ᠯᠢᠦ ᠱᠤᠸᠠᠩ ᠮᠸᠩ ᠱᠢᠶᠠᠨ ᠳ᠋ᠦᠩ ᠬᠤᠸᠠᠩ ᡁᠢ ᠴᠢᠶᠠᠩ ᠬᠦᠦᠳᠠᠭᠤᠯᠠ ᠢᠦᠢ ᠯᠢ ᠱᠢᠨ ᠪᠦᠦ ᠱᠢᠶᠠᠨ ᠬᠤᠸᠠ ᠢᠦᠢ ᠬᠤᠢ ᠸᠸᠨ ᠴᠧᠨ ᡁᠢ ᠴᠠᠩ ᠯᠢ ᠳ᠋ᠦᠩ ᠱᠢᠤᠢ ᠣᠷᠣᠯᠴᠠᠵᠡᠢ
2 ᠰᠠᠷ᠎ᠠ᠎ᠶ᠋ᠢᠨ 4 ᠡᠴᠡ 5 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ ᠯᠢᠦ ᠱᠤᠸᠠᠩ᠂ ᠮᠸᠩ ᠱᠢᠶᠠᠨ ᠳ᠋ᠦᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠱᠢᠨ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ ᠲᠤᠰ ᠲᠤᠰ ᠥᠪᠡᠷ ᠥᠪᠡᠷ᠎ᠦᠨ ᠪᠠᠢᠭ᠎ᠠ ᠲᠥᠯᠥᠭᠡᠯᠡᠭ᠌ᠴᠢᠳ᠎ᠦᠨ ᠪᠦᠯᠬᠦᠮ᠎ᠳᠦ᠂ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃
ᠯᠢᠦ ᠱᠤᠸᠠᠩ ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠮᠠᠨ᠎ᠤ ᠣᠷᠣᠨ᠎ᠤ ᠪᠣᠳᠠᠲᠤ ᠪᠠᠢᠳᠠᠯ᠎ᠳᠤ ᠨᠡᠢᠴᠡᠭ᠌ᠰᠡᠨ ᠰᠠᠢᠨ ᠢᠯᠡᠳᠭᠡᠯ ᠪᠣᠯᠵᠠᠶ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠠ᠃ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠵᠢᠯ᠎ᠤᠨ ᠱᠠᠭᠠᠷᠳᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠵᠢ ᠠᠬᠢᠭᠤᠯᠬᠤ᠎ᠶ᠋ᠢᠨ ᠵᠠᠩᠭᠢᠯᠠᠭ᠎ᠠ ᠨᠢ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠳᠤ ᠪᠤᠢ᠃ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠭᠤ ᠳᠤᠭᠤᠢᠯᠠᠩ) ᠶᠡᠷᠦᠩᠬᠡᠢ ᠱᠦᠵᠢ ᠰᠢ ᠵᠢᠨ ᠫᠢᠩ᠎ᠦᠨ 《ᠭᠤᠷᠪᠠᠨ ᠨᠡᠩ》 ᠤ᠋ᠨ ᠴᠢᠬᠤᠯᠠ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢᠨ ᠬᠦᠳᠦᠯᠦᠨ ᠳᠠᠭᠠᠭᠤᠯᠵᠤ ᠪᠠᠲᠤᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠬᠦ᠌ ᠬᠡᠷᠡᠭ᠌ᠲᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠳᠠᠷᠤᠯᠲᠠ᠎ᠶ᠋ᠢ ᠳᠠᠮᠵᠢᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠦᠨᠡᠨᠴᠢ ᠱᠢᠳᠤᠷᠭᠤ᠎ᠪᠠᠷ ᠲᠤᠱᠢᠶᠠᠯ᠎ᠬᠠᠷᠢᠭᠤᠴᠠᠯᠭ᠎ᠠ ᠪᠡᠨ ᠭᠦᠢᠴᠡᠳᠭᠡᠵᠦ᠍᠂ ᠲᠠᠷᠤᠤ ᠬᠢᠴᠢᠶᠡᠩᠭᠦᠢ ᠪᠡᠷ ᠠᠵᠢᠯ ᠶᠠᠪᠤᠳᠠᠯ ᠬᠢᠵᠦ᠍᠂ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠳᠤᠮᠳᠠ ᠠᠵᠢᠯ ᠬᠢᠵᠦ᠍ ᠦᠢᠯᠡᠰ ᠪᠤᠰᠭᠠᠬᠤ ᠬᠡᠷᠡᠭ᠌ᠲᠡᠢ ᠭᠡᠵᠡᠢ᠃
