ᠯᠦ᠍ ᠵᠠᠨ ᠶᠤᠸᠠᠨ ᠲᠥᠯᠥᠭᠡᠯᠡᠭ᠌ᠴᠢ᠄ ᠲᠣᠨᠣᠭ ᠲᠥᠬᠥᠭᠡᠷᠦᠮᠵᠢ ᠪᠡᠷ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠤᠯᠭᠤᠨ᠎ᠠ
2026-02-06 11:15:24
ᠵᠣᠬᠢᠶᠠᠭ᠍ᠴᠢ᠄
ᠬᠠᠨ ᠱᠢᠤᠸᠠᠢ ᠷᠦ ᠸᠠᠩ ᠯᠸᠢ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡ᠎ᠪᠡᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ ᠭᠡᠵᠦ᠍ ᠳᠤᠷᠠᠳᠴᠠᠢ᠃ ᠡᠨᠡ ᠨᠢ ᠨᠠᠳᠠ᠎ᠳᠤ ᠬᠠᠷᠢᠭᠤᠴᠠᠯᠭ᠎ᠠ ᠬᠦᠨᠳᠦ ᠭᠡᠳᠡᠭ᠎ᠢ ᠮᠡᠳᠡᠷᠡᠭᠦᠯᠪᠡ᠃ ᠣᠲᠣ ᠦᠶ᠎ᠡ᠎ᠶ᠋ᠢᠨ ᠲᠠᠷᠢᠶᠠᠯᠠᠩ᠎ᠮᠠᠯ ᠠᠵᠤ ᠠᠬᠤᠶ ᠵᠢᠨ ᠲᠣᠨᠣᠭ ᠲᠥᠬᠥᠭᠡᠷᠦᠮᠵᠢ ᠪᠣᠯ ᠣᠲᠣ ᠦᠶ᠎ᠡ᠎ᠶ᠋ᠢᠨ ᠲᠠᠷᠢᠶᠠᠯᠠᠩ᠎ᠮᠠᠯ ᠠᠵᠤ ᠠᠬᠤᠶ ᠵᠢᠨ ᠬᠥᠭ᠌ᠵᠢᠯᠲᠡ᠎ᠶ᠋ᠢᠨ ᠭᠤᠤᠯ ᠲᠤᠯᠭᠠᠭᠤᠷᠢᠯᠠᠯ ᠮᠥᠨ᠂ ᠨᠠᠩ ᠴᠤ᠌ ᠮᠠᠨ᠎ᠤ ᠣᠷᠣᠨ᠎ᠤ ᠲᠠᠷᠢᠶᠠᠯᠠᠩ᠎ᠮᠠᠯ ᠠᠵᠤ ᠠᠬᠤᠶ ᠵᠢᠨ ᠬᠦᠴᠦᠷᠬᠡᠭ ᠣᠷᠣᠨ᠎ᠢ ᠲᠦᠷᠭᠡᠳᠭᠡᠨ ᠪᠥᠲᠥᠭᠡᠨ ᠪᠠᠢᠭᠤᠯᠬᠤ ᠵᠠᠩᠭᠢᠯᠠᠭ᠎ᠠ᠎ᠶ᠋ᠢᠨ ᠭᠠᠷᠳᠠᠴᠠ ᠮᠥᠨ᠂ ᠲᠣᠨᠣᠭ ᠲᠥᠬᠥᠭᠡᠷᠦᠮᠵᠢ ᠪᠡᠷ ᠲᠠᠷᠢᠶᠠᠯᠠᠡᠭ ᠮᠠᠯ ᠠᠵᠤ ᠠᠬᠤᠶ ᠶ᠋ᠢᠨ ᠴᠢᠨᠠᠷ ᠰᠠᠢᠲᠠᠶ ᠬᠥᠭ᠌ᠵᠢᠯᠳᠡ᠎ᠳᠦ ᠬᠦᠴᠦᠨ ᠤᠯᠭᠤᠬᠤ ᠴᠢᠬᠤᠯᠠᠳᠠᠢ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠦ᠍ ᠵᠠᠨ ᠶᠤᠸᠠᠨ ᠬᠡᠯᠡᠪᠡ᠃


