— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠱᠢᠭᠤᠳ ᠬᠠᠷᠢᠶ᠎ᠠ ᠲᠢᠨᠭᠬᠢᠮ ᠲᠤᠪᠴᠢᠶ᠎ᠠ ᠵᠢᠨ ᠪᠠᠢᠭᠤᠯᠭ᠎ᠠ ᠵᠢᠨ ᠺᠠᠳ᠋ᠷ ᠠᠵᠢᠯᠲᠠᠨ ᠤ ᠲᠤᠮᠳᠠ ᠴᠢᠩᠭ᠎ᠠ ᠲᠤᠰᠭᠠᠯ ᠭᠠᠷᠪᠠ
ᠣᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠱᠢᠭᠤᠳ ᠬᠠᠷᠢᠶ᠎ᠠ ᠲᠢᠨᠭᠬᠢᠮ ᠲᠤᠪᠴᠢᠶ᠎ᠠ ᠵᠢᠨ ᠪᠠᠢᠭᠤᠯᠭ᠎ᠠ᠎ᠶ᠋ᠢᠨ ᠺᠠᠳ᠋ᠷ ᠠᠵᠢᠯᠲᠠᠨᠦ ᠳᠤᠮᠳᠠ ᠦᠷᠭᠦᠯᠵᠢᠯᠡᠨ ᠴᠢᠩᠭ᠎ᠠ ᠲᠤᠰᠭᠠᠯ ᠭᠠᠷᠪᠠ᠃ ᠣᠯᠠᠨ᠎ᠢᠶᠠᠷ᠎ᠢᠶᠠᠨ᠂ ᠡᠨᠡ ᠵᠢᠯ ᠪᠣᠯ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠠᠢᠷᠢᠯᠠᠭᠤᠯᠤᠭ᠍ᠰᠠᠨ ᠲᠤᠯᠤᠭᠠᠨ ᠲᠠᠯ᠎ᠠ᠎ᠶ᠋ᠢᠨ ᠭᠤᠤᠯᠳᠠᠯᠭ᠎ᠠ᠎ᠲᠠᠶ ᠠᠵᠢᠯ᠎ᠨᠢ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠠᠷᠭ᠎ᠠ ᠵᠠᠮ ᠵᠢᠭᠠᠵᠤ᠂ ᠵᠢᠷᠤᠮᠯᠠᠯ ᠬᠠᠩᠭᠠᠪᠠ᠃ ᠥᠷᠭᠡᠨ ᠤᠯᠠᠨ ᠺᠠᠳ᠋ᠷ ᠤᠯᠠᠨ ᠲᠦᠮᠡᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ᠎ᠪᠠᠨ ᠨᠢᠭᠡᠳᠭᠡᠨ᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠠᠯᠬᠤᠭ᠎ᠠ᠎ᠪᠠᠨ ᠨᠢᠭᠡᠳᠭᠡᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡᠯᠤᠭᠡ ᠨᠢᠬᠳᠠ ᠤᠶᠠᠯᠳᠤᠭᠤᠯᠤᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠤᠭ᠎ᠠ ᠵᠢᠷᠤᠭ ᠲᠥᠰᠦᠪ᠎ᠢ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ᠎ᠪᠠᠷ ᠴᠢᠷᠮᠠᠢᠨ᠎ᠠ ᠭᠡᠵᠤ ᠢᠯᠡᠳᠭᠡᠵᠡᠭᠡᠪᠡ᠃
ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠶ᠋ᠢ ᠱᠢᠶᠤᠤ ᠴᠢᠩ᠂ ᠪᠦᠬᠦ᠌ ᠣᠷᠣᠨ᠎ᠤ ᠰᠣᠶᠣᠯ ᠵᠢᠭᠤᠯᠴᠢᠯᠠᠯ᠎ᠤᠨ ᠱᠢᠰᠲ᠋ᠧᠮ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠢᠯᠠᠩᠭᠤᠶ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠦᠬᠦ᠌ ᠶᠠᠪᠤᠴᠠ᠂ ᠡᠯ᠎ᠡ ᠲᠠᠯ᠎ᠠ᠎ᠳᠤ ᠲᠤᠭᠤᠱᠢᠯᠠᠭᠤᠯᠤᠨ᠎ᠠ; ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢ ᠴᠡᠴᠡᠭ᠌ᠯᠡᠭᠦᠯᠦᠨ ᠬᠥᠭ᠌ᠵᠢᠭᠦᠯᠵᠦ᠍᠂ ᠴᠠᠭ ᠦᠶ᠎ᠡ᠎ᠶ᠋ᠢᠨ ᠰᠣᠳᠣᠨ ᠪᠦᠲᠦᠭᠡᠯ᠎ᠢ ᠳᠠᠪᠲᠠᠨ ᠪᠣᠯᠪᠠᠰᠤᠷᠠᠭᠤᠯᠵᠤ᠂ 《ᠰᠠᠭᠤᠷᠢ ᠦᠨᠳᠤᠷᠴᠡ ᠪᠠᠢᠪᠠᠴᠤ ᠤᠷᠤᠢᠯᠠᠬᠰᠡᠨ ᠲᠦᠪᠰᠢᠨ ᠳᠤᠲᠠᠭ᠍ᠳᠠᠵᠤ ᠪᠠᠢᠬᠤ》 ᠬᠦᠴᠢᠷ ᠠᠰᠠᠭᠤᠳᠠᠯ᠎ᠢ ᠱᠢᠶ᠋ᠳᠪᠦᠷᠢᠯᠡᠵᠤ᠂ ᠦᠶ᠋ᠯᠡᠴᠢᠯᠡᠭᠡᠨ᠎ᠦ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠦᠶ᠋ᠯᠡᠴᠢᠯᠡᠭᠡᠨ᠎ᠦ ᠴᠢᠨᠠᠷ ᠴᠢᠨᠰᠠᠭ᠎ᠠ᠎ᠶ᠋ᠢ ᠱᠢᠯᠢᠳᠡᠭ᠌ᠵᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠴᠢᠨᠠᠷ ᠪᠠ ᠪᠣᠯᠤᠮᠵᠢᠲᠤ ᠴᠢᠨᠠᠷ᠎ᠢ ᠴᠢᠩᠭᠠᠳᠭᠠᠨ᠎ᠠ; ᠬᠠᠮᠠᠭᠠᠯᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠠᠮᠢᠳᠤᠯᠢᠭᠵᠢᠭᠤᠯᠤᠨ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠵᠤ᠂ ᠰᠣᠶᠣᠯ᠎ᠤᠨ ᠥᠪ᠎ᠢ ᠱᠢᠰᠲ᠋ᠧᠮ᠎ᠲᠡᠶ ᠬᠠᠮᠠᠭᠠᠯᠠᠨ ᠠᠱᠢᠭ᠍ᠯᠠᠬᠤ᠎ᠶ᠋ᠢ ᠴᠢᠩᠭᠠᠳᠭᠠᠨ᠎ᠠ; ᠴᠢᠨᠠᠷ ᠰᠠᠢᠲᠠᠶ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ᠂ ᠴᠢᠨᠠᠷ ᠰᠠᠢᠲᠠᠶ ᠰᠣᠶᠣᠯ ᠵᠢᠭᠤᠯᠴᠢᠯᠠᠯ᠎ᠤᠨ ᠦᠶ᠋ᠯᠡᠳᠬᠦᠨ᠎ᠦ ᠱᠢᠰᠲ᠋ᠧᠮ᠎ᠢ ᠴᠣᠭ᠍ᠴᠠᠯᠠᠨ᠎ᠠ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠰᠠᠮᠠᠭᠤᠨ ᠦᠵᠡᠭ᠌ᠳᠡᠯ᠎ᠢ ᠬᠦᠴᠦᠯᠡᠨ ᠴᠡᠭ᠌ᠴᠡᠯᠡᠨ ᠵᠠᠰᠠᠵᠤ᠂ ᠬᠡᠷᠡᠭ᠌ᠯᠡᠭᠡᠨ᠎ᠦ ᠣᠷᠴᠢᠨ ᠲᠣᠭᠣᠷᠢᠨ᠎ᠢ ᠦᠨᠡᠨ ᠬᠦ᠌ ᠱᠢᠯᠢᠳᠡᠭ᠌ᠵᠢᠭᠦᠯᠵᠦ᠍᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠨ᠎ᠠ ᠭᠡᠵᠤ ᠢᠯᠡᠳᠭᠡᠪᠡ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠥᠪᠡᠷᠲᠡᠭᠡᠨ ᠵᠠᠰᠠᠬᠤ ᠣᠷᠣᠨ᠎ᠤ〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 〈1571〉 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠡᠳᠦᠪ᠎ᠢ ᠲᠣᠭ᠍ᠲᠠᠭᠠᠵᠤ᠂ ᠳᠠᠪᠠᠭᠤᠯᠢᠭ ᠣᠨᠴᠠᠯᠢᠭ᠎ᠤᠨ ᠲᠣᠭᠣᠷᠢᠨ᠎ᠳᠤ ᠠᠰᠠᠭᠤᠳᠠᠯ᠎ᠢ ᠱᠢᠶ᠋ᠳᠪᠦᠷᠢᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ ᠰᠡᠳᠦᠪ᠎ᠢ ᠳᠡᠢᠯᠵᠦ᠍᠂ ᠬᠠᠷᠠᠯᠲᠠ ᠨᠢ ᠪᠣᠳᠠᠲᠠᠶ᠎ᠶ᠋ᠢ ᠡᠷᠬᠢᠮᠯᠡᠨ᠂ ᠠᠷᠭ᠎ᠠ ᠬᠡᠮᠵᠢᠶ᠎ᠡ᠎ᠨᠢ ᠬᠦᠴᠦᠲᠡᠶ ᠪᠠᠢᠵᠤ᠂ ᠤᠯᠤᠰ ᠲᠥᠷᠥ᠎ᠶ᠋ᠢᠨ ᠦᠨᠳᠦᠷᠴᠡ ᠪᠣᠯᠤᠨ ᠠᠷᠠᠳ᠎ᠤᠨ ᠠᠮᠢᠳᠤᠷᠠᠯ᠎ᠤᠨ ᠬᠠᠢᠷ᠎ᠠ ᠬᠠᠯᠠᠮᠵᠢ᠎ᠶ᠋ᠢ ᠬᠠᠪᠰᠤᠷᠭᠠᠵᠤ᠂ ᠪᠢᠳᠡᠨ᠎ᠦ ᠲᠠᠷᠠᠭᠠᠴᠢ᠎ᠶ᠋ᠢᠨ ᠠᠯᠬᠤᠮ᠎ᠤᠨ ᠠᠵᠢᠯ᠎ᠢᠶᠠᠨ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢᠯᠠᠨ᠂ ᠬᠥᠳᠡᠯᠭᠡᠬᠦ᠌ ᠬᠦᠴᠦᠨ ᠨᠡᠮᠡᠷᠢᠯᠡᠪᠡ》᠃ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠯᠢ ᠵᠥᠩ ᠽᠸᠩ᠂ 《2026 ᠣᠨ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 〈1571〉 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠡᠴᠡ ᠴᠢᠳᠠᠪᠤᠷᠢᠲᠠᠨ ᠪᠠ ᠣᠶᠤᠨ ᠴᠢᠳᠠᠪᠤᠷᠢ᠎ᠶ᠋ᠢᠨ ᠴᠤᠭ᠍ᠯᠠᠷᠠᠯ᠎ᠢ ᠵᠣᠬᠢᠶᠠᠨ ᠪᠠᠢᠭᠤᠯᠬᠤ ᠪᠠ ᠦᠷ᠎ᠡ ᠪᠦᠲᠦᠭᠡᠯ᠎ᠦᠨ ᠡᠬᠢ ᠪᠠᠶᠠᠯᠢᠭ ᠡᠯᠪᠡᠭ ᠳᠡᠯᠪᠡᠭ ᠪᠠᠢᠬᠤ ᠳᠠᠪᠠᠭᠤᠯᠢᠭ᠎ᠢ ᠪᠠᠳᠠᠷᠠᠭᠤᠯᠵᠤ᠂ ᠪᠥᠬᠥ᠌ ᠣᠷᠣᠨ᠎ᠤ ᠥᠷᠭᠡᠨ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠪᠦᠯᠬᠦᠮᠳᠡᠭᠦᠯᠦᠨ ᠳᠠᠭᠠᠭᠤᠯᠵᠤ᠂ ᠱᠢᠨ᠎ᠡ ᠡᠨᠧᠷᠭᠢ᠂ ᠬᠣᠪᠣᠷ ᠱᠢᠷᠣᠶ᠂ ᠤᠢᠷ᠎ᠠ ᠤᠬᠳᠠᠷᠭᠤᠢ ᠵᠢᠨ ᠠᠵᠤ ᠠᠬᠤᠶ ᠵᠡᠷᠭᠡ ᠳᠠᠪᠠᠭᠤᠯᠢᠭ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ; ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠵᠦ᠍ ᠠᠷᠠᠳ᠎ᠲᠤ ᠠᠱᠢᠭ ᠬᠦᠷᠲᠡᠭᠡᠬᠦ᠌᠎ᠶ᠋ᠢ ᠪᠣᠳᠠᠲᠠᠢᠵᠢᠭᠤᠯᠵᠤ᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠠᠷᠠᠳ ᠢᠷᠭᠡᠳ᠎ᠦᠨ ᠱᠢᠨᠵᠢᠯᠡᠬᠦ᠌ ᠤᠬᠠᠭᠠᠨ᠎ᠤ ᠬᠡᠪ ᠪᠣᠯᠪᠠᠰᠤᠷᠠᠯ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠨ᠎ᠡ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠵᠢᠵᠢᠭ ᠬᠦᠷᠢᠶᠡᠯᠡᠩ᠎ᠢ ᠪᠠᠢᠭᠤᠯᠤᠨ ᠬᠦᠴᠦᠷᠬᠡᠭ᠌ᠵᠢᠭᠦᠯᠵᠤ᠂ ᠮᠠᠯᠴᠢᠨ ᠲᠠᠷᠢᠶᠠᠴᠢᠨ᠎ᠤ ᠱᠢᠨᠵᠢᠯᠡᠬᠦ᠌ ᠤᠬᠠᠭᠠᠨᠴᠢ᠎ᠪᠠᠷ ᠲᠠᠷᠢᠵᠤ ᠲᠡᠵᠢᠭᠡᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠥᠭ᠌ᠵᠢᠯᠲᠡ᠎ᠳᠦ ᠦᠢᠯᠡᠴᠢᠯᠡᠨ᠎ᠡ; ᠠᠷᠠᠳ᠎ᠤᠨ ᠳᠤᠮᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠭᠠᠳᠠᠭᠠᠳᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠤᠨ ᠤᠯᠭᠤᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠳᠦ ᠯᠠᠪᠳᠠᠭᠤᠨ ᠪᠠᠲᠤᠲᠠᠶ ᠬᠦᠴᠦᠨ ᠨᠡᠮᠡᠷᠢᠯᠡᠵᠦ᠍᠂ ᠦᠨᠡᠨ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌᠎ᠪᠡᠷ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠳᠡᠯᠭᠡᠬᠦ᠌ ᠡᠨᠧᠷᠭᠢ ᠨᠡᠮᠡᠷᠢᠯᠡᠨ᠎ᠡ》 ᠭᠡᠵᠤ ᠢᠯᠡᠳᠭᠡᠪᠡ᠃