ᠮᠸᠩ ᠱᠢᠶᠠᠨ ᠳ᠋ᠦᠩ ᠲᠦᠩᠯᠢᠶᠣᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠪᠦᠬᠦ᠌ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠡᠬᠢ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢᠨ ᠬᠠᠭᠤᠳᠠᠰᠤ᠎ᠶ᠋ᠢ ᠪᠤᠰᠤᠳᠴᠢ᠎ᠪᠠᠷ ᠳᠡᠯᠭᠡᠨ ᠦᠵᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ 《ᠪᠠᠷᠢᠯᠭ᠎ᠠ᠎ᠶ᠋ᠢᠨ ᠵᠢᠷᠤᠭ》 ᠢ᠋ ᠨᠢᠮᠪᠠᠢ ᠵᠢᠷᠤᠵᠤ ᠲᠥᠯᠥᠪᠯᠡᠨ᠂ ᠬᠦᠴᠢᠷ ᠪᠡᠷᠬᠡᠱᠢᠶᠡᠯ ᠥᠷᠢᠰᠥᠯᠳᠦᠭᠡᠨ᠎ᠢ ᠱᠢᠢᠳᠪᠦᠷᠢᠯᠡᠬᠦ᠌ ᠬᠠᠲᠠᠭᠤ ᠠᠷᠭ᠎ᠠ ᠬᠡᠮᠵᠢᠶ᠎ᠡ᠎ᠶ᠋ᠢ ᠪᠣᠳᠠᠲᠠᠢ᠎ᠶ᠋ᠢ ᠡᠷᠬᠢᠮᠯᠡᠨ ᠳᠤᠷᠠᠳᠴᠠᠢ᠂ ᠡᠨᠡ ᠪᠣᠯ ᠤᠯᠤᠰ ᠲᠦᠷᠦ᠍᠎ᠶ᠋ᠢᠨ ᠴᠢᠭ᠌ᠯᠡᠯ ᠡᠷᠡᠰ ᠪᠠᠲᠤ᠂ ᠬᠥᠭ᠌ᠵᠢᠯᠲᠡ᠎ᠶ᠋ᠢᠨ ᠤᠳᠤᠷᠢᠳᠤᠮᠵᠢ ᠢᠯᠡ ᠲᠣᠳᠣ᠂ ᠠᠷᠠᠳ᠎ᠤᠨ ᠠᠮᠢᠳᠤᠷᠠᠯ᠎ᠤᠨ ᠲᠤᠬᠠᠢ ᠬᠠᠢᠷ᠎ᠠ ᠰᠡᠳᠭᠢᠯᠭᠡ ᠭᠦᠨ ᠵᠤᠵᠠᠭᠠᠨ ᠰᠠᠢ᠌ᠨ ᠮᠡᠳᠡᠭᠦᠯᠦᠯᠲᠡ ᠪᠣᠯᠤᠨ᠎ᠠ᠃ ᠲᠦᠩᠯᠢᠶᠣᠤ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠪᠣᠳᠠᠲᠠᠶ ᠲᠣᠬᠢᠷᠠᠭᠤᠯᠤᠯᠲᠠ᠎ᠶ᠋ᠢ ᠦᠨᠳᠦᠰᠦᠯᠡᠨ᠂ ᠣᠨ᠎ᠤ ᠠᠵᠢᠯ᠎ᠤᠨ 《ᠪᠠᠷᠢᠯᠭ᠎ᠠ᠎ᠶ᠋ᠢᠨ ᠵᠣᠬᠢᠶᠠᠨ ᠪᠠᠢᠭᠤᠯᠤᠯᠲᠠ》 ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠪᠥᠬᠥ᠌ ᠬᠣᠲᠠ᠎ᠪᠠᠨ ᠳᠠᠢᠴᠢᠯᠠᠨ ᠡᠷᠡᠮᠡᠬᠡᠢᠯᠡᠨ ᠤᠷᠤᠭ᠍ᠰᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠵᠦ᠍᠂ ᠠᠨᠭᠬᠠᠨ ᠤ᠋ ᠠᠯᠬᠤᠭ᠎ᠠ ᠵᠢ ᠯᠠᠪᠳᠠᠭᠤᠨ ᠪᠠᠳᠤᠳᠠᠢ ᠠᠯᠬᠤᠬᠤ ᠵᠢ ᠦᠨᠡᠨ ᠬᠦ᠌ ᠪᠠᠳᠤᠯᠠᠵᠤ᠂ 《ᠪᠥᠬᠥ᠌ ᠲᠠᠯ᠎ᠠ᠎ᠪᠠᠷ ᠬᠤᠷᠳᠤᠴᠠ᠎ᠪᠠᠨ ᠲᠦᠷᠭᠡᠳᠭᠡᠵᠦ᠍᠂ ᠴᠢᠨᠠᠷ ᠰᠠᠢᠲᠠᠶ ᠳᠠᠪᠠᠯᠲᠠ᠎ᠲᠠᠶ ᠪᠣᠯᠬᠤ᠎ᠪᠠᠷ ᠴᠢᠷᠮᠠᠢᠬᠤ》 ᠲᠠᠯ᠎ᠠ᠎ᠪᠠᠷ ᠨᠡᠯᠢᠶᠡᠳ ᠶᠡᠬᠡ ᠱᠢᠪᠲᠤᠯᠤᠯᠲᠠ ᠵᠢ ᠪᠠᠶᠠᠯᠡᠬᠦᠯᠤᠨᠠ ᠭᠡᠪᠡ᠃
ᠬᠤᠸᠠᠩ ᡁᠢ ᠴᠢᠶᠠᠩ ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠥᠩᠭᠡᠷᠡᠭ᠌ᠰᠡᠨ ᠲᠠᠪᠤᠨ ᠵᠢᠯ᠎ᠳᠦ ᠣᠯᠤᠭ᠍ᠰᠠᠨ ᠪᠡᠯᠭᠡ ᠲᠡᠮᠳᠡᠭ᠎ᠦᠨ ᠴᠢᠨᠠᠷᠲᠠᠢ ᠦᠷ᠎ᠡ ᠪᠦᠲᠦᠭᠡᠯ᠎ᠢ ᠡᠷᠭᠢᠴᠡᠭᠦᠯᠬᠦ᠌᠎ᠶ᠋ᠢᠨ ᠵᠡᠷᠭᠡ ᠪᠡᠷ ᠪᠠᠰᠠ ᠨᠢᠳᠤᠨᠤᠨ᠎ᠤ ᠥᠷᠨᠢᠭᠦᠯᠦᠭ᠌ᠰᠡᠨ ᠱᠢᠨ᠎ᠡ᠎ᠶ᠋ᠢ ᠡᠭᠦᠳᠬᠦ᠌ ᠴᠢᠨᠠᠷᠲᠠᠢ ᠠᠵᠢᠯ᠎ᠢ ᠲᠤᠪᠤᠢ᠌ᠯᠭᠠᠪᠠ᠂ ᠡᠨᠡ ᠨᠢ ᠬᠣᠢᠱᠢᠳᠠ᠎ᠶ᠋ᠢᠨ ᠬᠥᠭ᠌ᠵᠢᠯᠲᠡ᠎ᠶ᠋ᠢᠨ 《ᠱᠤᠭᠤᠮ᠎ᠤᠨ ᠵᠢᠷᠤᠭ》 ᠪᠣᠯᠬᠤ ᠪᠥᠭᠡᠳ ᠪᠠᠰᠠ ᠡᠯ᠎ᠡ ᠵᠦᠢᠯ᠎ᠦᠨ ᠠᠵᠢᠯ᠎ᠤᠨ ᠡᠭᠦᠷᠭᠡ᠎ᠶ᠋ᠢᠨ ᠪᠢᠴᠢᠭ ᠪᠣᠯᠤᠨ᠎ᠠ᠂ ᠡᠷᠬᠡᠪᠰᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠦᠬᠦ᠌ ᠲᠠᠯ᠎ᠠ᠎ᠪᠠᠷ ᠰᠠᠢᠲᠤᠷ ᠠᠳᠭᠤᠬᠤ ᠬᠡᠷᠡᠭ᠌ᠲᠡᠢ᠃ ᠬᠥᠯᠥᠨ ᠪᠣᠢᠷ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠨᠠᠩ ᠴᠢᠬᠤᠯᠠᠴᠢᠯᠠᠵᠤ᠂ ᠬᠦᠶ᠋ᠲᠡᠨ ᠭᠠᠵᠠᠷ᠎ᠤᠨ ᠰᠣᠷᠢᠯᠲᠠ᠂ ᠪᠦᠢᠺᠦ᠌ ᠪᠥᠮᠪᠥᠭᠡ ᠵᠡᠷᠭᠡ ᠳᠠᠪᠠᠭᠤᠯᠢᠭ ᠣᠨᠴᠠᠯᠢᠭ᠎ᠢᠶᠠᠷ ᠲᠥᠷᠥᠯ ᠵᠦᠶ᠋ᠯ ᠲᠥᠯᠥᠪᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥᠯ ᠵᠦᠶ᠋ᠯ᠎ᠢ ᠰᠠᠢᠨ ᠠᠵᠤ ᠦᠶ᠋ᠯᠡᠰ ᠪᠣᠯᠭᠠᠨ ᠬᠤᠪᠢᠷᠠᠭᠤᠯᠬᠤ ᠬᠡᠷᠡᠭ᠌ᠲᠡᠶ᠃ ᠡᠳ᠋᠎ᠦᠨ ᠵᠠᠰᠠᠭ᠎ᠤᠨ ᠥᠷᠢ ᠥᠭ᠌ᠴᠡᠭᠡ᠎ᠶ᠋ᠢ ᠠᠷᠢᠯᠭᠠᠬᠤ ᠪᠠ ᠮᠥᠩᠭᠥᠨ ᠭᠦᠢᠯᠭᠡᠭᠡᠨ᠎ᠦ ᠳᠠᠭᠠᠳᠭᠠᠯ᠎ᠢ ᠨᠡᠩ ᠢᠯᠡᠭᠦᠦ ᠴᠢᠬᠤᠯᠠᠴᠢᠯᠠᠵᠤ᠂ 《ᠠᠷᠪᠢᠴᠢ ᠭᠠᠮᠲᠠᠢ》 ᠠᠮᠢᠳᠤᠷᠠᠬᠤ᠎ᠶ᠋ᠢᠨ ᠵᠡᠷᠭᠡ᠎ᠪᠡᠷ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠲᠦᠮᠵᠢᠲᠡᠢ ᠠᠬᠢᠭᠤᠯᠬᠤ ᠬᠡᠷᠡᠭ᠌ᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠠᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠨᠠᠩ ᠴᠢᠬᠤᠯᠠᠴᠢᠯᠠᠵᠤ᠂ ᠬᠥᠯᠥᠨ ᠪᠤᠢᠷ ᠬᠣᠲᠠ᠎ᠶ᠋ᠢᠨ ᠠᠮᠢ ᠠᠬᠤᠢ᠎ᠶ᠋ᠢᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠭᠡᠷᠡᠭᠳᠠᠢ᠃ ᠬᠥᠭ᠌ᠵᠢᠯᠲᠡ ᠪᠣᠯᠤᠨ ᠠᠮᠤᠷ ᠲᠦᠪᠱᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠠᠮᠤᠷ ᠲᠦᠪᠱᠢᠨ᠎ᠦ ᠠᠷᠭ᠎ᠠ ᠬᠡᠮᠵᠢᠶ᠎ᠡ ᠪᠣᠯᠤᠨ ᠬᠠᠷᠢᠭᠤᠴᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠢ ᠭᠡᠪᠡ᠃