QQ截图20260203153236.png


ᠯᠦ᠍ ᠵᠠᠨ ᠶᠤᠸᠠᠨ ᠲᠥᠯᠥᠭᠡᠯᠡᠭ᠌ᠴᠢ


ᠯᠦ᠍ ᠵᠠᠨ ᠶᠤᠸᠠᠨ᠂ ᠣᠳᠣᠬᠠᠨ᠎ᠳᠤ ᠮᠠᠨ᠎ᠤ ᠣᠷᠣᠨ᠎ᠳᠤ ᠪᠠᠰᠠ ᠣᠷᠣᠨ᠎ᠤ ᠲᠠᠰ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌ ᠪᠠᠢᠭᠤᠯᠤᠮᠵᠢ ᠳᠤᠲᠠᠭ᠍ᠳᠠᠬᠤ᠂ ᠲᠠᠷᠢᠶᠠᠯᠠᠩ᠎ᠤᠨ ᠮᠠᠱᠢᠨ᠎ᠢ ᠳᠡᠯᠭᠡᠷᠡᠭᠦᠯᠬᠦ᠌ ᠱᠢᠰᠲ᠋ᠧᠮ ᠲᠡᠭᠦᠯᠳᠡᠷᠵᠢᠭᠡᠳᠦᠶ᠂ ᠲᠠᠷᠢᠶᠠᠯᠠᠩ᠎ᠤᠨ ᠮᠠᠱᠢᠨ ᠪᠠ ᠲᠠᠷᠢᠶᠠᠯᠠᠩ᠎ᠤᠨ ᠮᠡᠷᠭᠡᠵᠢᠯ᠎ᠢ ᠠᠭᠤᠰᠤᠯᠴᠠᠭᠤᠯᠤᠨ ᠨᠢᠭᠡ ᠴᠣᠭ᠍ᠴᠠᠵᠢᠭᠤᠯᠤᠬᠰᠠᠨ ᠦᠶ᠋ᠯᠡᠴᠢᠯᠡᠭᠡᠨ᠎ᠦ ᠲᠤᠤᠷ ᠬᠠᠷᠠᠬᠠᠨ ᠪᠦᠷᠢᠯᠳᠦᠭᠡᠳᠦᠶ ᠵᠡᠷᠭᠡ ᠳᠤᠲᠠᠭᠤᠳᠠᠯ ᠣᠷᠣᠱᠢᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠬᠢᠷᠢ ᠲᠦᠪᠱᠢᠨ ᠨᠢ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠪᠠᠰᠠ ᠵᠥᠷᠢᠶ᠎ᠡ᠎ᠲᠡᠶ ᠪᠠᠢᠨ᠎ᠠ ᠬᠡᠵᠤ ᠢᠯᠡᠷᠬᠡᠢᠯᠡᠵᠠᠢ᠃

ᠯᠦ᠍ ᠵᠠᠨ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠲᠠᠷᠢᠶᠠᠯᠠᠩ᠎ᠤᠨ ᠮᠠᠱᠢᠨ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌ ᠪᠠᠢᠭᠤᠯᠤᠮᠵᠢ᠎ᠶ᠋ᠢ ᠲᠦᠷᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠴᠢᠬᠤᠯᠠᠳᠠᠢ; ᠲᠠᠷᠢᠶᠠᠯᠠᠩ ᠮᠠᠯ ᠠᠵᠤ ᠠᠬᠤᠶ᠎ᠶ᠋ᠢᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌ ᠲᠤᠰᠭᠠᠶ ᠵᠦᠶ᠋ᠯ᠎ᠢ ᠪᠠᠢᠭᠤᠯᠵᠤ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠲᠣᠨᠣᠭ ᠲᠥᠬᠥᠭᠡᠷᠦᠮᠵᠢ᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠴᠢᠬᠤᠯᠠᠳᠠᠢ ᠬᠡᠵᠤ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号