᠎ᠠ ᠨᠢ ᠢᠮᠠᠭ᠍ᠲᠠ ᠤᠯᠤᠰ ᠲᠦᠷᠦ᠍᠎ᠶ᠋ᠢᠨ ᠦᠨᠡᠨᠴᠢ ᠱᠢᠳᠤᠷᠭᠤ ᠪᠠᠢᠬᠤ᠎ᠶ᠋ᠢ ᠪᠦᠬᠦ ᠶᠠᠪᠤᠴᠠ ᠳ᠋ᠤ ᠲᠤᠭᠤᠱᠢᠯᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠬᠠᠮᠠᠭᠠᠯᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠥᠪᠥᠷ ᠮᠣᠩᠭᠣᠯ᠎ᠤᠨ ᠬᠥᠭ᠌ᠵᠢᠯᠲᠡ ᠢᠮᠠᠭ᠍ᠲᠠ ᠨᠠᠮ᠎ᠤᠨ ᠲᠥᠪ ᠬᠤᠷᠢᠶ᠎ᠠ ᠵᠢᠨ ᠵᠢᠭᠠᠭ᠍ᠰᠠᠨ ᠵᠥᠪ ᠴᠢᠭ᠌ᠯᠡᠯ᠎ᠢᠶᠡᠷ ᠯᠠᠪᠳᠠᠭᠤᠨ ᠪᠠᠲᠤᠲᠠᠢ ᠤᠷᠤᠭ᠍ᠰᠢᠯᠠᠬᠤ᠎ᠶ᠋ᠢ ᠪᠠᠲᠤᠯᠠᠬᠤ᠎ᠳᠤ ᠪᠤᠢ᠃ ᠶᠡᠷᠦᠩᠬᠡᠶ ᠱᠦᠵᠢ ᠰᠢ ᠵᠢᠨ ᠫᠢᠩ᠎ᠦᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠮᠥᠨ》 ᠭᠡᠬᠦ᠌ ᠴᠢᠬᠤᠯᠠ ᠶᠡᠬᠡ ᠨᠤᠲᠠᠯᠠᠯᠲᠠ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠭ᠍ᠰᠠᠨ ᠭᠠᠵᠠᠷ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠡᠨᠡ ᠬᠦ᠌ ᠭᠤᠤᠯ ᠱᠢᠵᠢᠮ᠎ᠢ ᠬᠠᠮᠤᠭ᠎ᠤᠨ ᠲᠦᠷᠦᠭᠦᠨ᠎ᠳᠤ ᠲᠠᠯᠪᠢᠨ ᠪᠠᠢᠷᠢᠯᠠᠭᠤᠯᠤᠨ᠂ ᠪᠥᠬᠥ᠌ ᠲᠠᠯ᠎ᠠ᠎ᠶ᠋ᠢ ᠶᠡᠷᠦᠩᠬᠡᠢᠯᠡᠨ ᠵᠢᠯᠤᠭᠤᠳᠴᠤ᠂ ᠦᠨᠳᠦᠰᠦᠲᠡᠨ᠎ᠦ ᠠᠵᠢᠯ᠎ᠤᠨ ᠳᠤᠮᠳᠠ ᠡᠮᠦᠨ᠎ᠡ᠎ᠨᠢ ᠬᠣᠱᠢᠭᠤᠷᠠᠵᠤ᠂ ᠥᠯᠢᠭᠡᠷ ᠳᠠᠭᠤᠷᠢᠶᠠᠯ ᠪᠣᠯᠬᠤ ᠤᠯᠤᠰ ᠲᠥᠷᠥ᠎ᠶ᠋ᠢᠨ ᠵᠣᠭ᠍ᠰᠣᠴᠠ ᠪᠠ ᠬᠠᠷᠢᠭᠤᠴᠠᠯᠭ᠎ᠠ ᠡᠭᠦᠷᠭᠡᠯᠡᠯ᠎ᠢ ᠭᠦᠶ᠋ᠴᠡᠳ ᠢᠯᠡᠷᠡᠭᠦᠯᠪᠡ᠃
《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠤᠯᠤᠰ ᠲᠦᠷᠦᠴᠢ ᠴᠢᠨᠠᠷ ᠨᠢ ᠪᠠᠰᠠ ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠬᠤ ᠳᠡᠭᠡᠷ᠎ᠡ ᠢᠯᠡᠷᠡᠵᠦ᠍ ᠪᠤᠢ ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯ ᠪᠦᠬᠦ᠌ ᠣᠷᠣᠨ᠎ᠤ ᠠᠵᠢᠯ᠎ᠤᠨ ᠦᠨᠳᠦᠰᠦᠨ ᠵᠢᠷᠤᠮᠯᠠᠯ ᠮᠥᠨ᠃ 《1571》 ᠠᠵᠢᠯ᠎ᠤᠨ ᠪᠠᠢᠷᠢᠯᠠᠭᠤᠯᠤᠯᠲᠠ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠪᠥᠬᠥ᠌ ᠬᠡᠯᠬᠢᠶ᠎ᠡ ᠪᠡᠷ ᠠᠬᠢᠭᠤᠯᠬᠤ ᠡᠴᠡ ᠠᠪᠤᠭᠠᠳ ᠨᠠᠮ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠬᠤ ᠬᠦᠷᠲᠡᠯ᠎ᠡ᠂ ᠴᠥᠮ ᠢᠮᠠᠭ᠍ᠲᠠ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠪᠠᠷᠢᠮᠵᠢᠶᠠᠯᠠᠨ ᠬᠠᠷᠭᠤᠭᠤᠯᠵᠤ᠂ ᠥᠪᠥᠷ ᠮᠣᠩᠭᠣᠯ᠎ᠤᠨ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠤᠯᠤᠰ ᠲᠥᠷᠥ᠎ᠶ᠋ᠢᠨ ᠤᠬᠠᠮᠰᠠᠷ᠎ᠢ ᠢᠯᠡᠷᠡᠭᠦᠯᠪᠡ᠃
《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠤᠯᠤᠰ ᠳᠦᠷᠦᠴᠢ ᠴᠢᠨᠠᠷ ᠨᠢ ᠨᠡᠩ ᠴᠤ᠌ ᠨᠠᠮ᠎ᠤᠨ ᠪᠠᠢᠭᠤᠯᠤᠯᠲᠠ᠎ᠪᠠᠷ ᠬᠦᠳᠦᠯᠦᠨ ᠲᠠᠭᠠᠭᠤᠯᠬᠤ ᠵᠢ ᠪᠦᠬᠦ᠌ ᠲᠠᠯ᠎ᠠ᠎ᠶ᠋ᠢ ᠬᠦᠭᠵᠢᠭᠦᠯᠬᠦ ᠦᠨᠳᠦᠰᠦᠨ ᠪᠠᠲᠤᠯᠠᠭ᠎ᠠ ᠪᠤᠯᠭᠠᠬᠰᠠᠨ ᠳᠡᠭᠡᠷ᠎ᠡ ᠢᠯᠡᠷᠡᠵᠦ᠍ ᠪᠤᠢ᠃ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠦᠨᠳᠦᠰᠦᠨ ᠪᠠᠲᠤᠯᠠᠭ᠎ᠠ ᠮᠥᠨ᠂ 《1571》 ᠠᠵᠢᠯ᠎ᠤᠨ ᠪᠠᠢᠷᠢᠯᠠᠭᠤᠯᠤᠯᠲᠠ᠎ᠨᠢ 《ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ》 ᠶ᠋ᠢ ᠬᠠᠮᠤᠭ ᠤᠨ ᠴᠢᠬᠤᠯᠠ ᠰᠠᠭᠤᠷᠢᠯᠠᠯ ᠪᠤᠯᠬᠤ 《1》 ᠪᠣᠯᠭᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠤᠯ ᠵᠠᠩᠭᠢᠯᠠᠭ᠎ᠠ᠎ᠶ᠋ᠢᠨ ᠭᠣᠭ᠍ᠴᠣᠭᠠᠭᠡᠵᠦ ᠱᠢᠭᠤᠳ ᠵᠢᠭᠠᠵᠠᠢ᠄ 《ᠪᠤᠳᠤᠵᠤ ᠰᠠᠨᠠᠬᠰᠠᠨᠢᠶᠡᠷᠢᠶᠡᠨ ᠰᠢᠢᠳᠪᠦᠷᠢᠲᠤ ᠪᠤᠳᠤᠯᠭ᠎ᠠ ᠲᠤᠭᠲᠠᠭᠠᠬᠤ᠂ ᠲᠤᠷ᠎ᠠ ᠵᠤᠷᠢᠭᠢᠶᠡᠷᠢᠶᠡᠨ ᠠᠮᠠᠯᠳᠠᠬᠤ᠂ ᠬᠠᠮᠢᠶ᠎ᠠ ᠦᠬᠡᠢ ᠬᠦᠮᠦᠨ ᠪᠤᠯᠵᠤ ᠵᠠᠢᠯᠠᠨ ᠶᠠᠪᠤᠬᠤ》 ᠦᠵᠡᠭ᠌ᠳᠡᠯ᠎ᠢ ᠡᠷᠡᠰ ᠰᠡᠷᠭᠡᠢᠯᠡᠨ ᠵᠠᠯᠠᠷᠠᠭᠤᠯᠵᠤ᠂ ᠳᠦᠷᠢ ᠲᠥᠷᠬᠦ᠌᠎ᠶ᠋ᠢᠨ ᠢᠨᠵᠧᠨᠧᠷᠢᠩ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ᠎ᠢ ᠡᠷᠡᠰ ᠬᠣᠷᠢᠭ᠍ᠯᠠᠵᠤ᠂ ᠡᠷᠬᠡ ᠲᠥᠪᠯᠡᠷᠡᠭ᠌ᠰᠡᠨ᠂ ᠪᠠᠯᠠ ᠮᠥᠩᠭᠥ᠌ ᠨᠢᠭ᠍ᠲᠠᠷᠠᠭ᠍ᠰᠠᠨ᠂ ᠡᠬᠢ ᠪᠠᠶᠠᠯᠢᠭ ᠲᠦᠪᠯᠡᠷᠡᠭᠰᠡᠨ ᠬᠦᠷᠢᠶᠡᠨ᠎ᠳᠡᠬᠢ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ᠎ᠤᠨ ᠠᠰᠠᠭᠤᠳᠠᠯ ᠪᠠ ᠢᠯᠵᠢᠷᠡᠯ᠎ᠢ ᠵᠡᠷᠬᠡ ᠳ᠋ᠤᠨᠢ ᠪᠠᠢᠴᠠᠭᠠᠵᠤ ᠵᠡᠷᠬᠡ ᠳ᠋ᠤᠨᠢ ᠵᠠᠰᠠᠬᠤ ᠠᠵᠢᠯ᠎ᠢ ᠴᠢᠩᠭᠠᠳᠭᠠᠨ᠎ᠠ᠃ ᠡᠳᠡᠭᠡᠷ ᠠᠷᠭ᠎ᠠ ᠬᠡᠮᠵᠢᠶ᠎ᠡ ᠨᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠤᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠬᠥᠭ᠌ᠵᠢᠯᠲᠡ᠎ᠶ᠋ᠢᠨ ᠰᠠᠢ᠌ᠨ ᠰᠠᠢᠬᠠᠨ ᠣᠷᠴᠢᠨ ᠲᠣᠭᠣᠷᠢᠨ᠎ᠢ ᠪᠦᠷᠢᠯᠳᠦᠭᠦᠯᠬᠦ ᠵᠢ ᠬᠦᠲᠦᠯᠦᠨ ᠵᠢᠯᠤᠭᠤᠳᠴᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠬᠠᠮᠤᠭ᠎ᠤᠨ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠵᠤ᠂ ᠨᠠᠮ᠎ᠤᠨ ᠲᠥᠪ ᠬᠤᠷᠢᠶ᠎ᠠ ᠵᠢᠨ ᠵᠠᠷᠯᠢᠭ ᠵᠢᠭᠠᠪᠦᠷᠢ ᠵᠢᠨ ᠥᠪᠥᠷ ᠮᠣᠩᠭᠣᠯ᠎ᠳᠤ ᠲᠤᠭᠤᠰᠢᠯᠠᠭᠤᠯᠤᠬᠳᠠᠨ ᠨᠠᠢᠳᠠᠪᠦᠷᠢᠵᠢᠭᠤᠯᠤᠬᠳᠠᠵᠤ᠂ ᠦᠷ᠎ᠡ ᠪᠦᠲᠦᠮᠵᠢ ᠤᠯᠬᠤ ᠵᠢ ᠪᠠᠲᠤᠯᠠᠭ᠍ᠰᠠᠨ ᠪᠠᠢᠨ᠎ᠠ᠃
(ᠬᠣᠶᠠᠷ) 《1571》 ᠠᠵᠢᠯ᠎ᠤᠨ ᠪᠠᠢᠷᠢᠯᠠᠭᠤᠯᠤᠯᠲᠠ ᠨᠢ ᠲᠡᠮᠡᠴᠡᠯ᠎ᠦᠨ ᠦᠷᠭᠦᠯᠵᠢᠯᠡᠬᠦ᠌ ᠴᠢᠨᠠᠷ᠎ᠢ ᠢᠯᠡᠷᠡᠭᠦᠯᠪᠡ᠃ 《1571》 ᠠᠵᠢᠯ ᠤᠨ ᠪᠠᠢᠷᠢᠯᠠᠭᠤᠯᠤᠯᠲᠠ ᠨᠢ ᠬᠡᠢ ᠬᠣᠭᠣᠰᠣᠨ ᠢᠶᠠᠷ ᠪᠤᠢ ᠪᠤᠯᠤᠬᠰᠠᠨ ᠪᠠᠢᠯᠳᠤᠬᠤ ᠪᠤᠳᠤᠯᠭ᠎ᠠ ᠶ᠋ᠢᠨ ᠪᠣᠳᠣᠯᠬᠢᠯᠠᠯ ᠪᠢᠰᠢ ᠂ ᠬᠠᠷᠢᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠣᠯ᠎ᠤᠨ ᠤᠷᠳᠤ ᠬᠤᠭᠤᠴᠠᠭᠠᠨ᠎ᠤ ᠬᠥᠭ᠌ᠵᠢᠯᠲᠡ᠎ᠶ᠋ᠢᠨ ᠦᠢᠯᠡᠳᠦᠯᠭᠡ᠎ᠶ᠋ᠢᠨ ᠰᠠᠭᠤᠷᠢᠨ ᠳᠡᠭᠡᠷ᠎ᠡ ᠤᠷᠢᠳᠤᠬᠢ ᠵᠢ ᠵᠠᠯᠭᠠᠮᠵᠢᠯᠠᠨ ᠱᠢᠨ᠎ᠡ᠎ᠶ᠋ᠢ ᠡᠭᠦᠳᠴᠦ᠍᠂ 《ᠨᠢᠭᠡ ᠪᠦᠳᠦᠨ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ》 ᠲᠡᠦᠬᠡ᠎ᠶ᠋ᠢᠨ ᠡᠭᠦᠷᠭᠡᠯᠡᠯ ᠪᠠ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠱᠢᠨ᠎ᠡ ᠬᠠᠭᠤᠳᠠᠰᠤ᠎ᠶ᠋ᠢ ᠲᠥᠯᠥᠪᠵᠢᠭᠦᠯᠬᠦ᠌ ᠤᠷᠤᠭ᠍ᠰᠢᠯᠠᠨ ᠲᠠᠪᠱᠢᠬᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠦᠷᠭᠦᠯᠵᠢᠯᠡᠬᠦ᠌ ᠴᠢᠨᠠᠷ ᠪᠠ ᠬᠥᠭ᠌ᠵᠢᠯᠲᠡ᠎ᠶ᠋ᠢᠨ ᠱᠢᠨ᠎ᠡ᠎ᠶ᠋ᠢ ᠡᠭᠦᠳᠬᠦ᠌ ᠴᠢᠨᠠᠷ᠎ᠤᠨ ᠣᠷᠭᠠᠨᠢᠭ ᠨᠢᠭᠡᠳᠦᠯ᠎ᠢ ᠪᠡᠶᠡᠯᠡᠭᠦᠯᠪᠡ᠃
ᠬᠥᠭ᠌ᠵᠢᠯᠲᠡ᠎ᠶ᠋ᠢᠨ ᠰᠠᠭᠤᠷᠢ᠎ᠡᠴᠡ ᠦᠵᠡᠪᠡᠯ᠂ 《1571》 ᠠᠵᠢᠯ᠎ᠤᠨ ᠪᠠᠢᠷᠢᠯᠠᠭᠤᠯᠤᠯᠲᠠ ᠨᠢ ᠥᠪᠥᠷ ᠮᠣᠩᠭᠣᠯ᠎ᠤᠨ ᠨᠠᠮ ᠪᠠ ᠤᠯᠤᠰ᠎ᠤᠨ ᠬᠦᠨᠳᠦ ᠡᠭᠦᠷᠭᠡ ᠪᠤᠯᠤᠨ ᠴᠠᠭ ᠦᠶ᠎ᠡ᠎ᠶ᠋ᠢᠨ ᠡᠭᠦᠷᠭᠡ᠎ᠶ᠋ᠢ ᠡᠭᠦᠷᠭᠡᠯᠡᠵᠦ᠍ ᠪᠠᠢᠭ᠎ᠠ ᠲᠡᠮᠡᠴᠡᠯ᠎ᠦᠨ ᠰᠤᠳᠠᠰᠤ᠎ᠶ᠋ᠢ ᠵᠠᠯᠭᠠᠨ ᠦᠷᠬᠦᠯᠵᠢᠯᠡᠬᠦᠯᠪᠡ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠪᠣᠯ ᠥᠪᠥᠷ ᠮᠣᠩᠭᠣᠯ᠎ᠤᠨ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ᠌ ᠭᠣᠣᠯ ᠡᠭᠦᠷᠭᠡ ᠬᠠᠷᠢᠭᠤᠴᠠᠯᠭ᠎ᠠ ᠪᠣᠯᠤᠨ᠎ᠠ᠃ 《1571》 ᠠᠵᠢᠯ᠎ᠤᠨ ᠪᠠᠢᠷᠢᠯᠠᠭᠤᠯᠤᠯᠲᠠ ᠨᠢ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠪᠠᠷ ᠭᠣᠣᠯ ᠠᠭᠤᠯᠭ᠎ᠠ ᠪᠣᠯᠭᠠᠵᠤ᠂ ᠥᠩᠭᠡᠷᠡᠭ᠌ᠰᠡᠨ᠎ᠦ ᠴᠢᠷᠮᠠᠢᠯᠭ᠎ᠠ ᠲᠠᠮᠡᠴᠡᠯ᠎ᠢᠶᠡᠨ ᠪᠡᠬᠢᠵᠢᠭᠦᠯᠦᠨ ᠦᠷᠭᠦᠯᠵᠢᠯᠡᠭᠦᠯᠬᠦ᠌᠎ᠪᠡᠷ ᠪᠠᠷᠠᠬᠤ ᠦᠭᠡᠢ᠂ ᠨᠡᠩ ᠴᠤ᠌ ᠱᠢᠨ᠎ᠡ ᠬᠥᠭ᠌ᠵᠢᠯᠲᠡ᠎ᠶ᠋ᠢᠨ ᠱᠠᠲᠤᠨ᠎ᠤ ᠶᠠᠰᠤ ᠴᠢᠨᠠᠷ᠎ᠤᠨ ᠳᠡᠭᠡᠭ᠌ᠰᠢᠯᠡᠯᠳᠠ ᠦᠷ᠎ᠡ ᠠᠰᠢᠭ᠎ᠤᠨ ᠨᠡᠮᠡᠭ᠌ᠳᠡᠯ ᠪᠣᠯᠤᠨ᠎ᠠ᠃ ᠱᠢᠨ᠎ᠡ ᠭᠠᠷᠤᠭ᠎ᠠ ᠱᠢᠨ᠎ᠡ ᠠᠶᠠᠨ᠎ᠳᠤ᠂ ᠥᠪᠥᠷ ᠮᠣᠩᠭᠣᠯ ᠢᠮᠠᠭ᠍ᠲᠠ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠡᠷᠡᠭ᠌ᠴᠡᠭᠡ᠎ᠶ᠋ᠢ ᠪᠠᠲᠤ ᠡᠵᠡᠮᠳᠡᠵᠦ᠂ ᠳᠤᠷᠠᠳᠤᠨ ᠭᠠᠷᠭᠠᠬᠰᠠᠨ 《1571》 ᠠᠵᠢᠯ᠎ᠤᠨ ᠪᠠᠢᠷᠢᠯᠠᠭᠤᠯᠤᠯᠲᠠ ᠨᠢ ᠦᠷᠭᠦᠯᠵᠢᠯᠡᠨ ᠲᠡᠮᠡᠴᠡᠬᠦ᠌ ᠳᠤᠮᠳᠠ ᠣᠷᠣᠨ ᠪᠠᠢᠷᠢ᠎ᠶ᠋ᠢᠨ ᠳᠠᠪᠠᠭᠤᠯᠢᠭ᠂ ᠤᠤᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠪᠡᠶᠡᠯᠡᠭᠦᠯᠬᠦ᠌ ᠠᠷᠭ᠎ᠠ ᠵᠠᠮ᠎ᠢ ᠴᠢᠨᠠᠭ᠍ᠰᠢᠳᠠ ᠨᠠᠷᠢᠯᠢᠬ᠍ᠵᠢᠭᠤᠯᠵᠦ᠍᠂ ᠨᠠᠮ ᠪᠣᠯᠤᠨ ᠤᠯᠤᠰ᠎ᠤᠨ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠳᠤ ᠨᠡᠩ ᠶᠡᠬᠡ ᠭᠠᠷᠳᠡᠴᠡ ᠲᠠᠢ ᠪᠣᠯᠭᠠᠵᠠᠢ᠃
