ᠳᠤᠮᠳᠠᠳᠤ ᠯᠠᠤᠰ᠎ᠤᠨ ᠬᠣᠶᠠᠷ ᠨᠠᠮ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠭᠤ ᠬᠥᠮᠦᠨ ᠬᠠᠮᠲᠤ ᠪᠡᠷ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠢ᠋ ᠡᠬᠢᠯᠡᠭᠦᠯᠬᠦ᠌᠎ᠪᠡᠷ ᠨᠡᠢᠲᠡᠯᠡᠪᠡ
2026-02-06 10:46:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 5᠎ᠤ᠋ ᠡᠳᠦᠷ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠯᠠᠤᠰ᠎ᠤᠨ ᠠᠷᠠᠳ᠎ᠤᠨ ᠬᠤᠪᠢᠰᠭᠠᠯᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠥ᠋ᠨ᠎ᠳ᠋ᠤ ᠬᠠᠷᠢᠭᠤ ᠵᠠᠬᠢᠳᠠᠯ ᠢᠯᠡᠭᠡᠵᠦ᠍᠂ ᠬᠠᠮᠲᠤ᠎ᠪᠠᠷ 2026 ᠣᠨ᠎ᠢ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠢ᠋ᠶ᠋ᠠᠷ ᠲᠣᠭ᠍ᠲᠠᠭᠠᠭ᠍ᠰᠠᠨ ᠪᠥᠭᠡᠳ ᠱᠢᠷᠢᠰ ᠪᠡᠯᠭᠡᠯᠡᠬᠦ᠌ ᠠᠵᠢᠯᠯᠠᠭ᠎ᠠ᠎ᠶ᠋ᠢ ᠡᠬᠢᠯᠡᠭᠦᠯᠬᠦ᠌᠎ᠪᠡᠷ ᠨᠡᠢᠲᠡᠯᠡᠪᠡ᠃

ᠰᠢ ᠵᠢᠨ ᠫᠢᠩ᠂ ᠳᠤᠮᠳᠠᠳᠤ ᠯᠠᠤᠰ ᠬᠣᠶᠠᠷ ᠤᠯᠤᠰ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭ᠍ᠰᠠᠨ᠂ ᠦᠶ᠎ᠡ᠎ᠶ᠋ᠢᠨ ᠦᠶ᠎ᠡ᠎ᠳᠡᠭᠡᠨ ᠨᠥᠬᠥᠷᠰᠡᠭ ᠰᠠᠢ᠌ᠨ ᠬᠥᠷᠰᠢ᠂ ᠰᠠᠢ᠌ᠨ ᠨᠠᠢᠵᠠ ᠮᠥᠨ᠂ ᠵᠣᠷᠢᠯᠲᠠ ᠠᠳᠠᠯᠢ ᠵᠤᠷᠢᠭ ᠨᠢᠭᠡᠲᠡᠢ᠂ ᠬᠤᠪᠢ ᠵᠠᠶᠠᠭ᠎ᠠ ᠪᠠᠨ ᠬᠠᠮᠳᠤᠳᠬᠠᠬᠰᠠᠨ ᠰᠠᠢ᠌ᠨ ᠨᠥᠬᠥᠷ᠂ ᠰᠠᠢ᠌ᠨ ᠬᠠᠨᠢᠲᠠᠨ ᠮᠥᠨ᠃ ᠤᠢ᠍ᠢᠷ᠎ᠠ᠎ᠶ᠋ᠢᠨ ᠵᠢᠯ᠎ᠡᠴᠡ ᠬᠣᠶᠠᠷ ᠲᠠᠯ᠎ᠠ᠎ᠪᠠᠷ᠎ᠢᠶᠠᠨ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠪᠡᠷ ᠬᠥᠭ᠌ᠵᠢᠯᠲᠡ᠎ᠶ᠋ᠢ ᠡᠷᠢᠯᠬᠢᠯᠡᠵᠦ᠍᠂ ᠪᠦᠯᠬᠦᠮᠳᠡᠨ ᠬᠠᠮᠵᠢᠯᠴᠠᠵᠤ ᠥᠷᠢᠰᠥᠯᠳᠦᠭᠡᠨ᠎ᠢ ᠤᠭ᠍ᠲᠤᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠱᠢᠭ ᠲᠤᠰᠠ᠎ᠳᠤ ᠬᠣᠯᠪᠣᠭ᠍ᠳᠠᠭ᠍ᠰᠠᠨ ᠠᠰᠠᠭᠤᠳᠠᠯ ᠳᠡᠭᠡᠷ᠎ᠡ ᠡᠷᠡᠰ ᠪᠠᠲᠤ ᠬᠠᠷᠢᠯᠴᠠᠨ ᠲᠡᠮᠵᠢᠯᠴᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠦ ᠦᠨᠡᠨ ᠪᠣᠳᠠᠲᠠᠢ ᠪᠤᠶᠠᠨ ᠦᠢᠯᠡᠳᠪᠡ᠃ ᠪᠢ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠲᠦᠩᠯᠥ᠋ᠨ ᠲᠠᠢ ᠤᠯᠠᠨ ᠤᠳᠠᠭ᠎ᠠ ᠠᠭᠤᠯᠵᠠᠯᠲᠠ ᠬᠢᠵᠦ᠍᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠲᠤᠬᠠᠢ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠤᠯᠵᠤ᠂ ᠱᠢᠨ᠎ᠡ ᠪᠠᠢᠳᠠᠯ ᠳᠣᠣᠷᠠᠬᠢ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠠᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠪᠠᠰᠠ ᠨᠢᠬᠡᠨ ᠰᠢᠨ᠎ᠡ ᠤᠨ ᠡᠬᠢᠯᠡᠵᠦ᠂ ᠲᠦᠮᠡᠨ ᠪᠤᠳᠠᠰ ᠰᠢᠨᠡᠳᠦᠨ ᠬᠤᠪᠢᠷᠠᠨ᠎ᠠ᠃ ᠳᠤᠮᠳᠠᠳᠤ ᠯᠠᠤᠰ᠎ᠤᠨ ᠬᠠᠷᠢᠯᠴᠠᠭ᠎ᠠ ᠶᠠᠭ ᠲᠡᠦᠬᠡ᠎ᠶ᠋ᠢᠨ ᠬᠠᠮᠤᠭ᠎ᠤᠨ ᠰᠠᠢ᠌ᠨ ᠴᠠᠭ ᠦᠶ᠎ᠡ᠎ᠳᠦ ᠣᠷᠣᠱᠢᠵᠤ᠂ ