《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠲᠡᠶ ᠭᠦᠨᠵᠡᠭᠡᠢ ᠵᠣᠯᠭᠠᠭᠤᠯᠤᠨ᠎ᠠ ᠭᠡᠵᠦ᠍ ᠳᠤᠷᠠᠳᠪᠠ᠃ ᠡᠨᠡ᠎ᠨᠢ ᠪᠢᠳᠡᠨ᠎ᠢ ᠲᠠᠷᠢᠶᠠᠯᠠᠩ᠎ᠤᠨ ᠬᠥᠭ᠌ᠵᠢᠯᠲᠡ᠎ᠳᠦ ᠢᠲᠡᠭᠡᠯ ᠳᠦᠭᠦᠷᠡᠩ ᠪᠣᠯᠭᠠᠪᠠ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠎ᠤ ᠱᠢᠨ ᠯᠸᠢ ᠢᠳᠡᠱᠢᠨ ᠨᠣᠭᠣᠭ᠎ᠠ᠎ᠶ᠋ᠢᠨ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠬᠥ᠋ ᠱᠸᠤ ᠵᠢᠶᠠᠩ᠄ 《ᠡᠨᠡ ᠵᠢᠯ ᠪᠢᠳᠡ ᠪᠡᠭᠡᠵᠢᠩ᠎ᠦᠨ ᠵᠠᠬ᠎ᠠ ᠳᠡᠯᠭᠡᠭᠦᠷ᠎ᠯᠦᠭᠡ ᠵᠣᠯᠭᠠᠭᠤᠯᠬᠤ ᠪᠠᠨ ᠴᠢᠩᠭᠠᠳᠭᠠᠵᠤ᠂ ᠤᠷᠢᠳᠠᠴᠢ ᠬᠥᠮᠥᠷᠭᠡ᠎ᠶ᠋ᠢᠨ ᠵᠠᠭ᠍ᠪᠤᠷ᠎ᠢ ᠬᠠᠮᠲᠤ᠎ᠪᠠᠷ ᠡᠳ᠋ᠯᠡᠬᠦ᠌᠎ᠳᠦ ᠲᠦᠱᠢᠭ᠌ᠯᠡᠨ ᠪᠠᠷᠠᠭᠠᠨ᠎ᠤ ᠭᠦᠶ᠋ᠯᠭᠡᠭᠡᠨ᠎ᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠢᠳᠡᠱᠢᠨ ᠨᠣᠭᠣᠭ᠎ᠠ᠎ᠶ᠋ᠢ ᠲᠡᠭᠦᠬᠦ᠌᠎ᠡᠴᠡ ᠠᠪᠤᠭᠠᠳ ᠨᠡᠢᠰᠯᠡᠯ᠎ᠦᠨ ᠬᠣᠲᠠ᠎ᠶ᠋ᠢᠨ ᠠᠷᠠᠳ᠎ᠤᠨ ᠬᠣᠭᠣᠯᠠᠨ ᠱᠢᠷᠡᠭᠡᠨ ᠳ᠋ᠤ ᠭᠠᠷᠭᠠᠬᠤ ᠬᠦᠷᠲᠠᠯ᠎ᠠ 24 ᠴᠠᠭ᠎ᠠᠴᠠ ᠬᠡᠲᠦᠷᠡᠭᠦ ᠦᠬᠡᠢ ᠵᠢ ᠪᠠᠶᠠᠯᠠᠬᠦᠯᠦᠨ᠎ᠡ》 ᠬᠡᠵᠤ ᠢᠯᠡᠷᠬᠡᠢᠯᠡᠪᠠ᠃

ᠬᠥ᠋ ᠱᠸᠤ ᠵᠢᠶᠠᠩ ᠲᠥᠯᠥᠭᠡᠯᠡᠭ᠌ᠴᠢ
