ᠳᠠᠷᠤᠯᠲᠠ᠎ᠶ᠋ᠢ ᠲᠤᠯᠤᠨ ᠢᠳᠡᠷᠡᠬᠦᠨ ᠠᠯᠬᠤᠯᠠᠵᠦ᠂ ᠬᠦᠴᠢᠷ᠎ᠢ ᠰᠦᠷᠦᠨ ᠭᠠᠪᠰᠢᠭᠠᠢᠯᠠᠨ ᠤᠷᠤᠬᠰᠢᠯᠠᠵᠦ᠂ ᠱᠢᠨ᠎ᠡ ᠪᠠᠢᠳᠠᠯ᠎ᠢ ᠡᠬᠦᠳᠪᠡ᠃
《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠤᠷᠤᠬᠰᠢᠯᠠᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠬᠡ᠎ᠵᠢᠨ ᠬᠤᠭᠤᠴᠠᠭᠠᠨ᠎ᠳᠤ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ ᠱᠢᠨ᠎ᠡ ᠳᠡᠭ᠌ᠲᠡᠷ᠎ᠲᠦ ᠭᠠᠷᠪᠠ᠃ ᠰᠠᠶᠢᠬᠠᠨ ᠥᠩᠭᠡᠷᠡᠭ᠌ᠰᠡᠨ 2025 ᠣᠨ᠎ᠳᠤ᠂ ᠡᠯ᠎ᠡ ᠵᠦᠢᠯ᠎ᠤᠨ ᠥᠷᠢᠰᠥᠯᠳᠦᠭᠡᠨ᠎ᠦ ᠡᠮᠦᠨ᠎ᠡ᠂ ᠥᠪᠥᠷ ᠮᠣᠩᠭᠣᠯ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭᠳᠡᠬᠦᠯᠦᠨ᠂ ᠴᠢᠨᠠᠷ ᠰᠠᠢᠲᠠᠢ ᠬᠥᠭ᠌ᠵᠢᠯᠲᠡ ᠲᠣᠭ᠍ᠲᠠᠭᠤᠨ᠎ᠢᠶᠠᠷ ᠠᠬᠢᠪᠠ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ᠎ᠶᠢᠨ ᠡᠬᠢᠯᠡᠯᠲᠡ᠎ᠶ᠋ᠢᠨ ᠵᠢᠯ ᠪᠣᠯᠤᠨ᠎ᠠ᠂ ᠵᠠᠩᠭᠢᠯᠠᠭ᠎ᠠ᠎ᠶ᠋ᠢᠨ ᠴᠠᠭ ᠮᠥᠴᠡ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠠᠴᠠ 《1571》 ᠠᠵᠢᠯ᠎ᠤᠨ ᠪᠠᠢᠷᠢᠯᠠᠭᠤᠯᠤᠯᠲᠠ᠎ᠶ᠋ᠢ ᠳᠤᠷᠠᠳᠴᠤ᠌᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢᠨ ᠳᠡᠰ ᠳᠠᠪᠰᠢᠯᠳᠠ ᠵᠢ ᠦᠷᠭᠦᠯᠵᠢᠯᠡᠨ ᠳᠡᠭᠡᠭ᠌ᠰᠢᠯᠡᠭᠦᠯᠬᠦ᠌ ᠴᠢᠬᠤᠯᠠ ᠭᠠᠷᠳᠠᠴᠠ ᠪᠣᠯᠭᠠᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 2026 ᠣᠨ᠎ᠤ ᠵᠠᠰᠠᠭ᠎ᠤᠨ ᠣᠷᠳᠣᠨ᠎ᠤ ᠠᠵᠢᠯ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ ᠭᠡᠵᠦ᠍ ᠳᠠᠬᠢᠨᠲᠠ ᠴᠢᠬᠤᠯᠠᠴᠢᠯᠠᠪᠠ᠃
ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠲᠠᠭᠤ ᠲᠤᠯᠭᠠᠭᠤᠷᠢᠯᠠᠯ᠎ᠢ ᠪᠡᠬᠢᠵᠢᠭᠦᠯᠦᠨ᠎ᠡ
ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠨᠢ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠰᠠᠭᠤᠷᠢ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ ᠲᠥᠯᠥᠭᠡᠯᠡᠭ᠌ᠴᠢᠳ ᠭᠡᠱᠢᠭᠦᠳ᠎ᠦᠨ ᠬᠠᠯᠠᠭᠤᠨ ᠵᠣᠭᠣᠭ ᠪᠣᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠰᠦᠯᠵᠢᠶᠡᠨ᠎ᠤ ᠮᠡᠳᠡᠭᠡ ᠵᠠᠩᠬᠢ᠎ᠶᠢᠨ ᠠᠯᠪᠠᠨ ᠭᠡᠷ᠎ᠤᠨ ᠳᠡᠳ᠋ ᠳᠠᠷᠤᠭ᠎ᠠ ᠶᠠᠩ ᠮᠤᠤ ᠱᠧᠩ᠎ᠦᠨ ᠦᠵᠡᠬᠦ᠌᠎ᠪᠡᠷ᠄ ᠤᠯᠠᠮᠵᠢᠯᠠᠯᠲᠤ ᠠᠵᠤ ᠦᠶ᠋ᠯᠡᠰ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠪᠣᠬᠢᠷᠲᠤᠯ ᠥᠬᠡᠶ ᠲᠡᠮᠦᠷ᠎ᠦᠨ ᠬᠠᠢᠯᠤᠰᠢ᠎ᠶ᠋ᠢ ᠶᠡᠬᠡᠪᠡᠷ ᠬᠥᠭ᠌ᠵᠢᠭᠦᠯᠵᠦ᠍᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠷᠢᠯᠢᠭ ᠡᠳ᠋ᠱᠢᠭᠦᠯᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ; ᠱᠢᠨ᠎ᠡ᠎ᠪᠡᠷ ᠮᠠᠨᠳᠤᠬᠰᠠᠨ ᠲᠤᠯᠭᠠᠭᠤᠷᠢ ᠠᠵᠤ ᠦᠶ᠋ᠯᠡᠰ᠎ᠢ ᠬᠦᠭᠵᠢᠬᠦᠯᠵᠦ᠂ 《ᠬᠣᠶᠠᠷ ᠬᠣᠪᠣᠷ ᠱᠢᠷᠣᠶ᠎ᠶ᠋ᠢᠨ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠣᠲᠣ ᠦᠶ᠎ᠡ᠎ᠶ᠋ᠢᠨ ᠲᠤᠨᠤᠬᠯᠠᠯ ᠦᠶ᠋ᠯᠡᠳᠬᠦ᠌ ᠠᠵᠤ ᠦᠶ᠋ᠯᠡᠰ᠎ᠢ ᠦᠷᠭᠦᠯᠵᠢᠯᠡᠨ ᠪᠤᠵᠠᠭᠠᠢᠷᠠᠭᠤᠯᠵᠤ᠂ ᠠᠮᠢᠳᠤ ᠪᠣᠳᠠᠰ᠎ᠤᠨ ᠦᠶ᠋ᠯᠡᠳᠬᠦ᠌ ᠠᠵᠤ ᠦᠶ᠋ᠯᠡᠰ᠎ᠢ ᠪᠣᠢᠵᠢᠭᠤᠯᠤᠨ᠎ᠠ; ᠢᠷᠡᠭᠡᠳᠦᠢ᠎ᠶ᠋ᠢᠨ ᠠᠵᠤ ᠦᠢᠯᠡᠰ᠎ᠢ ᠤᠷᠢᠳᠴᠢᠯᠠᠨ ᠪᠠᠢᠷᠢᠱᠢᠭᠤᠯᠵᠤ᠂ ᠤᠢᠷ᠎ᠠ ᠣᠭ᠍ᠲᠠᠷᠭᠤᠢ᠎ᠶ᠋ᠢᠨ ᠦᠢᠯᠡᠳᠬᠦ᠌ ᠦᠢᠯᠡᠰ᠎ᠢ ᠪᠤᠵᠠᠭᠠᠢᠷᠠᠭᠤᠯᠤᠨ᠂ ᠪᠣᠬᠢᠷᠲᠤᠯ ᠦᠭᠡᠢ ᠪᠤᠳᠤᠯᠲᠠ ᠵᠢᠨ ᠴᠢᠳᠠᠪᠤᠷᠢ᠎ᠶ᠋ᠢᠨ ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭ᠌ᠵᠢᠯ᠎ᠢ ᠪᠤᠢ ᠪᠣᠯᠭᠠᠨ᠎ᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ 《ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠠᠵᠤ ᠦᠢᠯᠡᠰ᠎ᠢ ᠪᠣᠢᠵᠢᠭᠤᠯᠬᠤ》 ᠪᠠᠢᠷᠢᠯᠠᠭᠤᠯᠤᠯᠲᠠ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠵᠢᠷᠭᠤᠳᠤᠭᠠᠷ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ ᠵᠤᠤ ᠶᠦᠩ᠂ ᠲᠤᠰᠭᠠᠢ ᠵᠦᠢᠯ᠎ᠦᠨ ᠲᠡᠳᠬᠦᠨ ᠳᠡᠮᠵᠢᠬᠦ᠌ ᠳᠦᠷᠦ᠍᠎ᠶ᠋ᠢᠨ ᠪᠤᠲᠤᠯᠭ᠎ᠠ᠎ᠶ᠋ᠢ ᠲᠦᠷᠭᠡᠬᠡᠨ ᠲᠣᠭ᠍ᠲᠠᠭᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠲᠣᠳᠣᠷᠬᠠᠢᠯᠠᠨ᠂ ᠨᠠᠷᠢᠯᠢᠭ ᠣᠨᠣᠴᠢᠲᠠᠢ᠎ᠪᠠᠷ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠎ᠶ᠋ᠢ ᠴᠢᠩᠭᠠᠳᠭᠠᠵᠤ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠎ᠤᠨ ᠠᠵᠤ ᠦᠢᠯᠡᠰ᠎ᠦᠨ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠬᠦᠯᠭᠡ᠎ᠵᠢᠨ ᠬᠤᠭᠤᠴᠠᠭᠠᠨ᠎ᠳᠤ ᠪᠤᠳᠠᠳᠦ ᠱᠢᠪᠲᠤᠯᠤᠯᠲᠠ᠎ᠲᠠᠶ ᠪᠣᠯᠬᠤ᠎ᠶ᠋ᠢ ᠦᠨᠡᠨ ᠬᠦ᠌ ᠠᠬᠢᠭᠤᠯᠪᠠᠯ ᠵᠤᠬᠢᠨ᠎ᠠ ᠭᠡᠵᠦ ᠰᠠᠨᠠᠭᠤᠯᠭ᠎ᠠ ᠲᠤᠷᠠᠳᠪᠠ᠃
ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠨ᠎ᠡ
ᠬᠡᠷᠡᠭ᠌ᠯᠡᠭᠡ᠎ᠶ᠋ᠢ ᠠᠬᠢᠭᠤᠯᠬᠤ᠂ ᠪᠡᠯᠡ ᠣᠷᠣᠭᠤᠯᠤᠯᠲᠠ᠎ᠶ᠋ᠢ ᠥᠷᠭᠡᠳᠭᠡᠬᠦ᠌᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠵᠣᠬᠢᠴᠠᠭᠤᠯᠭ᠎ᠠ᠎ᠶ᠋ᠢ ᠴᠢᠩᠭᠠᠳᠭᠠᠬᠤ ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ᠂ ᠲᠥᠯᠥᠭᠡᠯᠡᠭ᠌ᠴᠢᠳ ᠭᠡᠱᠢᠭᠦᠳ ᠬᠠᠯᠠᠭᠤᠨ᠎ᠢᠶᠠᠷ ᠶᠠᠷᠢᠯᠴᠠᠵᠤ᠂ ᠠᠯᠤᠰ ᠬᠡᠳᠦ᠍᠎ᠶ᠋ᠢᠨ ᠵᠢᠷᠤᠭ ᠲᠥᠰᠦᠪ᠎ᠢ ᠲᠥᠯᠥᠪᠵᠢᠭᠦᠯᠬᠦ᠌᠎ᠶ᠋ᠢᠨ ᠬᠠᠮᠲᠤ ᠪᠠᠰᠠ ᠦᠨᠡᠨ ᠪᠣᠳᠠᠲᠠᠢ ᠠᠷᠭ᠎ᠠ ᠵᠠᠮ᠎ᠢ ᠡᠷᠢᠯᠬᠢᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠦ ᠤᠯᠤᠰ᠎ᠤᠨ ᠴᠠᠬᠢᠯᠭᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠤᠤ ᠭᠤᠸᠠᠩ ᠬᠤᠢ᠂ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠳᠤᠰ ᠺᠣᠮᠫᠠᠨᠢ ᠪᠦᠬᠦ᠌ ᠤᠯᠤᠰ᠎ᠲᠤ ᠲᠦᠷᠦᠭᠦᠯᠡᠨ ᠵᠥᠷᠢᠶᠡᠲᠦ ᠦᠨ᠎ᠡ᠎ᠶ᠋ᠢᠨ ᠴᠠᠬᠢᠯᠭᠠᠨ᠎ᠤ ᠰᠦᠢᠳᠭᠡᠯ᠎ᠢ ᠳ᠋ᠦᠩᠨᠡᠨ ᠪᠤᠳᠤᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠬᠦᠯᠭᠡ᠎ᠶᠢᠨ ᠬᠤᠭᠤᠴᠠᠭᠠᠨ᠎ᠳᠤ᠂ ᠪᠤᠬᠢᠷᠳᠤᠯ ᠦᠬᠡᠢ ᠴᠠᠬᠢᠯᠭᠠᠨ᠎ᠤ ᠠᠷᠠᠯᠵᠢᠶ᠎ᠠ᠎ᠶ᠋ᠢ ᠨᠡᠢᠲᠡ 63.56 ᠳ᠋ᠦᠩᠱᠢᠭᠤᠷ ᠺᠢᠯᠦᠸᠠᠲ ᠴᠠᠭ ᠪᠡᠶᠡᠯᠡᠭᠦᠯᠵᠦ᠍᠂ ᠱᠢᠨ᠎ᠡ ᠡᠨᠧᠷᠭᠢ᠎ᠶ᠋ᠢ ᠱᠢᠩᠭᠡᠭᠡᠬᠦ᠌ ᠪᠠ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠪᠦᠲᠦᠮᠵᠢᠲᠡᠶ ᠠᠬᠢᠭᠤᠯᠪᠠ ᠭᠡᠵᠦ ᠲᠠᠨᠢᠯᠴᠠᠭᠤᠯᠤᠨ᠎ᠠ᠃
