ᠬᠤᠤ ᠵᠧᠨ ᠢᠦᠢ ᠭᠡᠱᠢᠭᠦᠨ᠄ ᠣᠨᠴᠠᠯᠢᠭ᠍ᠲᠤ ᠳᠠᠪᠠᠭᠤᠯᠢᠭᠲᠤ ᠠᠵᠤ ᠦᠢᠯᠡᠰ᠎ᠤᠨ ᠪᠤᠬᠢᠷᠲᠤᠯ ᠦᠬᠡᠢ ᠰᠢᠨ᠎ᠠ ᠠᠵᠤ ᠦᠢᠯᠡᠰ ᠲᠠᠢᠰᠢ ᠬᠦᠭᠵᠢᠬᠦ ᠶ᠋ᠢ ᠠᠬᠢᠭᠤᠯᠤᠨ᠎ᠠ
2026-02-06 11:29:11
ᠵᠣᠬᠢᠶᠠᠭ᠍ᠴᠢ᠄
ᠯᠢ ᠶᠦᠩ ᠲᠤᠤ ᠵᠢᠶᠠ ᠢ ᠼᠦᠨ
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠂ ᠡᠭᠦᠨ᠎ᠳᠦ ᠨᠢᠭᠡᠳᠦᠭᠡᠷ ᠵᠦᠶ᠋ᠯ᠎ᠨᠢ ᠳᠠᠷᠤᠶ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ᠎ᠳᠤ ᠰᠠᠭᠤᠷᠢᠯᠠᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠬᠤ ᠶᠠᠪᠤᠳᠠᠯ ᠪᠣᠯᠤᠨ᠎ᠠ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ ᠠᠵᠤ ᠦᠢᠯᠡᠰ᠎ᠦᠨ ᠨᠡᠢᠭᠡᠮᠯᠢᠭ᠎ᠦᠨ ᠳᠠᠷᠤᠭ᠎ᠠ ᠬᠤᠤ ᠵᠧᠨ ᠢᠦᠢ᠎ᠶ᠋ᠢ ᠶᠡᠬᠡᠳᠡ ᠵᠤᠷᠢᠬᠵᠢᠭᠤᠯᠤᠨ ᠤᠷᠮᠠᠱᠢᠭᠤᠯᠪᠠ᠃


QQ截图20260203153259.png


ᠬᠤᠤ ᠵᠧᠨ ᠢᠦᠢ ᠭᠡᠱᠢᠭᠦᠨ


《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠬᠥᠯᠬᠡ ᠵᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠤᠯᠠᠮᠵᠢᠯᠠᠯᠲᠤ ᠠᠵᠤ ᠦᠶ᠋ᠯᠡᠰ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ ᠢᠳᠡᠷᠡᠭᠦᠨ᠎ᠢᠶᠡᠷ ᠬᠦᠭᠵᠢᠵᠦ᠂ ᠢᠷᠡᠭᠡᠳᠦᠶ᠎ᠶ᠋ᠢᠨ ᠠᠵᠤ ᠦᠶ᠋ᠯᠡᠰ ᠥᠷᠨᠢᠨ ᠬᠥᠭ᠌ᠵᠢᠪᠡ》᠃ ᠬᠤᠤ ᠵᠧᠨ ᠢᠦᠢ᠂ ᠪᠢᠳᠡ ᠪᠣᠬᠢᠷᠲᠤᠯ ᠦᠭᠡᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠤᠯᠠᠮ ᠴᠢᠨᠠᠭ᠍ᠰᠢᠳᠠ ᠬᠥᠭ᠌ᠵᠢᠭᠡᠵᠦ᠍᠂ ᠦᠷᠳᠡᠭ᠎ᠢ ᠣᠨᠳᠣᠣᠱᠢᠭᠤᠯᠬᠤ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠥᠪᠥᠷ ᠮᠣᠩᠭᠣᠯ᠎ᠤᠨ ᠤᠨᠴᠠᠯᠢᠬ᠍ᠳᠤ ᠳᠠᠪᠠᠭᠤᠯᠢᠭᠳᠤ  ᠠᠵᠤ ᠦᠢᠯᠡᠰ᠎ᠦᠨ ᠪᠣᠬᠢᠷᠲᠤᠯ ᠦᠭᠡᠢ ᠱᠢᠨ᠎ᠡ ᠠᠵᠤ ᠦᠢᠯᠡᠰ ᠲᠠᠢᠰᠢ ᠬᠥᠭ᠌ᠵᠢᠬᠦ᠌᠎ᠶ᠋ᠢ ᠠᠬᠢᠭᠤᠯᠬᠤ ᠴᠢᠬᠤᠯᠠᠳᠠᠢ ᠬᠡᠵᠠᠢ᠃

ᠬᠤᠤ ᠵᠧᠨ ᠢᠦᠶ᠄ 《ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠳᠡᠯᠡᠬᠡᠶ᠎ᠶ᠋ᠢᠨ ᠲᠠᠰ᠎ᠤᠨ ᠪᠣᠬᠢᠷᠲᠤᠯ ᠥᠬᠡᠶ ᠠᠵᠤ ᠦᠶ᠋ᠯᠡᠳᠪᠦᠷᠢ᠎ᠶ᠋ᠢᠨ ᠡᠩᠨᠡᠭᠡ᠎ᠶ᠋ᠢ ᠪᠠᠢᠭᠤᠯᠬᠤ ᠴᠢᠬᠤᠯᠠᠲᠠᠢ; ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ ᠠᠵᠤ ᠦᠶ᠋ᠯᠡᠰ᠎ᠦᠨ ᠬᠥᠲᠥᠯᠦᠨ ᠵᠢᠯᠣᠭᠣᠳᠭᠤ ᠰᠠᠭᠤᠷᠢ ᠮᠥᠩᠭᠥ᠎ᠶ᠋ᠢ ᠪᠠᠢᠭᠤᠯᠬᠤ ᠴᠢᠬᠤᠯᠠᠲᠠᠢ; 《ᠢᠷᠡᠭᠡᠳᠦᠢ᠎ᠶ᠋ᠢᠨ ᠠᠵᠤ ᠦᠢᠯᠡᠰ᠎ᠦᠨ ᠠᠮᠢ ᠠᠬᠤᠢ᠎ᠶ᠋ᠢ ᠪᠣᠢᠵᠢᠭᠤᠯᠤᠨ ᠪᠦᠷᠢᠯᠳᠦᠭᠦᠯᠬᠦ》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠠᠵᠢᠯ ᠲᠦᠷᠦᠯ ᠠᠯᠤᠰᠯᠠᠨ ᠠᠭᠤᠰᠤᠯᠴᠠᠬᠤ ᠱᠢᠨ᠎ᠡ ᠨᠡᠮᠡᠭ᠌ᠳᠡᠯ᠎ᠦᠨ ᠲᠤᠢᠯ᠎ᠢ ᠪᠣᠢᠵᠢᠭᠤᠯᠬᠤ ᠴᠢᠬᠤᠯᠠᠲᠠᠢ; 2 ᠠᠢᠮᠠᠭ ᠬᠣᠲᠠ᠎ᠶ᠋ᠢᠨ ᠲᠣᠰ ᠲᠣᠰ᠎ᠤᠨ ᠣᠨᠴᠠᠯᠢᠭ᠎ᠲᠠᠶ 《ᠱᠢᠨ᠎ᠡ ᠡᠨᠧᠷᠭᠢ + ᠨᠥᠭᠡᠴᠡ ᠡᠨᠧᠷᠭᠢ + ᠪᠣᠬᠢᠷᠲᠤᠯ ᠥᠬᠡᠶ ᠱᠢᠨ᠎ᠡ ᠮᠠᠲ᠋ᠧᠷᠢᠶᠠᠯ ᠦᠶ᠋ᠯᠡᠳᠬᠦ᠌》 ᠨᠡᠭᠦᠷᠡᠰᠦᠲᠥ᠋ᠷᠥᠭ᠌ᠴᠢ ᠦᠬᠡᠢ ᠬᠦᠷᠢᠶᠡᠯᠡᠩ ᠲᠣᠭᠣᠷᠢᠭ᠎ᠢ ᠪᠠᠢᠷᠢᠱᠢᠭᠤᠯᠬᠤ ᠴᠢᠬᠤᠯᠠᠲᠠᠢ ᠬᠡᠵᠤ ᠰᠠᠨᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号