ᠤᠨᠢᠨ ᠳᠡᠭᠡᠷ᠎ᠡ ᠨᠢ ᠬᠦᠴᠦᠯᠡᠵᠦ᠍ ᠭᠣᠣᠯᠳᠠᠯᠭ᠎ᠠ᠎ᠲᠠᠶ ᠠᠵᠢᠯ᠎ᠢ ᠰᠠᠢᠲᠤᠷ ᠠᠳᠭᠤᠶ᠎ᠠ
2026-02-06 11:07:00
ᠵᠣᠬᠢᠶᠠᠭ᠍ᠴᠢ᠄
ᠵᠢᠢ ᠬᠠᠢ ᠶᠠᠡᠭ
ᠣᠩᠱᠢᠭ᠍ᠰᠠᠨ ᠣᠳᠠᠭ᠎ᠠ᠄
★★★☆☆

ᠬᠥᠭ᠌ᠵᠢᠯᠲᠡ᠎ᠶ᠋ᠢ ᠠᠬᠢᠭᠤᠯᠬᠤ᠎ᠳᠤ ᠥᠷᠯᠥᠭᠡ ᠦᠳᠡᠰᠢ᠎ᠶ᠋ᠢ ᠲᠠᠮᠠᠴᠠᠨ ᠠᠵᠢᠯᠯᠠᠬᠤ᠎ᠳᠦ ᠪᠤᠢ᠂ ᠰᠠᠢᠨ ᠠᠷᠭ᠎ᠠ ᠪᠤᠲᠤᠯᠭ᠎ᠠ ᠵᠢᠨ ᠭᠣᠣᠯᠳᠠᠯᠭ᠎ᠠ ᠨᠢ ᠨᠠᠢᠳᠠᠪᠤᠷᠢᠵᠢᠭᠤᠯᠬᠤ᠎ᠳᠤ ᠪᠤᠢ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳᠡᠭᠡᠷ᠎ᠡ᠂ ᠲᠥᠯᠥᠭᠡᠯᠡᠭ᠌ᠴᠢᠳ ᠭᠡᠱᠢᠭᠦᠳ᠎ᠦᠨ ᠴᠢᠡᠭ ᠰᠡᠳᠬᠢᠯ ᠤ᠋ᠨ ᠶᠠᠷᠢᠶ᠎ᠠ ᠨᠢ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠣᠳᠠᠲᠠᠢ᠎ᠶ᠋ᠢ ᠡᠷᠬᠢᠮᠯᠡᠨ ᠡᠷᠡᠯᠬᠡᠭᠯᠡᠨ ᠤᠷᠤᠭ᠍ᠰᠢᠯᠠᠬᠤ ᠢᠲᠡᠭᠡᠯ ᠪᠢᠱᠢᠷᠡᠯ ᠬᠢᠭᠡᠳ ᠡᠭᠦᠷᠭᠡᠯᠡᠯ᠎ᠢ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠨᠢ ᠬᠤᠷᠠᠯ᠎ᠤᠨ ᠲᠠᠯᠠᠪᠠᠶ᠎ᠶ᠋ᠢᠨ ᠳᠣᠲᠣᠨ᠎ᠠ ᠭᠠᠳᠠᠨᠠᠬᠢ ᠶᠠᠷᠢᠯᠴᠠᠭᠠᠨ ᠤ᠋ ᠬᠠᠯᠠᠮᠱᠢᠯ ᠰᠡᠳᠦᠪ ᠪᠣᠯᠪᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠤᠨ ᠦᠢᠯᠡᠳᠦᠯᠭᠡ᠎ᠶ᠋ᠢᠨ ᠵᠢᠷᠤᠭ ᠲᠥᠰᠤᠪ ᠪᠠ ᠵᠠᠮ ᠱᠤᠭᠤᠮ ᠲᠣᠳᠣᠷᠬᠠᠢ᠄ ᠥᠪᠥᠷ ᠮᠣᠩᠭᠣᠯ᠎ᠤᠨ ᠣᠨᠴᠠᠯᠢᠭ᠎ᠲᠠᠶ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠎ᠠᠴᠠ ᠥᠨᠳᠥᠷ ᠲᠦᠪᠱᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠬᠤ᠂ ᠵᠣᠬᠢᠴᠠᠩᠭᠤᠢ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠲᠠᠰᠤᠷᠠᠯᠳᠠ ᠦᠭᠡᠢ ᠴᠢᠩᠭᠠᠷᠠᠭᠤᠯᠬᠤ ᠬᠦᠷᠲᠡᠯ᠎ᠡ᠂ ᠡᠯ᠎ᠡ ᠵᠦᠢᠯ᠎ᠦᠨ ᠡᠭᠦᠷᠭᠡ ᠬᠠᠷᠢᠯᠴᠠᠨ ᠬᠣᠯᠪᠣᠯᠳᠤᠵᠤ᠂ ᠬᠠᠷᠢᠯᠴᠠᠨ ᠲᠤᠯᠭᠠᠭᠤᠷᠢᠯᠠᠠ᠂ ᠬᠥᠭ᠌ᠵᠢᠯᠲᠡ᠎ᠶ᠋ᠢᠨ ᠲᠦᠷᠪᠡᠨ ᠨᠢᠷᠤᠭᠤ ᠨᠠᠢ᠍ᠮᠠᠨ ᠲᠤᠯᠭᠠᠭᠤᠷᠢ᠎ᠶ᠋ᠢ ᠪᠦᠷᠢᠯᠳᠦᠭᠦᠯᠵᠠᠢ᠃ ᠭᠠᠭ᠍ᠴᠠ ᠬᠦ᠌ ᠡᠳᠡᠭᠡᠷ ᠭᠣᠣᠯᠳᠠᠯᠭ᠎ᠠ᠎ᠲᠠᠶ ᠠᠵᠢᠯ᠎ᠢ ᠴᠢᠩᠭ᠎ᠠ ᠠᠳᠭᠤᠵᠤ ᠰᠠᠢᠲᠤᠷ ᠬᠢᠪᠡᠯ ᠪᠢᠳᠡ ᠰᠠᠶᠢ ᠭᠣᠣᠯᠳᠠᠯᠭ᠎ᠠ᠎ᠲᠠᠶ ᠱᠢᠪᠲᠤᠯᠤᠯᠲᠠ᠎ᠪᠠᠷ ᠪᠦᠬᠦᠯᠢ ᠴᠣᠭ᠍ᠴᠠ᠎ᠶ᠋ᠢᠨ ᠦᠰᠦᠷᠦᠯᠲᠡ᠎ᠶ᠋ᠢ ᠳᠠᠢᠴᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠤ᠋ ᠰᠠᠢᠨ ᠡᠬᠢᠯᠡᠯᠲᠡ᠂ ᠦᠨᠳᠦᠰᠦ ᠰᠠᠭᠤᠷᠢ᠎ᠶ᠋ᠢ ᠪᠡᠬᠢᠵᠢᠭᠦᠯᠵᠦ᠍ ᠴᠢᠳᠠᠨ᠎ᠠ᠃

ᠬᠡᠷᠬᠢᠨ ᠭᠦᠨᠵᠡᠭᠡᠢ ᠰᠦᠪᠡᠭ᠌ᠴᠢᠯᠡᠨ ᠪᠣᠳᠠᠲᠠᠢ ᠠᠳᠭᠤᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠲᠦᠷᠭᠡᠳᠭᠡᠨ ᠠᠬᠢᠭᠤᠯᠬᠤ ᠪᠤᠢ? ᠤᠯᠠᠮᠵᠢᠯᠠᠯᠲᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌᠎ᠶ᠋ᠢ ᠲᠦᠷᠭᠡᠳᠭᠡᠬᠦ᠌᠂ ᠱᠢᠨ᠎ᠡ᠎ᠪᠡᠷ ᠮᠠᠨᠳᠤᠬᠰᠠᠨ ᠠᠵᠤ ᠦᠶ᠋ᠯᠡᠰ ᠪᠠ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠂ ᠡᠰᠡᠬᠦᠯ᠎ᠡ ᠴᠢᠬᠤᠯᠠ ᠶᠡᠬᠡ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠬᠦ᠌᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠡᠰᠡᠬᠦᠯ᠎ᠡ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠯᠠᠪᠳᠠᠭᠤᠨ ᠪᠠᠲᠤᠲᠠᠶ ᠠᠬᠢᠭᠤᠯᠬᠤ ᠁ ᠱᠢᠨ᠎ᠡ ᠨᠢᠭᠡ ᠵᠢᠯ᠎ᠦᠨ ᠠᠵᠢᠯ᠎ᠤᠨ ᠭᠤᠤᠯᠳᠠᠯᠭ᠎ᠠ᠎ᠶ᠋ᠢ ᠡᠮᠬᠢᠯᠡᠬᠦ ᠳ᠋ᠤ᠂ ᠡᠯ᠎ᠡ ᠲᠠᠯ᠎ᠠ᠎ᠶ᠋ᠢᠨ ᠱᠠᠭᠠᠷᠳᠠᠯᠭ᠎ᠠ ᠨᠢ ᠨᠠᠷᠢᠨ ᠪᠣᠳᠠᠲᠠᠶ᠂ ᠨᠠᠢᠳᠠᠪᠤᠷᠢᠵᠢᠭᠤᠯᠬᠤ ᠪᠠᠷᠢᠮᠵᠢᠶ᠎ᠠ᠎ᠨᠢ ᠴᠤ᠌ ᠨᠠᠩ ᠥᠨᠳᠥᠷ᠃ ᠡᠨᠡ ᠬᠦ᠌ ᠠᠵᠢᠯ᠎ᠢ ᠨᠢᠬᠡᠳ ᠨᠢᠬᠡ ᠪᠠᠷ ᠰᠠᠢᠲᠤᠷ ᠬᠢᠵᠦ᠍ ᠯᠠᠪᠳᠠᠭᠤᠨ ᠪᠠᠲᠤᠲᠠᠢ ᠬᠢᠬᠦ᠌᠎ᠳᠦ᠂ ᠢᠳᠡᠪᠬᠢᠲᠡᠢ ᠰᠦᠪᠡᠭ᠌ᠴᠢᠯᠡᠵᠦ᠂ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠬ ᠪᠤᠲᠠᠲᠠᠢ ᠪᠤᠯᠭᠠᠬᠤ ᠬᠠᠷᠢᠭᠤᠴᠠᠯᠭ᠎ᠠ ᠡᠭᠦᠷᠭᠡᠯᠡᠯ ᠡᠴᠠ ᠰᠠᠯᠵᠤ ᠴᠢᠳᠠᠬᠤ ᠦᠭᠡᠢ᠂ ᠤᠨᠢᠨ ᠳᠡᠭᠡᠷ᠎ᠡ ᠨᠢ ᠬᠦᠴᠦᠯᠡᠵᠦ᠂ ᠬᠠᠷᠠᠯᠲᠠ᠎ᠲᠠᠶ᠎ᠪᠠᠷ ᠠᠬᠢᠭᠤᠯᠬᠤ ᠡᠷᠴᠢ ᠵᠣᠷᠢᠭ᠎ᠠᠴᠠ ᠰᠠᠯᠵᠤ ᠴᠢᠳᠠᠬᠤ ᠦᠭᠡᠢ ᠶᠤᠮ᠃