ᠬᠦᠤᠳᠠᠭᠤᠯᠠ ᠤᠯᠠᠭᠠᠨᠬᠠᠳᠠ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠨᠢ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶᠢᠨ ᠪᠦᠬᠦᠳᠠ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠬᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠪᠡᠷ ᠲᠤᠭᠤᠰᠢᠯᠠᠭᠳᠠᠵᠤ᠂ ᠠᠮᠵᠢᠯᠲᠠ ᠪᠦᠲᠦᠮᠵᠢ ᠨᠢ ᠪᠣᠳᠠᠲᠠᠢ᠂ ᠠᠰᠠᠭᠤᠳᠠᠯ ᠨᠢ ᠪᠣᠳᠠᠲᠠᠢ᠂ ᠠᠷᠭ᠎ᠠ ᠬᠡᠮᠵᠢᠶ᠎ᠡ ᠨᠢ ᠪᠣᠳᠠᠲᠠᠢ ᠶᠤᠮ᠃ ᠬᠥᠮᠥᠰ᠎ᠦᠨ ᠰᠡᠳᠬᠢᠯ᠎ᠢ ᠵᠣᠷᠢᠭ᠍ᠵᠢᠭᠤᠯᠤᠨ᠂ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠵᠤ᠂ ᠪᠢ ᠪᠦᠷᠢᠮᠦᠰᠦᠨ ᠵᠥᠪᠰᠢᠶᠡᠷᠡᠵᠤ ᠪᠠᠢᠨ᠎ᠠ᠃ ᠢᠯᠡᠳᠬᠡᠯ᠎ᠳᠦ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠬᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ ᠤᠯᠤᠰ ᠲᠦᠷᠦ᠎ᠶᠢᠨ ᠤᠬᠠᠮᠰᠠᠷ ᠦᠵᠡᠯ ᠰᠠᠨᠠᠭᠠᠨ᠎ᠤ ᠤᠬᠠᠮᠰᠠᠷ ᠦᠢᠯᠡ ᠠᠵᠢᠯᠯᠠᠭᠠᠨ᠎ᠤ ᠤᠬᠠᠮᠰᠠᠷ; ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠬᠤ ᠡᠷᠡᠰ ᠵᠣᠷᠢᠭ᠋; ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠬᠤ; ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠵᠠᠮᠨᠠᠬᠤ᠎ᠶᠢ ᠪᠠᠷᠢᠮᠲᠠᠯᠠᠬᠤ; ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠬᠤ ᠵᠢ ᠬᠠᠷᠠᠭᠤᠯᠪᠠ᠃ ᠨᠢᠭᠡᠲᠦᠮᠡᠯ ᠹᠷᠣᠨᠲ ᠤ᠋ᠨ ᠬᠢᠨ ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭ᠍ᠲᠠᠷᠠᠭᠰᠠᠨ ᠳᠠᠪᠠᠭᠤᠯᠢᠭ᠋᠎ᠢᠶᠠᠨ ᠰᠠᠢᠲᠤᠷ ᠪᠠᠳᠠᠷᠠᠭᠤᠯᠵᠤ᠂ 《1571》 ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ ᠰᠡᠳᠬᠢᠯᠨᠢᠭᠡᠳᠤᠨ ᠬᠦᠴᠤᠨ ᠵᠢᠠᠨ ᠬᠠᠮᠲᠤᠳᠬᠠᠵᠤ᠂ ᠨᠠᠢᠳᠠᠪᠤᠷᠢᠵᠢᠭᠤᠯᠤᠯᠲᠠ᠎ᠶᠢ ᠬᠦᠴᠦᠲᠡᠢ ᠠᠳᠬᠤᠬᠤ ᠬᠡᠷᠡᠭᠲᠡᠢ ᠭᠡᠪᠡ᠃