《ᠣᠳᠣᠬᠠᠨ᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ ᠨᠢᠭᠡᠨᠲᠡ ᠤᠯᠠᠨ ᠵᠦᠢᠯ᠎ᠢ ᠬᠠᠮᠤᠷᠤᠭ᠍ᠰᠠᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠢ ᠠᠩᠬ᠎ᠠ ᠠᠯᠬᠤᠮ ᠪᠠᠢᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠢ ᠠᠩᠬ᠎ᠠ ᠠᠯᠬᠤᠮ ᠪᠠᠢᠭᠤᠯᠬᠤ᠎ᠳᠤ 〈ᠥᠪᠥᠷ ᠮᠣᠩᠭᠣᠯ᠎ᠤᠨ ᠵᠡᠭᠦᠨ ᠬᠡᠰᠡᠭ᠎ᠦᠨ ᠬᠤᠪᠢ ᠨᠡᠮᠡᠷᠢ〉 ᠪᠠᠨ ᠦᠵᠡᠭᠦᠯᠪᠡ᠃ ᠲᠠᠷᠠᠭᠠᠴᠢ᠎ᠶ᠋ᠢᠨ ᠠᠯᠬᠤᠮ᠎ᠳᠤ᠂ ᠺᠣᠮᠫᠠᠨᠢ ᠵᠢᠨ ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠥᠴᠥᠨ ᠤ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠵᠠᠬ᠎ᠠ ᠳᠡᠯᠭᠡᠭᠦᠷ᠎ᠦᠨ ᠬᠣᠯᠪᠣᠯᠳᠤᠨ ᠬᠥᠳᠡᠯᠦᠯᠴᠡᠬᠦ᠌᠂ ᠪᠦᠲᠦᠮᠵᠢᠲᠡᠶ ᠵᠣᠯᠭᠠᠯᠳᠤᠬᠤ᠎ᠶ᠋ᠢ ᠠᠬᠢᠭᠤᠯᠤᠨ᠎ᠠ》 ᠭᠡᠵᠦ᠍ ᠮᠤᠤ ᠭᠤᠸᠠᠩ ᠬᠤᠢ ᠬᠡᠯᠡᠪᠡ᠃
2025 ᠣᠨ᠎ᠳᠤ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠡᠴᠡ ᠣᠷᠣᠭᠤᠯᠵᠦ ᠭᠠᠳᠠᠭᠠᠳᠦ᠎ᠳᠦ ᠭᠠᠷᠭᠠᠬᠰᠠᠨ ᠥᠷᠲᠡᠭ 2200 ᠳ᠋ᠦᠩᠱᠢᠭᠤᠷ ᠲᠥᠭᠥᠷᠢᠭ᠎ᠢ ᠳᠠᠪᠠᠵᠤ᠂ ᠪᠣᠭᠣᠮᠲᠠ᠎ᠶ᠋ᠢᠨ ᠪᠠᠷᠠᠭ᠎ᠠ ᠳᠠᠮᠵᠢᠭᠤᠯᠬᠤ ᠬᠡᠮᠵᠢᠶ᠎ᠡ ᠪᠥᠬᠥ᠌ ᠤᠯᠤᠰ᠎ᠤᠨ ᠬᠠᠭᠤᠷᠠᠶ ᠵᠠᠮ᠎ᠤᠨ ᠬᠢᠯᠢ ᠬᠢᠵᠠᠭᠠᠷ᠎ᠤᠨ ᠮᠤᠵᠢ ᠣᠷᠣᠨ᠎ᠤ ᠨᠢᠭᠡᠳᠦᠭᠡᠷ᠎ᠲᠦ ᠣᠷᠣᠵᠤ᠂ ᠭᠠᠳᠠᠭᠠᠳᠤ ᠨᠡᠭᠡᠭᠡᠯᠲᠡ᠎ᠶ᠋ᠢᠨ ᠠᠵᠢᠯ ᠱᠢᠨ᠎ᠡ ᠳᠡᠭ᠌ᠲᠡᠷ᠎ᠲᠦ ᠭᠠᠷᠪᠠ᠃ 《ᠲᠠᠷᠠᠭᠠᠴᠢ᠎ᠪᠡᠷ᠂ ᠬᠥᠬᠡᠬᠣᠲᠠ ᠪᠣᠭᠣᠮᠲᠠ᠎ᠨᠢ ᠮᠠᠨ᠎ᠤ ᠣᠷᠣᠨ᠎ᠤ ᠬᠢᠯᠢ᠎ᠶ᠋ᠢᠨ ᠪᠣᠭᠣᠮᠲᠠ᠎ᠶ᠋ᠢᠨ ᠳᠠᠪᠠᠭᠤᠯᠢᠭ ᠪᠠ ᠠᠵᠤ ᠦᠶ᠋ᠯᠡᠰ᠎ᠦᠨ ᠳᠠᠪᠠᠭᠤᠯᠢᠭ᠎ᠢ ᠭᠠᠳᠠᠭᠠᠳᠤ ᠠᠷᠠᠯᠵᠢᠶᠠᠨ᠎ᠤ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠪᠠᠷᠠᠭᠠᠨ᠎ᠤ ᠠᠷᠠᠯᠵᠢᠶ᠎ᠠ ᠬᠢᠭᠡᠳ ᠲᠣᠭᠠᠴᠢᠯᠠᠭ᠍ᠰᠠᠨ ᠠᠷᠠᠯᠵᠢᠶ᠎ᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠦ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠥᠨᠳᠥᠷ ᠴᠢᠳᠠᠪᠬᠢᠲᠦ ᠤᠯᠠᠨ ᠡᠱᠢᠵᠢᠭ᠌ᠰᠡᠨ ᠨᠡᠭᠡᠭᠡᠯᠲᠡᠲᠦ ᠲᠠᠪᠴᠠᠩ᠎ᠢ ᠪᠠᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠬᠡᠬᠣᠲᠠ ᠪᠣᠭᠣᠮᠲᠠ᠎ᠶ᠋ᠢᠨ ᠨᠠᠮ᠎ᠤᠨ ᠬᠣᠷᠢᠶᠠᠨ᠎ᠤ ᠱᠦᠵᠢ᠂ ᠪᠣᠭᠣᠮᠲᠠ᠎ᠶ᠋ᠢᠨ ᠳᠠᠷᠤᠭ᠎ᠠ ᠵᠠᠩ ᠶᠠᠨ ᠢᠯᠡᠳᠭᠡᠪᠡ᠃
ᠴᠢᠨᠠᠷ ᠰᠠᠢᠲᠠᠶ ᠬᠥᠭ᠌ᠵᠢᠯᠲᠡ᠎ᠶ᠋ᠢᠨ ᠳᠡᠪᠢᠰᠭᠡᠷ ᠥᠩᠭᠡ᠎ᠶ᠋ᠢ ᠨᠡᠩ ᠬᠦᠨ ᠪᠤᠯᠭᠠᠨ᠎ᠠ
ᠬᠥᠭ᠌ᠵᠢᠯᠲᠡ᠎ᠶ᠋ᠢᠨ ᠡᠴᠦᠰ᠎ᠦᠨ ᠵᠣᠷᠢᠯᠭ᠎ᠠ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ᠌᠎ᠶ᠋ᠢᠨ ᠲᠥᠯᠥᠭᠡ ᠶᠤᠮ᠃ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠨᠢ ᠲᠤᠯᠤᠭᠠᠨ ᠵᠦᠶ᠋ᠯ᠎ᠦᠨ ᠠᠵᠢᠯ᠎ᠤᠨ ᠳᠤᠮᠳᠠᠬᠢ ᠴᠢᠬᠤᠯᠠ ᠠᠭᠤᠯᠭ᠎ᠠ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠰᠣᠶᠣᠯ ᠤᠷᠠᠯᠢᠭ᠎ᠤᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠶᠦᠨ ᠢᠦᠢ ᠹᠸᠩ ᠳᠤᠰ ᠤᠳᠠᠭ᠎ᠠ᠎ᠶ᠋ᠢᠨ ᠶᠡᠬᠡ ᠬᠤᠷᠠᠯ᠎ᠳᠤ᠂ ᠮᠤᠨᠢ ᠠᠭᠤᠯᠠ᠎ᠶ᠋ᠢᠨ ᠬᠠᠳᠠᠨ ᠵᠢᠷᠤᠭ᠎ᠤᠨ ᠪᠠᠭᠤᠷᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ ᠲᠤᠬᠠᠢ ᠰᠠᠨᠠᠭᠤᠯᠭ᠎ᠠ ᠳᠤᠷᠠᠳᠴᠠᠢ᠃ 《ᠤᠨᠢᠨ ᠳᠡᠭᠡᠷ᠎ᠡ ᠨᠢ ᠤᠬᠠᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠲᠦᠭᠡᠮᠡᠯ ᠠᠱᠢᠭ ᠬᠦᠷᠲᠡᠭᠡᠬᠦ᠌᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠪᠠ ᠠᠭᠤᠰᠤᠯᠴᠠᠨ ᠬᠥᠭ᠌ᠵᠢᠬᠦ᠌᠎ᠪᠡᠷ ᠳᠠᠮᠵᠢᠨ᠂ 〈ᠵᠠᠰᠠᠭ᠎ᠤᠨ ᠣᠷᠳᠣᠨ ᠭᠣᠣᠯᠯᠠᠨ ᠤᠳᠤᠷᠢᠳᠭᠤ᠂ ᠨᠡᠢᠭᠡᠮ ᠨᠡᠢᠲᠡ᠎ᠪᠡᠷ᠎ᠢᠶᠡᠨ ᠬᠠᠮᠵᠢᠯᠴᠠᠬᠤ᠂ ᠤᠯᠠᠨ ᠨᠡᠢᠲᠡ᠎ᠪᠡᠷ᠎ᠢᠶᠡᠨ ᠣᠷᠣᠯᠴᠠᠬᠤ〉 ᠬᠠᠮᠠᠭᠠᠯᠠᠯᠲᠠ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠡᠨᠡ ᠬᠦ᠌ ᠬᠣᠪᠣᠷ ᠨᠠᠨᠳᠢᠨ ᠥᠪ ᠬᠦᠷᠦᠩᠭᠡ᠎ᠶ᠋ᠢ ᠡᠭᠦᠷᠢᠳᠡ ᠤᠯᠠᠮᠵᠢᠯᠠᠨ ᠵᠠᠯᠭᠠᠮᠵᠢᠯᠠᠬᠤ᠎ᠶ᠋ᠢ ᠬᠦᠰᠡᠵᠦ᠍ ᠪᠠᠢᠨ᠎ᠠ》 ᠭᠡᠵᠦ᠍ ᠶᠦᠨ ᠢᠦᠶ ᠹᠧᠩ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭ᠌ᠴᠢ᠂ ᠦᠬᠠᠶ ᠬᠣᠲᠠ᠎ᠶ᠋ᠢᠨ ᠠᠷᠪᠠᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠴᠧᠨ ᠵᠢᠨ᠂ 2025 ᠣᠨ᠎ᠠᠴᠠ ᠨᠠᠭᠠᠰᠢ᠂ ᠦᠬᠠᠶ ᠬᠣᠲᠠ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠬᠤ᠎ᠳᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠠᠵᠢᠯᠯᠠᠬᠤ ᠰᠤᠷᠭᠠᠨ ᠬᠥᠮᠦᠵᠢᠯ᠎ᠦᠨ ᠪᠣᠷᠣ ᠲᠥᠰᠦᠪ᠎ᠢᠶᠡᠷ ᠴᠢᠬᠤᠯᠠ ᠭᠠᠷᠳᠠᠴᠠ ᠪᠣᠯᠭᠠᠵᠠᠢ ᠭᠡᠪᠡ᠃ 《ᠲᠠᠷᠠᠭᠠᠴᠢ᠎ᠪᠡᠷ᠂ ᠪᠠᠭ᠍ᠰᠢ᠎ᠶ᠋ᠢᠨ ᠲᠤᠰᠭᠠᠶ ᠮᠡᠷᠭᠡᠵᠢᠯ᠎ᠦᠨ ᠦᠰᠦᠨ ᠪᠣᠢᠵᠢᠯᠲᠠ᠂ ᠬᠢᠴᠢᠶᠡᠯ᠎ᠦᠨ ᠪᠠᠢᠭᠤᠯᠤᠯᠲᠠ᠂ ᠰᠤᠷᠤᠭ᠍ᠴᠢᠳ᠎ᠤᠨ ᠪᠥᠬᠥ᠌ ᠲᠠᠯ᠎ᠠ᠎ᠶ᠋ᠢᠨ ᠬᠥᠭ᠌ᠵᠢᠯᠲᠡ ᠪᠠ ᠱᠢᠨ᠎ᠡ᠎ᠶ᠋ᠢ ᠡᠭᠦᠳᠬᠦ᠌ ᠴᠢᠨᠠᠷᠲᠠᠶ ᠬᠥᠮᠦᠵᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠭᠤᠯᠢ᠎ᠶ᠋ᠢᠨ ᠲᠣᠭᠠᠴᠢᠯᠠᠭ᠍ᠰᠠᠨ ᠮᠡᠷᠭᠡᠵᠢᠯ ᠵᠢᠡᠷ ᠬᠦᠴᠦᠨ ᠣᠯᠭᠣᠬᠤ᠂ ᠰᠤᠳᠤᠯᠭᠠᠨ ᠪᠠ ᠪᠤᠯᠪᠠᠰᠤᠷᠠᠯ᠎ᠢ ᠨᠢᠭᠡ ᠴᠣᠭ᠍ᠴᠠᠵᠢᠭᠤᠯᠬᠤ᠂ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠴᠢᠬᠤᠯᠠ ᠬᠥᠭᠥᠷᠭᠡ ᠬᠣᠯᠪᠣᠭᠠᠰᠤ᠎ᠶ᠋ᠢ ᠪᠠᠢᠭᠤᠯᠤᠨ᠎ᠠ》 ᠭᠡᠵᠦ᠍ ᠴᠧᠨ ᠵᠢᠨ ᠬᠡᠯᠡᠪᠡ᠃
ᠡᠷᠴᠢ ᠵᠣᠷᠢᠭ᠎ᠢᠶᠠᠨ ᠬᠥᠪᠴᠢᠯᠡᠵᠦ᠍᠂ ᠬᠠᠷᠢᠭᠤᠴᠠᠯᠭ᠎ᠠ ᠡᠭᠦᠷᠭᠡᠯᠡᠨ ᠠᠶᠠᠨ᠎ᠳᠠᠭᠠᠨ ᠮᠤᠷᠳᠠᠨ᠎ᠠ᠃ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ᠎ᠳᠤ ᠪᠣᠳᠠᠲᠠᠶ ᠠᠵᠢᠯᠯᠠᠬᠤ ᠪᠤᠯ ᠵᠠᠩᠭᠢᠯᠠᠭ᠎ᠠ ᠪᠤᠯᠤᠨ᠎ᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠱᠢᠨ᠎ᠡ ᠠᠵᠠ ᠲᠣᠬᠢᠶᠠᠯ᠎ᠢ ᠠᠮᠵᠢᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠶ᠃ ᠣᠷᠣᠨ ᠳᠠᠶᠠᠭᠠᠷ᠎ᠢᠶᠠᠨ ᠡᠷᠴᠢ ᠵᠣᠷᠢᠭ᠎ᠢᠶᠠᠨ ᠬᠥᠪᠴᠢᠯᠡᠵᠦ᠍᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠪᠣᠳᠠᠲᠠᠶ᠎ᠳᠤ ᠨᠠᠢᠳᠠᠪᠤᠷᠢᠵᠢᠭᠤᠯᠵᠤ᠂ ᠪᠣᠳᠠᠲᠠᠶ ᠠᠵᠢᠯᠯᠠᠵᠤ ᠪᠣᠳᠠᠲᠤ ᠠᠮᠵᠢᠯᠲᠠ᠎ᠪᠠᠷ᠎ᠢᠶᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ᠎ᠶᠢᠨ ᠰᠠᠢᠨ ᠰᠠᠢᠬᠠᠨ ᠡᠬᠢᠯᠡᠯᠲᠡ᠎ᠶ᠋ᠢ ᠪᠠᠲᠤᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠤᠶ᠎ᠠ᠃