ᠴᠠᠭ ᠦᠶ᠎ᠡ᠎ᠶ᠋ᠢᠨ ᠱᠠᠭᠠᠷᠳᠠᠯᠭ᠎ᠠ᠎ᠡᠴᠡ ᠦᠵᠡᠪᠡᠯ᠂ 《1571》 ᠠᠵᠢᠯ᠎ᠤᠨ ᠪᠠᠢᠷᠢᠯᠠᠭᠤᠯᠤᠯᠲᠠ ᠨᠢ ᠱᠢᠨ᠎ᠡ ᠱᠠᠲᠤᠨ᠎ᠤ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠬᠠᠷᠢᠭᠤᠯᠲᠠ ᠥᠭ᠌ᠴᠡᠶ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠱᠢᠨ᠎ᠡ ᠠᠵᠠ ᠲᠣᠬᠢᠶᠠᠯ ᠱᠢᠨ᠎ᠡ ᠥᠷᠢᠰᠥᠯᠳᠦᠭᠡᠨ᠎ᠦ ᠡᠮᠦᠨ᠎ᠡ᠂《1571》 ᠠᠵᠢᠯ᠎ᠤᠨ ᠪᠠᠢᠷᠢᠯᠠᠭᠤᠯᠤᠯᠲᠠ᠎ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠲᠤᠴᠢ ᠴᠢᠨᠠᠷᠲᠠᠶ ᠣᠨᠴᠠᠯᠢᠭᠲᠤ ᠰᠠᠭᠤᠷᠢᠯᠠᠵᠤ᠂ ᠵᠠᠯᠭᠠᠮᠵᠢᠯᠠᠬᠤ ᠳᠤᠮᠳᠠ ᠱᠢᠨ᠎ᠡ᠎ᠶ᠋ᠢ ᠡᠭᠦᠳᠪᠡ᠃ ᠵᠢᠱ᠌ᠢᠶᠡᠯᠡᠪᠡᠯ᠂ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠠᠯ᠎ᠠ᠎ᠪᠠᠷ᠂ ᠡᠨᠧᠷᠭᠢ᠂ ᠲᠠᠷᠢᠶᠠᠯᠠᠩ ᠮᠠᠯ ᠠᠵᠤ ᠠᠬᠤᠶ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠶ᠋ᠯᠡᠰ᠎ᠢ ᠭᠦᠨᠵᠡᠭᠡᠢᠷᠡᠬᠦᠯᠦᠨ ᠬᠦᠭᠵᠢᠬᠦᠯᠬᠦ ᠴᠢᠭᠯᠡᠯ᠎ᠢ ᠦᠷᠭᠦᠯᠵᠢᠯᠡᠭᠦᠯᠬᠦ᠌᠎ᠪᠡᠷ ᠪᠠᠷᠠᠬᠤ ᠥᠬᠡᠶ᠂ ᠪᠠᠰᠠ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠨᠡᠭᠦᠷᠡᠰᠦ ᠵᠡᠷᠭᠡ ᠤᠯᠠᠮᠵᠢᠯᠠᠯᠲᠤ ᠡᠬᠢ ᠪᠠᠶᠠᠯᠢᠭ᠎ᠢ ᠳᠡᠭᠡᠳᠦ ᠲᠠᠰ᠎ᠤᠨ ᠥᠷᠲᠡᠭ᠎ᠦᠨ ᠬᠡᠯᠬᠢᠶ᠎ᠡ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠰᠠᠯᠬᠢᠨ ᠬᠦᠴᠦᠨ᠎ᠤ᠋ ᠴᠠᠬᠢᠯᠭᠠᠨ᠂ ᠬᠡᠷᠡᠯᠴᠢ ᠴᠡᠨᠡᠭ᠎ᠦᠨ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠵᠤ᠂ ᠪᠤᠳᠤᠯᠳᠠ᠎ᠵᠢᠨ ᠬᠦᠴᠦᠨ᠎ᠤ ᠡᠬᠢ ᠪᠠᠶᠠᠯᠢᠭ ᠪᠠ ᠴᠠᠬᠢᠯᠭᠠᠨ ᠬᠦᠴᠦᠨ᠎ᠤ ᠰᠢᠰᠲᠸᠮ᠎ᠤᠨ ᠬᠠᠮᠵᠢᠯᠴᠠᠭ᠎ᠠ᠂ ᠤᠢᠷ᠎ᠠ ᠤᠭᠲᠠᠷᠭᠤᠢ᠎ᠵᠢᠨ ᠠᠵᠤ ᠠᠬᠤᠶ ᠵᠡᠷᠭᠡ ᠱᠢᠨ᠎ᠡ᠎ᠪᠡᠷ ᠮᠠᠨᠳᠤᠭ᠍ᠰᠠᠨ ᠬᠦᠷᠢᠶ᠎ᠡ᠎ᠶ᠋ᠢ ᠬᠥᠭ᠌ᠵᠢᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠦᠨ ᠲᠠᠰ ᠳᠡᠪᠱᠢᠬᠦ᠌ ᠪᠠ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠬᠤ᠎ᠶ᠋ᠢ ᠵᠡᠷᠭᠡ᠎ᠪᠡᠷ ᠶᠠᠪᠤᠭ᠍ᠳᠠᠭᠤᠯᠬᠤ᠎ᠶ᠋ᠢ ᠪᠡᠶᠡᠯᠡᠭᠦᠯᠪᠡ; ᠨᠡᠭᠡᠭᠡᠯᠲᠡᠲᠦ ᠬᠥᠭ᠌ᠵᠢᠯᠲᠡ᠎ᠶ᠋ᠢᠨ ᠲᠠᠯ᠎ᠠ᠎ᠪᠠᠷ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠬᠢᠯᠢ᠎ᠶ᠋ᠢᠨ ᠪᠣᠭᠣᠮᠲᠠ ᠪᠣᠯᠤᠨ ᠳᠣᠲᠣᠷ᠎ᠠ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠳᠡᠰ ᠳᠠᠪᠬᠤᠷᠭ᠎ᠠ ᠪᠣᠯᠤᠨ ᠲᠦᠪᠱᠢᠨ᠎ᠢ ᠱᠢᠨ᠎ᠡ ᠳᠡᠭ᠌ᠲᠡᠷ᠎ᠲᠦ ᠭᠠᠷᠭᠠᠵᠤ᠂ ᠦᠷᠭᠦᠯᠵᠢᠯᠡᠨ ᠲᠡᠮᠡᠴᠡᠬᠦ᠌ ᠳᠤᠮᠳᠠ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ ᠬᠥᠭ᠌ᠵᠢᠯᠲᠡ᠎ᠶ᠋ᠢᠨ ᠤᠶᠤᠨ ᠤᠬᠠᠭᠠᠨ᠎ᠢ ᠢᠯᠡᠷᠡᠭᠦᠯᠪᠡ᠃
(ᠭᠤᠷᠪᠠ) 《1571》 ᠠᠵᠢᠯ᠎ᠤᠨ ᠪᠠᠢᠷᠢᠯᠠᠭᠤᠯᠤᠯᠲᠠ ᠨᠢ ᠪᠠᠢᠷᠢᠰᠢᠭᠤᠯᠤᠯᠲᠠ᠎ᠶ᠋ᠢᠨ ᠱᠢᠰᠲ᠋ᠧᠮᠲᠦ ᠴᠢᠨᠠᠷ᠎ᠢ ᠢᠯᠡᠷᠡᠭᠦᠯᠪᠡ᠃ 《1571》 ᠠᠵᠢᠯ᠎ᠤᠨ ᠪᠠᠢᠷᠢᠯᠠᠭᠤᠯᠤᠯᠲᠠ᠎ᠨᠢ ᠱᠢᠰᠲ᠋ᠧᠮ᠎ᠤᠨ ᠰᠡᠳᠭᠢᠬᠦᠶ᠎ᠪᠡᠷ ᠪᠥᠬᠥ᠌ ᠲᠠᠯ᠎ᠠ᠎ᠶ᠋ᠢ ᠲᠥᠯᠥᠪᠵᠢᠭᠦᠯᠵᠦ᠍᠂ ᠠᠷᠭ᠎ᠠ ᠬᠡᠮᠵᠢᠶ᠎ᠡ ᠲᠣᠭ᠍ᠲᠠᠭᠠᠨ᠂ 《ᠭᠤᠤᠯ ᠱᠢᠵᠢᠮ᠎ᠢᠶᠡᠷ ᠬᠥᠲᠥᠯᠥᠨ ᠳᠠᠭᠠᠭᠤᠯᠬᠤ᠂ ᠪᠠᠢᠯᠳᠤᠬᠤ ᠪᠣᠳᠣᠯᠭ᠎ᠠ᠎ᠪᠠᠷ ᠲᠤᠯᠭᠠᠭᠤᠷᠢᠯᠠᠬᠤ᠂ ᠭᠤᠤᠯᠳᠠᠯᠭ᠎ᠠ᠎ᠲᠠᠶ ᠱᠢᠪᠲᠤᠯᠬᠤ᠂ ᠪᠠᠲᠤᠯᠠᠭ᠎ᠠ ᠵᠢᠨ ᠦᠨᠳᠦᠰᠦᠨ ᠵᠦᠶ᠋ᠯ᠎ᠢ ᠪᠠᠲᠤᠯᠠᠬᠤ》 ᠪᠦᠷᠢᠨ ᠪᠦᠲᠦᠨ ᠠᠵᠢᠯ᠎ᠤᠨ ᠱᠢᠰᠲ᠋ᠧᠮ᠎ᠢ ᠪᠠᠢᠭᠤᠯᠵᠤ᠂ ᠡᠯ᠎ᠡ ᠬᠡᠰᠡᠭ᠎ᠨᠢ ᠬᠠᠷᠢᠯᠴᠠᠨ ᠵᠣᠯᠭᠠᠯᠴᠠᠵᠤ᠂ ᠬᠠᠷᠢᠯᠴᠠᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠡᠯ᠎ᠡ ᠬᠦᠷᠢᠶ᠎ᠡ ᠴᠠᠷᠠᠭ᠎ᠠ᠎ᠶ᠋ᠢ ᠬᠠᠮᠤᠷᠤᠭ᠍ᠰᠠᠨ᠂ ᠱᠢᠨᠵᠢᠯᠡᠬᠦ᠌ ᠤᠬᠠᠭᠠᠨᠴᠢ ᠪᠠᠢᠷᠢᠱᠢᠭᠤᠯᠤᠯᠲᠠ᠎ᠶ᠋ᠢ ᠢᠯᠡᠷᠡᠭᠦᠯᠦᠭ᠌ᠰᠡᠨ ᠱᠢᠰᠲ᠋ᠧᠮᠲᠦ ᠴᠢᠨᠠᠷᠲᠠᠶ ᠳᠠᠪᠠᠭᠤᠯᠢᠭ᠎ᠢ ᠪᠦᠷᠢᠯᠳᠦᠭᠦᠯᠪᠡ᠃
ᠬᠥᠭ᠌ᠵᠢᠯᠲᠡ᠎ᠶ᠋ᠢᠨ ᠯᠣᠭᠢᠭ᠎ᠡᠴᠡ ᠦᠵᠡᠪᠡᠯ᠂ 《1 + 5 + 7 + 1》 ᠵᠢᠨ ᠬᠥᠭ᠌ᠵᠢᠯᠲᠡ᠎ᠶ᠋ᠢᠨ ᠪᠣᠷᠣ ᠲᠥᠯᠥᠪ ᠨᠢ ᠣᠷᠭᠠᠨᠢᠭ ᠪᠦᠬᠦᠯᠢ ᠴᠣᠭ᠍ᠴᠠ᠎ᠶ᠋ᠢ ᠪᠦᠷᠢᠯᠳᠦᠭᠦᠯᠵᠡᠢ᠃ ᠨᠢᠭᠡᠳᠦᠭᠡᠷ 《1》 ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠲᠣᠳᠣᠷᠬᠠᠢᠯᠠᠵᠤ᠂ ᠡᠯ᠎ᠡ ᠵᠦᠶ᠋ᠯ᠎ᠦᠨ ᠠᠵᠢᠯ᠎ᠳᠤ ᠥᠷᠲᠡᠭ᠎ᠦᠨ ᠵᠢᠯᠣᠭᠣᠳᠤᠮᠵᠢ ᠪᠠ ᠴᠢᠭᠯᠡᠯ᠎ᠦᠨ ᠵᠢᠷᠤᠮᠯᠠᠯ ᠬᠠᠩᠭᠠᠵᠤ᠂ ᠬᠥᠭ᠌ᠵᠢᠯᠲᠡ᠎ᠶ᠋ᠢᠨ ᠬᠡᠯᠪᠡᠢᠬᠦ᠌ ᠥᠬᠡᠶ᠂ ᠥᠭᠡᠷᠡᠲᠦᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ; 《5》 ᠬᠡᠳᠡᠭ ᠨᠢ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠨᠢ ᠤᠯᠤᠰ᠎ᠤᠨ ᠶᠡᠬᠡ ᠲᠠᠯ᠎ᠠ ᠪᠠ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠥᠭ᠌ᠵᠢᠯᠲᠡ᠎ᠶ᠋ᠢᠨ ᠭᠤᠤᠯ ᠬᠦᠷᠢᠶ᠎ᠡ ᠴᠠᠷᠠᠭ᠎ᠠ᠎ᠶ᠋ᠢ ᠬᠤᠪᠢᠶᠠᠷᠢᠯᠠᠨ ᠲᠣᠭ᠍ᠲᠠᠭᠠᠵᠤ᠂ ᠪᠥᠬᠥ᠌ ᠲᠠᠯ᠎ᠠ᠎ᠳᠤ ᠦᠶ᠋ᠯᠡᠴᠢᠯᠡᠬᠦ᠌ ᠵᠠᠩᠭᠢᠯᠠᠭ᠎ᠠ᠎ᠶ᠋ᠢᠨ ᠭᠠᠷᠳᠡᠴᠡ ᠪᠣᠯᠤᠨ᠎ᠠ; 《7》 ᠵᠢᠨ ᠵᠢᠭᠠᠵᠤ ᠪᠠᠢᠭ᠎ᠠ ᠨᠢ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠨᠢ ᠠᠵᠤ ᠦᠶ᠋ᠯᠡᠰ᠎ᠦᠨ ᠱᠢᠰᠲ᠋ᠧᠮ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠵᠠᠬ᠎ᠠ ᠳᠡᠯᠭᠡᠭᠦᠷ᠎ᠢ ᠵᠣᠯᠭᠠᠭᠤᠯᠬᠤ᠂ ᠪᠠᠢᠭᠤᠯᠤᠯ᠎ᠤᠨ ᠥᠭᠡᠷᠡᠴᠢᠯᠡᠯᠲᠡ᠂ ᠣᠷᠣᠨ ᠪᠦᠰᠡ᠎ᠶ᠋ᠢᠨ ᠪᠠᠢᠷᠢᠱᠢᠭᠤᠯᠤᠯᠲᠠ᠂ ᠰᠣᠶᠣᠯ᠎ᠤᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠶ᠂ ᠤᠯᠤᠰ ᠲᠥᠷᠥ᠍᠂ ᠰᠣᠶᠣᠯ᠂ ᠨᠡᠢᠭᠡᠮ᠂ ᠠᠮᠢ ᠠᠬᠤᠶ ᠵᠡᠷᠭᠡ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠠᠷᠭ᠎ᠠ ᠵᠠᠮ ᠪᠣᠯᠤᠨ᠎ᠠ; ᠬᠣᠶᠠᠳᠤᠭᠠᠷ 《1》 ᠨᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦᠢᠯᠡ ᠱᠢᠰᠲ᠋ᠧᠮ᠎ᠳᠦ ᠦᠨᠳᠦᠰᠦᠨ ᠪᠠᠲᠤᠯᠠᠭ᠎ᠠ ᠬᠠᠩᠭᠠᠵᠤ᠂ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠦᠴᠦᠯᠡᠬᠦ᠌᠎ᠶ᠋ᠢ ᠪᠠᠲᠤᠯᠠᠪᠠ᠃
ᠦᠢᠯᠡᠳᠦᠯᠭᠡ᠎ᠶᠢᠨ ᠲᠠᠯ᠎ᠠ᠎ᠡᠴᠡ ᠠᠪᠴᠤ ᠦᠵᠡᠪᠡᠯ᠂ 《1571》 ᠠᠵᠢᠯ᠎ᠤᠨ ᠪᠠᠢᠷᠢᠯᠠᠭᠤᠯᠤᠯᠲᠠ ᠨᠢ ᠭᠣᠣᠯᠳᠠᠯᠭ᠎ᠠ᠎ᠲᠠᠢ ᠰᠢᠪᠲᠤᠯᠤᠯᠲᠠ ᠬᠢᠬᠦ ᠪᠠ ᠪᠦᠬᠦ ᠤᠷᠤᠨ ᠪᠦᠰᠡ ᠵᠢᠨ ᠳᠡᠭᠡᠭᠰᠢᠯᠡᠯᠲᠡ᠎ᠶᠢᠨ ᠣᠷᠭᠠᠨᠢᠭ᠋ ᠨᠢᠭᠡᠳᠦᠯ᠎ᠢ ᠪᠡᠶᠡᠯᠡᠭᠦᠯᠪᠡ᠃ ᠪᠦᠬᠦ ᠲᠠᠯ᠎ᠠ᠎ᠶᠢᠨ ᠴᠢᠨᠠᠷᠲᠠᠢ ᠲᠥᠯᠦᠪᠵᠢᠭᠦᠯᠭᠡ᠎ᠶᠢ ᠴᠢᠬᠤᠯᠠᠴᠢᠯᠠᠪᠠ᠂ ᠵᠢᠱ᠌ᠢᠶᠡᠯᠡᠪᠡᠯ ᠣᠷᠣᠨ ᠪᠦᠰᠡ᠎ᠶᠢᠨ ᠠᠵᠤ ᠠᠬᠤᠢ᠎ᠶᠢᠨ ᠪᠠᠢᠷᠢᠰᠢᠭᠤᠯᠤᠯᠲᠠ᠎ᠶᠢ ᠰᠢᠯᠢᠳᠡᠭᠵᠢᠭᠦᠯᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠲᠠᠢ ᠭᠦᠨᠵᠡᠭᠡᠢ ᠵᠣᠯᠭᠠᠭᠤᠯᠵᠤ᠂ ᠡᠯ᠎ᠡ ᠠᠢᠮᠠᠭ ᠬᠤᠳᠠ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠵᠤ᠂ ᠪᠦᠬᠦ ᠤᠯᠤᠰ᠎ᠤᠨ ᠬᠥᠭᠵᠢᠯᠲᠡ᠎ᠶᠢᠨ ᠪᠠᠢᠷᠢᠰᠢᠯ᠎ᠳᠤ ᠠᠭᠤᠰᠤᠯᠴᠠᠨ᠎ᠠ; ᠪᠠᠰᠠ ᠭᠣᠣᠯᠳᠠᠯᠭ᠎ᠠ᠎ᠲᠠᠢ ᠬᠦᠷᠢᠶᠡᠨ᠎ᠦ ᠪᠣᠭᠣᠮᠲᠠ ᠰᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠪᠡ᠂ ᠵᠢᠱ᠌ᠢᠶᠡᠯᠡᠪᠡᠯ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠎ᠶᠢ ᠲᠦᠷᠭᠡᠳᠬᠡᠵᠦ᠂ ᠰᠢᠨ᠎ᠡ ᠡᠨᠧᠷᠭᠢ᠂ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ ᠵᠡᠷᠭᠡ ᠳᠠᠪᠠᠭᠤᠯᠢᠭ᠋ ᠬᠦᠷᠢᠶᠡᠨ᠎ᠦ ᠲᠣᠭᠣᠷᠢᠨ᠎ᠳᠤ ᠴᠢᠬᠤᠯᠠ ᠶᠡᠬᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠦᠷᠦᠯ ᠵᠦᠢᠯ᠎ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠢᠨ ᠲᠤᠲᠠᠭᠤᠳᠠᠯᠢ ᠨᠥᠬᠥᠪᠦᠷᠢᠯᠡᠪᠡ; ᠡᠭᠦᠨ᠎ᠦ ᠵᠡᠷᠭᠡ᠎ᠳᠦ ᠬᠤᠳᠠ ᠬᠥᠳᠡᠭᠡ᠎ᠶᠢ ᠨᠢᠭᠡᠳᠦᠯᠲᠡᠢ ᠲᠥᠯᠥᠪᠵᠢᠭᠦᠯᠬᠦ᠂ ᠠᠮᠢ ᠠᠬᠤᠢ ᠪᠣᠯᠣᠨ ᠬᠥᠭᠵᠢᠯᠲᠡ᠎ᠶᠢ ᠬᠠᠮᠵᠢᠯᠴᠠᠭᠤᠯᠬᠤ᠎ᠶᠢ ᠬᠠᠮᠳᠤ᠎ᠳᠤᠨᠢ ᠬᠠᠷᠠᠭᠠᠯᠵᠠᠪᠠ᠂ ᠵᠢᠱ᠌ᠢᠶᠡᠯᠡᠪᠡᠯ ᠪᠦᠬᠦ ᠣᠷᠣᠨ ᠪᠦᠰᠡ᠎ᠪᠡᠷ᠎ᠢᠶᠡᠨ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ᠎ᠢ ᠪᠦᠲᠦᠭᠡᠨ ᠪᠠᠶ᠋ᠢᠭᠤᠯᠬᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠶᠠᠰᠤ ᠴᠢᠨᠠᠷ᠎ᠤᠨ ᠣᠨ᠎ᠤ ᠠᠵᠢᠯᠯᠠᠭ᠎ᠠ᠎ᠶᠢ ᠬᠡᠷᠡᠭᠵᠢᠭᠦᠯᠬᠦ ᠵᠡᠷᠭᠡ ᠪᠣᠯᠣᠨ᠎ᠠ᠃ ᠬᠥᠭᠵᠢᠯᠲᠡ᠎ᠶᠢᠨ ᠬᠤᠷᠳᠤᠴᠠ ᠵᠢ ᠲᠦᠷᠬᠡᠳᠬᠡᠬᠦ ᠮᠥᠷᠲᠡᠭᠡᠨ ᠶᠠᠰᠤ ᠴᠢᠨᠠᠷ᠎ᠢ ᠪᠠᠳᠤᠯᠠᠵᠤ᠂ ᠡᠷᠴᠢᠮ᠎ᠲᠠᠢ ᠪᠠᠢᠯᠭᠠᠬᠤ ᠮᠥᠷᠲᠡᠭᠡᠨ ᠠᠮᠢᠳᠤᠯᠢᠭ ᠪᠠᠢᠯᠭᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠣᠷᠣᠨ ᠪᠦᠰᠡ᠂ ᠡᠯ᠎ᠡ ᠵᠠᠩᠭᠢᠯᠠᠭ᠎ᠠ᠎ᠶᠢ ᠰᠢᠰᠲᠧᠮ᠎ᠲᠠᠢ ᠠᠬᠢᠭᠤᠯᠬᠤ᠎ᠶᠢ ᠪᠡᠶᠡᠯᠡᠭᠦᠯᠵᠦ᠂ ᠬᠥᠭᠵᠢᠯᠲᠡ ᠲᠡᠩᠴᠡᠭᠦᠷᠢ᠎ᠪᠡᠨ ᠠᠯᠳᠠᠬᠤ ᠠᠰᠠᠭᠤᠳᠠᠯ ᠡᠬᠦᠰᠬᠦ᠎ᠡᠴᠡ ᠵᠠᠢᠯᠠᠰᠬᠢᠪᠡ᠃
(ᠳᠥᠷᠪᠡ) 《1571》 ᠠᠵᠢᠯ᠎ᠤᠨ ᠪᠠᠢᠷᠢᠯᠠᠭᠤᠯᠤᠯᠲᠠ ᠨᠢ ᠬᠥᠭᠵᠢᠯᠲᠡ᠎ᠶᠢᠨ ᠪᠣᠳᠠᠲᠠᠢ᠎ᠶᠢ ᠡᠷᠬᠢᠮᠯᠡᠬᠦ ᠴᠢᠨᠠᠷ᠎ᠢ ᠢᠯᠡᠷᠡᠭᠦᠯᠪᠡ᠃ 《1571》 ᠠᠵᠢᠯ᠎ᠤᠨ ᠪᠠᠢᠷᠢᠯᠠᠭᠤᠯᠤᠯᠲᠠ ᠨᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶᠢ ᠬᠠᠷᠢᠯᠴᠠᠨ ᠨᠢᠭᠡᠳᠬᠡᠬᠦ᠎ᠶᠢ ᠪᠠᠷᠢᠮᠲᠠᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠳᠤᠮᠳᠠᠬᠢ ᠲᠦᠭᠵᠢᠷᠡᠯ ᠴᠡᠭ ᠬᠦᠴᠢᠷᠳᠡᠯ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠪᠠᠢᠳᠠᠯ᠎ᠳᠦ ᠤᠨᠢᠨ ᠳᠡᠭᠡᠷ᠎ᠡ ᠨᠢ ᠠᠩᠬᠠᠷᠤᠯ᠎ᠢᠶᠠᠨ ᠲᠥᠪᠯᠡᠷᠡᠭᠦᠯᠵᠦ᠂ ᠪᠣᠳᠠᠲᠠᠢ᠎ᠶᠢ ᠡᠷᠬᠢᠮᠯᠡᠭᠰᠡᠨ ᠦᠨᠡᠨᠬᠦ ᠲᠤᠰᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ ᠪᠠ ᠦᠨᠡᠨ᠎ᠡᠴᠡ ᠵᠥᠪ᠎ᠢ ᠡᠷᠢᠬᠦ ᠠᠵᠢᠯ᠎ᠤᠨ ᠰᠤᠷᠲᠠᠯ᠎ᠢ ᠢᠯᠡᠷᠡᠭᠦᠯᠪᠡ᠃
ᠬᠥᠭᠵᠢᠯᠲᠡ᠎ᠶᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ᠎ᠢ ᠰᠢᠢᠳᠪᠦᠷᠢᠯᠡᠬᠦ ᠲᠠᠯ᠎ᠠ᠎ᠪᠠᠷ᠂ 《1571》 ᠠᠵᠢᠯ᠎ᠤᠨ ᠪᠠᠢᠷᠢᠯᠠᠭᠤᠯᠤᠯᠲᠠ ᠬᠠᠷᠠᠯᠳᠠ ᠲᠠᠢ ᠪᠡᠷ ᠬᠦᠴᠦᠯᠡᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ᠎ᠶᠢ ᠬᠡᠷᠡᠭᠵᠢᠭᠦᠯᠪᠡ᠃ ᠣᠳᠣᠬᠠᠨ᠎ᠳᠤ ᠥᠪᠥᠷ ᠮᠣᠩᠭᠣᠯ᠎ᠳᠤ ᠠᠵᠤ ᠠᠬᠤᠢ᠎ᠶᠢᠨ ᠬᠥᠭᠵᠢᠯᠲᠡ᠎ᠶᠢᠨ ᠲᠦᠪᠰᠢᠨ ᠨᠢ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠵᠣᠬᠢᠴᠠᠯᠳᠤᠬᠤ ᠦᠭᠡᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ ᠴᠢᠬᠤᠯᠠᠲᠠᠢ ᠪᠠᠢᠬᠤ ᠵᠡᠷᠭᠡ ᠠᠰᠠᠭᠤᠳᠠᠯ ᠲᠤᠯᠭᠠᠷᠠᠵᠤ ᠪᠤᠢ᠃ 《1571》 ᠠᠵᠢᠯ᠎ᠤᠨ ᠪᠠᠢᠷᠢᠯᠠᠭᠤᠯᠤᠯᠲᠠ᠎ᠳᠤ ᠳᠤᠷᠠᠳᠤᠭᠰᠠᠨ ᠲᠤᠯᠤᠭᠠᠨ ᠵᠦᠢᠯ᠎ᠦᠨ ᠭᠣᠣᠯᠳᠠᠯᠭ᠎ᠠ᠎ᠲᠠᠢ ᠠᠵᠢᠯ ᠪᠣᠯ ᠶᠠᠭ ᠡᠲᠡᠭᠡᠷ ᠲᠦᠪᠡᠭ ᠪᠡᠷᠬᠡᠰᠢᠶᠡᠯᠲᠡᠢ ᠠᠰᠠᠭᠤᠳᠠᠯ ᠳ᠋ᠤ ᠴᠢᠭᠯᠡᠭᠦᠯᠦᠭᠰᠡᠨ 《ᠰᠠᠢᠨ ᠵᠤᠷ》 ᠮᠦᠨ᠄ ᠣᠨᠴᠠᠯᠢᠭ᠍ᠲᠤ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠢ ᠪᠠᠢᠭᠤᠯᠵᠤ᠂ ᠠᠵᠤ ᠦᠢᠯᠡᠰ᠎ᠦᠨ 《ᠲᠣᠭ᠎ᠠ ᠬᠡᠮᠵᠢᠶ᠎ᠡ ᠶᠡᠬᠡ》 ᠪᠠᠢᠭᠰᠠᠨ᠎ᠡᠴᠡ 《ᠶᠠᠰᠦ ᠴᠢᠨᠠᠷ ᠰᠢᠯᠢᠳᠡᠭ》 ᠳᠠᠢᠰᠢ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠲᠣᠮᠣ᠌ ᠣᠷᠣᠨ᠎ᠡᠴᠡ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ ᠳᠠᠢᠰᠢ ᠳᠠᠪᠠᠯᠲᠠ᠎ᠶᠢ ᠪᠡᠶᠡᠯᠡᠭᠦᠯᠬᠦ ᠵᠢ ᠲᠦᠷᠭᠡᠳᠬᠡᠨ᠎ᠡ; 《ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠥᠨᠳᠥᠷ ᠲᠦᠪᠰᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠮᠵᠢ᠎ᠶᠢ ᠪᠠᠢᠭᠤᠯᠵᠤ᠂ ᠪᠠᠢᠭᠤᠯᠤᠯ ᠲᠣᠭᠲᠡᠴᠡ᠎ᠶᠢᠨ ᠬᠠᠷᠰᠢ ᠰᠠᠭᠠᠳ᠎ᠢ ᠠᠷᠢᠯᠭᠠᠨ᠎ᠠ; ᠰᠢᠨ᠎ᠡ᠎ᠪᠡᠷ ᠮᠠᠨᠳᠤᠭᠰᠠᠨ ᠬᠦᠷᠢᠶᠡᠨ᠎ᠳ᠋ᠤ ᠪᠠᠢᠷᠢᠰᠢᠭᠤᠯᠤᠬᠰᠠᠨ ᠬᠦᠳᠦᠯᠦᠨ ᠲᠠᠭᠠᠭᠤᠯᠬᠤ ᠴᠢᠨᠠᠷᠲᠠᠢ ᠲᠦᠷᠦᠯ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠠᠭᠤᠰᠤᠯᠴᠠᠯ᠎ᠢ ᠠᠬᠢᠭᠤᠯᠵᠤ᠂ ᠬᠦᠭᠵᠢᠯᠲᠡ ᠵᠢᠨ ᠬᠦᠳᠡᠯᠭᠡᠬᠦ ᠡᠨ᠋ᠸᠷᠭᠢ ᠵᠢ ᠬᠦᠭᠵᠢᠭᠡᠨ ᠬᠡᠯᠪᠡᠷᠢ᠎ᠪᠡᠨ ᠬᠤᠪᠢᠷᠠᠭᠤᠯᠤᠨ᠎ᠠ᠂ ᠠᠯᠢ ᠤᠯᠠᠨ ᠠᠷᠭ᠎ᠠ ᠬᠡᠮᠵᠢᠶ᠎ᠡ ᠨᠢ ᠬᠥᠭᠵᠢᠯᠲᠡ᠎ᠶᠢᠨ ᠲᠦᠭᠵᠢᠷᠡᠯ ᠴᠡᠭ᠎ᠢ ᠤᠨᠢᠨ ᠳᠡᠭᠡᠷ᠎ᠡ ᠨᠢ ᠨᠠᠪᠲᠠᠷᠡᠭᠦᠯᠵᠦ᠂ ᠡᠬᠢ ᠪᠠᠶᠠᠯᠢᠭ᠋᠎ᠤᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋᠂ ᠥᠷᠢᠰᠦᠯᠳᠦᠭᠡᠨ᠎ᠦ ᠳᠠᠪᠠᠭᠤᠯᠢᠭ᠋ ᠲᠡᠢᠰᠢ ᠬᠤᠪᠢᠷᠠᠭᠤᠯᠬᠤ᠎ᠶᠢ ᠠᠬᠢᠭᠤᠯᠪᠠ᠃
ᠤᠯᠠᠨ ᠲᠦᠮᠡᠨ᠎ᠦ ᠠᠩᠬᠠᠷᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤ ᠥᠭᠴᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠭᠦᠯᠬᠦ ᠲᠠᠯ᠎ᠠ᠎ᠪᠠᠷ᠂ 《1571》 ᠠᠵᠢᠯ᠎ᠤᠨ ᠪᠠᠢᠷᠢᠯᠠᠭᠤᠯᠤᠯᠲᠠ ᠨᠢ ᠰᠡᠳᠬᠢᠯ ᠲᠡᠯᠪᠢᠨ ᠦᠨᠡᠨ ᠬᠦ ᠪᠣᠳᠠᠲᠠᠢ ᠳ᠋ᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠵᠢ ᠴᠢᠬᠤᠯᠠᠴᠢᠯᠠᠪᠠ᠃ ᠬᠥᠭᠵᠢᠯᠲᠡ᠎ᠶᠢᠨ ᠡᠴᠦᠰ᠎ᠦᠨ ᠵᠣᠷᠢᠯᠭ᠎ᠠ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦᠶᠠᠪᠤᠳᠠᠯ ᠮᠦᠨ᠂ 《1571》 ᠠᠵᠢᠯ᠎ᠤᠨ ᠪᠠᠢᠷᠢᠯᠠᠭᠤᠯᠤᠯᠲᠠ ᠨᠢ ᠠᠷᠠᠳ ᠲᠦᠮᠡᠨ᠎ᠢ ᠳᠡᠭᠡᠳᠦᠯᠡᠬᠦ᠎ᠶᠢ ᠢᠮᠠᠭᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶᠢ ᠴᠢᠬᠤᠯᠠ ᠠᠭᠤᠯᠭ᠎ᠠ ᠪᠣᠯᠭᠠᠪᠠ᠃ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠭᠦᠯᠬᠦ᠎ᠪᠡᠷ ᠳᠠᠮᠵᠢᠨ᠂ ᠣᠷᠣᠯᠭ᠎ᠠ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠬᠡ᠂ ᠨᠠᠰᠤᠵᠢᠯ᠎ᠤᠨ ᠠᠰᠠᠷᠠᠮᠵᠢ ᠵᠡᠷᠭᠡ ᠤᠯᠠᠨ ᠲᠦᠮᠡᠨ᠎ᠦ ᠬᠠᠮᠤᠭ᠎ᠡᠴᠡ ᠢᠯᠡᠭᠦᠦ ᠠᠩᠬᠠᠷᠴᠤ ᠪᠠᠢᠭ᠎ᠠ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠨ᠎ᠠ; ᠨᠡᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ; ᠠᠮᠢ ᠠᠬᠤᠢ᠎ᠶᠢᠨ ᠬᠠᠮᠠᠭᠠᠯᠠᠯᠲᠠ᠎ᠶᠢᠨ ᠳᠤᠮᠳᠠ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶᠢ ᠬᠠᠮᠲᠤ ᠳ᠋ᠤᠨᠢ ᠬᠠᠷᠠᠭᠠᠯᠵᠠᠵᠤ᠂ ᠤᠯᠠᠨ ᠲᠦᠮᠡᠨ᠎ᠢ ᠠᠮᠢ ᠠᠬᠤᠢ᠎ᠶᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠳᠤᠮᠳᠠ ᠦᠨᠡᠨ ᠪᠣᠳᠠᠲᠠᠢ ᠠᠰᠢᠭ᠋ ᠣᠷᠣᠯᠭ᠎ᠠ ᠣᠯᠭᠤᠭᠤᠯᠵᠤ᠂ ᠠᠮᠢ ᠠᠬᠤᠢ᠎ᠶᠢᠨ ᠦᠷ᠎ᠡ ᠠᠰᠢᠭ᠋᠂ ᠠᠵᠤ ᠠᠬᠤᠢ᠎ᠶᠢᠨ ᠦᠷ᠎ᠡ ᠠᠰᠢᠭ᠋ ᠬᠢᠭᠡᠳ ᠨᠡᠢᠭᠡᠮ᠎ᠦᠨ ᠦᠷ᠎ᠡ ᠠᠰᠢᠭ᠋᠎ᠤᠨ ᠨᠢᠭᠡᠳᠦᠯ᠎ᠢ ᠪᠡᠶᠡᠯᠡᠭᠦᠯᠪᠡ᠃ ᠡᠳᠡᠭᠡᠷ ᠠᠷᠭ᠎ᠠ ᠬᠡᠮᠵᠢᠶ᠎ᠡ᠎ᠶᠢ ᠤᠯᠠᠨ ᠲᠦᠮᠡᠨ᠎ᠦ ᠬᠡᠷᠡᠭᠴᠡᠭᠡ᠎ᠲᠠᠢ ᠤᠨᠢᠨ ᠳᠡᠭᠡᠷ᠎ᠡ ᠨᠢ ᠵᠣᠯᠭᠠᠭᠤᠯᠵᠤ᠂ ᠬᠥᠭᠵᠢᠯᠲᠡ᠎ᠶᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠨᠡᠩ ᠢᠯᠡᠭᠦᠦ ᠨᠡᠩ ᠭᠣᠣᠯᠴᠢ᠎ᠪᠠᠷ ᠬᠦᠷᠲᠡᠭᠡᠵᠦ᠂ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠪᠤᠯᠤᠨ᠎ᠠ᠃
《1571》 ᠠᠵᠢᠯ᠎ᠤᠨ ᠪᠠᠢᠷᠢᠯᠠᠭᠤᠯᠤᠯᠲᠠ᠎ᠶᠢᠨ ᠦᠢᠯᠡᠳᠦᠯᠭᠡ᠎ᠶᠢᠨ ᠱᠠᠭᠠᠷᠳᠠᠯᠭ᠎ᠠ ᠵᠢ ᠭᠦᠨᠵᠡᠭᠡᠢ ᠡᠵᠡᠮᠰᠢᠬᠦ ᠬᠡᠷᠡᠭᠳᠡᠢ
(ᠨᠢᠭᠡ) 《1571》 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠦᠨᠳᠦᠰᠦᠨ ᠴᠢᠭᠯᠡᠯ᠎ᠢ ᠪᠠᠳᠤ ᠡᠵᠡᠮᠳᠡᠬᠦ ᠬᠡᠷᠡᠭᠳᠡᠢ᠃ 《1571》 ᠠᠵᠢᠯ᠎ᠤᠨ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠬᠤ᠎ᠳᠤ᠂ ᠡᠩ ᠲᠡᠷᠢᠭᠦᠨ᠎ᠳᠦ ᠢᠯᠡ ᠲᠣᠳᠣ᠌ ᠤᠯᠤᠰ ᠲᠦᠷᠦ᠎ᠶᠢᠨ ᠤᠳᠤᠷᠢᠳᠤᠮᠵᠢ ᠪᠠ ᠤᠯᠤᠰ ᠲᠦᠷᠦ᠎ᠶᠢᠨ ᠵᠣᠭᠰᠣᠯᠲᠠ ᠳᠡᠭᠡᠷ᠎ᠡ ᠢᠯᠡᠷᠡᠭᠦᠯᠬᠦ ᠬᠡᠷᠡᠭᠲᠡᠢ᠃ ᠡᠷᠬᠡᠪᠰᠢ ᠤᠯᠤᠰ ᠲᠦᠷᠦ᠎ᠶᠢ ᠡᠷᠬᠢᠮᠯᠡᠬᠦ᠎ᠶᠢ ᠢᠮᠠᠭᠲᠠ ᠲᠡᠷᠢᠭᠦᠨ ᠪᠠᠢᠷᠢᠨ᠎ᠳᠤ ᠲᠠᠯᠪᠢᠵᠤ᠂ ᠲᠡᠭᠦᠨ᠎ᠳᠦ ᠠᠭᠤᠯᠤᠭᠳᠠᠵᠤ ᠪᠠᠢᠭ᠎ᠠ ᠴᠢᠬᠤᠯᠠ ᠶᠡᠬᠡ ᠤᠯᠤᠰ ᠲᠦᠷᠦ᠎ᠶᠢᠨ ᠠᠴᠢ ᠬᠣᠯᠪᠣᠭᠳᠠᠯ᠂ ᠪᠠᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ ᠡᠯ᠎ᠡ ᠵᠦᠢᠯ᠎ᠦᠨ ᠠᠵᠢᠯ᠎ᠤᠨ ᠬᠡᠯᠪᠡᠢᠬᠦ ᠦᠭᠡᠢ᠂ ᠦᠬᠡᠷᠡᠳᠦᠬᠦ ᠦᠭᠡᠢ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠨᠢᠭᠡ ᠭᠣᠣᠯ ᠰᠢᠵᠢᠮ᠎ᠢ ᠪᠠᠲᠤ ᠰᠠᠬᠢᠬᠤ ᠪᠣᠯ ᠥᠪᠥᠷ ᠮᠣᠩᠭᠣᠯ᠎ᠤᠨ ᠥᠨᠢ ᠤᠳᠠᠭᠠᠨ ᠠᠮᠤᠷ ᠲᠦᠪᠰᠢᠨ ᠪᠠᠢᠬᠤ᠎ᠳᠤ ᠬᠣᠯᠪᠣᠭᠳᠠᠬᠤ ᠦᠨᠳᠦᠰᠦᠨ ᠤᠷᠢᠲᠠᠯ᠂ ᠡᠷᠬᠡᠪᠰᠢ ᠪᠠᠲᠤ ᠰᠠᠬᠢᠬᠤ ᠬᠡᠷᠡᠭᠳᠡᠢ 《ᠬᠥᠲᠥᠯᠪᠦᠷᠢ》 ᠮᠦᠨ᠃ ᠶᠡᠷᠦᠩᠬᠡᠢ ᠱᠦᠵᠢ ᠰᠢ᠎ᠶᠢᠨ ᠫᠢᠩ᠎ᠤᠨ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠮᠥᠨ᠂ ᠮᠦᠨ ᠴᠤ᠌ ᠦᠨᠳᠦᠰᠦᠲᠡᠨ᠎ᠦ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠰᠢᠵᠢᠮ ᠮᠥᠨ》 ᠭᠡᠬᠦ ᠴᠢᠬᠤᠯᠠ ᠶᠡᠬᠡ ᠨᠤᠲᠠᠯᠠᠯᠲᠠ᠎ᠶᠢ ᠠᠩᠬ᠎ᠠ ᠳᠤᠷᠠᠳᠤᠭᠰᠠᠨ ᠭᠠᠵᠠᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠡᠨᠡ ᠬᠦ᠌ ᠠᠵᠢᠯ᠎ᠤᠨ ᠲᠠᠯ᠎ᠠ᠎ᠪᠠᠷ ᠡᠮᠦᠨ᠎ᠡ ᠨᠢ ᠤᠷᠤᠭᠰᠢᠯᠠᠵᠤ᠂ ᠦᠯᠢᠭᠡᠷ ᠳᠠᠭᠤᠷᠢᠶᠠᠯ ᠪᠣᠯᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ ᠪᠤᠢ᠃ 《1571》 ᠠᠵᠢᠯ᠎ᠤᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠶᠢ ᠠᠵᠤ ᠠᠬᠤᠢ᠎ᠶᠢᠨ ᠬᠥᠭᠵᠢᠯᠲᠡ᠂ ᠬᠢᠯᠢ ᠬᠢᠵᠠᠭᠠᠷ᠎ᠤᠨ ᠲᠣᠭᠲᠠᠭᠤᠨ᠂ ᠰᠣᠶᠣᠯ᠎ᠤᠨ ᠪᠠᠢᠭᠤᠯᠤᠯᠲᠠ᠂ ᠠᠮᠢ ᠠᠬᠤᠢ᠎ᠶᠢᠨ ᠬᠠᠮᠠᠭᠠᠯᠠᠯᠲᠠ ᠵᠡᠷᠭᠡ ᠡᠯ᠎ᠡ ᠬᠦᠷᠢᠶᠡᠨ᠎ᠦ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠢᠳᠦᠨ᠎ᠳᠦ ᠦᠵᠡᠭᠳᠡᠵᠤ᠂ ᠭᠠᠷ᠎ᠲᠤ ᠪᠠᠷᠢᠭ᠍ᠳᠠᠮ᠎ᠠ ᠪᠣᠳᠠᠲᠠᠢ ᠶᠠᠪᠤᠳᠠᠯ᠎ᠢ ᠬᠢᠬᠦ᠎ᠪᠡᠷ ᠪᠠᠷᠠᠬᠤ ᠦᠭᠡᠢ ᠵᠦᠬᠡᠯᠡᠨ ᠪᠤᠷᠤᠭᠠᠨ ᠲᠦᠮᠡᠨ ᠪᠤᠳᠠᠰ᠎ᠢ ᠤᠮᠳᠠᠯᠠᠬᠤ ᠰᠠᠢᠨ ᠶᠠᠪᠤᠳᠠᠯ᠎ᠢ ᠬᠢᠵᠦ᠂ 《ᠭᠤᠷᠪᠠᠨ ᠰᠠᠯᠵᠤ ᠴᠢᠳᠠᠬᠤ ᠦᠭᠡᠢ》᠂ 《ᠳᠥᠷᠪᠡ᠎ᠶᠢ ᠬᠠᠮᠲᠤᠳᠬᠠᠬᠤ》᠂ 《ᠲᠠᠪᠤᠨ ᠬᠠᠮᠳᠦ ᠵᠢᠨ ᠲᠠᠨᠢᠯᠲᠠ》 ᠵᠢᠨ ᠣᠢᠯᠠᠭᠠᠭᠳᠠᠬᠤᠨ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠳᠦ ᠦᠨᠳᠦᠰᠦᠯᠡᠭᠦᠯᠵᠦ᠂ ᠭᠣᠣᠯ ᠰᠢᠵᠢᠮ᠎ᠤᠨ ᠱᠠᠭᠠᠷᠳᠠᠯᠭ᠎ᠠ᠎ᠶᠢ ᠦᠨᠡᠨ ᠬᠦ᠌ ᠬᠢᠯᠢ ᠬᠢᠵᠠᠭᠠᠷ᠎ᠤᠨ ᠲᠣᠭᠲᠠᠭᠤᠨ᠎ᠢ ᠬᠠᠮᠠᠭᠠᠯᠠᠬᠤ᠂ ᠬᠠᠮᠲᠤ ᠪᠠᠷ ᠪᠠᠶᠠᠵᠢᠬᠤ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ ᠪᠣᠯ ᠥᠪᠥᠷ ᠮᠣᠩᠭᠣᠯ᠎ᠤᠨ ᠪᠦᠬᠦ᠌ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠥᠪᠡᠷᠮᠢᠴᠡ ᠦᠨ᠎ᠡ ᠦᠷᠳᠡᠭ ᠪᠣᠯᠤᠨ᠎ᠠ᠃ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ 《ᠥᠪᠥᠷ ᠮᠣᠩᠭᠣᠯ᠎ᠡᠴᠡ ᠭᠠᠷᠴᠤ᠌ ᠥᠪᠥᠷ ᠮᠣᠩᠭᠣᠯ᠎ᠢ ᠬᠠᠷᠠᠬᠤ》 ᠶ᠋ᠢ ᠪᠠᠷᠢᠮᠲᠠᠯᠠᠵᠤ᠂ ᠲᠣᠰ ᠪᠡᠶ᠎ᠡ᠎ᠶ᠋ᠢᠨ ᠬᠥᠭ᠌ᠵᠢᠯᠲᠡ᠎ᠪᠡᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠪᠥᠬᠥ᠌ ᠲᠠᠯ᠎ᠠ᠎ᠳᠤ ᠠᠭᠤᠰᠤᠯᠴᠠᠭᠤᠯᠵᠤ᠂ ᠤᠯᠤᠰ᠎ᠤᠨ ᠠᠮᠢ ᠠᠬᠤᠶ᠂ ᠡᠨᠧᠷᠭᠢ᠂ ᠠᠮᠤ ᠪᠤᠳᠠᠭ᠎ᠠ᠂ ᠠᠵᠤ ᠦᠶ᠋ᠯᠡᠰ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ ᠱᠢᠨ᠎ᠡ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠬᠦ᠌ ᠬᠡᠷᠡᠭ᠌ᠲᠡᠶ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠨᠤᠮᠢᠨ ᠤᠰᠤ ᠬᠥᠬᠡᠮᠳᠦᠭ ᠠᠭᠤᠯᠠ᠎ᠶ᠋ᠢ ᠥᠪᠥᠷ ᠮᠣᠩᠭᠣᠯ᠎ᠤᠨ ᠥᠨᠢᠳᠡ᠎ᠶ᠋ᠢᠨ ᠳᠡᠪᠢᠰᠭᠡᠷ ᠦᠩᠭᠡ ᠪᠣᠯᠭᠠᠬᠤ ᠬᠡᠷᠡᠭ᠌ᠲᠡᠢ; ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠂ ᠨᠡᠢᠭᠡᠮ᠎ᠦᠨ ᠠᠮᠤᠷ ᠲᠣᠭ᠍ᠲᠠᠭᠤᠨ᠎ᠢ ᠦᠨᠡᠨ ᠬᠦ᠌ ᠪᠠᠲᠤᠯᠠᠬᠤ ᠬᠡᠷᠡᠭᠳᠡᠢ; ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠵᠤ᠂ ᠭᠣᠣᠯᠯᠠᠬᠤ ᠦᠷᠢᠰᠦᠯᠳᠦᠬᠦ᠌ ᠬᠦᠴᠦᠨ ᠪᠦᠬᠦᠢ ᠠᠵᠤ ᠦᠢᠯᠡᠰ᠎ᠦᠨ ᠪᠦᠯᠦᠭᠵᠢᠯ᠎ᠢ ᠪᠤᠢ ᠪᠣᠯᠭᠠᠬᠤ ᠬᠡᠷᠡᠭᠳᠡᠢ; ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠵᠤ᠂ ᠮᠠᠯ ᠠᠵᠤ ᠠᠬᠤᠶ᠎ᠲᠠᠷᠢᠶᠠᠯᠠᠩ᠎ᠤᠨ ᠲᠣᠮᠣ ᠣᠷᠣᠨ᠎ᠡᠴᠡ ᠮᠠᠯ ᠠᠵᠤ ᠠᠬᠤᠶ᠎ᠲᠠᠷᠢᠶᠠᠯᠠᠩ᠎ᠤᠨ ᠬᠦᠴᠦᠷᠬᠡᠭ ᠣᠷᠣᠨ ᠲᠡᠢᠰᠢ ᠬᠢ ᠳᠠᠪᠠᠯᠲᠠ᠎ᠶ᠋ᠢ ᠪᠡᠶᠡᠯᠡᠭᠦᠯᠬᠦ ᠬᠡᠷᠡᠭᠳᠡᠢ; ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠵᠤ᠂ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠳᠤᠮᠳᠠ ᠬᠥᠭ᠌ᠵᠢᠯᠲᠡ᠎ᠶ᠋ᠢᠨ ᠣᠷᠣᠨ ᠵᠠᠶ᠎ᠶ᠋ᠢ ᠥᠷᠭᠡᠳᠭᠡᠬᠦ ᠬᠡᠷᠡᠭᠳᠡᠢ᠃
(ᠬᠣᠶᠠᠷ) ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠭᠡᠷᠡᠭᠲᠡᠢ᠃ ᠥᠪᠥᠷ ᠮᠣᠩᠭᠣᠯ᠎ᠤᠨ ᠭᠠᠵᠠᠷ ᠨᠤᠲᠤᠭ ᠥᠷᠭᠡᠨ ᠠᠭᠤᠳᠠᠮ᠂ ᠣᠷᠣᠨ᠎ᠤ ᠪᠠᠢᠳᠠᠯ ᠪᠤᠳᠤᠯᠢᠶᠠᠨᠲᠠᠶ᠂ ᠠᠳᠠᠯᠢ ᠪᠤᠰᠤ ᠠᠢᠮᠠᠭ ᠬᠣᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠶ᠋ᠯᠡᠰ᠎ᠦᠨ ᠰᠠᠭᠤᠷᠢ᠂ ᠬᠥᠭ᠌ᠵᠢᠯᠲᠡ᠎ᠶ᠋ᠢᠨ ᠱᠠᠲᠤ ᠦᠶ᠎ᠡ ᠵᠡᠷᠭᠡ ᠲᠠᠯ᠎ᠠ᠎ᠪᠠᠷ ᠵᠥᠷᠢᠶ᠎ᠡ᠎ᠲᠡᠶ ᠶᠤᠮ᠃ 《1571》 ᠠᠵᠢᠯ᠎ᠤᠨ ᠪᠠᠢᠷᠢᠯᠠᠭᠤᠯᠤᠯᠲᠠ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠳᠤᠮᠳᠠᠬᠢ ᠲᠡᠩᠴᠡᠭᠦᠷᠢ ᠥᠬᠡᠶ ᠭᠦᠶ᠋ᠴᠡᠳ ᠥᠬᠡᠶ ᠠᠰᠠᠭᠤᠳᠠᠯ᠎ᠳᠤ ᠣᠨᠣᠪᠴᠢᠲᠠᠶ ᠬᠠᠷᠢᠭᠤᠯᠲᠠ ᠥᠭ᠌ᠴᠦ᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠬᠥᠭ᠌ᠵᠢᠯᠲᠡ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠳᠦ ᠦᠶ᠋ᠯᠡᠳᠦᠯᠭᠡ᠎ᠶ᠋ᠢᠨ ᠠᠷᠭ᠎ᠠ ᠵᠠᠮ ᠬᠠᠩᠭᠠᠪᠠ᠃ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ᠂ 《ᠳᠡᠭᠡᠳᠦ ᠳᠤᠤᠷᠠᠳᠦ ᠱᠠᠳᠤ ᠪᠡᠷ ᠨᠢᠭᠡ ᠯᠡ ᠠᠳᠠᠯᠢ》 ᠪᠠᠢᠵᠤ ᠪᠣᠯᠬᠤ ᠦᠭᠡᠶ᠂ ᠡᠷᠬᠡᠪᠰᠢ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠡᠯ᠎ᠡ ᠭᠠᠵᠠᠷ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠶᠡᠷᠦᠩᠬᠡᠶ ᠪᠠᠢᠷᠢᠯᠠᠭᠤᠯᠤᠯᠲᠠ᠎ᠶ᠋ᠢ ᠪᠣᠳᠠᠲᠠᠶ ᠡᠭᠦᠷᠭᠡ ᠪᠣᠯᠤᠨ ᠬᠡᠷᠡᠭᠵᠢᠬᠦᠯᠵᠦ ᠪᠤᠯᠬᠤᠢᠴᠠ ᠠᠷᠭ᠎ᠠ ᠵᠠᠮ ᠪᠣᠯᠭᠠᠨ ᠨᠠᠷᠢᠯᠢᠭ᠍ᠵᠢᠭᠤᠯᠵᠤ᠂ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠪᠣᠯ ᠮᠥᠨ ᠴᠢᠨᠠᠷ ᠳᠡᠭᠡᠷ᠎ᠡ᠎ᠪᠡᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠣᠨᠣᠯ᠂ ᠠᠮᠢ ᠠᠬᠤᠶ᠎ᠶ᠋ᠢᠨ ᠵᠠᠰᠠᠯᠲᠠ᠎ᠶ᠋ᠢᠨ ᠣᠨᠣᠯ᠂ ᠬᠠᠮᠲᠤ᠎ᠪᠠᠷ ᠪᠠᠶᠠᠵᠢᠬᠤ ᠣᠨᠣᠯ ᠬᠢᠭᠡᠳ ᠬᠢᠯᠢ ᠬᠢᠵᠠᠭᠠᠷ᠎ᠤᠨ ᠵᠠᠰᠠᠯᠲᠠ᠎ᠶ᠋ᠢᠨ ᠣᠨᠣᠯ ᠵᠡᠷᠭᠡ᠎ᠶ᠋ᠢ ᠣᠷᠣᠨ ᠨᠤᠲᠤᠭ᠎ᠤᠨ ᠬᠥᠭ᠌ᠵᠢᠯᠲᠡ᠎ᠶ᠋ᠢᠨ ᠦᠶ᠋ᠯᠡᠳᠦᠯᠭᠡ᠎ᠳᠦ ᠠᠭᠤᠰᠭᠠᠨ ᠣᠷᠣᠭᠤᠯᠬᠤ ᠶᠠᠪᠤᠴᠠ ᠪᠣᠯᠤᠨ᠎ᠠ᠃ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ᠎ᠳᠤ᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠭ᠍ᠰᠠᠨ ᠦᠶ᠋ᠯᠡᠳᠦᠯᠭᠡ᠎ᠶ᠋ᠢᠨ ᠯᠣᠭᠢᠭ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠢᠮᠠᠭ ᠬᠣᠲᠠ᠎ᠶ᠋ᠢᠨ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠠᠮᠢ ᠠᠬᠤᠶ᠎ᠶ᠋ᠢᠨ ᠬᠠᠮᠠᠭᠠᠯᠠᠯᠲᠠ᠂ ᠠᠵᠤ ᠦᠶ᠋ᠯᠡᠰ᠎ᠦᠨ ᠲᠠᠰ ᠳᠠᠪᠱᠢᠯᠲᠠ᠂ ᠭᠠᠳᠠᠭᠠᠳᠤ ᠨᠡᠭᠡᠭᠡᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠨᠣᠯ ᠬᠢᠭᠡᠳ ᠦᠶ᠋ᠯᠡᠳᠦᠯᠭᠡ᠎ᠶ᠋ᠢᠨ ᠦᠶ᠋ᠯᠡᠳᠦᠯᠴᠡᠯ᠎ᠦᠨ ᠳᠤᠮᠳᠠ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠯᠢᠳᠡᠭ᠌ᠵᠢᠭᠦᠯᠬᠦ᠌ ᠬᠡᠷᠡᠭ᠌ᠲᠡᠶ᠃
ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠠᠳᠠᠯᠵᠤ᠂ ᠭᠣᠣᠯ ᠱᠢᠪᠲᠤᠯᠬᠤ ᠴᠢᠭ᠌ᠯᠡᠯ᠎ᠢᠶᠡᠨ ᠲᠣᠳᠣᠷᠬᠠᠢ ᠪᠣᠯᠭᠠᠬᠤ ᠬᠡᠷᠡᠭ᠌ᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠬᠢᠨ ᠲᠤᠰ ᠪᠡᠶ᠎ᠡ᠎ᠶ᠋ᠢᠨ ᠪᠣᠳᠠᠲᠤ ᠪᠠᠢᠳᠠᠯ᠎ᠲᠠᠶ᠎ᠪᠠᠨ ᠨᠢᠭ᠍ᠲᠠ ᠤᠶᠠᠯᠳᠤᠭᠤᠯᠤᠨ᠂ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯ ᠱᠠᠭᠠᠷᠳᠠᠯᠭ᠎ᠠ᠎ᠲᠠᠶ ᠬᠠᠷᠭᠤᠭᠤᠯᠵᠤ᠂ ᠠᠵᠢᠯ᠎ᠤᠨ ᠭᠠᠷᠳᠠᠬᠤ ᠴᠡᠭ ᠪᠣᠯᠤᠨ ᠬᠦᠴᠦᠯᠡᠬᠦ᠌ ᠴᠡᠭ᠎ᠢᠶᠡᠨ ᠣᠨᠣᠪᠴᠢᠲᠠᠶ ᠣᠯᠬᠤ ᠬᠡᠷᠡᠭ᠌ᠲᠡᠶ᠃ ᠡᠬᠢ ᠪᠠᠶᠠᠯᠢᠭ ᠡᠯᠪᠡᠭ ᠲᠦᠪᠯᠡᠷᠡᠭᠰᠡᠨ ᠭᠠᠵᠠᠷ ᠣᠷᠣᠨ᠎ᠨᠢ ᠠᠵᠤ ᠦᠶ᠋ᠯᠡᠰ᠎ᠦᠨ ᠲᠠᠰ ᠳᠡᠪᠱᠢᠬᠦ᠌ ᠪᠠ ᠡᠬᠢ ᠪᠠᠶᠠᠯᠢᠭ᠎ᠢ ᠤᠨᠳᠤᠤᠰᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠢ ᠳᠡᠭᠡᠳᠦ ᠲᠠᠰ᠎ᠤᠨ ᠥᠷᠲᠡᠭ᠎ᠦᠨ ᠬᠡᠯᠬᠢᠶ᠎ᠡ ᠳᠠᠢᠰᠢ ᠤᠷᠲᠤᠳᠭᠠᠬᠤ᠎ᠶ᠋ᠢ ᠠᠬᠢᠭᠤᠯᠬᠤ ᠬᠡᠷᠡᠭ᠌ᠲᠡᠶ; ᠠᠮᠢ ᠠᠬᠤᠢ ᠬᠡᠪᠡᠷᠡᠭ ᠭᠠᠵᠠᠷ ᠣᠷᠣᠨ ᠠᠮᠢ ᠠᠬᠤᠢ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠬᠠᠮᠠᠭᠠᠯᠠᠬᠤ ᠳᠤᠮᠳᠠ ᠠᠮᠢ ᠠᠬᠤᠢ᠎ᠶ᠋ᠢᠨ ᠠᠵᠤ ᠦᠢᠯᠡᠰ᠎ᠢ ᠬᠥᠭ᠌ᠵᠢᠭᠦᠯᠵᠦ᠍᠂ ᠠᠮᠢ ᠠᠬᠤᠢ᠎ᠶ᠋ᠢᠨ ᠦᠷ᠎ᠡ ᠠᠱᠢᠭ ᠪᠣᠯᠤᠨ ᠠᠵᠤ ᠠᠬᠤᠢ᠎ᠶ᠋ᠢᠨ ᠦᠷ᠎ᠡ ᠠᠱᠢᠭ᠎ᠤᠨ ᠬᠣᠣᠰ ᠠᠮᠵᠢᠯᠲᠠ᠎ᠶ᠋ᠢ ᠪᠡᠶᠡᠯᠡᠭᠦᠯᠬᠦ᠌ ᠬᠡᠷᠡᠭ᠌ᠲᠡᠢ; ᠬᠢᠯᠢ ᠬᠢᠵᠠᠭᠠᠷ ᠣᠷᠣᠨ᠎ᠤ᠎ᠬᠢᠨ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠬᠦ᠌᠎ᠶ᠋ᠢᠨ ᠬᠠᠮᠲᠤ ᠬᠢᠯᠢ ᠵᠢᠨ ᠪᠣᠭᠣᠮᠲᠠ᠎ᠶ᠋ᠢᠨ ᠳᠠᠪᠠᠭᠤᠯᠢᠭ᠎ᠲᠤ ᠲᠦᠱᠢᠭ᠌ᠯᠡᠨ ᠨᠡᠭᠡᠭᠡᠯᠲᠡᠲᠦ ᠠᠵᠤ ᠠᠬᠤᠶ᠎ᠶ᠋ᠢ ᠬᠥᠭ᠌ᠵᠢᠭᠦᠯᠬᠦ᠌ ᠬᠡᠷᠡᠭ᠌ᠲᠡᠶ; ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠣᠣᠯ ᠭᠠᠷᠤᠯᠲᠠ᠎ᠶ᠋ᠢᠨ ᠣᠷᠣᠨ᠎ᠨᠤᠭᠤᠳ ᠲᠦᠷᠦᠯ ᠲᠡᠮᠳᠡᠭ ᠡᠭᠦᠳᠬᠦ᠌ ᠪᠠ ᠨᠠᠷᠢᠯᠢᠭ ᠭᠦᠨᠵᠡᠭᠡᠶ ᠡᠳ᠋ᠱᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠮᠠᠯ ᠠᠵᠤ ᠠᠬᠤᠶ᠎ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠶ᠃ ᠪᠠᠰᠠ 《1571》 ᠠᠵᠢᠯ᠎ᠤᠨ ᠪᠠᠢᠷᠢᠯᠠᠭᠤᠯᠤᠯᠲᠠ᠎ᠲᠠᠶ ᠬᠠᠷᠭᠤᠭᠤᠯᠵᠦ ᠪᠠᠢᠭᠠᠳ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠳᠦᠯᠪᠦᠷᠢ ᠵᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠰᠠᠮᠠᠭᠤᠷᠠᠬᠤ᠂ ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠌᠎ᠶ᠋ᠢ ᠡᠷᠡᠰ ᠬᠣᠷᠢᠭ᠍ᠯᠠᠨ᠂ ᠬᠠᠷᠠᠯᠲᠠ᠎ᠨᠢ ᠪᠣᠳᠠᠲᠠᠶ᠎ᠶ᠋ᠢ ᠡᠷᠬᠢᠮᠯᠡᠬᠦ᠌᠂ ᠠᠷᠭ᠎ᠠ ᠬᠡᠮᠵᠢᠶ᠎ᠡ᠎ᠨᠢ ᠬᠡᠷᠡᠭᠵᠢᠬᠦᠯᠵᠦ ᠪᠤᠯᠬᠤᠢᠴᠠ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
(ᠭᠤᠷᠪᠠ) ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ 《ᠭᠤᠷᠪᠠᠨ ᠠᠴᠢ ᠬᠣᠯᠪᠣᠭ᠍ᠳᠠᠯ》 ᠣᠯᠭᠣᠬᠤ ᠭᠡᠷᠡᠭᠲᠡᠢ᠃ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠯ ᠮᠥᠨ ᠴᠢᠨᠠᠷ ᠳᠡᠭᠡᠷ᠎ᠡ᠎ᠪᠡᠨ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠭᠦᠨᠵᠡᠭᠡᠶ ᠠᠭᠤᠰᠤᠯᠴᠠᠭᠤᠯᠬᠤ ᠦᠶ᠋ᠯᠡᠳᠦᠯᠭᠡ᠎ᠶ᠋ᠢᠨ ᠶᠠᠪᠤᠴᠠ ᠮᠥᠨ᠂ ᠡᠷᠬᠡᠪᠰᠢ ᠪᠣᠶ ᠪᠥᠬᠥᠶ ᠥᠭᠡᠷᠡᠴᠢᠯᠡᠯᠲᠡ ᠬᠥᠭ᠌ᠵᠢᠯᠲᠡ᠎ᠳᠦ 《ᠭᠤᠷᠪᠠᠨ ᠠᠴᠢ ᠬᠣᠯᠪᠣᠭ᠍ᠳᠠᠯ》 ᠢ᠋ ᠣᠯᠭᠣᠵᠤ᠂ ᠠᠷᠭ᠎ᠠ ᠬᠡᠮᠵᠢᠶ᠎ᠡ ᠨᠢᠭᠡᠪᠦᠷᠢ᠎ᠶ᠋ᠢ ᠴᠥᠮ ᠲᠡᠦᠬᠡ᠂ ᠦᠶ᠋ᠯᠡᠳᠦᠯᠭᠡ ᠪᠣᠯᠤᠨ ᠠᠷᠠᠳ ᠲᠦᠮᠡᠨ᠎ᠦ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠪᠣᠯᠭᠠᠬᠤ ᠬᠡᠷᠡᠭ᠌ᠲᠡᠶ᠃
ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠯᠡᠷᠡᠭᠦᠯᠬᠦ᠌ ᠠᠴᠢ ᠬᠣᠯᠪᠣᠭ᠍ᠳᠠᠯ ᠣᠯᠭᠣᠵᠤ᠂ ᠪᠦᠯᠬᠦᠮᠳᠡᠨ ᠲᠡᠮᠡᠴᠡᠬᠦ᠌ ᠰᠦᠭ ᠰᠦᠨᠡᠰᠦ᠎ᠶ᠋ᠢ ᠪᠡᠬᠢᠵᠢᠭᠦᠯᠬᠦ ᠬᠡᠷᠡᠭᠳᠡᠢ᠃ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ ᠨᠢ ᠢᠮᠠᠭ᠍ᠲᠠ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠲᠠᠶ ᠨᠢᠭ᠍ᠲᠠ ᠬᠣᠯᠪᠣᠭ᠎ᠠ᠎ᠲᠠᠶ ᠶᠤᠮ᠃ 《1571》 ᠠᠵᠢᠯ᠎ᠤᠨ ᠪᠠᠢᠷᠢᠯᠠᠭᠤᠯᠤᠯᠲᠠ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠰᠠᠨ ᠨᠢ ᠶᠠᠭ ᠡᠨᠡ ᠬᠦ᠌ ᠭᠣᠣᠯ ᠱᠢᠵᠢᠮ᠎ᠢ ᠥᠭᠡᠷᠡᠴᠢᠯᠡᠯᠲᠡ ᠬᠥᠭ᠌ᠵᠢᠯᠲᠡ᠎ᠶ᠋ᠢᠨ ᠡᠯ᠎ᠡ ᠬᠦᠷᠢᠢ᠎ᠡ ᠡᠯ᠎ᠡ ᠭᠣᠭ᠍ᠴᠣᠭ᠎ᠠ᠎ᠳᠤ ᠲᠤᠭᠤᠰᠢᠯᠠᠭᠤᠯᠬᠤ ᠵᠢᠨ ᠲᠦᠯᠦᠭᠡ ᠶᠤᠮ᠃ ᠠᠵᠤ ᠦᠢᠯᠡᠰ᠎ᠦᠨ ᠪᠠᠢᠷᠢᠱᠢᠭᠤᠯᠤᠯᠲᠠ᠎ᠶ᠋ᠢᠨ ᠲᠠᠯ᠎ᠠ᠎ᠪᠠᠷ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠬᠤ᠎ᠪᠠᠷ ᠳᠠᠮᠵᠢᠨ᠂ ᠠᠱᠢᠭ ᠲᠤᠰᠠ᠎ᠶ᠋ᠢᠨ ᠬᠣᠯᠪᠣᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠬᠥᠭ᠌ᠵᠢᠯᠲᠡ᠎ᠶ᠋ᠢᠨ ᠳᠤᠮᠳᠠ ᠬᠠᠢᠷ᠎ᠠ ᠰᠡᠳᠭᠢᠯᠭᠡ᠎ᠶ᠋ᠢᠨ ᠬᠠᠮᠳᠦ ᠵᠢᠨ ᠲᠠᠨᠢᠯᠲᠠ᠎ᠶ᠋ᠢ ᠨᠡᠮᠡᠭ᠌ᠳᠡᠭᠦᠯᠬᠦ ᠬᠡᠷᠡᠭᠳᠡᠢ; ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ᠌ ᠰᠣᠶᠣᠯ᠎ᠤᠨ ᠲᠡᠮᠳᠡᠭ᠎ᠢ ᠭᠦᠨ ᠠᠭᠤᠳᠠᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠰᠣᠶᠣᠯ᠎ᠤᠨ ᠠᠭᠤᠰᠤᠯᠴᠠᠯ᠎ᠢᠶᠠᠷ ᠦᠨᠳᠦᠰᠦᠲᠡᠨ᠎ᠦ ᠠᠭᠤᠰᠤᠯᠴᠠᠯ᠎ᠢ ᠠᠬᠢᠭᠤᠯᠬᠤ ᠬᠡᠷᠡᠭᠳᠡᠢ; ᠨᠡᠢᠭᠡᠮ᠎ᠦᠨ ᠵᠠᠰᠠᠯᠲᠠ᠎ᠶ᠋ᠢᠨ ᠲᠠᠯ᠎ᠠ᠎ᠪᠠᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ ᠬᠠᠮᠲᠤ᠎ᠪᠠᠷ ᠣᠷᠣᠱᠢᠨ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ᠎ᠶ᠋ᠢ ᠠᠬᠢᠭᠤᠯᠵᠤ᠂ ᠥᠭᠡᠷᠡᠴᠢᠯᠡᠯᠲᠡ ᠬᠥᠭ᠌ᠵᠢᠯᠲᠡ᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠮᠢᠳᠤᠯᠢᠭ ᠦᠶ᠋ᠯᠡᠳᠦᠯᠭᠡ ᠪᠣᠯᠭᠠᠵᠤ᠂ ᠦᠨᠳᠦᠰᠦᠲᠡᠨ᠎ᠨᠦᠭᠦᠳ᠎ᠦᠨ ᠪᠦᠯᠬᠦᠮᠳᠡᠨ ᠲᠡᠮᠡᠴᠡᠬᠦ᠌ ᠦᠵᠡᠯ ᠰᠠᠨᠠᠭᠠᠨ᠎ᠤ ᠰᠠᠭᠤᠷᠢ ᠪᠠ ᠪᠣᠳᠠᠰ᠎ᠤᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠬᠦ ᠬᠡᠷᠡᠭᠳᠡᠢ᠃
ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ ᠨᠢᠭᠡᠳᠦᠯ᠎ᠢ ᠬᠠᠮᠠᠭᠠᠯᠠᠬᠤ᠂ ᠬᠠᠭᠠᠴᠠᠯ᠎ᠢ ᠡᠰᠡᠷᠭᠦᠴᠡᠬᠦ᠌ ᠠᠴᠢ ᠬᠣᠯᠪᠣᠭ᠍ᠳᠠᠯ ᠣᠯᠭᠣᠵᠤ᠂ ᠬᠢᠯᠢ ᠬᠢᠵᠠᠭᠠᠷ᠎ᠤᠨ ᠲᠣᠭ᠍ᠲᠠᠭᠤᠨ᠎ᠤ ᠰᠠᠭᠤᠷᠢ᠎ᠶ᠋ᠢ ᠪᠡᠬᠢᠵᠢᠭᠦᠯᠬᠦ ᠭᠡᠷᠡᠭᠲᠡᠢ᠃ ᠤᠯᠤᠰ ᠣᠷᠣᠨ᠎ᠤ ᠨᠢᠭᠡᠳᠦᠯ᠎ᠢ ᠬᠠᠮᠠᠭᠠᠯᠠᠵᠤ᠂ ᠬᠠᠭᠠᠴᠠᠭᠤᠯᠬᠤ᠎ᠶ᠋ᠢ ᠡᠰᠡᠷᠭᠦᠴᠡᠬᠦ᠌ ᠪᠣᠯ ᠥᠪᠥᠷ ᠮᠣᠩᠭᠣᠯ᠎ᠤᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠮᠥᠨ᠂ ᠪᠠᠰᠠ ᠴᠤ᠌ ᠥᠭᠡᠷᠡᠴᠢᠯᠡᠯᠲᠡ ᠬᠥᠭ᠌ᠵᠢᠯᠲᠡ᠎ᠶ᠋ᠢᠨ ᠤᠷᠢᠲᠠᠯ ᠪᠠ ᠬᠣᠷᠢᠭ᠎ᠠ ᠱᠤᠭᠤᠮ ᠮᠥᠨ᠃ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠠ ᠡᠯ᠎ᠡ ᠵᠦᠢᠯ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠭᠦᠷᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠃ ᠬᠢᠯᠢ ᠬᠢᠵᠠᠭᠠᠷ ᠣᠷᠣᠨ᠎ᠤ ᠰᠠᠭᠤᠷᠢ ᠲᠦᠬᠦᠬᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠬᠠᠬᠤ᠂ ᠬᠢᠯᠢ ᠬᠢᠵᠠᠭᠠᠷ᠎ᠤᠨ ᠣᠨᠴᠠᠯᠢᠭ᠍ᠲᠤ ᠠᠵᠤ ᠦᠶ᠋ᠯᠡᠰ᠎ᠢ ᠬᠥᠭ᠌ᠵᠢᠭᠦᠯᠬᠦ ᠪᠡᠷ ᠲᠠᠮᠵᠢᠭᠤᠯᠵᠤ᠂ ᠬᠢᠯᠢ ᠬᠢᠵᠠᠭᠠᠷ ᠣᠷᠣᠨ᠎ᠤ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ ᠪᠠ ᠲᠠᠲᠠᠬᠤ ᠬᠦᠴᠦᠨ᠎ᠢ ᠴᠢᠩᠭᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠰᠡᠳᠭᠢᠯ ᠠᠮᠤᠷ ᠬᠢᠯᠢ ᠬᠢᠵᠠᠭᠠᠷ᠎ᠢᠶᠠᠨ ᠰᠠᠬᠢᠭᠤᠯᠵᠤ᠂ ᠰᠠᠨᠠᠭ᠎ᠠ ᠠᠮᠤᠷ ᠦᠢᠯᠡᠰ ᠪᠤᠰᠬᠠᠯᠭᠠᠬᠤ ᠭᠡᠷᠡᠭᠲᠡᠢ; ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠣᠭ᠍ᠲᠠᠴᠠ᠎ᠶ᠋ᠢ ᠪᠦᠷᠢᠨᠱᠢᠬᠦᠯᠬᠦ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠡᠷ ᠲᠠᠮᠵᠢᠭᠤᠯᠵᠤ᠂ ᠡᠯ᠎ᠡ ᠲᠦᠷᠦᠯ᠎ᠦᠨ ᠨᠡᠪᠴᠢᠯᠲᠡ ᠨᠤᠷᠠᠭᠠᠯᠲᠠ ᠡᠪᠳᠡᠯᠡᠭᠡ᠎ᠶ᠋ᠢᠨ ᠠᠵᠢᠯᠯᠠᠭ᠎ᠠ᠎ᠶ᠋ᠢ ᠡᠷᠡᠰ ᠡᠰᠡᠷᠭᠦᠴᠡᠵᠦ᠍᠂ ᠲᠤᠭ ᠲᠡᠮᠳᠡᠭ ᠲᠣᠳᠣᠷᠬᠠᠢ᠎ᠪᠠᠷ ᠬᠠᠭᠠᠴᠠᠭᠤᠯᠬᠤ ᠠᠵᠢᠯᠯᠠᠭ᠎ᠠ᠎ᠶ᠋ᠢ ᠡᠰᠡᠷᠭᠦᠴᠡᠬᠦ ᠭᠡᠷᠡᠭᠲᠡᠢ;ᠥᠭᠡᠷᠡᠴᠢᠯᠡᠯᠲᠡ ᠬᠥᠭ᠌ᠵᠢᠯᠲᠡ᠎ᠶ᠋ᠢᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠪᠡᠷ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠪᠡᠬᠢᠵᠢᠭᠦᠯᠵᠦ᠍᠂ ᠬᠢᠯᠢ ᠬᠢᠵᠠᠭᠠᠷ ᠣᠷᠣᠨ᠎ᠢ ᠤᠯᠤᠰ᠎ᠤᠨ ᠨᠢᠭᠡᠳᠦᠯ᠎ᠢ ᠬᠠᠮᠠᠭᠠᠯᠠᠬᠤ ᠪᠠᠲᠤ ᠴᠢᠩᠭ᠎ᠠ ᠪᠡᠬᠢᠯᠡᠯᠲᠡ ᠪᠣᠯᠭᠠᠵᠤ᠂ ᠨᠢᠭᠡ ᠣᠷᠣᠨ ᠪᠦᠰᠡ᠎ᠶ᠋ᠢᠨ ᠲᠣᠭ᠍ᠲᠠᠭᠤᠨ ᠪᠠᠢᠳᠠᠯ᠎ᠢᠶᠠᠷ ᠪᠦᠬᠦ᠌ ᠤᠯᠤᠰ᠎ᠤᠨ ᠶᠡᠬᠡ ᠲᠠᠯ᠎ᠠ ᠵᠢᠨ ᠠᠮᠤᠷ ᠲᠤᠭᠳᠠᠭᠤᠨ ᠳ᠋ᠤ ᠦᠢᠯᠡᠴᠢᠯᠠᠬᠦ ᠭᠡᠷᠡᠭᠲᠡᠢ᠃
ᠪᠤᠢ ᠪᠦᠬᠦᠢ ᠥᠭᠡᠷᠡᠴᠢᠯᠡᠯᠲᠡ ᠬᠥᠭ᠌ᠵᠢᠯᠲᠡ᠎ᠳᠦ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠎ᠶ᠋ᠢᠨ ᠠᠴᠢ ᠬᠣᠯᠪᠣᠭ᠍ᠳᠠᠯ᠎ᠢ ᠣᠯᠭᠣᠵᠤ᠂ ᠲᠦᠷᠦ᠍ ᠪᠠᠷᠢᠬᠤ᠎ᠶ᠋ᠢᠨ ᠦᠨᠳᠦᠰᠦ ᠰᠠᠭᠤᠷᠢ᠎ᠶ᠋ᠢ ᠵᠤᠵᠠᠭᠠᠳᠭᠠᠬᠤ ᠭᠡᠷᠡᠭᠲᠡᠢ᠃ ᠥᠭᠡᠷᠡᠴᠢᠯᠡᠯᠲᠡ ᠬᠥᠭ᠌ᠵᠢᠯᠲᠡ ᠨᠢ ᠡᠴᠦᠰ᠎ᠦᠨ ᠡᠴᠦᠰ᠎ᠲᠡᠬᠡᠨ ᠠᠷᠠᠳ ᠲᠦᠮᠡᠨ᠎ᠢ ᠨᠡᠩ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠂ ᠭᠠᠭ᠍ᠴᠠ ᠬᠦ᠌ ᠠᠷᠠᠳ᠎ᠤᠨ ᠠᠮᠢᠳᠤᠷᠠᠯ᠎ᠤᠨ ᠠᠵᠠ ᠵᠢᠷᠭᠠᠯᠳᠤ ᠢᠮᠠᠭ᠍ᠲᠠ ᠠᠩᠬᠠᠷᠤᠯ᠎ᠢᠶᠠᠨ ᠲᠥᠪᠯᠡᠷᠡᠭᠦᠯᠪᠡᠯ ᠰᠠᠶᠢ ᠬᠥᠭ᠌ᠵᠢᠯᠲᠡ᠎ᠶ᠋ᠢ ᠠᠬᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃ 《1571》 ᠠᠵᠢᠯ᠎ᠤᠨ ᠪᠠᠢᠷᠢᠯᠠᠭᠤᠯᠤᠯᠲᠠ᠎ᠳᠠᠬᠢ ᠠᠵᠤ ᠦᠢᠯᠡᠰ᠎ᠦᠨ ᠳᠡᠰ ᠳᠡᠪᠱᠢᠯᠳᠠ᠂ ᠠᠮᠢ ᠠᠬᠤᠶ᠎ᠶ᠋ᠢᠨ ᠬᠠᠮᠠᠭᠠᠯᠠᠯᠲᠠ᠂ ᠣᠯᠠᠨ ᠨᠡᠢᠲᠡ᠎ᠶ᠋ᠢᠨ ᠦᠢᠯᠡᠴᠢᠯᠡᠭᠡᠨᠢ ᠱᠢᠯᠢᠳᠡᠭ᠌ᠵᠢᠭᠦᠯᠬᠦ᠌ ᠵᠡᠷᠭᠡ ᠡᠯ᠎ᠡ ᠵᠦᠢᠯ᠎ᠦᠨ ᠡᠭᠦᠷᠭᠡ ᠨᠢ ᠴᠥᠮ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠵᠤᠷᠢᠯᠲᠠ ᠪᠠ ᠲᠤᠰᠤᠯᠲᠠ ᠪᠣᠯᠭᠠᠪᠠ᠃ ᠣᠨᠴᠠᠯᠢᠭ᠍ᠲᠤ ᠠᠵᠤ ᠦᠢᠯᠡᠰ᠎ᠢ ᠬᠥᠭ᠌ᠵᠢᠭᠦᠯᠬᠦ᠌᠎ᠪᠡᠷ ᠳᠠᠮᠵᠢᠭᠤᠯᠤᠨ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠯᠭ᠎ᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠪᠡᠶᠡᠯᠡᠭᠦᠯᠬᠦ ᠭᠡᠷᠡᠭᠲᠡᠢ; ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠰᠡᠷᠭᠦᠭᠡᠯᠲᠡ᠎ᠶ᠋ᠢ ᠠᠬᠢᠭᠤᠯᠬᠤ᠎ᠪᠠᠷ ᠳᠠᠮᠵᠢᠭᠤᠯᠤᠨ᠂ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠵᠤ᠂ ᠣᠯᠠᠨ ᠲᠦᠮᠡᠨ᠎ᠦ ᠠᠮᠢᠳᠤᠷᠠᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ ᠭᠡᠷᠡᠭᠲᠡᠢ; ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠬᠦ᠌᠎ᠪᠡᠷ ᠳᠠᠮᠵᠢᠭᠤᠯᠤᠨ᠂ ᠣᠷᠣᠨ ᠪᠦᠰᠡ᠂ ᠬᠣᠲᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠵᠥᠷᠢᠶ᠎ᠡ᠎ᠶ᠋ᠢ ᠪᠠᠭᠠᠰᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ ᠭᠡᠷᠡᠭᠲᠡᠢ᠃ ᠦᠨᠡᠨ ᠪᠣᠳᠠᠲᠠᠢ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠪᠠᠷ ᠤᠯᠠᠨ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠥᠭ᠌ᠴᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠠᠢᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠥᠭᠡᠷᠡᠴᠢᠯᠡᠯᠲᠡ ᠬᠥᠭ᠌ᠵᠢᠯᠲᠡ᠎ᠳᠦ ᠪᠠᠲᠤ ᠪᠡᠬᠢ ᠤᠯᠠᠨ ᠲᠦᠮᠡᠨ᠎ᠦ ᠰᠠᠭᠤᠷᠢ᠎ᠶ᠋ᠢ ᠬᠠᠩᠭᠠᠬᠤ ᠭᠡᠷᠡᠭᠲᠡᠢ᠃
《1571》 ᠠᠵᠢᠯ᠎ᠤᠨ ᠪᠠᠢᠷᠢᠯᠠᠭᠤᠯᠤᠯᠲᠠ᠎ᠶ᠋ᠢ ᠰᠠᠢ᠌ᠨ ᠰᠠᠢᠬᠠᠨ ᠪᠣᠳᠠᠲᠤ ᠠᠬᠤᠢ ᠪᠤᠯᠭᠠᠨ ᠬᠦᠴᠦᠯᠡᠨ ᠬᠤᠪᠢᠷᠠᠭᠤᠯᠬᠤ ᠬᠡᠷᠡᠭᠲᠠᠢ
(ᠨᠢᠭᠡ) ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ᠎ᠶ᠋ᠢ ᠳᠠᠪᠲᠠᠨ ᠪᠣᠯᠪᠠᠰᠤᠷᠠᠭᠤᠯᠬᠤ᠎ᠶ᠋ᠢ ᠪᠠᠷᠢᠮᠲᠠᠯᠠᠬᠤ ᠬᠡᠷᠡᠭᠲᠠᠢ᠃ 《1571》 ᠠᠵᠢᠯ᠎ᠤᠨ ᠪᠠᠢᠷᠢᠯᠠᠭᠤᠯᠤᠯᠲᠠ᠎ᠳᠤ 《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ》᠎ᠪᠡᠷ ᠭᠣᠣᠯ ᠲᠤᠯᠭᠠᠭᠤᠷᠢᠯᠠᠯ ᠪᠣᠯᠭᠠᠭ᠍ᠰᠠᠨ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠡᠭᠦᠷᠭᠡ ᠬᠠᠷᠢᠭᠤᠴᠠᠯᠭᠠᠳᠤ ᠰᠠᠭᠤᠷᠢᠯᠠᠵᠤ ᠭᠠᠷᠭᠠᠭ᠍ᠰᠠᠨ ᠵᠠᠢᠯᠠᠰᠢ ᠦᠭᠡᠢ ᠰᠣᠩᠭᠣᠯᠲᠠ ᠪᠣᠯᠤᠨ᠎ᠠ᠃ ᠪᠠᠲᠤ ᠴᠢᠩᠭ᠎ᠠ ᠬᠦᠴᠦᠨ ᠪᠦᠬᠦᠢ ᠨᠠᠮ᠎ᠤᠨ ᠤᠳᠤᠷᠢᠳᠭᠤ ᠭᠣᠣᠯᠯᠠᠭ᠍ᠴᠢ᠎ᠶ᠋ᠢ ᠳᠠᠪᠲᠠᠨ ᠪᠣᠯᠪᠠᠰᠤᠷᠠᠭᠤᠯᠪᠠᠯ ᠰᠠᠶᠢ ᠬᠥᠭ᠌ᠵᠢᠯᠲᠡ᠎ᠶ᠋ᠢᠨ ᠴᠢᠭ᠌ᠯᠡᠯ ᠬᠡᠯᠪᠡᠢᠬᠦ᠌ ᠦᠭᠡᠢ᠂ ᠬᠥᠭ᠌ᠵᠢᠯᠲᠡ᠎ᠶ᠋ᠢᠨ ᠡᠷᠴᠢᠮ ᠰᠤᠯᠠᠷᠠᠬᠤ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ᠃
ᠤᠯᠤᠰ ᠲᠥᠷᠥ᠎ᠵᠢᠨ ᠵᠢᠯᠤᠭᠤᠳᠤᠮᠵᠢ᠎ᠶ᠋ᠢ ᠴᠢᠩᠭᠠᠳᠭᠠᠵᠤ᠂ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠬᠦ ᠬᠡᠷᠡᠭᠲᠠᠢ᠃ 《1571》 ᠠᠵᠢᠯ᠎ᠤᠨ ᠪᠠᠢᠷᠢᠯᠠᠭᠤᠯᠤᠯᠲᠠ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠪᠠᠷ ᠶᠡᠷᠦᠩᠬᠡᠶ ᠬᠥᠲᠥᠯᠪᠦᠷᠢ ᠪᠣᠯᠭᠠᠬᠰᠠᠨ ᠨᠢ ᠮᠥᠨ ᠴᠢᠨᠠᠷ ᠳᠡᠭᠡᠷ᠎ᠡ᠎ᠪᠡᠨ ᠣᠨᠣᠯ᠎ᠤᠨ ᠵᠡᠪᠰᠡᠭ᠌ᠯᠡᠯ ᠪᠣᠯᠤᠨ ᠤᠯᠤᠰ ᠲᠥᠷᠥ᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠪᠥᠬᠥ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠤᠨ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠴᠢᠭ᠌ᠯᠡᠯ᠂ ᠤᠯᠤᠰ ᠲᠥᠷᠥ᠎ᠶ᠋ᠢᠨ ᠵᠠᠷᠴᠢᠮ᠂ ᠤᠯᠤᠰ ᠲᠥᠷᠥ᠎ᠶ᠋ᠢᠨ ᠵᠠᠮ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ᠎ᠶ᠋ᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃ ᠡᠢᠮᠦᠷᠬᠦᠦ ᠤᠯᠤᠰ ᠲᠥᠷᠥ᠎ᠶ᠋ᠢᠨ ᠵᠢᠯᠣᠭᠣᠳᠣᠮᠵᠢ ᠨᠢ ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠢ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠠᠢᠯᠪᠤᠷᠢᠯᠠᠬᠤ ᠦᠵᠡᠯ ᠰᠠᠨᠠᠭᠠᠨ᠎ᠤ ᠵᠡᠪᠰᠡᠭ ᠪᠣᠯᠭᠠᠨ ᠬᠤᠪᠢᠷᠠᠭᠤᠯᠵᠤ᠂ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠡᠵᠡᠮᠳᠡᠬᠦ᠌᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠠᠬᠢᠭᠤᠯᠬᠤ ᠠᠵᠢᠯᠯᠠᠭᠠᠨ᠎ᠤ ᠵᠢᠷᠤᠮᠯᠠᠯ ᠪᠣᠯᠭᠠᠨ ᠬᠤᠪᠢᠷᠠᠭᠤᠯᠵᠤ᠂ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠠᠪᠤᠴᠠ᠎ᠶ᠋ᠢ 《ᠬᠣᠶᠠᠷ᠎ᠢ ᠲᠣᠭ᠍ᠲᠠᠭᠠᠭᠰᠠᠨ》᠎ᠢ ᠡᠷᠡᠰ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠪᠣᠳᠠᠲᠠᠶ ᠦᠶ᠋ᠯᠡᠳᠦᠯᠭᠡ ᠪᠣᠯᠭᠠᠬᠤ ᠪᠣᠯᠤᠨ᠎ᠠ᠃