ᠢᠦᠢ ᠯᠢ ᠰᠢᠨ ᠤᠯᠠᠭᠠᠨᠴᠠᠪ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠦᠷ᠎ᠡ ᠪᠦᠲᠦᠮᠵᠢ᠎ᠶᠢ ᠪᠤᠰᠤᠳᠴᠢ᠎ᠪᠠᠷ ᠳ᠋ᠦᠩᠨᠡᠵᠦ᠂ ᠡᠭᠦᠷᠭᠡ᠎ᠶᠢ ᠪᠦᠬᠦ ᠲᠠᠯ᠎ᠠ᠎ᠪᠠᠷ ᠲᠣᠬᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠬᠦ᠎ᠶᠢ ᠬᠦᠴᠦᠯᠡᠨ ᠠᠬᠢᠭᠤᠯᠬᠤ ᠡᠭᠦᠷᠭᠡ ᠬᠠᠷᠢᠭᠤᠴᠠᠯᠭ᠎ᠠ᠎ᠶᠢ ᠭᠦᠢᠴᠡᠳ ᠬᠠᠷᠠᠭᠤᠯᠪᠠ᠃ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠳᠤ ᠲᠠᠯᠪᠢᠭ᠍ᠰᠠᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠤᠳᠠᠭ᠎ᠠ᠎ᠶᠢᠨ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠲᠤᠭᠤᠰᠢᠲᠠᠢ ᠣᠢᠯᠠᠭᠠᠵᠤ᠂ ᠡᠯ᠎ᠡ ᠵᠦᠢᠯ᠎ᠦᠨ ᠡᠭᠦᠷᠭᠡ᠎ᠶᠢ ᠯᠠᠪᠳᠠᠭᠤᠨ ᠪᠠᠲᠤᠲᠠᠢ ᠨᠠᠢᠳᠠᠪᠤᠷᠢᠵᠢᠭᠤᠯᠵᠤ᠂ ᠲᠣᠭᠲᠠᠭᠰᠠᠨ ᠬᠠᠷᠠᠯᠲᠠ ᠶᠣᠰᠣᠭᠠᠷ ᠠᠯᠬᠤᠮ ᠠᠯᠬᠤᠮ᠎ᠢᠶᠠᠷ ᠤᠷᠤᠭᠰᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠪᠦᠬᠦ ᠬᠦᠴᠦᠨ᠎ᠢᠶᠡᠷ ᠲᠦᠯᠬᠢᠨ ᠠᠬᠢᠭᠤᠯᠵᠤ᠂ ᠰᠢᠨ᠎ᠡ ᠵᠠᠮ᠎ᠢ ᠲᠦᠷᠭᠡᠳᠬᠡᠨ ᠨᠡᠭᠡᠭᠡᠬᠦ ᠬᠡᠷᠡᠭᠳᠡᠢ᠃ ᠤᠯᠠᠭᠠᠨᠴᠠᠪ ᠬᠤᠳᠠ ᠳᠠᠪᠠᠭᠤᠯᠢᠭ᠋᠎ᠢᠶᠠᠨ ᠤᠯᠠᠮ ᠴᠢᠨᠠᠭᠰᠢᠳᠠ ᠪᠠᠳᠠᠷᠠᠭᠤᠯᠤᠨ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠣᠨᠴᠠᠭᠠᠢᠯᠠᠨ ᠪᠣᠬᠢᠷᠲᠤᠯ ᠦᠭᠡᠢ ᠪᠣᠳᠣᠯᠳᠠ᠎ᠶᠢᠨ ᠬᠦᠴᠦᠨ᠎ᠦ ᠠᠵᠤ ᠦᠢᠯᠡᠰ᠎ᠦᠨ ᠬᠡᠪᠴᠢᠶ᠎ᠡ᠎ᠶᠢ ᠪᠦᠷᠢᠯᠳᠦᠭᠦᠯᠬᠦ ᠵᠢ ᠲᠦᠷᠭᠡᠳᠬᠡᠨ ᠲᠦᠯᠬᠢᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠪᠦᠦ ᠱᠢᠶᠠᠨ ᠬᠤᠸᠠ ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠵᠤ᠂ ᠵᠣᠭ᠍ᠰᠣᠴᠠ ᠥᠨᠳᠥᠷ᠂ ᠲᠥᠯᠥᠪᠵᠢᠭᠦᠯᠭᠡ ᠭᠦᠨᠵᠡᠭᠡᠢ᠂ ᠨᠠᠢᠳᠠᠪᠤᠷᠢᠵᠢᠭᠤᠯᠤᠯᠲᠠ ᠪᠣᠳᠠᠲᠠᠢ ᠪᠤᠯᠪᠠ᠃ ᠮᠠᠨ᠎ᠤ ᠣᠷᠣᠨ᠎ᠤ ᠣᠯᠤᠭ᠍ᠰᠠᠨ ᠠᠮᠵᠢᠯᠲᠠ᠎ᠨᠢ ᠬᠥᠮᠦᠰ᠎ᠦᠨ ᠰᠡᠳᠭᠢᠯ᠎ᠢ ᠬᠥᠭ᠌ᠵᠢᠭᠡᠵᠦ᠍᠂ ᠮᠠᠭᠲᠠᠭᠤᠰᠢᠲᠠᠢ ᠶᠤᠮ᠂ ᠲᠠᠷᠠᠭᠠᠴᠢ᠎ᠶ᠋ᠢᠨ ᠠᠯᠬᠤᠮ᠎ᠳᠤ᠂ ᠤᠯᠠᠮᠵᠢᠯᠠᠯᠲᠤ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠠᠯᠠ ᠣᠷᠣᠭᠤᠯᠤᠯᠲᠠ᠎ᠪᠠᠨ ᠨᠡᠮᠡᠭ᠌ᠳᠡᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ ᠬᠦᠴᠦᠷᠬᠡᠭ᠌ᠵᠢᠭᠦᠯᠬᠦ ᠬᠡᠷᠡᠭᠲᠡᠢ; ᠳᠤᠲᠠᠭᠤᠳᠠᠯ᠎ᠢᠶᠠᠨ ᠨᠥᠬᠥᠪᠥᠷᠢᠯᠡᠵᠦ᠍ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠬᠡᠷᠡᠭᠯᠡᠭᠡ᠎ᠶ᠋ᠢ ᠬᠥᠭ᠌ᠵᠢᠭᠡᠵᠦ᠍᠂ ᠦᠢᠯᠡᠴᠢᠯᠡᠭᠡᠨ᠎ᠦ ᠦᠢᠯᠡᠰ᠎ᠢ ᠬᠦᠴᠦᠷᠬᠡᠭ᠌ᠵᠢᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠬᠡᠷᠡᠭᠲᠡᠢ; ᠪᠠᠢᠭᠤᠯᠤᠯ ᠲᠣᠭ᠍ᠲᠠᠴᠠ᠎ᠶ᠋ᠢᠨ ᠪᠣᠭᠣᠮᠢ ᠬᠢᠵᠠᠭᠠᠷᠯᠠᠯ᠎ᠢ ᠡᠪᠳᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠪᠣᠯᠤᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠰᠣᠶᠣᠯ᠎ᠤᠨ ᠬᠦᠴᠦᠷᠬᠡᠭ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠣᠨᠴᠠᠯᠢᠭ᠎ᠢ ᠲᠤᠪᠤᠢ᠌ᠯᠭᠠᠨ ᠠᠭᠤᠳᠠᠯᠵᠤ᠂ ᠠᠵᠤ ᠦᠢᠯᠡᠰ᠎ᠦᠨ ᠡᠵᠡᠩᠨᠡᠯᠲᠡ᠎ᠶ᠋ᠢᠨ ᠬᠡᠯᠪᠡᠷᠢ᠎ᠶ᠋ᠢ ᠱᠢᠨᠡᠴᠢᠯᠡᠵᠦ᠍᠂ ᠰᠣᠶᠣᠯ᠎ᠤᠨ ᠵᠠᠰᠠᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠣᠷᠳᠣᠰ ᠬᠣᠲᠠ ᠨᠡᠭᠡᠭᠡᠯᠲᠡ ᠬᠢᠬᠦ᠌ ᠡᠷᠴᠢᠮ᠂ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ 《ᠳᠤᠯᠠᠭᠠᠨ ᠬᠣᠲᠠ》 ᠶ᠋ᠢᠨ ᠨᠥᠯᠥᠭᠡᠯᠡᠬᠦ᠌ ᠬᠦᠴᠦᠨ ᠪᠠ ᠲᠥᠷᠥᠯ ᠲᠡᠮᠳᠡᠭ᠌᠎ᠤᠨ ᠬᠡᠮᠵᠢᠶ᠎ᠡ᠎ᠪᠡᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠭᠡᠪᠡ᠃
ᠢᠦᠢ ᠬᠤᠢ ᠸᠸᠨ ᠬᠥᠬᠡᠡᠡᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠯᠠᠪᠳᠠᠭᠤᠨ ᠪᠠᠲᠤᠲᠠᠢ ᠪᠣᠳᠠᠲᠠᠢ᠎ᠶ᠋ᠢ ᠡᠷᠬᠢᠮᠯᠡᠵᠦ᠍᠂ ᠡᠷᠴᠢ ᠵᠣᠷᠢᠭ᠎ᠢ ᠤᠷᠮᠠᠰᠢᠭᠤᠯᠤᠨ ᠬᠥᠪᠴᠢᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠨᠢᠭᠡᠨ ᠦᠨᠳᠦᠷᠴᠡ ᠲᠠᠢ᠂ ᠭᠦᠨᠴᠡ᠎ᠲᠡᠶ᠂ ᠬᠠᠢᠷ᠎ᠠ ᠰᠡᠳᠭᠢᠯᠭᠡ᠎ᠲᠡᠶ ᠰᠠᠢ᠌ᠨ ᠢᠯᠡᠳᠭᠡᠯ ᠪᠣᠯᠵᠠᠢ᠃ ᠢᠯᠡᠳᠭᠡᠯ᠎ᠳᠡᠬᠢ ᠬᠠᠷᠠᠯᠲᠠ ᠡᠭᠦᠷᠭᠡ᠎ᠶ᠋ᠢ ᠰᠠᠢᠲᠤᠷ ᠪᠡᠶᠡᠯᠡᠭᠦᠯᠬᠦ᠌᠎ᠶ᠋ᠢᠨ ᠵᠠᠩᠭᠢᠯᠠᠭ᠎ᠠ ᠨᠢ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠳᠤ ᠪᠤᠢ᠂ ᠬᠥᠬᠡᠡᠡᠣᠲᠠ ᠡᠷᠬᠡᠪᠰᠢ ᠬᠣᠱᠢᠭᠤᠴᠢ ᠪᠤᠯᠵᠤ᠂ ᠳᠠᠭᠠᠭᠤᠯᠤᠭᠴᠢ ᠪᠤᠯᠵᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠠᠵᠤ ᠦᠢᠯᠡᠰ᠎ᠦᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠠᠮᠢ ᠠᠬᠤᠢ ᠣᠷᠴᠢᠨ ᠲᠣᠭᠣᠷᠢᠨ᠂ ᠨᠡᠢᠭᠡᠮ᠎ᠦᠨ ᠵᠠᠰᠠᠯᠲᠠ᠂ ᠢᠯᠵᠢᠷᠡᠯ᠎ᠢ ᠡᠰᠡᠷᠭᠦᠴᠡᠵᠦ᠍ ᠠᠷᠢᠭᠤᠨ ᠴᠢᠬᠡᠴᠢ᠎ᠶ᠋ᠢ ᠡᠷᠬᠢᠮᠯᠡᠬᠦ᠌ ᠵᠢᠷᠭᠤᠭᠠᠨ ᠲᠠᠯ᠎ᠠ᠎ᠪᠠᠷ ᠣᠷᠣᠨ᠎ᠤ ᠲᠥᠪ᠎ᠦᠨ ᠲᠡᠷᠢᠭᠦᠨ ᠪᠠᠢᠷᠢ᠎ᠶ᠋ᠢ ᠳᠡᠭᠡᠭ᠌ᠰᠢᠯᠡᠭᠦᠯᠵᠦ᠍᠂ ᠳᠠᠷᠤᠢᠬᠠᠨ ᠬᠥᠳᠡᠯᠦᠯᠴᠡᠵᠦ᠍᠂ ᠰᠠᠢᠲᠤᠷ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠢᠯᠡᠭᠦᠬᠡᠨ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠪᠡ᠃
ᠴᠧᠨ ᡁᠢ ᠴᠠᠩ ᠪᠤᠭᠤᠲᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠤᠯᠤᠰ ᠲᠥᠷᠥ᠎ᠶ᠋ᠢᠨ ᠵᠣᠭ᠍ᠰᠣᠴᠠ ᠥᠨᠳᠥᠷ᠂ ᠲᠦᠯᠦᠪᠵᠢᠬᠦᠯᠭᠡ ᠠᠷᠭ᠎ᠠ ᠬᠡᠮᠵᠢᠶ᠎ᠡ ᠪᠣᠳᠠᠲᠠᠶ᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ ᠬᠦᠨ ᠵᠤᠵᠠᠭᠠᠨ ᠪᠠᠢᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠭ᠍ᠰᠠᠨ᠂ ᠡᠷᠴᠢ ᠵᠣᠷᠢᠭ᠎ᠢ ᠬᠥᠪᠴᠢᠯᠡᠭ᠌ᠰᠡᠨ᠂ ᠪᠥᠬᠥ᠌ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠡᠢᠴᠡᠭ᠌ᠰᠡᠨ ᠰᠠᠢᠨ ᠢᠯᠡᠳᠭᠡᠯ ᠪᠣᠯᠵᠠᠶ᠃ ᠲᠠᠷᠠᠭᠠᠴᠢ᠎ᠶ᠋ᠢᠨ ᠠᠯᠬᠤᠮ᠎ᠳᠤ᠂ ᠪᠤᠭᠤᠲᠤ ᠬᠣᠲᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠴᠠᠭ ᠲᠤᠬᠠᠶ᠎ᠳᠤᠨᠢ ᠤᠯᠠᠮᠵᠢᠯᠠᠨ ᠨᠠᠷᠢᠨ ᠬᠢᠨᠠᠮᠠᠭᠠᠶ ᠲᠤᠭᠤᠱᠢᠯᠠᠭᠤᠯᠵᠤ᠂ ᠠᠵᠤ ᠠᠬᠤᠶ᠎ᠶ᠋ᠢᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠭᠤᠤᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠡᠨ ᠲᠦᠪᠯᠡᠷᠡᠬᠦᠯᠦᠨ ᠦᠷᠭᠦᠯᠵᠢᠯᠡᠨ ᠬᠦᠴᠦᠯᠡᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠵᠣᠭ᠍ᠰᠣᠯ ᠥᠬᠡᠶ ᠡᠷᠡᠯᠬᠡᠭ᠌ᠯᠡᠨ ᠤᠷᠤᠭ᠍ᠰᠢᠯᠠᠵᠤ᠂ ᠠᠵᠤ ᠦᠶ᠋ᠯᠡᠳᠪᠦᠷᠢ᠎ᠶ᠋ᠢᠨ ᠬᠠᠭᠤᠴᠢᠨ ᠰᠠᠭᠤᠷᠢᠨ᠎ᠤ ᠪᠣᠬᠢᠷᠲᠤᠯ ᠥᠬᠡᠶ ᠳᠡᠢᠰᠢ ᠬᠡᠯᠪᠡᠷᠢ᠎ᠪᠡᠨ ᠬᠤᠪᠢᠷᠠᠭᠤᠯᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠨᠢᠷᠤᠭᠤᠪᠴᠢ ᠦᠢᠯᠡᠳᠦᠯ ᠦᠵᠡᠬᠦᠯᠬᠦ᠎ᠪᠠᠷ ᠴᠢᠷᠮᠠᠢᠨ᠎ᠠ ᠭᠡᠪᠡ᠃