ᠨᠠᠢᠳᠠᠪᠤᠷᠢᠵᠢᠭᠤᠯᠬᠤ ᠪᠣᠯ ᠬᠠᠮᠤᠭ᠎ᠤᠨ ᠰᠡᠳᠭᠢᠯ ᠬᠥᠳᠡᠯᠭᠡᠮ᠎ᠡ ᠠᠮᠠᠯᠠᠯᠲᠠ ᠮᠥᠨ᠂ ᠪᠣᠳᠠᠲᠠᠢ ᠠᠵᠢᠯᠯᠠᠬᠤ ᠪᠣᠯ ᠬᠠᠮᠤᠭ᠎ᠤᠨ ᠢᠳᠡ ᠬᠦᠴᠦᠲᠡᠢ ᠦᠭᠡ ᠬᠡᠯᠡ ᠮᠥᠨ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠨ ᠤᠷᠤᠭ᠍ᠰᠢᠯᠠᠯᠲᠠ᠎ᠶ᠋ᠢᠨ ᠵᠠᠮ᠎ᠢ ᠪᠠᠷᠠᠯᠠᠵᠤ᠂ ᠦᠨᠡᠨ ᠬᠦ᠌ ᠠᠳᠭᠤᠬᠤ ᠪᠣᠳᠠᠲᠤ ᠬᠦᠴᠦᠨ᠎ᠢᠶᠡᠷ ᠬᠦᠴᠢᠷ ᠠᠰᠠᠭᠤᠳᠠᠯ᠎ᠢ ᠱᠢᠢᠳᠪᠦᠷᠢᠯᠡᠠ᠂ ᠵᠣᠷᠢᠭ᠍ᠲᠠᠢ ᠠᠳᠭᠤᠬᠤ ᠡᠷᠴᠢ ᠬᠦᠴᠦᠨ᠎ᠢᠶᠠᠷ ᠦᠷᠭᠦᠯᠵᠢᠯᠡᠨ ᠲᠡᠮᠡᠴᠡᠵᠦ᠍᠂ ᠴᠢᠳᠠᠮᠠᠭᠠᠢ ᠠᠳᠭᠤᠬᠤ ᠤᠷᠠᠨ ᠡᠷᠳᠡᠮ᠎ᠢᠶᠡᠷ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠤᠨ᠂ ᠠᠯᠬᠤᠮ ᠪᠦᠷᠢ᠎ᠶ᠋ᠢ ᠴᠢᠩᠭ᠎ᠠ ᠲᠠᠭᠠᠵᠤ᠂ ᠤᠴᠢᠷ ᠪᠤᠯᠭᠠᠨ᠎ᠢ ᠯᠠᠪᠳᠠᠭᠤᠨ ᠪᠠᠲᠤᠲᠠᠢ ᠠᠬᠢᠭᠤᠯᠵᠦ ᠂ ᠪᠠᠢᠷᠢᠯᠠᠭᠤᠯᠤᠯᠲᠠ ᠨᠢᠭᠡᠪᠦᠷᠢ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠶ᠋ᠢ ᠪᠠᠲᠤᠯᠠᠠ᠂  ᠴᠢᠷᠮᠠᠢᠯᠭ᠎ᠠ ᠪᠦᠬᠦᠨ ᠳ᠋ᠤ ᠪᠣᠳᠠᠲᠦ ᠦᠷ᠎ᠡ ᠪᠦᠲᠦᠮᠵᠢ ᠭᠠᠷᠭᠠᠪᠠᠯ᠂ ᠤᠷᠤᠭ᠍ᠰᠢᠯᠠᠯᠲᠠ᠎ᠶ᠋ᠢᠨ ᠳᠤᠮᠳᠠᠬᠢ ᠥᠪᠥᠷ ᠮᠣᠩᠭᠣᠯ᠎ᠤᠨ ᠡᠷᠴᠢ ᠬᠦᠴᠦᠨ ᠨᠡᠩ ᠲᠡᠭᠦᠯᠳᠡᠷ᠂ ᠬᠥᠭ᠌ᠵᠢᠯᠲᠡ ᠨᠡᠩ ᠰᠠᠢ᠌ᠨ ᠪᠣᠯᠬᠤ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号