2 ᠰᠠᠷ᠎ᠠ᠎ᠶ᠋ᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠬᠤᠷᠠᠯ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ (ᠲᠥᠰᠦᠯ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠦᠢᠴᠡᠳᠭᠡᠭᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ》 ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠭᠦᠶ᠋ᠴᠡᠳᠭᠡᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠥᠰᠦᠯ᠎ᠦᠨ ᠲᠤᠬᠠᠶ ᠮᠡᠳᠡᠭᠦᠯᠦᠯᠲᠡ》 ᠵᠢᠴᠢ 2026 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠦᠪ᠎ᠦᠨ ᠲᠥᠰᠦᠯ ᠢ᠋ ᠬᠢᠨᠡᠨ ᠪᠠᠢᠴᠠᠭᠠᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠳᠦ ᠲᠣᠭ᠍ᠲᠠᠭᠠᠭ᠍ᠰᠠᠨ ᠬᠠᠷᠠᠯᠲᠠ ᠪᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠤᠨ᠎ᠠ; ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠡᠬᠢᠵᠢᠭᠦᠯᠦᠨ ᠪᠤᠵᠠᠭᠠᠢᠷᠠᠭᠤᠯᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ᠋ ᠪᠠᠢᠭᠤᠯᠤᠨ᠎ᠠ;ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠶᠡᠬᠡ ᠪᠡᠷ ᠬᠡᠷᠡᠭ᠌ᠵᠢᠭᠦᠯᠤᠨ᠎ᠠ; ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠵᠤ᠂ ᠬᠡᠷᠡᠭ᠌ᠯᠡᠭᠡ᠎ᠶ᠋ᠢ ᠠᠬᠢᠭᠤᠯᠬᠤ ᠪᠠ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ᠎ᠡ; ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠦᠨ᠎ᠡ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠦᠨ᠎ᠡ ᠬᠡᠬᠦ ᠰᠠᠨᠠᠭᠤᠯᠭ᠎ᠠ ᠲᠤᠷᠠᠳᠪᠠ᠃
ᠥᠪᠡᠷᠲᠡᠭᠡᠨ ᠵᠠᠰᠠᠬᠤ ᠣᠷᠣᠨ᠎ᠤ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠠᠵᠤ ᠠᠬᠤᠶ᠎ᠶ᠋ᠢᠨ ᠲᠣᠭ᠍ᠲᠠᠭᠤᠨ ᠨᠡᠮᠡᠭ᠌ᠳᠡᠯ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠬᠡᠷᠡᠭ᠌ᠯᠡᠭᠡ᠎ᠶ᠋ᠢ ᠬᠥᠭ᠌ᠵᠢᠭᠡᠬᠦ᠌ ᠪᠠ ᠪᠠᠯᠠ ᠣᠷᠣᠭᠤᠯᠤᠯᠲᠠ᠎ᠶ᠋ᠢ ᠬᠦᠴᠦᠯᠡᠨ ᠥᠷᠭᠡᠳᠭᠡᠵᠦ᠍᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢ ᠪᠠᠷᠢᠮᠲᠠᠯᠠᠵᠤ᠂ ᠣᠯᠠᠨ ᠬᠦᠷᠢᠶᠡᠨ᠎ᠳ᠋ᠡᠬᠢ ᠨᠡᠭᠡᠭᠡᠯᠲᠡ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠵᠢ ᠦᠶ᠋ᠯᠡᠳᠦᠯᠭᠡᠵᠢᠭᠦᠯᠵᠦ᠍᠂ ᠬᠣᠲᠠ ᠬᠥᠳᠡᠭᠡ ᠪᠠ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠠᠷᠠᠳ᠎ᠤᠨ ᠠᠮᠢᠳᠤᠷᠠᠯ᠎ᠢ ᠪᠥᠬᠥ᠌ ᠰᠡᠳᠭᠢᠯ ᠪᠥᠬᠥ᠌ ᠵᠣᠷᠢᠭ᠎ᠢᠶᠠᠷ᠎ᠢᠶᠠᠨ ᠪᠠᠲᠤᠯᠠᠨ ᠰᠠᠢᠵᠢᠷᠠᠭᠤᠯᠬᠤ ᠰᠠᠨᠠᠭᠤᠯᠭ᠎ᠠ ᠳᠤᠷᠠᠳᠪᠠ᠃
ᠥᠪᠡᠷᠲᠡᠭᠡᠨ ᠵᠠᠰᠠᠬᠤ ᠣᠷᠣᠨ᠎ᠤ 2026 ᠣᠨ᠎ᠤ ᠡᠳ᠋᠎ᠦᠨ ᠵᠠᠰᠠᠭ᠎ᠤᠨ ᠲᠥᠰᠦᠪ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠨᠠᠩ ᠢᠳᠡᠪᠬᠢᠲᠡᠶ ᠡᠳ᠋᠎ᠦᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠡᠳ᠋᠎ᠦᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠭᠤᠤᠯᠳᠠᠯᠭ᠎ᠠ᠎ᠲᠠᠶ ᠬᠦᠷᠢᠶᠡᠨ᠎ᠳ᠋ᠡᠬᠢ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠡᠳ᠋᠎ᠦᠨ ᠵᠠᠰᠠᠭ᠎ᠤᠨ ᠠᠵᠢᠯᠯᠠᠭᠠᠨ᠎ᠤ ᠠᠮᠤᠷ ᠲᠦᠪᠱᠢᠨ ᠦᠷᠭᠦᠯᠵᠢᠯᠡᠬᠦ᠎ᠶ᠋ᠢ ᠦᠨᠡᠨ ᠬᠦ᠌ ᠪᠠᠲᠤᠯᠠᠬᠤ ᠰᠠᠨᠠᠭᠤᠯᠭ᠎ᠠ ᠳᠤᠷᠠᠳᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠵᠢᠴᠢ ᠱᠢᠶ᠋ᠳᠪᠦᠷᠢ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠦᠢᠴᠡᠳᠭᠡᠭᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠵᠢᠴᠢ ᠱᠢᠶ᠋ᠳᠪᠦᠷᠢ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠬᠦᠢᠴᠡᠳᠭᠡᠭᠰᠡᠨ ᠪᠠᠢᠳᠠᠯ ᠪᠠ 2026 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠵᠢᠴᠢ ᠱᠢᠶ᠋ᠳᠪᠦᠷᠢ᠎ᠶ᠋ᠢᠨ ᠲᠥᠰᠦᠯ᠎ᠢ ᠵᠠᠷᠴᠢᠮ ᠳᠡᠭᠡᠷ᠎ᠡ᠎ᠪᠡᠨ ᠪᠠᠲᠤᠯᠠᠵᠤ᠂ ᠭᠤᠷᠪᠠᠨ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠶᠡᠭᠡ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