ᠬᠣᠲᠠ ᠬᠥᠳᠡᠭᠡ᠎ᠶ᠋ᠢ ᠬᠠᠮᠤᠷᠤᠭ᠍ᠰᠠᠨ᠂ ᠬᠢᠯᠢ ᠬᠢᠵᠠᠭᠠᠷᠲᠤ᠌ ᠬᠦᠷᠳᠡᠯ᠎ᠡ ᠤᠷᠳᠤᠳᠬᠠᠭᠰᠠᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ ᠢ᠋ ᠪᠦᠷᠢᠨᠱᠢᠭᠦᠯᠵᠦ᠍᠂ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠠᠢ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠦᠨᠳᠦᠰᠦᠲᠡᠨ ᠤᠯᠠᠨ᠂ ᠬᠢᠯᠢ᠎ᠶ᠋ᠢᠨ ᠱᠤᠭᠤᠮ ᠤᠷᠳᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠦᠴᠢᠷᠳᠡᠯ ᠶᠡᠬᠡ᠂ ᠡᠭᠦᠷᠭᠡ ᠬᠦᠨᠳᠦ ᠪᠣᠯᠤᠭ᠍ᠰᠠᠨ᠎ᠤ ᠬᠤᠪᠢ᠎ᠳᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠤᠨ ᠤᠯᠠᠨ ᠲᠦᠮᠡᠨ᠎ᠲᠡᠶ ᠬᠠᠷᠢᠯᠴᠠᠬᠤ ᠬᠥᠭᠥᠷᠭᠡ ᠬᠣᠯᠪᠣᠭᠠᠰᠤ ᠪᠣᠯᠤᠭ᠍ᠰᠠᠨ ᠬᠤᠪᠢ᠎ᠳᠤ᠂ ᠲᠡᠭᠦᠨ᠎ᠦ ᠵᠣᠬᠢᠶᠠᠨ ᠪᠠᠢᠭᠤᠯᠬᠤ ᠬᠦᠴᠦᠨ᠎ᠦ ᠴᠢᠩᠭ᠎ᠠ ᠰᠤᠯᠠ ᠨᠢ ᠲᠦᠷᠦ᠍᠎ᠶ᠋ᠢᠨ ᠪᠤᠳᠤᠯᠭ᠎ᠠ᠎ᠶ᠋ᠢᠨ ᠳᠠᠮᠵᠢᠭᠤᠯᠬᠤ ᠦᠷ᠎ᠡ ᠠᠰᠢᠬ ᠪᠠ ᠦᠷ᠎ᠡ ᠪᠦᠲᠦᠮᠵᠢᠲᠡᠶ ᠱᠢᠭᠤᠳ ᠬᠣᠯᠪᠣᠭ᠍ᠳᠠᠵᠤ ᠪᠠᠢᠳᠠᠭ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠂ ᠬᠢᠯᠢ ᠬᠢᠵᠠᠭᠠᠷ ᠣᠷᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠨᠠᠮ᠎ᠤᠨ ᠤᠳᠤᠷᠢᠳᠤᠯᠭ᠎ᠠ᠎ᠶ᠋ᠢ ᠦᠨᠳᠦᠰᠦᠲᠡᠨ᠎ᠦ ᠠᠵᠢᠯ᠂ ᠠᠮᠢ ᠠᠬᠤᠢ᠎ᠶ᠋ᠢᠨ ᠬᠠᠮᠠᠭᠠᠯᠠᠯᠲᠠ᠂ ᠠᠵᠤ ᠦᠢᠯᠡᠰ᠎ᠦᠨ ᠬᠥᠭ᠌ᠵᠢᠯᠲᠡ ᠵᠡᠷᠭᠡ ᠡᠯ᠎ᠡ ᠬᠦᠷᠢᠶᠡᠨ᠎ᠳᠦ ᠲᠤᠭᠤᠱᠢᠯᠠᠭᠤᠯᠵᠤ᠂ 《ᠳᠡᠭᠡᠳᠦ ᠲᠤᠤᠷᠠᠳᠤ ᠱᠠᠳᠤ᠎ᠪᠠᠷ᠎ᠢᠶᠠᠨ ᠨᠡᠪᠲᠡᠷᠡᠯᠴᠡᠬᠦ᠌᠂ ᠵᠡᠭᠦᠨ ᠪᠠᠷᠠᠭᠤᠨ ᠣᠷᠣᠨ ᠬᠣᠯᠪᠣᠯᠳᠤᠨ ᠬᠥᠳᠡᠯᠦᠯᠴᠡᠬᠦ᠌᠂ ᠬᠡᠷᠡᠭ᠌ᠵᠢᠭᠦᠯᠦᠯᠲᠡ ᠬᠦᠴᠦᠲᠡᠢ》 ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠤᠯᠠᠨ ᠲᠦᠮᠡᠨ᠎ᠢ ᠨᠢᠭ᠍ᠲᠠᠷᠠᠭᠤᠯᠬᠤ᠂ ᠬᠥᠭ᠌ᠵᠢᠯᠲᠡ᠎ᠶ᠋ᠢ ᠠᠬᠢᠭᠤᠯᠬᠤ᠂ ᠲᠣᠭ᠍ᠲᠠᠭᠤᠨ᠎ᠢ ᠬᠠᠮᠠᠭᠠᠯᠠᠬᠤ 《ᠲᠦᠱᠢᠭ ᠲᠤᠯᠭᠠᠭᠤᠷᠢ》 ᠪᠣᠯᠭᠠᠵᠤ᠂ 《1571》 ᠠᠵᠢᠯ᠎ᠤᠨ ᠪᠠᠢᠷᠢᠯᠠᠭᠤᠯᠤᠯᠲᠠ᠎ᠳᠤ ᠪᠠᠲᠤ ᠪᠡᠬᠢ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠬᠤ ᠭᠡᠷᠡᠭᠳᠠᠢ᠃
ᠱᠢᠰᠲ᠋ᠧᠮᠲᠦ ᠴᠢᠨᠠᠷ᠎ᠢᠶᠠᠷ ᠴᠢᠩᠭ᠎ᠠ᠂ ᠬᠣᠯᠪᠣᠭ᠍ᠳᠠᠬᠤ ᠬᠡᠪᠴᠢᠶ᠎ᠡ᠎ᠪᠡᠷ ᠥᠷᠭᠡᠨ《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠳᠤ ᠪᠠᠰᠠ ᠨᠢᠭᠡᠨ 《ᠳᠥᠷᠪᠡᠨ ᠣᠨᠴᠠᠭᠠᠢ》 ᠰᠠᠢᠨ ᠺᠠᠳ᠋ᠷ᠎ᠤᠨ ᠪᠠᠷᠢᠮᠵᠢᠶ᠎ᠠ᠎ᠳᠤ ᠨᠡᠢᠴᠡᠭ᠌ᠰᠡᠨ ᠺᠠᠳ᠋ᠷ᠎ᠤᠨ ᠡᠩᠨᠡᠭᠡ᠎ᠪᠡᠷ ᠲᠤᠯᠭᠠᠭᠤᠷᠢᠯᠠᠯ ᠪᠣᠯᠭᠠᠬᠤ ᠬᠡᠷᠡᠭ᠌ᠲᠡᠶ᠃ ᠺᠠᠳ᠋ᠷ᠎ᠤᠨ ᠡᠩᠨᠡᠭᠡᠨ᠎ᠦ ᠬᠡᠪ ᠪᠤᠯᠪᠠᠰᠤᠷᠠᠯ ᠴᠢᠳᠠᠪᠤᠷᠢ ᠨᠢ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌ ᠶᠠᠰᠤ ᠴᠢᠨᠠᠷ᠎ᠢ ᠱᠢᠭᠤᠳ ᠲᠣᠭ᠍ᠲᠠᠭᠠᠳᠠᠭ᠂ ᠭᠠᠭ᠍ᠴᠠ ᠬᠦ᠌ ᠨᠠᠮ᠎ᠡᠴᠡ ᠺᠠᠳ᠋ᠷ᠎ᠢ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠵᠥᠪ ᠤᠳᠤᠷᠢᠳᠤᠮᠵᠢ᠎ᠶ᠋ᠢ ᠪᠤᠢ ᠪᠣᠯᠭᠠᠵᠤ᠂ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ ᠺᠠᠳ᠋ᠷ᠎ᠤᠨ ᠲᠤᠰᠭᠠᠢ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ ᠪᠣᠯᠤᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠪᠠᠯ ᠰᠠᠶᠢ ᠺᠠᠳ᠋ᠷ᠎ᠤᠨ ᠡᠩᠨᠡᠭᠡ᠎ᠶ᠋ᠢᠨ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠱᠢᠨ᠎ᠡ ᠱᠠᠭᠠᠷᠳᠠᠯᠭ᠎ᠠ᠎ᠳᠤ ᠵᠣᠬᠢᠴᠠᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠳᠤᠮᠳᠠᠬᠢ ᠭᠦᠨ ᠳᠠᠪᠬᠤᠷᠭ᠎ᠠ᠎ᠶ᠋ᠢᠨ ᠵᠥᠷᠢᠴᠡᠯ ᠪᠣᠯᠤᠨ ᠠᠰᠠᠭᠤᠳᠠᠯ᠎ᠢ ᠱᠢᠢᠳᠪᠦᠷᠢᠯᠡᠵᠦ᠍᠂ ᠨᠠᠮ᠎ᠤᠨ ᠤᠳᠤᠷᠢᠳᠭᠤ ᠭᠣᠣᠯᠯᠠᠭ᠍ᠴᠢ᠎ᠶ᠋ᠢᠨ ᠦᠢᠯᠡᠳᠦᠯ᠎ᠢ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠴᠢᠳᠠᠨ᠎ᠠ᠃
(ᠬᠣᠶᠠᠷ) ᠠᠵᠢᠯ᠎ᠤᠨ ᠠᠮᠵᠢᠯᠲᠠ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠵᠤ ᠦᠢᠯᠡᠳᠦᠯᠭᠡᠵᠢᠭᠦᠯᠬᠦ ᠬᠡᠷᠡᠭᠲᠠᠢ᠃ ᠠᠵᠢᠯ᠎ᠤᠨ ᠠᠮᠵᠢᠯᠲᠠ᠎ᠶ᠋ᠢᠨ ᠦᠵᠡᠯᠲᠡ ᠨᠢ ᠬᠥᠭ᠌ᠵᠢᠯᠲᠡ᠎ᠶ᠋ᠢᠨ ᠦᠵᠡᠯᠲᠡ᠎ᠶ᠋ᠢᠨ ᠲᠥᠪᠯᠡᠷᠡᠩᠭᠦᠢ ᠢᠯᠡᠷᠡᠯ ᠪᠣᠯᠤᠭ᠍ᠰᠠᠨ᠎ᠤ ᠬᠤᠪᠢ᠎ᠳᠤ᠂ ᠬᠥᠭ᠌ᠵᠢᠯᠲᠡ᠎ᠶ᠋ᠢᠨ ᠴᠢᠭ᠌ᠯᠡᠯ ᠪᠠ ᠦᠷ᠎ᠡ ᠪᠦᠲᠦᠮᠵᠢ᠎ᠶ᠋ᠢ ᠱᠢᠭᠤᠳ ᠲᠣᠭ᠍ᠲᠠᠭᠠᠳᠠᠭ᠃ 《1571》 ᠠᠵᠢᠯ᠎ᠤᠨ ᠪᠠᠢᠷᠢᠯᠠᠭᠤᠯᠤᠯᠲᠠ ᠨᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠢᠯᠡ ᠲᠣᠳᠣ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢᠨ ᠤᠳᠤᠷᠢᠳᠤᠮᠵᠢ᠎ᠶ᠋ᠢ ᠠᠬᠤᠭᠤᠯᠵᠤ᠂ ᠡᠯ᠎ᠡ ᠱᠠᠲᠤᠨ᠎ᠤ ᠺᠠᠳ᠋ᠷ᠎ᠢ ᠨᠢᠳᠤᠨ ᠡᠮᠦᠨᠡᠬᠢ᠎ᠪᠡᠨ ᠪᠤᠳᠤᠬᠤ ᠠᠵᠢᠯᠯᠠᠭ᠎ᠠ ᠪᠣᠯᠤᠨ ᠬᠡᠯᠪᠡᠷᠢᠴᠢ ᠦᠵᠡᠯ᠎ᠢᠶᠡᠨ ᠲᠠᠶᠠᠭ᠍ᠳᠠᠵᠤ᠂ 《ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠳᠠᠯ ᠪᠣᠯᠤᠨ 《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠡᠭᠦᠷᠭᠡᠯᠡᠯ᠎ᠢᠶᠡᠷ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠯ᠎ᠡ ᠦᠨᠳᠦᠰᠦᠲᠡᠨ᠎ᠦ ᠤᠯᠠᠨ ᠲᠦᠮᠡᠨ᠎ᠳᠦ ᠬᠦᠷᠲᠡᠭᠡᠵᠦ᠍᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ ᠠᠵᠢᠯ᠎ᠤᠨ ᠠᠮᠵᠢᠯᠲᠠ᠎ᠵᠢᠨ ᠤᠳᠤᠷᠢᠳᠤᠮᠵᠢ᠎ᠶ᠋ᠢ ᠪᠠᠷᠢᠮᠲᠠᠯᠠᠬᠤ ᠬᠡᠷᠡᠭᠲᠠᠢ᠃ 《GDP ᠪᠡᠷ ᠪᠠᠭᠠᠲᠤᠷ᠎ᠢ ᠦᠨᠡᠯᠡᠬᠦ᠌》 ᠥᠷᠥᠭᠡᠰᠦᠭᠡᠯ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠡᠪᠳᠡᠵᠦ᠍᠂ ᠬᠥᠭ᠌ᠵᠢᠯᠲᠡ᠎ᠶ᠋ᠢᠨ ᠠᠮᠢ ᠠᠬᠤᠢ᠎ᠶ᠋ᠢᠨ ᠬᠣᠷᠢᠭ᠎ᠠ ᠱᠤᠭᠤᠮ ᠪᠣᠯᠤᠨ ᠠᠯᠤᠰ ᠬᠡᠳᠤ᠎ᠶ᠋ᠢᠨ ᠦᠷᠳᠡᠭ᠎ᠢ ᠲᠤᠪᠤᠢ᠌ᠯᠭᠠᠵᠤ᠂ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠵᠦ᠍᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠭ᠍ᠪᠤᠷ᠎ᠢᠶᠠᠷ ᠠᠮᠢ ᠠᠬᠤᠢ᠎ᠶ᠋ᠢᠨ ᠦᠷ᠎ᠡ ᠠᠱᠢᠭ᠂ ᠠᠵᠤ ᠠᠬᠤᠢ᠎ᠶ᠋ᠢᠨ ᠦᠷ᠎ᠡ ᠠᠱᠢᠭ ᠪᠣᠯᠤᠨ ᠨᠡᠢᠭᠡᠮ᠎ᠦᠨ ᠦᠷ᠎ᠡ ᠠᠱᠢᠭ᠎ᠤᠨ ᠬᠠᠮᠵᠢᠯᠴᠠᠨ ᠳᠡᠭᠡᠭ᠌ᠰᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃
ᠠᠷᠠᠳ᠎ᠤᠨ ᠠᠮᠢᠳᠤᠷᠠᠯ᠎ᠢᠶᠠᠷ ᠦᠨᠳᠦᠰᠦ ᠪᠣᠯᠭᠠᠬᠤ ᠠᠵᠢᠯ᠎ᠤᠨ ᠠᠮᠵᠢᠯᠲᠠ᠎ᠵᠢᠨ ᠤᠳᠤᠷᠢᠳᠤᠮᠵᠢ᠎ᠶ᠋ᠢ ᠪᠠᠷᠢᠮᠲᠠᠯᠠᠬᠤ ᠬᠡᠷᠡᠭᠲᠠᠢ᠃ 《1571》 ᠠᠵᠢᠯ᠎ᠤᠨ ᠪᠠᠢᠷᠢᠯᠠᠭᠤᠯᠤᠯᠲᠠ ᠨᠢ 《ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ》 ᠶ᠋ᠢ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠳᠤ ᠣᠷᠣᠭᠤᠯᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌᠎ᠪᠡᠷ ᠲᠣᠳᠣᠷᠬᠠᠢ ᠳᠤᠷᠠᠳᠴᠤ᠌᠂ ᠭᠣᠣᠯᠳᠠᠯᠭ᠎ᠠ ᠨᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠲᠤᠭᠤᠱᠢᠯᠠᠭᠤᠯᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠠᠵᠢᠯ᠎ᠤᠨ ᠠᠮᠵᠢᠯᠲᠠ᠎ᠶ᠋ᠢ ᠬᠡᠮᠵᠢᠬᠦ᠌ ᠦᠨᠳᠦᠰᠦᠨ ᠪᠠᠷᠢᠮᠵᠢᠶ᠎ᠠ ᠪᠣᠯᠭᠠᠬᠰᠠᠨ ᠶᠠᠪᠤᠳᠠᠯ ᠪᠣᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠴᠠ᠎ᠳᠤ᠂ ᠪᠢᠳᠡ ᠠᠵᠤ ᠠᠬᠤᠶ᠎ᠶ᠋ᠢᠨ ᠨᠡᠮᠡᠭ᠌ᠳᠡᠯ᠎ᠢ ᠬᠥᠭᠡᠭᠡᠴᠡᠯᠳᠦᠬᠦ᠌᠎ᠪᠡᠷ ᠪᠠᠷᠠᠬᠤ ᠥᠬᠡᠶ᠂ ᠨᠠᠩ ᠴᠤ᠌ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢ ᠴᠢᠬᠤᠯᠠᠴᠢᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠥᠷᠢᠯᠡᠬᠦ᠌᠂ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠬᠤ᠎ᠪᠠᠷ ᠳᠠᠮᠵᠢᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠡᠭᠦᠨ᠎ᠦ ᠤᠯᠠᠮ᠎ᠢᠶᠠᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠳᠠᠰ᠎ᠤᠨ ᠰᠠᠭᠤᠷᠢ ᠪᠠ ᠬᠠᠢᠷ᠎ᠠ ᠰᠡᠳᠭᠢᠯᠭᠡ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ᠃
ᠦᠨᠡᠨ᠎ᠡᠴᠡ ᠵᠥᠪ᠎ᠢ ᠡᠷᠢᠬᠦ᠌ ᠠᠵᠢᠯ᠎ᠤᠨ ᠠᠮᠵᠢᠯᠲᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠬᠤ ᠭᠡᠷᠡᠭᠲᠠᠢ᠃ ᠲᠠᠨᠢᠯᠲᠠ ᠪᠣᠯ ᠦᠢᠯᠡᠳᠦᠯᠭᠡ᠎ᠡᠴᠡ ᠢᠷᠡᠳᠡᠭ᠂ ᠬᠥᠭ᠌ᠵᠢᠭᠦᠯᠬᠦ᠌᠎ᠳᠦ ᠡᠷᠬᠡᠪᠰᠢ ᠪᠣᠳᠠᠲᠤ ᠪᠠᠢᠳᠠᠯ᠎ᠳᠤ ᠰᠠᠭᠤᠷᠢᠯᠠᠵᠤ᠂ ᠵᠢᠮ᠎ᠡ ᠶᠣᠰᠣ᠎ᠶ᠋ᠢ ᠬᠦᠨᠳᠦᠳᠭᠡᠬᠦ᠌ ᠬᠡᠷᠡᠭ᠌ᠲᠡᠢ᠃ 《1571》 ᠠᠵᠢᠯ᠎ᠤᠨ ᠪᠠᠢᠷᠢᠯᠠᠭᠤᠯᠤᠯᠲᠠ᠎ᠳᠤ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ᠎ᠶ᠋ᠢ ᠲᠣᠳᠣᠷᠬᠠᠶ ᠳᠤᠷᠠᠳᠴᠤ᠌᠂ ᠪᠤᠰᠤᠳᠴᠢ ᠵᠢᠮ᠎ᠡ ᠶᠣᠰᠣ᠎ᠶ᠋ᠢ ᠬᠦᠨᠳᠦᠳᠭᠡᠬᠦ᠌ ᠪᠠ ᠪᠠᠲᠤ ᠰᠠᠬᠢᠬᠤ᠎ᠶ᠋ᠢ ᠬᠠᠷᠠᠭᠤᠯᠤᠭ᠍ᠰᠠᠨ ᠪᠠᠢᠨ᠎ᠠ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ᠂ ᠪᠥᠬᠥ᠌ ᠤᠯᠤᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠳᠠᠭᠠᠬᠤ ᠬᠡᠷᠡᠭ᠌ᠲᠡᠶ ᠮᠥᠷᠲᠡᠭᠡᠨ ᠪᠠᠰᠠ ᠪᠤᠰᠤᠳ ᠭᠠᠵᠠᠷ ᠣᠷᠣᠨ᠎ᠤ ᠬᠥᠭ᠌ᠵᠢᠯᠲᠡ᠎ᠶ᠋ᠢᠨ ᠵᠠᠭ᠍ᠪᠤᠷ᠎ᠢ ᠰᠣᠬᠣᠷ ᠪᠠᠯᠠᠶ᠎ᠪᠠᠷ ᠲᠡᠷᠡ ᠬᠡᠪ᠎ᠢᠶᠡᠷ᠎ᠨᠢ ᠨᠡᠭᠦᠯᠭᠡᠨ ᠬᠡᠷᠡᠭ᠌ᠯᠡᠵᠦ᠍ ᠪᠣᠯᠬᠤ ᠥᠬᠡᠶ᠂ ᠬᠠᠷᠢᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠶ᠋ᠯᠡᠰ᠎ᠦᠨ ᠰᠠᠭᠤᠷᠢ᠂ ᠦᠨᠳᠦᠰᠦᠲᠡᠨ᠎ᠦ ᠣᠨᠴᠠᠯᠢᠭ ᠵᠡᠷᠭᠡ ᠪᠣᠳᠠᠲᠤ ᠪᠠᠢᠳᠠᠯ᠎ᠳᠤ ᠰᠠᠭᠤᠷᠢᠯᠠᠨ ᠬᠥᠭ᠌ᠵᠢᠯᠲᠡ᠎ᠶ᠋ᠢᠨ ᠲᠥᠯᠥᠪᠵᠢᠭᠦᠯᠭᠡ ᠲᠣᠭ᠍ᠲᠠᠭᠠᠬᠤ ᠬᠡᠷᠡᠭ᠌ᠲᠡᠶ᠃ ᠠᠵᠢᠯ᠎ᠤᠨ ᠠᠮᠵᠢᠯᠲᠠ᠎ᠶ᠋ᠢᠨ ᠲᠤᠬᠠᠢ ᠵᠥᠪ ᠦᠵᠡᠯᠲᠡ ᠨᠢ ᠡᠯ᠎ᠡ ᠱᠠᠲᠤᠨ᠎ᠤ ᠺᠠᠳ᠋ᠷᠴᠤᠳ᠎ᠢ ᠦᠨᠡᠨ᠎ᠡᠴᠡ ᠵᠥᠪ᠎ᠢ ᠡᠷᠢᠬᠦ᠌᠎ᠶ᠋ᠢ ᠪᠠᠷᠢᠮᠲᠠᠯᠠᠵᠤ᠂ ᠬᠥᠭ᠌ᠵᠢᠯᠲᠡ᠎ᠶ᠋ᠢᠨ ᠲᠤᠯᠭᠠᠮ ᠰᠡᠳᠭᠢᠯᠭᠡ᠎ᠪᠡᠨ ᠪᠠᠲᠤᠯᠠᠬᠤ ᠬᠡᠷᠡᠭ᠌ᠲᠡᠢ ᠮᠥᠷᠲᠡᠭᠡᠨ ᠪᠠᠰᠠ ᠠᠮᠵᠢᠯᠲᠠ ᠤᠯᠬᠤ᠎ᠪᠠᠷ ᠶᠠᠭᠠᠷᠠᠬᠤ᠂ ᠰᠣᠬᠣᠷ ᠪᠠᠯᠠᠢ᠎ᠪᠠᠷ ᠭᠡᠨᠡᠨ᠎ᠢᠶᠡᠷ ᠤᠷᠤᠭ᠍ᠰᠢᠯᠠᠬᠤ᠎ᠡᠴᠡ ᠵᠠᠢᠯᠠᠰᠭᠢᠵᠦ᠍᠂ ᠱᠢᠨᠵᠢᠯᠡᠬᠦ᠌ ᠤᠬᠠᠭᠠᠨᠴᠢ᠎ᠪᠠᠷ ᠲᠥᠯᠥᠪᠯᠡᠬᠦ᠌᠂ ᠨᠠᠷᠢᠯᠢᠭ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠬᠥᠭ᠌ᠵᠢᠯᠲᠡ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠬᠡᠮᠵᠢᠶᠡᠨ᠎ᠦ ᠵᠦᠢ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠵᠤ᠂ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠪᠣᠳᠠᠲᠤ ᠪᠠᠢᠳᠠᠯ᠎ᠲᠠᠶ ᠨᠡᠢᠴᠡᠵᠦ᠍᠂ ᠠᠯᠤᠰ ᠢᠷᠡᠭᠡᠳᠦᠢ᠎ᠳᠦ ᠠᠱᠢᠭ ᠬᠦᠷᠲᠡᠭᠡᠬᠦ᠌᠎ᠶ᠋ᠢ ᠦᠨᠡᠨ ᠬᠦ᠌ ᠪᠠᠲᠤᠯᠠᠬᠤ᠎ᠶ᠋ᠢ ᠱᠠᠭᠠᠷᠳᠠᠵᠤ ᠪᠠᠢᠨ᠎ᠠ᠃
(ᠭᠤᠷᠪᠠ) ᠭᠣᠣᠯᠳᠠᠯᠭ᠎ᠠ᠎ᠲᠠᠶ ᠱᠢᠪᠲᠤᠯᠤᠯᠲᠠ ᠬᠢᠵᠦ᠍ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠳᠠᠢᠴᠢᠯᠠᠬᠤ ᠠᠷᠭ᠎ᠠ᠎ᠶ᠋ᠢᠨ ᠤᠨᠤᠯ᠎ᠢ ᠪᠠᠷᠢᠮᠲᠠᠯᠠᠬᠤ ᠬᠡᠷᠡᠭᠲᠠᠢ᠃ 《1571》 ᠠᠵᠢᠯ᠎ᠤᠨ ᠪᠠᠢᠷᠢᠯᠠᠭᠤᠯᠤᠯᠲᠠ ᠨᠢ ᠨᠢᠭᠡᠨ ᠱᠢᠰᠲ᠋ᠧᠮ᠎ᠲᠡᠶ ᠪᠥᠭᠡᠳ ᠪᠦᠷᠢᠨ ᠪᠦᠲᠦᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠭ᠍ᠰᠠᠨ᠎ᠤ ᠬᠤᠪᠢ᠎ᠳᠤ᠂ ᠭᠦᠨ ᠭᠦᠨᠵᠡᠭᠡᠶ ᠱᠢᠰᠲ᠋ᠧᠮᠲᠦ ᠰᠡᠳᠭᠢᠬᠦᠶ ᠪᠠ ᠪᠠᠢᠯᠳᠤᠬᠤ ᠪᠣᠳᠣᠯᠭ᠎ᠠ᠎ᠶ᠋ᠢᠨ ᠰᠡᠳᠭᠢᠬᠦᠶ ᠠᠭᠤᠯᠤᠭ᠍ᠳᠠᠵᠤ᠂ ᠶᠡᠷᠦᠩᠬᠡᠶ ᠬᠠᠷᠠᠯᠲᠠ ᠬᠢᠭᠡᠳ ᠪᠦᠬᠦᠯᠢ ᠴᠣᠭ᠍ᠴᠠ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠭ᠍ᠰᠠᠨ ᠮᠥᠷᠲᠡᠭᠡᠨ ᠪᠠᠰᠠ ᠵᠠᠩᠭᠢᠯᠠᠭ᠎ᠠ᠎ᠶ᠋ᠢᠨ ᠬᠦᠷᠢᠶ᠎ᠡ ᠬᠢᠭᠡᠳ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠭᠤᠤᠯᠳᠠᠯᠭ᠎ᠠ᠎ᠲᠠᠶ ᠬᠥᠲᠥᠯᠦᠨ ᠳᠠᠭᠠᠭᠤᠯᠬᠤ᠂ ᠪᠥᠬᠥ᠌ ᠲᠠᠯ᠎ᠠ᠎ᠪᠠᠷ ᠬᠠᠮᠵᠢᠯᠴᠠᠬᠤ》 ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠵᠠᠶ᠃
ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭᠠᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ ᠪᠠ ᠪᠥᠬᠥ᠌ ᠲᠠᠯ᠎ᠠ᠎ᠶ᠋ᠢᠨ ᠨᠢᠭᠡᠳᠦᠯ᠎ᠢ ᠢᠯᠡᠷᠡᠭᠦᠯᠪᠡ᠃ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠪᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠴᠢᠬᠤᠯᠠ ᠶᠡᠬᠡ ᠡᠭᠦᠷᠭᠡ ᠬᠠᠷᠢᠭᠤᠴᠠᠯᠭ᠎ᠠ ᠪᠣᠯᠤᠨ᠎ᠠ᠂ ᠮᠥᠨ ᠴᠦ᠍ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯ ᠠᠭᠤᠯᠤᠭ᠍ᠳᠠᠬᠤᠨ ᠪᠣᠯᠤᠨ᠎ᠠ᠂ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠪᠠᠲᠤᠯᠠᠭ᠎ᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠂ ᠤᠮᠠᠷᠠᠰᠢ ᠨᠡᠭᠡᠭᠡᠯᠳᠠ ᠬᠢᠬᠦ᠌᠂ ᠦᠨᠳᠦᠰᠦᠲᠡᠨ᠎ᠦ ᠪᠦᠯᠬᠦᠮᠳᠡᠯ ᠵᠡᠷᠭᠡ ᠵᠠᠩᠭᠢᠯᠠᠭ᠎ᠠ᠎ᠶ᠋ᠢᠨ ᠬᠦᠷᠢᠢ᠎ᠡ᠎ᠶ᠋ᠢ ᠬᠠᠮᠤᠷᠴᠤ᠌᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ ᠪᠣᠯᠬᠤ᠎ᠪᠠᠷ ᠪᠠᠷᠠᠬᠤ ᠦᠭᠡᠢ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠶᠡᠬᠡ ᠲᠠᠯ᠎ᠠ᠎ᠳᠤ ᠦᠢᠯᠡᠴᠢᠯᠡᠬᠦ᠌ ᠴᠢᠬᠤᠯᠠ ᠭᠠᠷᠳᠡᠴᠡ ᠪᠣᠯᠤᠨ᠎ᠠ᠃ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠨᠢ ᠲᠤᠰᠠᠭᠠᠷ ᠣᠷᠣᠱᠢᠬᠤ ᠪᠢᠰᠢ᠂ ᠬᠠᠷᠢᠨ ᠬᠠᠷᠢᠯᠴᠠᠨ ᠬᠣᠯᠪᠣᠯᠳᠤᠵᠤ᠂ ᠬᠠᠷᠢᠯᠴᠠᠨ ᠲᠤᠯᠭᠠᠭᠤᠷᠢᠯᠠᠭ᠍ᠰᠠᠨ ᠣᠷᠭᠠᠨᠢᠭ ᠪᠦᠬᠦᠯᠢ ᠴᠣᠭ᠍ᠴᠠ ᠪᠣᠯᠤᠨ᠎ᠠ᠂ ᠠᠮᠢ ᠠᠬᠤᠶ᠎ᠶ᠋ᠢᠨ ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠬᠣᠷᠢᠭ᠎ᠠ ᠱᠤᠭᠤᠮ᠂ ᠡᠨᠧᠷᠭᠢ᠎ᠶ᠋ᠢᠨ ᠰᠠᠭᠤᠷᠢᠨ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠰᠠᠭᠤᠷᠢᠨ ᠪᠣᠯ ᠬᠥᠭ᠌ᠵᠢᠯᠲᠡ᠎ᠶ᠋ᠢᠨ ᠰᠠᠭᠤᠷᠢ᠂ ᠤᠮᠠᠷᠠᠰᠢ ᠨᠡᠭᠡᠭᠡᠯᠲᠡ ᠬᠢᠬᠦ᠌ ᠪᠣᠯ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠂ ᠦᠨᠳᠦᠰᠦᠲᠡᠨ᠎ᠦ ᠪᠦᠯᠬᠦᠮᠳᠡᠯ ᠪᠣᠯ ᠬᠥᠭ᠌ᠵᠢᠯᠲᠡ᠎ᠶ᠋ᠢᠨ ᠪᠠᠲᠤᠯᠠᠭ᠎ᠠ ᠪᠣᠯᠤᠨ᠎ᠠ᠃ ᠲᠠᠪᠤᠨ ᠶᠡᠬᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠬᠤ ᠪᠣᠯ ᠳᠠᠷᠤᠢ ᠬᠥᠭ᠌ᠵᠢᠯᠲᠡ᠎ᠶ᠋ᠢᠨ 《ᠵᠢᠯᠤᠭᠤ》᠎ᠶ᠋ᠢ ᠠᠳᠭᠤᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠱᠢᠪᠲᠤᠯᠤᠯᠲᠠ᠎ᠪᠠᠷ ᠳᠠᠮᠵᠢᠭᠤᠯᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠳᠠᠢᠴᠢᠯᠠᠬᠤ᠎ᠶ᠋ᠢᠨ ᠬᠠᠮᠲᠤ ᠡᠯ᠎ᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠬᠠᠮᠵᠢᠯᠴᠠᠨ ᠬᠥᠳᠡᠯᠦᠯᠴᠡᠬᠦ᠌᠎ᠶ᠋ᠢ ᠴᠢᠬᠤᠯᠠᠴᠢᠯᠠᠵᠤ᠂ ᠳᠠᠩ ᠭᠠᠭ᠍ᠴᠠ ᠬᠦᠷᠢᠶᠡᠨ᠎ᠳᠦ ᠲᠦᠯᠬᠢᠨ ᠠᠬᠢᠭᠤᠯᠤᠭᠠᠳ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠣᠮᠲᠣᠭᠠᠢᠯᠠᠬᠤ᠎ᠡᠴᠡ ᠵᠠᠢᠯᠠᠰᠭᠢᠵᠦ᠍᠂ ᠭᠣᠣᠯᠳᠠᠯᠭ᠎ᠠ᠎ᠲᠠᠶ ᠱᠢᠪᠲᠤᠯᠤᠯᠲᠠ ᠬᠢᠭᠡᠳ ᠪᠦᠬᠦ᠌ ᠲᠠᠯ᠎ᠠ᠎ᠶ᠋ᠢᠨ ᠳᠡᠭᠡᠭ᠌ᠰᠢᠯᠡᠯᠲᠡ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠬᠦ᠌ ᠶᠠᠪᠤᠳᠠᠯ ᠪᠣᠯᠤᠨ᠎ᠠ᠃
ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠣᠳᠠᠲᠠᠶ ᠠᠳᠭᠤᠵᠤ᠂ ᠠᠷᠭ᠎ᠠ ᠵᠠᠮ ᠪᠠ ᠬᠠᠷᠠᠯᠲᠠ᠎ᠶ᠋ᠢᠨ ᠨᠢᠭᠡᠳᠦᠯ᠎ᠢ ᠢᠯᠡᠷᠡᠭᠦᠯᠪᠡ᠃ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠨᠢ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠵᠠᠮ ᠪᠣᠯᠤᠭ᠍ᠰᠠᠨ᠎ᠤ ᠬᠤᠪᠢ᠎ᠳᠤ᠂ ᠠᠵᠤ ᠦᠶ᠋ᠯᠡᠰ᠎ᠦᠨ ᠱᠢᠰᠲ᠋ᠧᠮ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ᠎ᠶ᠋ᠢ ᠬᠠᠮᠤᠷᠴᠤ᠌᠂ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢ ᠦᠶ᠋ᠯᠡᠳᠦᠯᠭᠡ᠎ᠶ᠋ᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠣᠳᠠᠲᠠᠢ ᠠᠳᠭᠤᠬᠤ᠎ᠪᠠᠷ ᠲᠠᠮᠵᠢᠨ᠂ 《ᠠᠵᠤ ᠦᠢᠯᠡᠰ᠎ᠢᠶᠡᠷ ᠰᠠᠭᠤᠷᠢ ᠪᠣᠯᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠵᠢᠭᠦᠷ ᠪᠣᠯᠭᠠᠬᠤ᠂ ᠥᠭᠡᠷᠡᠴᠢᠯᠡᠯᠲᠡ᠎ᠪᠡᠷ ᠭᠣᠣᠯᠳᠠᠯᠭ᠎ᠠ ᠪᠣᠯᠭᠠᠬᠤ᠂ ᠠᠷᠠᠳ᠎ᠤᠨ ᠠᠮᠢᠳᠤᠷᠠᠯ᠎ᠢᠶᠠᠷ ᠦᠨᠳᠦᠰᠦ ᠪᠣᠯᠭᠠᠬᠤ》 ᠬᠥᠭ᠌ᠵᠢᠯᠲᠡ᠎ᠶ᠋ᠢᠨ ᠱᠢᠰᠲ᠋ᠧᠮ᠎ᠢ ᠪᠠᠢᠭᠤᠯᠵᠤ᠂ ᠡᠯ᠎ᠡ ᠬᠦᠷᠢᠶᠡᠨ᠎ᠦ ᠠᠵᠢᠯ᠎ᠢ ᠬᠠᠷᠢᠯᠴᠠᠨ ᠵᠣᠯᠭᠠᠭᠤᠯᠵᠤ᠂ ᠬᠠᠮᠵᠢᠯᠴᠠᠨ ᠬᠦᠴᠦᠯᠡᠵᠦ᠍᠂ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠶᠠᠪᠤᠳᠠᠯ ᠪᠤᠯᠤᠨ᠎ᠠ᠃ ᠡᠢᠮᠦᠷᠬᠦᠦ ᠠᠷᠭ᠎ᠠ ᠵᠠᠮ᠎ᠢ ᠵᠢᠷᠤᠵᠤ ᠲᠥᠯᠥᠪᠯᠡᠭ᠌ᠰᠡᠨ ᠨᠢ 《ᠲᠠᠯ᠎ᠠ ᠪᠦᠬᠦᠨ᠎ᠢ ᠬᠠᠮᠤᠷᠤᠨ᠂ ᠬᠦᠨᠳᠦ ᠬᠦᠡᠭᠭᠡᠨᠢ ᠦᠯᠦ ᠬᠠᠮᠢᠶᠠᠷᠬᠤ》 ᠳᠣᠣᠷ᠎ᠠ ᠪᠦᠲᠦᠮᠵᠢᠲᠡᠢ᠎ᠪᠡᠷ ᠠᠬᠢᠭᠤᠯᠬᠤ᠎ᠡᠴᠡ ᠵᠠᠢᠯᠠᠰᠬᠢᠭᠰᠡᠨ ᠮᠥᠷᠲᠡᠭᠡᠨ ᠪᠠᠰᠠ 《ᠭᠠᠭᠴᠠ ᠲᠠᠯ᠎ᠠ ᠪᠡᠷ ᠭᠦᠴᠦᠯᠡᠨ᠂ ᠠᠯᠢ ᠠᠯᠢᠨ ᠳ᠋ᠠᠭᠠᠨ ᠦᠯᠦ ᠵᠠᠪᠳᠤᠬᠤ》 ᠥᠷᠥᠭᠡᠰᠦᠭᠡᠯ ᠬᠥᠭ᠌ᠵᠢᠯᠲᠡ᠎ᠶ᠋ᠢ ᠰᠡᠷᠭᠡᠢᠯᠡᠵᠦ᠍᠂ ᠱᠢᠰᠲ᠋ᠧᠮᠲᠦ ᠰᠡᠳᠭᠢᠬᠦᠢ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ᠎ᠢ ᠢᠯᠡᠷᠡᠭᠦᠯᠦᠭ᠌ᠰᠡᠨ ᠪᠠᠢᠨ᠎ᠠ᠃
ᠰᠠᠯᠠᠭ᠎ᠠ ᠮᠥᠴᠢᠷ᠎ᠦᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠠᠮᠵᠢᠯᠴᠠᠬᠤ ᠪᠠ ᠪᠦᠬᠦᠯᠢ ᠴᠣᠭ᠍ᠴᠠ᠎ᠶ᠋ᠢᠨ ᠨᠢᠭᠡᠳᠦᠯ᠎ᠢ ᠳᠣᠪᠣᠢᠯᠭᠠᠪᠠ᠃ 《1571》 ᠠᠵᠢᠯ᠎ᠤᠨ ᠪᠠᠢᠷᠢᠯᠠᠭᠤᠯᠤᠯᠲᠠ ᠪᠣᠯ ᠨᠢᠭᠡ ᠵᠦᠢᠯ᠎ᠤᠨ ᠱᠢᠰᠲᠧᠮ᠎ᠤᠨ ᠴᠢᠨᠠᠷᠲᠠᠢ ᠢᠨᠵᠸᠨ᠋ᠸᠷᠢᠩ ᠪᠣᠯᠬᠤ ᠪᠥᠭᠡᠳ ᠤᠯᠠᠨ ᠭᠠᠵᠠᠷ ᠣᠷᠣᠨ᠂ ᠤᠯᠠᠨ ᠰᠠᠯᠠᠭ᠎ᠠ ᠮᠥᠴᠢᠷ᠎ᠲᠦ ᠬᠣᠯᠪᠣᠭ᠍ᠳᠠᠵᠤ᠂ ᠵᠥᠪᠬᠡᠨ ᠶᠠᠮᠠᠷ ᠨᠢᠭᠡᠨ ᠭᠠᠵᠠᠷ ᠣᠷᠣᠨ᠂ ᠶᠠᠮᠠᠷ ᠨᠢᠭᠡᠨ ᠰᠠᠯᠠᠭ᠎ᠠ ᠮᠥᠴᠢᠷ᠎ᠤᠨ ᠬᠦᠴᠦᠨ᠎ᠳᠤ ᠲᠦᠱᠢᠭ᠌ᠯᠡᠪᠡᠯ ᠪᠡᠶᠡᠯᠡᠭᠦᠯᠬᠦ᠌᠎ᠳᠦ ᠪᠡᠷᠬᠡᠲᠡᠢ ᠪᠣᠯᠬᠣᠷ ᠡᠷᠬᠡᠪᠰᠢ ᠱᠢᠰᠲᠸᠮ᠎ᠤᠨ ᠦᠵᠡᠯᠲᠡ᠎ᠶ᠋ᠢ ᠪᠠᠷᠢᠮᠲᠠᠯᠠᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠌᠎ᠶ᠋ᠢ ᠴᠢᠩᠭᠠᠳᠬᠠᠬᠤ ᠬᠡᠷᠡᠭ᠌ᠲᠡᠢ᠃ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌᠎ᠪᠡᠷ ᠳᠠᠮᠵᠢᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠦᠨ ᠲᠤᠰᠢᠶᠠᠯ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠵᠠᠰᠠᠭ ᠵᠠᠬᠢᠷᠭᠠᠨ᠎ᠤ ᠪᠡᠬᠢᠯᠡᠯᠲᠡ ᠬᠢᠭᠡᠳ ᠰᠠᠯᠠᠭ᠎ᠠ ᠮᠥᠴᠢᠷ᠎ᠦᠨ ᠬᠡᠰᠡᠭ᠌ᠯᠡᠯ᠎ᠢ ᠡᠪᠳᠡᠵᠦ᠍᠂ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠣᠬᠢᠷᠠᠭᠤᠯᠬᠤ᠂ ᠲᠥᠷᠥ᠎ᠶ᠋ᠢᠨ ᠪᠣᠳᠣᠯᠭ᠎ᠠ᠎ᠶ᠋ᠢ ᠪᠦᠲᠦᠮᠵᠢᠲᠡᠶ ᠵᠣᠯᠭᠠᠭᠤᠯᠬᠤ᠂ ᠠᠵᠢᠯ᠎ᠢ ᠢᠵᠢᠯᠢ ᠴᠢᠭ᠌ᠯᠡᠯ᠎ᠢᠶᠡᠷ ᠬᠦᠴᠦᠯᠡᠬᠦ᠌᠎ᠶ᠋ᠢ ᠪᠡᠶᠡᠯᠡᠭᠦᠯᠵᠦ᠍᠂ 《ᠳᠡᠭᠡᠭᠰᠢ ᠳᠣᠷᠤᠭᠰᠢ ᠬᠤᠯᠪᠤᠭᠠᠯᠠᠬᠤ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠪᠦᠬᠦ᠌ ᠣᠷᠣᠨ ᠪᠦᠰᠡ᠎ᠪᠡᠷ ᠠᠬᠢᠭᠤᠯᠬᠤ》 ᠠᠵᠢᠯ᠎ᠤᠨ ᠪᠠᠢᠷᠢᠱᠢᠯ᠎ᠢ ᠪᠣᠶ ᠪᠣᠯᠭᠠᠬᠤ ᠬᠡᠷᠡᠭ᠌ᠲᠡᠶ᠃ ᠡᠢᠮᠦᠷᠬᠦᠦ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠌ ᠨᠢ ᠭᠣᠣᠯᠳᠠᠯᠭ᠎ᠠ᠎ᠲᠠᠶ ᠠᠵᠢᠯ᠎ᠢ ᠠᠬᠢᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍ ᠴᠢᠳᠠᠬᠤ᠎ᠪᠠᠷ ᠪᠠᠷᠠᠬᠤ ᠦᠭᠡᠢ ᠨᠡᠩ ᠴᠤ᠌ ᠪᠦᠬᠦ᠌ ᠣᠷᠣᠨ ᠪᠦᠰᠡ ᠬᠠᠮᠵᠢᠯᠴᠠᠭ᠍ᠰᠠᠨ᠂ ᠪᠦᠬᠦᠯᠢ ᠴᠣᠭ᠍ᠴᠠ᠎ᠪᠠᠷ ᠬᠦᠴᠦᠯᠡᠬᠦ᠌ ᠬᠥᠭ᠌ᠵᠢᠯᠲᠡ᠎ᠶ᠋ᠢᠨ ᠪᠠᠢᠳᠠᠯ᠎ᠤᠨ ᠪᠦᠷᠢᠯᠳᠦᠬᠦ᠌᠎ᠶ᠋ᠢ ᠠᠬᠢᠭᠤᠯᠵᠤ ᠴᠢᠳᠠᠨ᠎ᠠ᠃
(ᠳᠥᠷᠪᠡ)ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠬᠤ ᠬᠡᠷᠡᠭᠲᠠᠢ᠃ ᠮᠣᠩᠭᠣᠯ ᠮᠣᠷᠢᠨ᠎ᠤ ᠵᠣᠷᠢᠭ ᠰᠠᠨᠠᠭ᠎ᠠ᠎ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠣᠷᠳᠣ ᠬᠤᠭᠤᠴᠠᠭᠠᠨ᠎ᠤ ᠦᠶ᠋ᠯᠡᠳᠪᠦᠷᠢᠯᠡᠯ ᠠᠮᠢᠳᠤᠷᠠᠯ᠎ᠤᠨ ᠳᠤᠮᠳᠠ ᠪᠣᠶ ᠪᠣᠯᠤᠭ᠍ᠰᠠᠨ ᠡᠷᠬᠢᠮ ᠨᠠᠨᠳᠢᠨ ᠣᠶᠤᠨ ᠰᠠᠨᠠᠭᠠᠨ᠎ᠤ ᠥᠪ ᠬᠥᠷᠥᠩᠭᠡ ᠪᠣᠯᠤᠭ᠍ᠰᠠᠨ᠎ᠤ ᠬᠤᠪᠢ᠎ᠳᠤ᠂ 《ᠲᠡᠰᠪᠦᠷᠢ ᠬᠠᠲᠠᠭᠤᠵᠢᠯᠲᠠᠢ᠂ ᠴᠤᠴᠠᠯᠲᠠ ᠥᠬᠡᠶ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠥᠷᠬᠥ᠌》᠎ᠶ᠋ᠢᠨ ᠭᠤᠤᠯ ᠣᠨᠴᠠᠯᠢᠭ ᠱᠢᠨᠵᠢ ᠪᠣᠯᠵᠣ᠂ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠳᠤ ᠬᠦᠴᠦᠷᠬᠡᠭ ᠶᠡᠬᠡ ᠣᠶᠤᠨ ᠰᠠᠨᠠᠭᠠᠨ᠎ᠤ ᠨᠢᠭ᠍ᠲᠠᠷᠠᠯ᠎ᠤᠨ ᠬᠦᠴᠦᠨ ᠪᠠ ᠠᠵᠢᠯᠯᠠᠭᠠᠨ᠎ᠤ ᠤᠷᠢᠶᠠᠯᠠᠬᠤ ᠬᠦᠴᠦᠨ᠎ᠢ ᠬᠠᠩᠭᠠᠵᠤ ᠴᠢᠳᠠᠨ᠎ᠠ᠃
ᠲᠡᠰᠪᠦᠷᠢ ᠬᠠᠲᠠᠭᠤᠵᠢᠯᠲᠠᠢ ᠵᠠᠩ ᠴᠢᠨᠠᠷ ᠪᠣᠯ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠣᠶᠤᠨ ᠰᠠᠨᠠᠭᠠᠨ᠎ᠤ ᠰᠠᠭᠤᠷᠢ ᠮᠥᠨ᠃ ᠲᠡᠰᠪᠦᠷᠢ ᠬᠠᠲᠠᠭᠤᠵᠢᠯᠲᠠᠢ ᠪᠠᠢᠬᠤ ᠪᠣᠯ ᠨᠢᠭᠡ ᠵᠦᠢᠯ᠎ᠦᠨ ᠠᠵᠢᠯ᠎ᠤᠨ ᠰᠤᠷᠲᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠨᠢᠭᠡ ᠵᠦᠢᠯ᠎ᠦᠨ ᠦᠷᠳᠡᠭ᠎ᠦᠨ ᠬᠥᠭᠡᠭᠡᠴᠡᠯᠳᠦᠯ ᠮᠥᠨ᠂ ᠲᠡᠷᠡ ᠨᠢ ᠠᠵᠢᠯ ᠦᠢᠯᠡᠰ᠎ᠲᠡᠬᠡᠨ ᠦᠨᠡᠨᠴᠢ ᠱᠢᠳᠤᠷᠭᠤ ᠪᠠᠢᠬᠤ ᠪᠠ ᠬᠠᠷᠢᠭᠤᠴᠠᠯᠭ᠎ᠠ ᠡᠭᠦᠷᠭᠡᠯᠡᠵᠦ᠍ ᠪᠠᠢᠬᠤ᠎ᠶ᠋ᠢ ᠬᠠᠷᠠᠭᠤᠯᠵᠤ ᠪᠤᠢ᠃ 《1571》ᠠᠵᠢᠯ᠎ᠤᠨ ᠪᠠᠢᠷᠢᠯᠠᠭᠤᠯᠤᠯᠲᠠ ᠨᠢ ᠠᠮᠢ ᠠᠬᠤᠶ᠎ᠶ᠋ᠢᠨ ᠬᠠᠮᠠᠭᠠᠯᠠᠯᠲᠠ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠂ ᠭᠠᠳᠠᠭᠠᠳᠤ ᠨᠡᠭᠡᠭᠡᠯᠲᠡ ᠵᠡᠷᠭᠡ ᠣᠯᠠᠨ ᠬᠦᠷᠢᠶ᠎ᠡ᠎ᠶ᠋ᠢ ᠬᠠᠮᠤᠷᠴᠤ᠌᠂ ᠮᠠᠰᠢ ᠣᠯᠠᠨ ᠭᠦᠨ ᠳᠠᠪᠬᠤᠷᠭ᠎ᠠ᠎ᠶ᠋ᠢᠨ ᠵᠥᠷᠢᠴᠡᠯ ᠪᠠ ᠥᠷᠢᠰᠥᠯᠳᠦᠭᠡᠨ᠎ᠳᠦ ᠲᠤᠯᠭᠠᠷᠠᠵᠤ ᠪᠠᠢᠭ᠎ᠠ ᠪᠤᠯᠬᠤᠷ᠂ ᠢᠯᠠᠩᠭᠤᠶ᠎ᠠ ᠲᠡᠰᠪᠦᠷᠢ ᠬᠠᠲᠠᠭᠤᠵᠢᠯᠲᠠᠶ ᠵᠠᠩ ᠴᠢᠨᠠᠷ᠎ᠢᠶᠠᠷ ᠬᠠᠲᠠᠭᠤ ᠡᠭᠦᠷᠭᠡ᠎ᠶ᠋ᠢ ᠡᠭᠦᠷᠭᠡᠯᠡᠬᠦ᠌ ᠴᠢᠬᠤᠯᠠᠲᠠᠢ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢᠨ ᠳᠤᠮᠳᠠ᠂ ᠡᠨᠡ ᠬᠦ᠌ ᠵᠠᠩ ᠴᠢᠨᠠᠷ ᠨᠢ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠡᠮᠦᠨ᠎ᠡ ᠹᠷᠣᠨᠲ᠎ᠲᠤ ᠦᠨᠳᠦᠰᠦᠯᠡᠵᠦ᠍᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠌᠎ᠶ᠋ᠢ ᠤᠷᠮᠠᠱᠢᠭᠤᠯᠤᠨ ᠵᠣᠷᠢᠭ᠍ᠵᠢᠭᠤᠯᠵᠤ᠂ ᠠᠮᠢ ᠠᠬᠤᠢ᠎ᠶ᠋ᠢᠨ ᠵᠠᠰᠠᠯᠲᠠ᠂ ᠠᠵᠤ ᠦᠢᠯᠡᠰ᠎ᠦᠨ ᠬᠥᠭ᠌ᠵᠢᠯᠲᠡ ᠵᠡᠷᠭᠡ ᠪᠡᠷᠬᠡ ᠬᠠᠲᠠᠭᠤᠵᠢᠯᠲᠠᠢ ᠡᠭᠦᠷᠭᠡ᠎ᠶ᠋ᠢᠨ ᠳᠤᠮᠳᠠ ᠬᠦᠴᠢᠷ᠎ᠢ ᠰᠦᠷᠦᠨ ᠤᠷᠤᠭ᠍ᠰᠢᠯᠠᠵᠤ᠂ ᠦᠨᠡᠨ ᠪᠣᠳᠠᠲᠠᠢ ᠠᠵᠢᠯᠯᠠᠬᠤ᠎ᠪᠠᠷ ᠬᠥᠭ᠌ᠵᠢᠯᠲᠡ᠎ᠶ᠋ᠢᠨ ᠪᠣᠭᠣᠮᠢ᠎ᠶ᠋ᠢ ᠡᠪᠳᠡᠵᠦ᠍ ᠴᠢᠳᠠᠨ᠎ᠠ᠃
ᠴᠤᠴᠠᠯᠲᠠ ᠦᠭᠡᠢ ᠤᠷᠤᠭ᠍ᠰᠢᠯᠠᠬᠤ ᠰᠥᠰᠥ᠍ ᠵᠣᠷᠢᠭ ᠪᠣᠯ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠮᠥᠨ᠃ ᠴᠤᠴᠠᠯᠲᠠ ᠦᠭᠡᠢ ᠤᠷᠤᠭ᠍ᠰᠢᠯᠠᠬᠤ ᠳᠤᠮᠳᠠ ᠠᠭᠤᠯᠤᠭ᠍ᠳᠠᠵᠤ ᠪᠠᠢᠭ᠎ᠠ ᠵᠣᠷᠢᠭ᠍ᠲᠠᠢ ᠬᠢᠵᠦ᠍ ᠵᠣᠷᠢᠭ᠍ᠲᠠᠢ ᠲᠤᠷᠱᠢᠬᠤ᠂ ᠡᠷᠡᠰ ᠰᠢᠭᠤᠷᠬᠠᠢ᠎ᠪᠠᠷ ᠤᠷᠤᠭ᠍ᠰᠢᠯᠠᠬᠤ᠎ᠶ᠋ᠢᠨ ᠣᠨᠴᠠᠯᠢᠭ ᠱᠢᠨᠵᠢ ᠨᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠱᠠᠭᠠᠷᠳᠠᠯᠭ᠎ᠠ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠤᠢ᠃ 《1571》 ᠠᠵᠢᠯ᠎ᠤᠨ ᠪᠠᠢᠷᠢᠯᠠᠭᠤᠯᠤᠯᠲᠠ ᠨᠢ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠲᠤ ᠰᠠᠭᠤᠷᠢᠯᠠᠨ᠂ ᠮᠠᠰᠢ ᠣᠯᠠᠨ ᠱᠢᠨ᠎ᠡ᠎ᠶ᠋ᠢ ᠡᠭᠦᠳᠬᠦ᠌ ᠴᠢᠨᠠᠷᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠶ᠂ ᠡᠨᠡ ᠨᠢ ᠮᠥᠨ ᠴᠢᠨᠠᠷ ᠳᠡᠭᠡᠷ᠎ᠡ᠎ᠪᠡᠨ ᠨᠢᠭᠡ ᠤᠳᠠᠭᠠᠨ᠎ᠤ ᠭᠦᠨᠵᠡᠭᠡᠶ ᠬᠥᠭ᠌ᠵᠢᠯᠲᠡ᠎ᠶ᠋ᠢᠨ ᠵᠠᠭ᠍ᠪᠤᠷ᠎ᠤᠨ ᠬᠤᠪᠢᠰᠤᠯᠲᠠ ᠪᠠᠢᠵᠤ᠂ ᠴᠤᠴᠠᠯᠲᠠ ᠥᠬᠡᠶ ᠤᠷᠤᠭ᠍ᠰᠢᠯᠠᠬᠤ ᠣᠶᠤᠨ ᠰᠠᠨᠠᠭ᠎ᠠ᠎ᠪᠠᠷ ᠦᠵᠡᠯ ᠰᠠᠨᠠᠭ᠎ᠠ ᠣᠢᠯᠠᠭᠠᠭ᠍ᠳᠠᠬᠤᠨ᠎ᠤ ᠬᠦᠯᠢᠶᠡᠰᠦᠯᠡᠯ ᠪᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠱᠢᠪᠲᠤᠯᠬᠤ ᠴᠢᠬᠤᠯᠠᠲᠠᠶ ᠶᠤᠮ᠃ ᠴᠤᠴᠠᠯᠲᠠ ᠦᠭᠡᠢ ᠤᠷᠤᠭ᠍ᠰᠢᠯᠠᠬᠤ ᠵᠣᠷᠢᠭ ᠰᠠᠨᠠᠭᠠᠨ᠎ᠤ ᠣᠨᠴᠠᠯᠢᠭ ᠨᠢ ᠺᠠᠳ᠋ᠷ ᠤᠯᠠᠨ ᠲᠦᠮᠡᠨ᠎ᠦ ᠦᠵᠡᠯ ᠰᠠᠨᠠᠭ᠎ᠠ᠎ᠪᠠᠨ ᠴᠢᠯᠥᠭᠡᠯᠡᠬᠦ᠌᠂ ᠵᠣᠷᠢᠭ᠍ᠲᠠᠢ᠎ᠪᠠᠷ ᠬᠠᠢᠨ ᠰᠦᠪᠡᠭ᠌ᠴᠢᠯᠡᠬᠦ᠌᠂ ᠠᠷᠭ᠎ᠠ ᠵᠠᠮ᠎ᠳᠤ ᠲᠦᠱᠢᠭ᠌ᠯᠡᠬᠦ᠌᠎ᠶ᠋ᠢ ᠡᠪᠳᠡᠬᠦ᠎ᠵᠢ ᠤᠷᠮᠠᠱᠢᠭᠤᠯᠵᠤ᠂ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠵᠢᠷᠤᠮᠯᠠᠭ᠍ᠰᠠᠨ ᠰᠠᠭᠤᠷᠢᠨ ᠳᠡᠭᠡᠷ᠎ᠡ ᠳᠦᠷᠢᠮ᠎ᠦᠨ ᠱᠢᠨ᠎ᠡ᠎ᠶ᠋ᠢ ᠡᠭᠦᠳᠬᠦ᠌᠂ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠂ ᠠᠷᠭ᠎ᠠ ᠵᠠᠮ᠎ᠤᠨ ᠱᠢᠨ᠎ᠡ᠎ᠶ᠋ᠢ ᠡᠭᠦᠳᠬᠦ᠌᠎ᠶ᠋ᠢ ᠢᠳᠡᠪᠬᠢᠲᠡᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠳᠦ ᠲᠠᠰᠤᠷᠠᠯᠲᠠ ᠦᠭᠡᠢ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠨᠡᠮᠡᠷᠢᠯᠡᠵᠦ᠍ ᠴᠢᠳᠠᠨ᠎ᠠ᠃
ᠵᠣᠷᠢᠭ᠍ᠰᠠᠨ᠎ᠳᠠᠭᠠᠨ ᠵᠠᠪᠠᠯ ᠬᠥᠷᠬᠥ᠌ ᠲᠡᠮᠡᠴᠡᠯ᠎ᠦᠨ ᠵᠣᠷᠢᠭ ᠰᠠᠨᠠᠭ᠎ᠠ ᠪᠣᠯ ᠬᠥᠭ᠌ᠵᠢᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠥᠳᠡᠯᠭᠡᠬᠦ᠌ ᠡᠨᠧᠷᠭᠢ ᠮᠥᠨ᠃ ᠵᠣᠷᠢᠭ᠍ᠰᠠᠨ᠎ᠳᠠᠭᠠᠨ ᠵᠠᠪᠠᠯ ᠬᠥᠷᠬᠥ᠌᠎ᠳᠤ ᠬᠠᠨᠳᠤᠯᠭ᠎ᠠ ᠲᠠᠢ᠎ᠪᠡᠷ ᠪᠤᠭᠤᠮᠲᠠ ᠰᠢᠪᠲᠤᠯᠬᠤ ᠵᠣᠷᠢᠭ ᠰᠥᠰᠥ᠍ ᠵᠠᠩ ᠴᠢᠨᠠᠷ ᠪᠠ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠠᠵᠢᠯᠯᠠᠭᠠᠨ᠎ᠤ ᠤᠬᠠᠮᠰᠠᠷ ᠠᠭᠤᠯᠤᠭ᠍ᠳᠠᠵᠤ᠂ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠤᠯᠠᠨ ᠳᠠᠪᠬᠤᠷ ᠱᠢᠯᠭᠠᠯᠲᠠ᠎ᠳᠤ ᠬᠡᠯᠪᠡᠢᠬᠦ᠌ ᠦᠭᠡᠢ᠂ ᠰᠤᠯᠠᠷᠠᠬᠤ ᠦᠭᠡᠢ᠂ ᠵᠣᠭ᠍ᠰᠣᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠵᠤ ᠴᠢᠳᠠᠨ᠎ᠠ᠃ 《1571》 ᠠᠵᠢᠯ᠎ᠤᠨ ᠪᠠᠢᠷᠢᠯᠠᠭᠤᠯᠤᠯᠲᠠ ᠨᠢ ᠭᠣᠣᠯ ᠱᠢᠵᠢᠮ᠎ᠢᠶᠡᠷ ᠬᠦᠳᠦᠯᠥᠨ ᠳᠠᠭᠠᠭᠤᠯᠵᠤ ᠪᠠᠢᠭ᠍ᠰᠠᠨ᠎ᠡᠴᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ ᠬᠦᠷᠲᠡᠯ᠎ᠡ᠂ ᠭᠣᠣᠯᠳᠠᠯᠭ᠎ᠠ᠎ᠲᠠᠶ ᠠᠵᠢᠯ᠎ᠢ ᠠᠬᠢᠭᠤᠯᠬᠤ᠎ᠡᠴᠡ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠬᠤ᠂ ᠪᠠᠢᠷᠢᠯᠠᠭᠤᠯᠤᠯᠲᠠ᠎ᠶᠢᠨ ᠡᠯ᠎ᠡ ᠭᠣᠭ᠍ᠴᠣᠭ᠎ᠠ᠂ ᠡᠯ᠎ᠡ ᠬᠠᠷᠠᠭᠠᠰᠤ ᠬᠦᠷᠲᠡᠯ᠎ᠡ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠬᠦᠴᠦᠯᠡᠬᠦ᠌ ᠴᠢᠭ᠌ᠯᠡᠯ ᠪᠣᠯᠤᠨ ᠪᠣᠳᠠᠲᠠᠢ ᠦᠢᠯᠡᠳᠦᠯᠭᠡ᠎ᠶ᠋ᠢᠨ ᠵᠠᠭᠠᠭ᠎ᠲᠠᠶ ᠪᠣᠯᠭᠠᠵᠤ᠂ ᠤᠶᠤᠨ ᠰᠠᠨᠠᠭᠠᠨ᠎ᠤ ᠤᠬᠠᠮᠰᠠᠷ ᠪᠣᠯᠤᠨ ᠦᠢᠯᠡᠳᠦᠯᠭᠡ᠎ᠶ᠋ᠢᠨ ᠤᠬᠠᠮᠰᠠᠷ᠎ᠤᠨ ᠳᠣᠲᠣᠭᠠᠳᠤ ᠨᠢᠭᠡᠳᠦᠯ᠎ᠢ ᠪᠡᠶᠡᠯᠡᠭᠦᠯᠪᠡ᠃
ᠡᠭᠦᠨ᠎ᠦ ᠬᠠᠮᠲᠤ᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢ᠍ᠢᠯᠠᠭᠠᠭ᠍ᠳᠠᠬᠤᠨ᠎ᠢ ᠦᠢᠯᠡᠳᠦᠯᠭᠡᠵᠢᠭᠦᠯᠬᠦ᠌ ᠬᠡᠷᠡᠭ᠌ᠲᠡᠢ᠂ ᠡᠨᠡ ᠨᠢ ᠮᠥᠨ ᠴᠦ᠍ ᠪᠦᠯᠬᠦᠮᠳᠡᠨ ᠲᠡᠮᠡᠴᠡᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠬᠤ ᠤᠶᠤᠨ ᠰᠠᠨᠠᠭᠠᠨ᠎ᠤ ᠬᠣᠯᠪᠣᠭᠠᠰᠤ ᠪᠣᠯᠤᠨ᠎ᠠ᠃ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ ᠨᠢ ᠦᠨᠳᠦᠰᠦᠲᠡᠨ᠎ᠨᠦᠭᠦᠳ᠎ᠦᠨ ᠰᠡᠳᠭᠢᠯ ᠰᠠᠨᠠᠭ᠎ᠠ᠎ᠪᠠᠨ ᠨᠢᠭᠡᠳᠭᠡᠵᠦ᠍᠂ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠬᠤ᠎ᠡᠴᠡ ᠰᠠᠯᠵᠤ ᠴᠢᠳᠠᠬᠤ ᠦᠭᠡᠢ ᠶᠤᠮ᠂ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠢᠷ᠎ᠠ ᠰᠡᠳᠭᠢᠯᠭᠡ᠎ᠶ᠋ᠢᠨ ᠮᠡᠳᠡᠷᠡᠮᠵᠢ ᠪᠣᠯᠤᠨ ᠰᠣᠶᠣᠯ᠎ᠤᠨ ᠮᠡᠳᠡᠷᠡᠮᠵᠢ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠣᠷᠣᠱᠢᠨ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠪᠠᠢᠭᠤᠯᠬᠤ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ ᠨᠢᠭᠡᠳᠦᠨᠬᠦᠴᠦ᠍ᠨᠵᠢᠡᠨ ᠬᠠᠮᠲᠤᠳᠭᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍ ᠴᠢᠳᠠᠨ᠎ᠠ᠃
ᠠᠦᠭ᠎ᠠ ᠲᠥᠰᠦᠪ᠎ᠢ ᠨᠢᠭᠡᠨᠲᠡ ᠵᠢᠷᠤᠭ᠍ᠯᠠᠵᠤ᠂ ᠡᠷᠡᠮᠡᠬᠡᠢᠯᠡᠨ ᠤᠷᠤᠭ᠍ᠰᠢᠯᠠᠬᠤ ᠴᠠᠭ ᠮᠦᠴᠡ ᠪᠤᠯᠤᠭᠠᠳ ᠪᠤᠢ᠃ ᠣᠷᠣᠨ ᠳᠠᠶᠠᠭᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠶᠡᠷᠦᠩᠬᠡᠢ ᠭᠠᠷᠳᠠᠴᠠ ᠵᠢ ᠪᠠᠲᠤ ᠡᠵᠡᠮᠳᠡᠵᠦ᠍᠂ ᠴᠥᠬᠥᠷᠡᠰᠢ ᠦᠭᠡᠢ ᠠᠬᠢᠭᠤᠯᠵᠤ᠂ 《ᠴᠠᠭ ᠢᠮᠠᠭ᠍ᠲᠠ ᠠᠮᠤᠷ ᠪᠤᠰᠤ》 ᠬᠠᠷᠢᠭᠤᠴᠠᠯᠭᠠᠲᠤ ᠰᠡᠳᠭᠢᠯᠭᠡ ᠪᠣᠯᠤᠨ 《ᠶᠠᠪᠤᠳᠠᠯ ᠪᠦᠬᠦᠨ᠎ᠢ ᠪᠣᠳᠠᠲᠠᠢ᠎ᠳᠤ ᠨᠠᠢᠳᠠᠪᠤᠷᠢᠵᠢᠭᠤᠯᠬᠤ》 ᠬᠡᠷᠡᠭ᠌ᠵᠢᠭᠦᠯᠬᠦ᠌ ᠬᠦᠴᠦᠨ᠎ᠢᠶᠡᠷ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ᠎ᠪᠠᠷ ᠦᠨᠡᠨᠴᠢ ᠱᠢᠳᠤᠷᠭᠤ ᠬᠠᠷᠢᠭᠤᠴᠠᠯᠭ᠎ᠠ ᠡᠭᠦᠷᠭᠡᠯᠡᠬᠦ᠌᠎ᠶ᠋ᠢ ᠲᠠᠢᠯᠪᠤᠷᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃
(ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ)