ᠵᠠᠩ ᠶᠠᠨ ᠺᠦᠨ ᠠᠯᠠᠱᠠ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠬᠡᠯᠡᠭ᠌ᠰᠡᠨ᠎ᠨᠢ ᠴᠢᠨᠠᠷ ᠰᠠᠢᠲᠠᠶ ᠬᠥᠭ᠌ᠵᠢᠯᠲᠡ᠎ᠶᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ ᠵᠢ ᠠᠬᠢᠭᠤᠯᠬᠤ ᠬᠡᠷᠡᠭᠳᠡᠢ
2026-02-06 10:08:47
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠠᠯᠠᠱᠠ ᠠᠢᠮᠠᠭ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃


QQ截图20251217111712.png


2  ᠰᠠᠷ᠎ᠠ᠎ᠶᠢᠨ 5᠎ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠠᠯᠠᠱᠠ ᠠᠢᠮᠠᠭ᠎ᠤᠨ ᠲᠥᠯᠥᠭᠡᠯᠡᠭᠴᠢᠳ᠎ᠦᠨ ᠪᠦᠯᠬᠦᠮ᠎ᠤᠨ ᠬᠢᠨᠠᠨ ᠵᠦᠪᠯᠡᠬᠦ᠎ᠳᠦ ᠤᠷᠤᠯᠴᠠᠪᠠ᠃

        ᠰᠤᠷᠪᠤᠯᠵᠢᠯᠠᠭ᠍ᠴᠢ  ᠮᠥᠩᠬᠡᠴᠢᠯᠠᠭᠤ  ᠰᠡᠭᠦᠳᠡᠷᠯᠡᠪᠡ


ᠬᠢᠨᠠᠨ ᠵᠥᠪᠯᠡᠬᠦ᠌ ᠳ᠋ᠤ ᠤᠷᠤᠯᠴᠠᠭᠰᠠᠨ ᠤᠯᠠᠨ᠎ᠢᠶᠠᠷ᠎ᠢᠶᠠᠨ ᠬᠦᠭᠵᠢᠶᠡᠨ ᠲᠠᠢ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠪᠠ᠃ ᠵᠠᠩ ᠶᠠᠨ ᠺᠦᠨ ᠤᠯᠠᠨ᠎ᠤ ᠬᠡᠯᠡᠬᠦ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ ᠤᠯᠠᠨ᠎ᠲᠠᠶ ᠶᠠᠷᠢᠯᠴᠠᠨ ᠰᠣᠯᠢᠯᠴᠠᠪᠠ᠃ ᠲᠡᠷᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ᠎ᠶᠢᠨ ᠥᠪᠥᠷ ᠮᠣᠩᠭᠣᠯ᠎ᠳᠤ ᠣᠯᠭᠣᠭ᠍ᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠲᠠᠢ ᠨᠢᠭᠳᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠶ ᠡᠭᠦᠷᠭᠡ᠎ᠶ᠋ᠢ ᠱᠢᠰᠲ᠋ᠧᠮ᠎ᠲᠡᠶ ᠲᠥᠯᠥᠪᠵᠢᠭᠦᠯᠵᠦ᠍᠂ ᠵᠢᠷᠤᠭ ᠲᠦᠰᠦᠪ ᠲᠣᠳᠣᠷᠬᠠᠶ᠂ ᠵᠠᠮ ᠱᠤᠭᠤᠮ ᠲᠣᠳᠣᠷᠬᠠᠶ ᠪᠠᠢᠵᠤ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠵᠦ᠍᠂ ᠬᠥᠮᠦᠰ᠎ᠦᠨ ᠰᠡᠳᠭᠢᠯ᠎ᠢ ᠬᠥᠭ᠌ᠵᠢᠭᠡᠵᠦ᠍᠂ ᠡᠷᠴᠢ ᠵᠣᠷᠢᠭ᠎ᠢ ᠬᠥᠪᠴᠢᠯᠡᠵᠦ᠍᠂ ᠪᠥᠬᠥ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ ᠥᠭ᠌ᠴᠡᠶ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠪᠡ᠃

ᠵᠠᠩ ᠶᠠᠨ ᠺᠦᠨ᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠤᠨ ᠱᠠᠭᠠᠷᠳᠠᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠬᠦᠷᠢᠶ᠎ᠡ ᠴᠠᠷᠠᠭ᠎ᠠ ᠪᠠ ᠪᠦᠬᠦ᠌ ᠶᠠᠪᠤᠴᠠ᠎ᠳᠤ ᠪᠦᠬᠦ᠌ ᠲᠠᠯ᠎ᠠ᠎ᠪᠠᠷ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠣᠯᠤᠨ 2026 ᠣᠨ᠎ᠤ ᠬᠠᠷᠠᠯᠲᠠ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠨᠠᠷᠢᠨ ᠨᠢᠮᠪᠠᠢ ᠲᠥᠯᠥᠪᠯᠡᠨ ᠵᠣᠬᠢᠶᠠᠨ ᠪᠠᠢᠭᠤᠯᠵᠤ ᠬᠡᠷᠡᠭ᠌ᠵᠢᠭᠦᠯᠦᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢ᠌ᠳᠤᠷ ᠡᠬᠢᠯᠡᠬᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠡᠷᠬᠢᠯᠡᠭ᠌ᠴᠢ ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠳᠠᠢᠴᠢᠨ ᠬᠢᠨᠠᠨ ᠵᠥᠪᠯᠡᠬᠦ᠌᠎ᠳᠦ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号