2 ᠰᠠᠷ᠎ᠠ᠎ᠶ᠋ᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ᠃
ᠶᠠᠷᠢᠯᠴᠠᠭᠠᠨ᠎ᠤ ᠠᠬᠤᠶ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠵᠤ᠂ ᠣᠯᠠᠨ᠎ᠢᠶᠠᠷ᠎ᠢᠶᠠᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠬᠥᠭ᠌ᠵᠢᠯᠲᠡ᠎ᠶ᠋ᠢᠨ ᠲᠣᠭ᠎ᠠ ᠪᠠᠷᠢᠮᠲᠠ ᠪᠠ ᠪᠣᠳᠠᠲᠠᠶ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠶ᠋ᠯᠡᠰ᠎ᠦᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠵᠥᠪᠯᠡᠬᠦ᠌ ᠵᠦᠢᠯ᠎ᠦᠨ ᠲᠣᠭᠣᠷᠢᠨ᠎ᠳᠤ ᠢᠳᠡᠪᠬᠢᠲᠡᠶ᠎ᠪᠡᠷ ᠦᠭᠡ ᠬᠡᠯᠡᠵᠦ᠍᠂ ᠦᠭᠡ ᠶᠡᠷᠢᠶ᠎ᠡ ᠵᠢᠨ ᠲᠤᠮᠳᠠ ᠠᠮᠵᠢᠯᠲᠠ ᠪᠦᠲᠦᠮᠵᠢ᠎ᠶ᠋ᠢ ᠮᠡᠳᠡᠷᠡᠵᠦ᠍ ᠪᠠᠢᠬᠤ ᠪᠥᠭᠡᠳ ᠨᠠᠩ ᠴᠤ᠌ ᠢᠷᠡᠭᠡᠳᠦᠶ ᠵᠢᠨ ᠲᠤᠬᠠᠢ ᠪᠣᠳᠠᠲᠠᠶ᠎ᠶ᠋ᠢ ᠡᠷᠬᠢᠮᠯᠡᠭ᠌ᠰᠡᠨ ᠪᠣᠳᠣᠯᠬᠢᠯᠠᠯ᠎ᠢᠶᠠᠷ ᠳᠦᠭᠦᠷᠴᠦ᠍᠂ ᠶᠠᠷᠢᠯᠴᠠᠭ᠎ᠠ᠎ᠨᠢ ᠭᠦᠨᠵᠡᠭᠡᠶ ᠪᠥᠭᠡᠳ ᠦᠷ᠎ᠡ ᠪᠦᠲᠦᠮᠵᠢᠲᠡᠶ ᠪᠠᠢᠯ᠎ᠠ᠃
ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠨ ᠼᠤᠤ ᠬᠣᠩ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠤᠯᠠᠮᠵᠢᠯᠠᠯᠲᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠲᠦᠷᠭᠡᠳᠭᠡᠨ᠎ᠡ〉 〈ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ〉 ᠭᠡᠬᠦ ᠵᠡᠷᠭᠡ ᠠᠭᠤᠯᠭ᠎ᠠ᠎ᠶ᠋ᠢ ᠳᠤᠷᠠᠳᠪᠠ᠂ ᠮᠢᠨᠦ᠍ ᠦᠵᠡᠬᠦ᠌᠎ᠪᠡᠷ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠵᠢᠨ ᠬᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠣᠢᠷᠠᠳᠤᠭ᠍ᠰᠠᠨ ᠮᠡᠷᠭᠡᠵᠢᠯ ᠤᠷ᠎ᠠ ᠴᠢᠳᠠᠪᠤᠷᠢ᠎ᠶ᠋ᠢᠨ ᠴᠢᠳᠠᠪᠤᠷᠢᠲᠠᠨ᠎ᠢ ᠬᠠᠩᠭᠠᠵᠤ᠂ ᠬᠥᠮᠦᠵᠢᠭᠦᠯᠬᠦ᠌ ᠴᠢᠭ᠌ᠯᠡᠯ ᠬᠢᠭᠡᠳ ᠣᠷᠣᠨ ᠪᠦᠰᠡ᠎ᠶ᠋ᠢᠨ ᠠᠵᠤ ᠦᠶ᠋ᠯᠡᠰ᠎ᠦᠨ ᠪᠦᠲᠦᠴᠡ᠎ᠶ᠋ᠢᠨ ᠲᠠᠰ ᠳᠡᠪᠱᠢᠬᠦ᠌ ᠬᠡᠷᠡᠭ᠌ᠴᠡᠭᠡ᠎ᠶ᠋ᠢ ᠬᠥᠳᠡᠯᠦᠩᠭᠦᠶ᠎ᠪᠡᠷ ᠬᠣᠯᠪᠣᠵᠤ᠂ ᠰᠤᠷᠭᠠᠭᠤᠯᠢ ᠪᠤᠯᠤᠨ ᠠᠵᠤ ᠠᠬᠤᠢᠯᠠᠯ ᠬᠠᠮᠵᠢᠯᠴᠠᠨ ᠬᠥᠮᠦᠨ ᠬᠥᠮᠦᠵᠢᠭᠦᠯᠬᠦ᠌ ᠬᠡᠷᠡᠭ᠌ᠲᠡᠶ; ᠬᠤᠤᠰ ᠭᠤᠤᠯ ᠴᠣᠭ᠍ᠴᠠ᠎ᠶ᠋ᠢᠨ ᠦᠶ᠋ᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠳᠦ ᠨᠠᠩ ᠣᠢᠷᠠᠲᠤᠭᠤᠯᠬᠤ ᠬᠡᠷᠡᠭᠲᠡᠢ; ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠤᠭ᠍ᠴᠢᠳ᠎ᠲᠤ ᠦᠶ᠋ᠯᠡᠳᠦᠯᠭᠡ᠎ᠶ᠋ᠢᠨ ᠳᠠᠪᠲᠠᠯᠲᠠ ᠬᠢᠬᠦ᠌ ᠲᠣᠬᠢᠶᠠᠯ᠎ᠢ ᠢᠯᠡᠭᠦᠬᠡᠨ ᠬᠠᠩᠭᠠᠬᠤ ᠬᠡᠷᠡᠭ᠌ᠲᠡᠶ; ᠠᠵᠢᠯ ᠣᠯᠭᠣᠯᠲᠠ᠎ᠶ᠋ᠢᠨ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠲᠡᠷᠢᠭᠦᠨ᠎ᠦ ᠮᠡᠷᠭᠡᠵᠢᠯ᠂ ᠬᠠᠮᠢᠶᠠᠷᠤᠯᠲᠠ᠎ᠶ᠋ᠢᠨ ᠲᠤᠷᠱᠢᠯᠭ᠎ᠠ ᠵᠡᠷᠭᠡ᠎ᠶ᠋ᠢ ᠵᠢᠭᠠᠨ ᠰᠤᠷᠭᠠᠯᠲᠠ᠎ᠶ᠋ᠢᠨ ᠠᠭᠤᠯᠭ᠎ᠠ᠎ᠳᠤ ᠠᠭᠤᠰᠤᠯᠴᠠᠭᠤᠯᠵᠤ᠂ ᠰᠤᠷᠤᠭ᠍ᠴᠢᠳ᠎ᠲᠤ ᠨᠡᠩ ᠥᠷᠭᠡᠨ ᠠᠭᠤᠳᠠᠮ ᠠᠵᠢᠯ ᠣᠯᠭᠣᠯᠲᠠ᠎ᠶ᠋ᠢᠨ ᠵᠠᠮ᠎ᠢ ᠳᠡᠪᠢᠰᠴᠦ᠍ ᠥᠭ᠌ᠭᠦ ᠬᠡᠷᠡᠭᠲᠡᠢ》 ᠭᠡᠵᠡᠢ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠠᠮᠢ ᠠᠬᠤᠶ᠎ᠶ᠋ᠢᠨ ᠬᠠᠮᠠᠭᠠᠯᠠᠯᠲᠠ ᠪᠠ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠤᠬᠠᠶ ᠪᠠᠢᠷᠢᠯᠠᠭᠤᠯᠤᠯᠲᠠ᠎ᠨᠢ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠭ᠍ᠰᠠᠨ᠎ᠢᠶᠠᠷ ᠪᠠᠷᠠᠬᠤ ᠥᠬᠡᠶ ᠪᠠᠰᠠ ᠠᠯᠤᠰ ᠬᠡᠲᠦ᠍᠎ᠶ᠋ᠢᠨ ᠬᠥᠭ᠌ᠵᠢᠯᠲᠡ ᠵᠢ ᠪᠤᠳᠤᠯᠬᠢᠯᠠᠵᠤ᠂ ᠨᠠᠮᠠᠶ᠋ᠢ ᠶᠡᠬᠡᠳᠡ ᠵᠣᠷᠢᠭ᠍ᠵᠢᠭᠤᠯᠪᠠ》᠃ ᠣᠷᠴᠢᠨ ᠲᠣᠭᠣᠷᠢᠨ ᠡᠬᠢ ᠪᠠᠶᠠᠯᠢᠭ᠎ᠤᠨ ᠡᠲᠡᠭᠡᠳ᠎ᠦᠨ ᠭᠡᠱᠢᠭᠦᠨ ᠸᠠᠩ ᠶᠠᠨ᠂ 《ᠤᠯᠠᠭᠠᠨᠬᠠᠳᠠ ᠬᠤᠲᠠ ᠵᠢᠨ ᠬᠢᠨ ᠪᠠᠭᠠᠷᠢᠨ ᠵᠡᠭᠦᠨ ᠬᠣᠱᠢᠭᠤᠨ᠎ᠤ ᠤᠯᠠᠭᠠᠨᠳᠠᠪᠠᠭ᠎ᠠ ᠰᠤᠮᠤ᠎ᠪᠠᠷ ᠵᠢᠱ᠌ᠢᠶ᠎ᠡ ᠦᠵᠡᠭᠦᠯᠵᠦ᠍᠂ ᠴᠢᠭᠢᠭ᠎ᠦᠨ ᠤᠯᠠᠭᠠᠨ ᠬᠣᠷᠣᠬᠠᠢ᠎ᠶ᠋ᠢᠨ ᠠᠵᠤ ᠦᠢᠯᠡᠰ ᠪᠣᠯᠤᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠪᠦᠲᠦᠭᠡᠨ ᠪᠠᠢᠭᠤᠯᠤᠯᠲᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠰᠦᠪᠡᠭ᠌ᠴᠢᠯᠡᠵᠦ᠍᠂ ᠨᠢᠭᠡᠨᠲᠡ 〈ᠢᠯᠭᠠᠳᠠᠰᠤ ᠪᠤᠬᠢᠷᠳᠤᠯ ᠪᠤᠳᠠᠰ᠎ᠢ ᠱᠢᠢᠳᠪᠦᠷᠢᠯᠡᠬᠦ᠌ — ᠲᠡᠵᠢᠭᠡᠨ ᠦᠷᠡᠵᠢᠭᠦᠯᠵᠦ ᠡᠳ᠋ᠱᠢᠭᠦᠯᠬᠦ᠌ — ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠬᠤ〉 ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶ᠋ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠡᠰ ᠲᠠᠪᠬᠤᠷᠭ᠎ᠠ ᠡᠴᠡ ᠳᠡᠮᠵᠢᠯᠭᠡ ᠵᠢᠨ ᠡᠷᠴᠢᠮ᠎ᠢᠶᠡᠨ ᠴᠢᠩᠭᠠᠷᠠᠭᠤᠯᠵᠤ᠂ ᠭᠠᠵᠠᠷ ᠬᠡᠷᠡᠭ᠌ᠯᠡᠬᠦ᠌᠂ ᠢᠲᠡᠭᠡᠮᠵᠢᠲᠦ ᠵᠢᠭᠡᠯᠡᠯᠭᠡ ᠵᠡᠷᠭᠡ ᠲᠠᠯ᠎ᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠭᠠᠯᠵᠠᠯ ᠦᠵᠡᠭᠦᠯᠪᠡᠯ ᠵᠤᠬᠢᠨ᠎ᠠ; ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠠᠮᠲᠤᠷᠠᠯᠴᠠᠬᠤ ᠲᠠᠪᠴᠠᠩ᠎ᠢ ᠪᠠᠢᠭᠤᠯᠵᠤ᠂ ᠵᠠᠩᠭᠢᠯᠠᠭ᠎ᠠ᠎ᠶ᠋ᠢᠨ ᠲᠡᠵᠢᠭᠡᠨ ᠦᠷᠡᠵᠢᠭᠦᠯᠬᠦ᠌ ᠮᠡᠷᠭᠡᠵᠢᠯ ᠬᠢᠭᠡᠳ ᠨᠠᠷᠢᠯᠢᠭ ᠡᠳ᠋ᠱᠢᠭᠦᠯᠬᠦ᠌ ᠦᠶ᠋ᠯᠡᠳᠬᠦᠨ᠎ᠢ ᠰᠤᠳᠤᠯᠤᠨ ᠨᠡᠭᠡᠭᠡᠬᠦ᠌᠎ᠶ᠋ᠢ ᠳᠡᠮᠵᠢᠪᠡᠯ ᠵᠤᠬᠢᠨ᠎ᠠ; ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠵᠦ᠍ ᠣᠷᠣᠨ ᠪᠦᠰᠡ᠎ᠶ᠋ᠢᠨ ᠣᠯᠠᠨ ᠨᠡᠢᠲᠡ᠎ᠶ᠋ᠢᠨ ᠲᠦᠷᠦᠯ ᠲᠡᠮᠳᠡᠭ᠎ᠢ ᠡᠭᠦᠳᠴᠦ᠍᠂ ᠦᠭᠡᠷ᠎ᠡ ᠬᠤᠲᠠ ᠵᠢᠨ ᠵᠠᠬ᠎ᠠ ᠳᠡᠯᠭᠡᠭᠦᠷ᠎ᠢ ᠥᠷᠭᠡᠳᠭᠡᠬᠦ᠎ᠳᠤ ᠬᠦᠴᠦᠨ ᠨᠡᠮᠡᠷᠢᠯᠡᠵᠦ᠂ ᠴᠢᠭᠢᠭ᠎ᠦᠨ ᠤᠯᠠᠭᠠᠨ ᠬᠣᠷᠣᠬᠠᠢ᠎ᠶ᠋ᠢᠨ ᠠᠵᠤ ᠦᠢᠯᠡᠰ᠎ᠢ ᠠᠮᠢ ᠠᠬᠤᠢ᠎ᠪᠠᠷ ᠠᠷᠠᠳ᠎ᠢ ᠪᠠᠶᠠᠵᠢᠭᠤᠯᠬᠤ ᠣᠨᠴᠠᠯᠢᠭ᠍ᠲᠤ ᠦᠯᠢᠭᠡᠷ ᠳᠠᠭᠤᠷᠢᠶᠠᠯ ᠪᠣᠯᠭᠠᠪᠡᠯ ᠳᠠᠭᠠᠷᠠᠨ᠎ᠠ》 ᠭᠡᠵᠡᠢ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ 〈ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ ᠪᠣᠯᠤᠨ ᠥᠪᠡᠷᠲᠡᠭᠡᠨ ᠵᠠᠰᠠᠬᠤ ᠣᠷᠣᠨ᠎ᠤ ᠲᠤᠰᠭᠠᠶ ᠰᠠᠯᠠᠭᠠᠨ᠎ᠤ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ ᠰᠠᠢᠲᠤᠷ ᠪᠠᠢᠭᠤᠯᠤᠨ ᠡᠵᠡᠩᠨᠡᠨ᠎ᠡ〉 ᠂ 〈ᠦᠨᠳᠦᠰᠦᠨ ᠡᠮᠴᠢᠯᠡᠭᠡᠨ᠎ᠦ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠵᠢᠭᠦᠯᠬᠦ᠌᠎ᠶ᠋ᠢ ᠠᠬᠢᠭᠤᠯᠤᠨ᠎ᠠ〉 ᠵᠡᠷᠭᠡ ᠠᠭᠤᠯᠭ᠎ᠠ᠎ᠨᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶᠡᠨ᠎ᠳᠡᠬᠢ ᠬᠥᠭ᠌ᠵᠢᠯᠲᠡ᠎ᠶ᠋ᠢᠨ ᠬᠦᠰᠡᠯ ᠱᠠᠭᠠᠷᠳᠠᠯᠭ᠎ᠠ᠎ᠲᠠᠶ ᠳᠡᠭᠡᠳᠦ ᠬᠡᠮᠵᠢᠶ᠎ᠡ᠎ᠪᠡᠷ ᠨᠡᠢᠴᠡᠵᠦ᠍᠂ ᠦᠨᠳᠦᠰᠦᠨ ᠱᠠᠲᠤᠨ᠎ᠤ ᠡᠮᠴᠢᠯᠡᠭᠡᠨ᠎ᠦ ᠠᠵᠢᠯᠲᠠᠨ ᠪᠣᠯᠤᠨ ᠥᠷᠭᠡᠨ ᠣᠯᠠᠨ ᠲᠦᠮᠡᠨ᠎ᠢ ᠢᠷᠡᠭᠡᠳᠦᠶ᠎ᠶ᠋ᠢᠨ ᠡᠷᠡᠭᠦᠯ ᠮᠡᠨᠳᠦ᠍᠎ᠶ᠋ᠢᠨ ᠪᠠᠲᠤᠯᠠᠭ᠎ᠠ᠎ᠳᠤ ᠨᠠᠩ ᠬᠦᠰᠡᠯ ᠡᠷᠡᠮᠡᠯᠵᠡᠯ᠎ᠲᠡᠶ ᠪᠣᠯᠭᠠᠪᠠ》᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠦᠨ ᠭᠡᠱᠢᠭᠦᠨ ᠵᠧᠸ᠋ ᡁᠢ ᠪᠢᠶᠤᠤ᠄《ᠵᠠᠯᠭᠠᠭᠠᠳ ᠪᠢ ᠪᠣᠳᠠᠲᠤ ᠠᠵᠢᠯᠯᠠᠭ᠎ᠠ᠎ᠪᠠᠷ᠎ᠢᠶᠠᠨ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠦᠨᠳᠦᠰᠦᠨ ᠱᠠᠲᠤᠨ᠎ᠳᠤ ᠪᠠᠭᠤᠯᠭᠠᠬᠤ᠂ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠨᠠᠩ ᠭᠦᠶ᠋ᠴᠡᠳ᠂ ᠵᠢᠷᠭᠠᠯᠲᠤ ᠲᠥᠷᠥᠭ᠌ᠳᠡᠯ᠎ᠢ ᠨᠠᠩ ᠴᠢᠩᠭ᠎ᠠ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ 《ᠤᠮᠠᠷᠠᠲᠤ ᠬᠢᠯᠢ᠎ᠶ᠋ᠢᠨ ᠬᠠᠯᠬᠠᠪᠴᠢ᠎ᠶ᠋ᠢᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠨᠢᠭᠡ ᠴᠤᠭ᠍ᠴᠠᠵᠢᠭᠤᠯᠤᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ》᠂ 《〈ᠨᠠᠮ ᠵᠠᠰᠠᠭ ᠴᠡᠷᠢᠭ ᠴᠠᠭ᠍ᠳᠠᠭ᠎ᠠ ᠠᠷᠠᠳ ᠠᠵᠤ ᠠᠬᠤᠢᠯᠠᠯ〉᠎ᠤ᠋ᠨ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠎ᠶ᠋ᠢ ᠴᠢᠩᠭᠠᠳᠬᠠᠨ᠎ᠠ》 ᠵᠡᠷᠭᠡ ᠠᠭᠤᠯᠭ᠎ᠠ᠎ᠨᠢ ᠴᠥᠭᠡᠨ ᠲᠣᠭᠠᠲᠤ ᠦᠨᠳᠦᠰᠦᠲᠡᠨ᠎ᠦ ᠡᠲᠡᠭᠡᠳ᠎ᠦᠨ ᠭᠡᠱᠢᠭᠦᠨ ᠮᠡᠷᠭᠡᠨ᠎ᠳᠦ ᠭᠦᠨ ᠰᠠᠭᠤᠭ᠍ᠳᠠᠯ ᠥᠭ᠌ᠭᠦᠭ᠌ᠰᠡᠨ ᠪᠠᠢᠨ᠎ᠠ᠃ 《ᠡᠨᠡ ᠨᠢ ᠱᠢᠨ᠎ᠡ ᠴᠠᠭ ᠦᠶ᠎ᠡ᠎ᠶ᠋ᠢᠨ ᠬᠢᠯᠢ᠎ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍ ᠪᠠᠢᠬᠤ᠎ᠶ᠋ᠢ ᠬᠠᠷᠠᠭᠤᠯᠵᠤ ᠪᠠᠢᠨ᠎ᠠ᠂ ᠬᠢᠯᠢ ᠬᠠᠮᠠᠭᠠᠯᠠᠭ᠍ᠴᠢ᠎ᠶ᠋ᠢᠨ ᠡᠩᠨᠡᠭᠡ᠎ᠶ᠋ᠢᠨ ᠬᠡᠪᠴᠢᠶ᠎ᠡ᠎ᠶ᠋ᠢ ᠬᠥᠳᠡᠯᠦᠩᠭᠦᠢ᠎ᠪᠡᠷ ᠱᠢᠯᠢᠳᠡᠭ᠌ᠵᠢᠭᠦᠯᠵᠦ᠍᠂ ᠤᠨᠢᠨ ᠳᠡᠭᠡᠷ᠎ᠡ ᠨᠢ ᠤᠷᠤᠨ ᠪᠠᠢᠷᠢ ᠨᠥᠬᠥᠪᠥᠷᠢᠯᠡᠬᠦ᠌᠎ᠶ᠋ᠢ ᠪᠡᠶᠡᠯᠡᠭᠦᠯᠵᠦ᠍᠂ ᠬᠢᠯᠢ ᠬᠠᠮᠠᠭᠠᠯᠠᠭ᠍ᠴᠢ᠎ᠶ᠋ᠢᠨ ᠪᠠᠲᠤᠯᠠᠭ᠎ᠠ᠎ᠶ᠋ᠢᠨ ᠲᠦᠪᠱᠢᠨ᠎ᠢ ᠱᠢᠰᠲ᠋ᠧᠮ᠎ᠲᠡᠶ ᠳᠡᠭᠡᠭ᠌ᠰᠢᠯᠡᠭᠦᠯᠵᠦ᠍᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠵᠦ᠍᠂ ᠬᠢᠯᠢ᠎ᠶ᠋ᠢᠨ ᠬᠠᠮᠢᠶᠠᠷᠤᠯᠲᠠ ᠡᠵᠡᠮᠳᠡᠯ᠎ᠦᠨ ᠬᠠᠮᠤᠷᠬᠤ ᠬᠡᠪᠴᠢᠶ᠎ᠡ ᠪᠠ ᠪᠦᠳᠦᠮᠵᠢᠳᠤ ᠴᠢᠨᠠᠷ᠎ᠢ ᠦᠨᠡᠨ ᠬᠦ᠌ ᠴᠢᠩᠭᠠᠳᠭᠠᠪᠡᠯ ᠵᠤᠬᠢᠨ᠎ᠠ》 ᠭᠡᠵᠦ᠍ ᠮᠡᠷᠭᠡᠨ ᠬᠡᠯᠡᠪᠡ᠃
ᠭᠡᠱᠢᠭᠦᠳ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠵᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠤᠨᠤᠴᠠᠳᠠᠢ ᠪᠡᠷ ᠰᠠᠨᠠᠯ ᠳᠤᠷᠠᠳᠤᠯᠭ᠎ᠠ ᠳᠡᠪᠰᠢᠬᠦᠯᠵᠦ᠂ ᠨᠠᠩ ᠣᠯᠠᠨ ᠱᠢᠨ᠎ᠡ᠎ᠶ᠋ᠢ ᠡᠭᠦᠳᠬᠦ᠌ ᠰᠡᠳᠭᠢᠮᠵᠢ ᠪᠠ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠪᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ ᠭᠡᠵᠦ᠍ ᠢᠯᠡᠳᠭᠡᠵᠡᠭᠡᠪᠡ᠃
ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠪᠠᠰᠠ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠮᠡᠳᠡᠭᠦᠯᠦᠯᠲᠡ᠂ ᠡᠳ᠋᠎ᠦᠨ ᠵᠠᠰᠠᠭ᠎ᠤᠨ ᠲᠥᠰᠦᠪ ᠪᠠ ᠲᠥᠰᠦᠪ᠎ᠦᠨ ᠭᠦᠢᠴᠡᠳᠭᠡᠯ᠎ᠦᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠦᠲᠦᠯᠪᠦᠷᠢ (ᠲᠥᠰᠦᠯ) ᠶ᠋ᠢ ᠶᠠᠷᠢᠯᠴᠠᠵᠡᠢ᠃