ᠶᠡᠬᠡ ᠲᠠᠯ᠎ᠠ ᠳᠤ ᠦᠶ᠋ᠯᠡᠴᠢᠯᠡᠨ ᠬᠤᠪᠢ ᠨᠡᠮᠡᠷᠢ ᠦᠵᠡᠭᠦᠯᠦᠨ᠎ᠡ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠮᠠᠨ᠎ᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ ᠣᠯᠤᠭ᠍ᠰᠠᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠡᠷᠭᠢᠴᠡᠭᠦᠯᠵᠦ᠍᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠠᠬᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ᠎ᠶ᠋ᠢ ᠲᠣᠳᠣᠷᠬᠠᠢᠯᠠᠪᠠ᠂ ᠰᠤᠷᠤᠯᠴᠠᠭᠰᠠᠨ᠎ᠤ ᠳᠠᠷᠠᠭ᠎ᠠ ᠮᠠᠰᠢ ᠶᠡᠬᠡ ᠵᠣᠷᠢᠭ᠍ᠵᠢᠵᠠᠢ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠬᠠᠤᠯᠢᠵᠢᠯ᠎ᠤᠨ ᠪᠠᠢᠴᠠᠭᠠᠨ ᠰᠤᠳᠤᠯᠬᠤ ᠭᠠᠵᠠᠷ᠎ᠤᠨ ᠳᠠᠷᠤᠭ᠎ᠠ ᠵᠤᠸᠠᠩ ᠯᠢᠨ ᠢ᠄ 《ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 〈1571〉 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠬᠠᠮᠰᠠᠷ᠎ᠡᠴᠡ᠎ᠪᠠᠨ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠡᠯ᠎ᠡ ᠲᠠᠯ᠎ᠠ᠂ ᠪᠥᠬᠥ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ᠃ ᠡᠭᠦᠨ᠎ᠦ ᠬᠠᠮᠲᠤ᠂ 〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂ ᠲᠤᠰᠢᠶᠠᠯ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠦ᠍᠂ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ᠍᠎ᠳᠦ ᠠᠱᠢᠭ᠍ᠲᠠᠶ ᠪᠠᠢᠯᠭᠠᠬᠤ ᠪᠠᠲᠤᠯᠠᠭ᠎ᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶᠠᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠳᠠᠷᠤᠭ᠎ᠠ ᠠᠷᠢᠭᠤᠨ᠎ᠠ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ〈ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡᠪᠡᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌ ᠬᠡᠷᠡᠭ᠌ᠲᠡᠶ〉 ᠭᠡᠵᠦ᠍ ᠴᠢᠬᠤᠯᠠᠴᠢᠯᠠᠪᠠ᠂ ᠡᠨᠡ ᠨᠢ ᠪᠢᠳᠡᠨ᠎ᠢ ᠡᠷᠬᠡᠪᠰᠢ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢᠨ ᠠᠵᠢᠯ᠎ᠢ ᠰᠠᠨᠠᠭᠠᠴᠢᠯᠠᠭ᠎ᠠ᠎ᠡᠴᠡ᠎ᠪᠠᠨ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠲᠥᠯᠥᠪᠵᠢᠭᠦᠯᠦᠨ ᠠᠬᠢᠭᠤᠯᠬᠤ᠎ᠶ᠋ᠢ ᠱᠠᠭᠠᠷᠳᠠᠵᠤ ᠪᠤᠢ》 ᠭᠡᠪᠡ᠃ ᠲᠡᠷᠡ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠭᠤᠤᠯᠳᠠᠯᠭ᠎ᠠ᠎ᠲᠠᠶ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠷᠢᠮ᠎ᠦᠨ ᠱᠢᠨ᠎ᠡ ᠡᠭᠦᠳᠦᠯᠲᠡ ᠪᠠ ᠦᠶ᠋ᠯᠡᠳᠦᠯᠭᠡ᠎ᠶ᠋ᠢᠨ ᠰᠥᠪᠡᠭ᠌ᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠦᠢᠯᠡᠳᠦᠯ ᠴᠢᠳᠠᠪᠬᠢ᠎ᠶ᠋ᠢ ᠳᠡᠭᠡᠭ᠌ᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠠᠵᠤ ᠦᠶ᠋ᠯᠡᠰ᠂ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠦᠨ ᠲᠣᠭᠣᠷᠢᠨ᠎ᠳᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠡᠭᠦᠳᠦᠨ ᠪᠦᠲᠦᠭᠡᠬᠦ᠌᠂ ᠬᠠᠮᠠᠭᠠᠯᠠᠬᠤ᠂ ᠬᠡᠷᠡᠭᠯᠡᠬᠦ᠌᠂ ᠬᠠᠮᠢᠶᠠᠷᠬᠤ᠂ ᠦᠶ᠋ᠯᠡᠴᠢᠯᠡᠬᠦ᠌ ᠪᠥᠬᠥ᠌ ᠬᠡᠯᠬᠢᠶ᠎ᠡ᠎ᠶ᠋ᠢ ᠨᠡᠪᠲᠡᠷᠡᠭᠦᠯᠵᠦ᠍᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌᠎ᠶ᠋ᠢ ᠦᠨᠡᠨ ᠬᠦ᠌ ᠪᠠᠲᠤᠯᠠᠨ᠎ᠠ᠃ ᠵᠠᠬ᠎ᠠ ᠳᠡᠯᠭᠡᠭᠦᠷ ᠪᠠ ᠨᠡᠢᠭᠡᠮ᠎ᠦᠨ ᠡᠯ᠎ᠡ ᠲᠠᠯ᠎ᠠ᠎ᠶ᠋ᠢᠨ ᠢᠳᠡᠪᠬᠢᠵᠢᠯ᠎ᠢ ᠭᠦᠶ᠋ᠴᠡᠳ ᠳᠠᠢᠴᠢᠯᠠᠵᠤ᠂ ᠣᠯᠠᠨ ᠲᠠᠯ᠎ᠠ᠎ᠵᠢᠨ ᠬᠢᠨ ᠣᠷᠣᠯᠴᠠᠭ᠍ᠰᠠᠨ᠂ ᠬᠠᠮᠵᠢᠯᠴᠠᠨ ᠬᠠᠮᠲᠤᠷᠠᠨ ᠬᠥᠳᠡᠯᠦᠯᠴᠡᠭ᠌ᠰᠡᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠠᠵᠢᠯ᠎ᠤᠨ ᠪᠠᠢᠷᠢᠱᠢᠯ᠎ᠢ ᠪᠠᠢᠭᠤᠯᠵᠤ᠂ ᠮᠡᠳᠡᠯᠭᠡ᠎ᠶ᠋ᠢᠨ ᠥᠮᠴᠢᠯᠡᠯᠤ᠋ᠨ᠌ ᠡᠷᠬᠡ᠎ᠪᠡᠷ ᠠᠵᠤ ᠦᠶ᠋ᠯᠡᠰ᠎ᠦᠨ ᠬᠡᠯᠬᠢᠶ᠎ᠡ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠬᠤ᠎ᠳᠤ ᠬᠦᠴᠦᠨ ᠨᠡᠮᠡᠷᠢᠯᠡᠬᠦ᠌᠎ᠶ᠋ᠢ ᠠᠬᠢᠭᠤᠯᠤᠨ᠎ᠠ ᠭᠡᠵᠦ ᠢᠯᠡᠳᠭᠡᠪᠡ᠃
ᠠᠷᠠᠳ᠎ᠢᠶᠠᠷ ᠦᠨᠳᠦᠰᠦ ᠪᠣᠯᠭᠠᠵᠤ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠨ᠎ᠡ
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠷᠠᠳ᠎ᠤᠨ ᠠᠮᠢᠳᠤᠷᠠᠯ᠎ᠢᠶᠠᠷ ᠶᠡᠬᠡ ᠶᠠᠪᠤᠳᠠᠯ ᠪᠣᠯᠭᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠤᠨ᠎ᠠ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠂ ᠡᠨᠡ ᠵᠢᠯ ᠪᠥᠬᠥ᠌ ᠣᠷᠣᠨ᠎ᠤ ᠡᠮ ᠡᠮᠨᠡᠯᠭᠡ᠎ᠶᠢᠨ ᠪᠠᠳᠤᠯᠠᠭ᠎ᠠ᠎ᠶᠢᠨ ᠰᠠᠯᠠᠭ᠎ᠠ ᠮᠥᠴᠢᠷ᠎ᠤᠨ ᠬᠢᠨ ᠡᠮ ᠡᠮᠨᠡᠯᠭᠡ᠎ᠶᠢᠨ ᠳᠠᠭᠠᠳᠬᠠᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠶ ᠲᠥᠯᠥᠪᠯᠡᠬᠦ᠌ ᠪᠠ ᠣᠷᠳᠣ ᠬᠤᠭᠤᠴᠠᠭ᠎ᠠ᠎ᠪᠠᠷ ᠠᠰᠠᠷᠠᠬᠤ ᠳᠠᠭᠠᠳᠭᠠᠯ᠎ᠤᠨ ᠲᠦᠷᠢᠮ᠎ᠦᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ; ᠳᠠᠭᠠᠳᠭᠠᠯ᠎ᠳᠤ ᠣᠷᠣᠯᠴᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠪᠥᠬᠥ᠌ ᠠᠷᠠᠳ᠎ᠤᠨ ᠡᠮ ᠡᠮᠨᠡᠯᠭᠡ᠎ᠶᠢᠨ ᠪᠠᠳᠤᠯᠠᠭ᠎ᠠ᠎ᠵᠢᠨ ᠲᠤᠤᠷ᠎ᠢ ᠨᠢᠭ᠍ᠲᠠ ᠰᠦᠯᠵᠢᠨ᠎ᠡ; 《ᠡᠮᠴᠢᠯᠡᠭᠡ᠂ ᠡᠮ ᠡᠮᠨᠡᠯᠭᠡ᠎ᠶᠢᠨ ᠳᠠᠭᠠᠳᠬᠠᠯ᠂ ᠡᠮ》 ᠤ᠋ᠨ ᠬᠠᠮᠵᠢᠯᠴᠠᠭ᠎ᠠ᠎ᠶ᠋ᠢ ᠠᠬᠢᠭᠤᠯᠵᠤ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠤᠨ᠎ᠠ; ᠣᠯᠠᠨ ᠳᠡᠰ ᠳᠠᠪᠬᠤᠷᠭ᠎ᠠ᠎ᠶ᠋ᠢᠨ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠣᠯᠠᠨ ᠲᠦᠮᠡᠨ᠎ᠦ ᠣᠯᠠᠨ ᠡᠱᠢᠵᠢᠭ᠌ᠰᠡᠨ ᠳᠠᠭᠠᠳᠬᠠᠯ᠎ᠤᠨ ᠬᠡᠷᠡᠭ᠌ᠴᠡᠭᠡ᠎ᠶ᠋ᠢ ᠬᠠᠩᠭᠠᠨ᠎ᠠ; ᠦᠷᠡᠵᠢᠯ᠎ᠦᠨ ᠳᠠᠭᠠᠳᠭᠠᠯ᠎ᠤᠨ ᠲᠦᠷᠢᠮ᠎ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠵᠦ᠍᠂ ᠡᠭᠦᠳᠡᠨ ᠡᠮᠨᠡᠯᠭᠡ᠎ᠳᠡᠬᠢ ᠬᠥᠩᠭᠡᠵᠢᠬᠦ᠌᠎ᠡᠴᠡ ᠡᠮᠦᠨᠡᠬᠢ ᠪᠠᠢᠴᠠᠭᠠᠯᠲᠠ᠎ᠶ᠋ᠢᠨ ᠦᠨᠳᠦᠰᠦᠨ ᠰᠢᠷᠢᠰ ᠦᠶ᠋ᠯᠡᠴᠢᠯᠡᠭᠡᠨ᠎ᠦ ᠵᠠᠷᠤᠳᠠᠯ ᠵᠢᠴᠢ ᠬᠥᠩᠭᠡᠵᠢᠬᠦ᠌᠎ᠳᠦ ᠵᠠᠷᠤᠴᠠᠭᠤᠯᠤᠭᠰᠠᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ ᠳᠤᠳᠤᠷᠠᠬᠢ ᠡᠮᠨᠡᠯᠭᠡ᠎ᠳᠦ ᠰᠠᠭᠤᠭ᠍ᠰᠠᠨ ᠡᠮᠴᠢᠯᠡᠭᠡᠨ᠎ᠦ ᠵᠠᠷᠤᠳᠠᠯ᠎ᠢ ᠪᠥᠬᠥ᠌ ᠲᠣᠭ᠎ᠠ᠎ᠪᠠᠷ᠎ᠨᠢ ᠲᠠᠩᠰᠠ ᠲᠠᠢᠯᠬᠤ᠎ᠶ᠋ᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠭᠠᠵᠤ᠂ ᠬᠡᠷ ᠪᠦᠯᠢ᠎ᠶ᠋ᠢᠨ ᠦᠷᠡᠵᠢᠯ᠎ᠦᠨ ᠵᠠᠷᠤᠳᠠᠯ᠎ᠤᠨ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠦ᠍᠂ ᠪᠣᠳᠠᠲᠠᠶ ᠠᠵᠢᠯᠯᠠᠬᠤ ᠠᠷᠭ᠎ᠠ ᠬᠡᠮᠵᠢᠶ᠎ᠡ᠎ᠪᠡᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠣᠷᠢᠭ᠎ᠠ ᠱᠤᠭᠤᠮ᠎ᠢ ᠪᠠᠲᠤ ᠴᠣᠭ᠍ᠴᠠᠯᠠᠵᠤ᠂ ᠨᠠᠷᠢᠯᠢᠭ ᠬᠠᠮᠢᠶᠠᠷᠤᠯᠲᠠ᠎ᠪᠠᠷ ᠡᠮ ᠡᠮᠨᠡᠯᠭᠡ᠎ᠶᠢᠨ ᠳᠠᠭᠠᠳᠬᠠᠯ᠎ᠤᠨ ᠠᠵᠢᠯᠯᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ 《ᠬᠣᠶᠠᠷ ᠳᠠᠯ᠎ᠠ ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠦ ᠳᠤᠭᠳᠠᠭᠤᠨ ᠪᠠᠢᠬᠤ》 ᠶ᠋ᠢ ᠦᠨᠡᠨ ᠬᠦ᠌ ᠪᠡᠶᠡᠯᠡᠭᠦᠯᠬᠦ᠌᠂ 《ᠬᠣᠶᠠᠷ ᠳᠠᠯ᠎ᠠ ᠪᠡᠷ ᠦᠷᠬᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠶ᠋ᠢ ᠪᠠᠲᠤᠯᠠᠬᠤ᠎ᠳᠤ ᠡᠮ ᠡᠮᠨᠡᠯᠭᠡ᠎ᠶᠢᠨ ᠪᠠᠳᠤᠯᠠᠭ᠎ᠠ᠎ᠶᠢᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠢ ᠲᠣᠪᠴᠢᠢ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠤᠪᠴᠢᠶ᠎ᠠ᠎ᠶ᠋ᠢᠨ ᠨᠠᠮ᠎ᠤᠨ ᠬᠤᠷᠢᠶ᠎ᠠ᠎ᠶ᠋ᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠺᠦᠨ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠦᠭᠡ ᠦᠰᠦᠭ ᠪᠦᠷᠢ ᠬᠦᠨ ᠤᠳᠬ᠎ᠠ ᠲᠠᠢ ᠪᠠᠢᠵᠤ᠂ ᠬᠥᠭ᠌ᠵᠢᠯᠲᠡ᠎ᠶ᠋ᠢᠨ ᠡᠷᠴᠢ ᠵᠣᠷᠢᠭ᠎ᠢ ᠢᠯᠡᠷᠡᠭᠦᠯᠪᠡ᠂ ᠲᠠᠷᠠᠭᠠᠴᠢ᠎ᠶ᠋ᠢᠨ ᠠᠯᠬᠤᠮ᠎ᠳᠤ᠂ ᠪᠢᠳᠡ ᠬᠠᠤᠯᠢ ᠲᠣᠭ᠍ᠲᠠᠭᠠᠯ ᠶᠣᠰᠣᠭᠠᠷ ᠭᠠᠢᠯᠢ᠎ᠶ᠋ᠢᠨ ᠢᠷᠡᠯᠲᠡ ᠶᠣᠰᠣᠭᠠᠷ ᠭᠠᠢᠯᠢ ᠰᠦᠶ᠋ᠳᠭᠡᠯ ᠬᠤᠷᠢᠶᠠᠬᠤ᠎ᠶ᠋ᠢ ᠪᠠᠷᠢᠮᠲᠠᠯᠠᠵᠤ᠂ ᠭᠠᠢᠯᠢ ᠰᠦᠶ᠋ᠳᠭᠡᠯ᠎ᠦᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠶ᠋ᠯᠡᠰ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠪᠣᠯᠤᠨ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠨ ᠪᠤᠵᠠᠭᠠᠢᠷᠠᠬᠤ᠎ᠶ᠋ᠢ ᠨᠠᠩ ᠰᠠᠢᠲᠤᠷ ᠳᠡᠮᠵᠢᠨ᠎ᠡ᠂ 〈ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌〉 ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 〈ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ〉 ᠤ᠋ ᠠᠵᠢᠯᠯᠠᠭ᠎ᠠ᠎ᠶ᠋ᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠭᠠᠢᠯᠢ ᠰᠦᠶ᠋ᠳᠭᠡᠯ᠎ᠢ ᠲᠠᠲᠠᠪᠤᠷᠢᠯᠠᠨ ᠬᠠᠮᠢᠶᠠᠷᠬᠤ 〈ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ〉 ᠢ᠋ ᠭᠦᠨᠵᠡᠭᠡᠶ ᠬᠡᠷᠡᠭ᠌ᠵᠢᠭᠦᠯᠬᠦ᠌᠎ᠪᠡᠷ ᠭᠠᠷᠳᠠᠴᠠ ᠪᠣᠯᠭᠠᠵᠤ᠂ 〈ᠵᠣᠬᠢᠶᠠᠮᠠᠯ ᠣᠶᠤᠨ ᠴᠢᠳᠠᠪᠤᠷᠢ + ᠭᠠᠢᠯᠢ᠎ᠶ᠋ᠢᠨ ᠶᠠᠪᠤᠳᠠᠯ〉 ᠢ᠋ ᠰᠦᠪᠡᠭ᠌ᠴᠢᠯᠡᠨ ᠠᠬᠢᠭᠤᠯᠵᠤ᠂ ᠲᠣᠭᠠᠴᠢᠯᠠᠭ᠍ᠰᠠᠨ ᠣᠶᠤᠨᠴᠢ ᠮᠡᠷᠭᠡᠵᠢᠯ᠎ᠢ ᠭᠠᠢᠯᠢ᠎ᠳᠤ ᠬᠣᠯᠪᠣᠭ᠍ᠳᠠᠬᠤ ᠰᠦᠶ᠋ᠳᠭᠡᠯ᠎ᠳᠦ ᠬᠣᠯᠪᠣᠭ᠍ᠳᠠᠬᠤ ᠨᠠᠩ ᠣᠯᠠᠨ ᠲᠤᠬᠠᠢᠯᠠᠭ᠍ᠰᠠᠨ ᠠᠵᠢᠯ᠎ᠤᠨ ᠱᠢᠨ᠎ᠡ᠎ᠶ᠋ᠢ ᠡᠭᠦᠳᠦᠭᠰᠡᠨ ᠪᠠᠢᠳᠠᠯ᠎ᠳᠤ ᠬᠡᠷᠡᠭ᠌ᠯᠡᠵᠦ᠍᠂ ᠭᠠᠢᠯᠢ ᠭᠦᠶ᠋ᠴᠡᠳᠭᠡᠵᠦ᠍ ᠰᠦᠶ᠋ᠳᠭᠡᠯ ᠲᠤᠱᠢᠶᠠᠬᠤ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠢᠯᠢ ᠲᠤᠱᠢᠶᠠᠭ᠍ᠴᠢ ᠰᠦᠶ᠋ᠳᠭᠡᠯ ᠲᠤᠱᠢᠶᠠᠭᠴᠢᠶᠢᠨ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠦᠨᠡᠨᠴᠢ ᠢᠲᠡᠭᠡᠮᠵᠢᠲᠡᠶ᠎ᠪᠡᠷ ᠭᠠᠢᠯᠢ ᠲᠤᠱᠢᠶᠠᠬᠤ᠂ ᠬᠠᠤᠯᠢ᠎ᠪᠠᠷ ᠵᠠᠰᠠᠬᠤ ᠡᠷᠬᠡ ᠲᠡᠭ᠌ᠰᠢ ᠭᠠᠢᠯᠢ ᠲᠠᠲᠠᠪᠤᠷᠢ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠨ᠎ᠠ》 ᠭᠡᠪᠡ᠃
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠡᠴᠡ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠡᠷᠡᠰ ᠵᠣᠷᠢᠭ᠎ᠢ ᠭᠦᠨᠵᠡᠭᠡᠢ ᠣᠢᠯᠠᠭᠠᠵᠤ ᠪᠣᠯᠤᠨ᠎ᠠ᠂ ᠡᠨᠡ ᠨᠢ ᠬᠥᠮᠦᠰ᠎ᠢ ᠶᠡᠬᠡᠳᠡ ᠵᠣᠷᠢᠭ᠍ᠵᠢᠭᠤᠯᠪᠠ》᠃ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠦᠨ ᠬᠤᠳᠠᠯᠳᠤᠨ ᠠᠪᠴᠤ ᠵᠣᠬᠢᠶᠠᠨ ᠪᠠᠢᠭᠤᠯᠬᠤ ᠭᠠᠵᠠᠷ᠎ᠤᠨ ᠳᠠᠷᠤᠭ᠎ᠠ ᠯᠢ ᠮᠢᠨ ᠽᠢ᠂ 《ᠱᠢᠨ᠎ᠡ ᠭᠠᠷᠤᠭ᠎ᠠ᠎ᠳᠤ ᠵᠤᠭᠰᠤᠵᠤ᠂ ᠪᠢᠳᠡ 〈ᠳᠦᠷᠢᠮᠵᠢᠯᠳᠡ᠂ ᠵᠢᠷᠤᠮᠵᠢᠯᠳᠠ᠂ ᠲᠤᠭᠠᠴᠢᠯᠠᠯᠳᠠ ᠤᠶᠤᠨᠴᠢᠯᠠᠯᠳᠠ〉 ᠪᠠᠷ ᠭᠠᠷᠳᠠᠴᠠ ᠪᠣᠯᠭᠠᠵᠤ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠬᠠᠮᠢᠶᠠᠷᠤᠯᠲᠠ ᠡᠵᠡᠮᠳᠡᠯ᠂ AI ᠣᠶᠤᠨᠴᠢ᠎ᠶ᠋ᠢ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠬᠦᠷᠢᠶᠡᠨ᠎ᠳᠦ ᠭᠦᠨᠵᠡᠭᠡᠶ ᠬᠡᠷᠡᠭ᠌ᠯᠡᠬᠦ᠌᠂ ᠠᠷᠠᠯᠵᠢᠶᠠᠨ᠎ᠤ ᠲᠥᠷᠥᠯ ᠵᠦᠶ᠋ᠯ᠎ᠦᠨ ᠪᠥᠬᠥ᠌ ᠶᠠᠪᠤᠴᠠ᠎ᠶ᠋ᠢ ᠢᠯᠡ ᠪᠣᠯᠭᠠᠬᠤ ᠬᠠᠮᠢᠶᠠᠷᠤᠯᠲᠠ ᠵᠡᠷᠭᠡ ᠭᠤᠤᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠢᠯᠡ ᠲᠣᠳᠣ ᠡᠷᠬᠡ ᠲᠡᠭ᠌ᠰᠢ᠂ ᠳᠥᠭᠥᠮ ᠳᠥᠲᠡ ᠥᠨᠳᠥᠷ ᠪᠦᠲᠦᠮᠵᠢᠲᠡᠶ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠪᠣᠶ ᠪᠣᠯᠭᠠᠵᠤ᠂ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠢ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌ ᠴᠢᠬᠤᠯᠠ ᠴᠤᠩᠬᠤᠪᠴᠢ ᠪᠠ ᠪᠠᠲᠤ ᠪᠠᠬᠢ ᠵᠢᠭ᠍ᠰᠠᠭᠠᠯ᠎ᠤᠨ ᠭᠠᠵᠠᠷ ᠪᠣᠯᠭᠠᠨ ᠪᠥᠲᠥᠭᠡᠨ ᠪᠠᠢᠭᠤᠯᠬᠤ᠎ᠪᠠᠷ ᠴᠢᠷᠮᠠᠢᠨ᠎ᠠ》 ᠭᠡᠵᠦ ᠢᠯᠡᠳᠬᠡᠪᠡ᠃