《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠣᠷᠢᠨᠭᠡᠷ ᠲᠤᠮᠤ ᠳ᠋ᠠᠢᠲ᠋ᠠ᠎ᠶ᠋ᠢᠨ ᠲᠥᠪ᠎ᠦᠨ ᠪᠦᠯᠦᠭ᠌ᠵᠢᠯ᠎ᠦᠨ ᠪᠥᠬᠥ᠌ ᠤᠯᠤᠰ᠎ᠲᠤ ᠲᠦᠷᠦᠭᠦᠯᠡᠭ᠌ᠰᠡᠨ ᠪᠣᠬᠢᠷᠲᠤᠯ ᠥᠬᠡᠶ ᠪᠤᠳᠤᠯᠲᠠ ᠵᠢᠨ ᠬᠦᠴᠦᠨ ᠪᠠ ᠳ᠋ᠠᠢᠲ᠋ᠠ᠎ᠶ᠋ᠢᠨ ᠠᠵᠤ ᠦᠶ᠋ᠯᠡᠰ ᠲᠥᠪᠯᠡᠷᠡᠭᠰᠡᠨ ᠣᠷᠣᠨ᠎ᠢ ᠪᠥᠲᠥᠭᠡᠨ ᠪᠠᠢᠭᠤᠯᠬᠤ᠎ᠶ᠋ᠢ ᠳᠡᠮᠵᠢᠵᠦ᠍᠂ ᠬᠣᠷᠢᠨᠭᠡᠷ ᠬᠢᠭᠡᠳ ᠤᠯᠠᠭᠠᠨᠴᠠᠪ᠎ᠤᠨ ᠣᠷᠣᠨᠲᠤᠭᠤᠷᠢᠭᠤᠨ ᠡᠯᠧᠮᠧᠨ᠋ᠲᠵᠢᠡᠨ ᠬᠠᠷᠢᠯᠴᠠᠨ ᠲᠤᠰᠠᠯᠠᠯᠴᠠᠬᠤ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠪᠤᠳᠤᠯᠲᠠ ᠵᠢᠨ ᠬᠦᠴᠦᠨ᠎ᠤ ᠲᠣᠨᠣᠭ᠍ᠯᠠᠯ ᠦᠶ᠋ᠯᠡᠳᠬᠦ᠌ ᠦᠶ᠋ᠯᠡᠰ᠎ᠢ ᠪᠣᠢᠵᠢᠭᠤᠯᠵᠤ᠂ ᠳ᠋ᠠᠢᠲ᠋ᠠ ᠵᠢᠨ ᠦᠢᠯᠡᠳᠪᠦᠷᠢᠯᠡᠯ᠎ᠤᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠵᠦ᠍᠂ ᠳ᠋ᠠᠢᠲ᠋ᠠ᠎ᠶ᠋ᠢᠨ ᠠᠷᠠᠯᠵᠢᠶᠠᠨ᠎ᠤ ᠲᠥᠪ ᠪᠠ ᠪᠤᠳᠤᠯᠲᠠ᠎ᠶ᠋ᠢᠨ ᠬᠦᠴᠦᠨ᠎ᠤ ᠲᠣᠬᠢᠷᠠᠭᠤᠯᠤᠯᠲᠠ᠎ᠶ᠋ᠢᠨ ᠲᠥᠪ᠎ᠢ ᠲᠠᠰ ᠳᠡᠪᠱᠢᠭᠦᠯᠦᠨ᠎ᠡ ᠭᠡᠵᠦ᠍ ᠳᠤᠷᠠᠳᠪᠠ᠃ ᠡᠨᠡ ᠨᠢ ᠮᠠᠨ᠎ᠤ ᠣᠷᠣᠨ᠎ᠤ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》 ᠬᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠧᠩ ᠸᠧᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠶᠤᠸᠠᠨ ᠶᠦᠩ ᠱᠧᠩ ᠢᠯᠡᠷᠭᠡᠢᠯᠡᠪᠡ᠃

ᠶᠤᠸᠠᠨ ᠶᠦᠩ ᠱᠧᠩ ᠭᠡᠱᠢᠭᠦᠨ
ᠶᠤᠸᠠᠨ ᠶᠦᠩ ᠱᠧᠩ᠂ ᠥᠪᠥᠷ ᠮᠣᠩᠭᠣᠯ ᠪᠣᠯ 8 ᠤᠯᠤᠰ᠎ᠤᠨ ᠪᠤᠳᠤᠯᠲᠠ ᠵᠢᠨ ᠬᠦᠴᠦᠨ᠎ᠤ ᠵᠠᠩᠭᠢᠯᠠᠭ᠎ᠠ ᠶ᠋ᠢᠨ ᠴᠡᠭ᠎ᠦᠨ ᠨᠢᠭᠡ ᠪᠠᠢᠵᠤ᠂ ᠳᠤᠮᠳᠠᠳᠤ ᠤᠯᠤᠰ᠎ᠤᠨ 《ᠵᠡᠭᠦᠨᠲᠠᠬᠢ ᠳᠤᠭ᠎ᠠ ᠪᠠᠷᠠᠭᠤᠨᠲᠠᠬᠢ ᠪᠤᠳᠤᠯᠳᠠ》 ᠵᠢᠨ ᠢᠨᠵᠧᠨᠧᠷᠢᠩ᠎ᠳᠦ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠰᠡᠷᠭᠡᠢᠯᠡᠬᠦ᠌ ᠨᠢ ᠠᠵᠢᠯ ᠲᠥᠷᠥᠯ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ ᠪᠠ ᠲᠣᠭᠠᠴᠢᠯᠠᠭ᠍ᠰᠠᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠪᠠᠲᠤᠯᠠᠬᠤ ᠰᠠᠭᠤᠷᠢ ᠪᠣᠯᠵᠣ ᠪᠠᠢᠨ᠎ᠠ ᠬᠡᠪᠠ᠃
ᠶᠤᠸᠠᠨ ᠶᠦᠩ ᠱᠧᠩ᠂ ᠪᠤᠳᠤᠯᠲᠠ ᠵᠢᠨ ᠬᠦᠴᠦᠨ᠎ᠤ ᠰᠠᠭᠤᠷᠢ ᠲᠦᠬᠦᠬᠡᠷᠤᠮᠵᠢ ᠶ᠋ᠢ ᠬᠠᠮᠤᠷᠤᠭ᠍ᠰᠠᠨ ᠣᠷᠣᠨ ᠨᠤᠲᠤᠭ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠠᠮᠤᠷ ᠲᠦᠪᠱᠢᠨ᠎ᠢ ᠦᠨᠡᠯᠡᠨ ᠵᠢᠱ᠌ᠢᠵᠦ᠍ ᠨᠤᠳᠠᠯᠠᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠬᠤ ᠴᠢᠬᠤᠯᠠᠲᠠᠢ; ᠪᠥᠬᠥ᠌ ᠣᠷᠣᠨ᠎ᠤ ᠨᠢᠭᠡᠳᠦᠯᠲᠡᠶ ᠵᠣᠬᠢᠶᠠᠮᠠᠯ ᠣᠶᠤᠨ ᠴᠢᠳᠠᠪᠤᠷᠢ᠎ᠶ᠋ᠢᠨ ᠠᠮᠤᠷ ᠲᠦᠪᠱᠢᠨ᠎ᠦ ᠬᠢᠨᠠᠨ ᠱᠢᠨᠵᠢᠬᠦ᠌ ᠬᠢᠭᠡᠳ ᠠᠵᠢᠯᠯᠠᠭᠠᠨ᠎ᠤ ᠲᠠᠪᠴᠠᠩ᠎ᠢ ᠪᠠᠢᠭᠤᠯᠵᠤ᠂ ᠰᠠᠨᠠᠭᠠᠴᠢᠯᠠᠭ᠎ᠠ᠎ᠠᠴᠠ᠎ᠪᠠᠨ ᠰᠡᠷᠭᠡᠢᠯᠡᠨ ᠬᠣᠷᠢᠭ᠍ᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ ᠴᠢᠬᠤᠯᠠᠲᠠᠢ ᠬᠡᠵᠤ ᠰᠠᠨᠠᠭᠤᠯᠪᠠ᠃