ᠯᠢ ᠳ᠋ᠦᠩ ᠱᠢᠤᠢ ᠤᠯᠠᠭᠠᠨᠴᠠᠪ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠪᠦᠬᠦ ᠠᠭᠤᠯᠭ᠎ᠠ᠎ᠳᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠣᠨᠴᠠᠭᠠᠢᠯᠠᠨ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠵᠢᠯᠲᠠ᠎ᠪᠠᠨ ᠳ᠋ᠦᠩᠨᠡᠵᠦ᠍ ᠡᠷᠴᠢ ᠵᠣᠷᠢᠭ᠎ᠢ ᠬᠥᠪᠴᠢᠯᠡᠨ᠂ ᠠᠰᠠᠭᠤᠳᠠᠯ᠎ᠢ ᠣᠨᠣᠪᠴᠢᠲᠠᠢ ᠭᠦᠨᠵᠡᠭᠡᠢ ᠵᠠᠳᠠᠯᠵᠤ᠂ ᠬᠠᠷᠠᠯᠲᠠ ᠵᠢ ᠱᠢᠨᠵᠢᠯᠡᠬᠦ᠌ ᠤᠬᠠᠭᠠᠨᠴᠢ ᠵᠦᠢ ᠵᠣᠬᠢᠰᠲᠠᠢ ᠲᠣᠭ᠍ᠲᠠᠭᠠᠪᠠ᠃ ᠤᠯᠠᠭᠠᠨᠴᠠᠪ ᠬᠤᠳᠠ᠎ᠶ᠋ᠢᠨ ᠬᠢᠨ ᠬᠠᠷᠠᠯᠲᠠ ᠡᠭᠦᠷᠭᠡ ᠵᠢ ᠪᠠᠳᠤ ᠡᠵᠡᠮᠳᠡᠵᠦ᠂ ᠺᠠᠳ᠋ᠷᠴᠤᠳ᠎ᠤᠨ ᠠᠵᠢᠯ ᠬᠢᠵᠦ᠍ ᠦᠢᠯᠡᠰ ᠪᠤᠰᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠎ᠢ ᠭᠦᠢᠴᠡᠳ ᠲᠠᠢ᠌ᠴᠢᠯᠠᠵᠤ᠂ ᠪᠤᠳᠤᠯᠳᠠ᠎ᠶᠢᠨ ᠬᠦᠴᠦᠨ᠎ᠦ ᠠᠵᠤ ᠦᠢᠯᠡᠰ᠂ ᠱᠢᠨ᠎ᠡ ᠬᠡᠯᠪᠡᠷᠢ᠎ᠶ᠋ᠢᠨ ᠡᠨᠧᠷᠭᠢ ᠨᠥᠭᠡᠴᠡᠯᠡᠬᠦ᠂ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠠᠵᠤ ᠦᠢᠯᠡᠰ᠎ᠦᠨ ᠲᠠᠯ᠎ᠠ᠎ᠪᠠᠷ ᠳᠠᠪᠠᠯᠲᠠ᠎ᠶᠢᠨ ᠴᠢᠨᠠᠷᠳᠠᠢ ᠪᠡᠷ ᠬᠥᠭ᠌ᠵᠢᠵᠦ᠍᠂ ᠨᠢᠭᠡ ᠣᠷᠣᠨ ᠪᠦᠰᠡ᠎ᠶ᠋ᠢᠨ ᠵᠢᠳᠭᠦᠯ ᠴᠢᠷᠮᠠᠢᠯᠭ᠎ᠠ ᠪᠡᠷ ᠥᠪᠥᠷ ᠮᠣᠩᠭᠣᠯ᠎ᠳᠤ ᠭᠢᠯᠪᠠᠭ᠎ᠠ ᠨᠡᠮᠡᠷᠢᠯᠡᠬᠦ᠌ ᠬᠡᠷᠡᠭ᠌ᠲᠡᠢ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠤᠨ ᠬᠢᠨ ᠵᠣᠬᠢᠶᠠᠨ ᠪᠠᠢᠭᠤᠯᠬᠤ ᠱᠤᠭᠤᠮ ᠨᠢ ᠤᠯᠤᠰ ᠲᠥᠷᠥ᠎ᠶ᠋ᠢᠨ ᠱᠤᠭᠤᠮ᠎ᠳᠤ ᠦᠶ᠋ᠯᠡᠴᠢᠯᠡᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠣᠶ ᠪᠣᠯᠭᠠᠬᠤ ᠵᠢ ᠬᠥᠲᠥᠯᠥᠨ ᠵᠢᠯᠣᠭᠣᠳᠴᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠪᠠᠢᠭᠠᠳ ᠥᠪᠥᠷ ᠮᠣᠩᠭᠣᠯ᠎ᠤᠨ 《ᠠᠷᠪᠠᠨ ᠳᠠᠪᠤᠳᠤᠭᠠᠷ ᠳᠠᠪᠤᠨ ᠵᠢᠯ》 ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠢᠷᠤᠭ᠎ᠢ ᠵᠢᠷᠤᠭᠯᠠᠬᠤ ᠬᠡᠷᠡᠭ᠌ᠲᠡᠶ ᠭᠡᠪᠡ᠃