ᠬᠥ᠋ ᠱᠸᠤ ᠵᠢᠶᠠᠩ ᠲᠠᠨᠢᠯᠴᠠᠭᠤᠯᠬᠤ᠎ᠳᠠᠭᠠᠨ᠂ ᠣᠢᠷ᠎ᠠ᠎ᠶ᠋ᠢᠨ ᠵᠢᠯ᠎ᠳᠦ᠂ ᠤᠯᠠᠭᠠᠨᠴᠠᠪ ᠬᠣᠲᠠ᠎ᠶ᠋ᠢᠨ ᠲᠠᠰ᠎ᠤᠨ 34 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ ᠢᠳᠡᠱᠢᠨ ᠨᠣᠭᠣᠭ᠎ᠠ᠂ ᠡᠯᠳᠡᠪ ᠠᠮᠤ ᠡᠯᠳᠡᠪ ᠪᠤᠷᠴᠠᠭ᠎ᠤᠨ ᠠᠵᠤ ᠦᠶ᠋ᠯᠡᠰ᠎ᠦᠨ ᠪᠦᠯᠬᠦᠮ ᠨᠡᠢᠲᠡ᠎ᠶ᠋ᠢ ᠪᠦᠷᠢᠯᠳᠦᠭᠦᠯᠵᠦ᠍᠂ ᠲᠣᠰ ᠬᠣᠷᠱᠢᠶ᠎ᠠ᠎ᠶ᠋ᠢᠨ ᠲᠠᠷᠢᠮᠠᠯ᠎ᠤᠨ ᠰᠠᠭᠤᠷᠢᠨ ᠳ᠋ᠤ ᠦᠨᠳᠦᠰᠦᠯᠡᠵᠦ᠍᠂ ᠣᠶᠤᠨᠴᠢᠯᠠᠭ᠍ᠰᠠᠨ ᠲᠠᠷᠢᠮᠠᠯ᠂ ᠪᠣᠬᠢᠷᠲᠤᠯ ᠥᠬᠡᠶ ᠰᠡᠷᠭᠡᠢᠯᠡᠨ ᠡᠵᠡᠮᠳᠡᠬᠦ᠌ ᠵᠡᠷᠭᠡ ᠮᠡᠷᠭᠡᠵᠢᠯ᠎ᠢ ᠤᠯᠠᠮᠵᠢᠯᠠᠨ ᠳᠦᠭᠡᠮᠡᠯᠵᠢᠬᠦᠯᠪᠡ᠃ ᠲᠣᠰ ᠬᠣᠷᠱᠢᠶ᠎ᠠ ᠵᠢᠨ ᠨᠢᠳᠤᠨᠤᠨ᠎ᠤ ᠪᠡᠭᠡᠵᠢᠩ ᠣᠷᠣᠨ᠎ᠤ ᠢᠳᠡᠱᠢᠨ ᠨᠣᠭᠣᠭ᠎ᠠ᠂ ᠡᠯᠳᠡᠪ ᠠᠮᠤ ᠡᠯᠳᠡᠪ ᠪᠤᠷᠴᠠᠭ᠎ᠤᠨ ᠪᠣᠷᠣᠯᠠᠭᠤᠯᠭ᠎ᠠ᠎ᠶ᠋ᠢᠨ ᠬᠡᠮᠵᠢᠶ᠎ᠡ ᠨᠢ 800 ᠲᠦᠮᠡᠨ ᠲᠥᠭᠥᠷᠢᠭ᠎ᠢ ᠳᠠᠪᠠᠵᠤ᠂ 100 ᠭᠠᠷᠤᠶ ᠡᠷᠦᠬᠡᠬᠤᠷᠰᠢᠶᠠ ᠵᠢᠨ ᠭᠡᠱᠢᠭᠦᠳ᠎ᠦᠨ ᠳᠤᠮᠳᠠᠴᠢ ᠣᠷᠣᠯᠭ᠎ᠠ᠎ᠶ᠋ᠢ 2 ᠲᠦᠮᠡᠨ ᠲᠥᠭᠥᠷᠢᠭ᠎ᠡᠴᠡ ᠳᠡᠭᠡᠭ᠌ᠰᠢ ᠨᠡᠮᠡᠭ᠌ᠳᠡᠭᠦᠯᠵᠡᠶ᠃
《ᠡᠨᠡ ᠵᠢᠯ᠂ ᠪᠢᠳᠡ ᠲᠠᠷᠢᠮᠠᠯ᠎ᠤᠨ ᠱᠢᠯᠢᠳᠡᠭ ᠡᠭᠦᠯᠳᠡᠷ᠎ᠢ ᠪᠣᠢᠵᠢᠭᠤᠯᠬᠤ ᠪᠠ ᠳᠡᠯᠭᠡᠷᠡᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ᠂ ᠨᠠᠩ ᠣᠯᠠᠨ 〈ᠦᠨᠦᠷ ᠠᠮᠲᠠᠲᠤ ᠤᠯᠠᠭᠠᠨᠴᠠᠪ〉 ᠤ᠋ᠨ ᠲᠥᠷᠥᠯ ᠲᠡᠮᠳᠡᠭ᠎ᠦᠨ ᠡᠷᠬᠡ ᠣᠯᠭᠣᠯᠲᠠ᠎ᠶ᠋ᠢ ᠳᠡᠮᠡᠴᠡᠨ ᠣᠯᠵᠤ᠂ ᠥᠪᠥᠷ ᠮᠣᠩᠭᠣᠯ᠎ᠤᠨ ᠰᠠᠢᠨ ᠡᠳ᠋᠎ᠢ ᠪᠥᠬᠥ᠌ ᠤᠯᠤᠰ᠎ᠤᠨ ᠵᠠᠬ᠎ᠠ ᠳᠡᠯᠭᠡᠭᠦᠷ᠎ᠲᠦ ᠭᠠᠷᠭᠠᠨ᠎ᠠ》 ᠭᠡᠵᠦ᠍ ᠬᠥ᠋ ᠱᠸᠤ ᠵᠢᠶᠠᠩ ᠬᠡᠯᠡᠪᠡ᠃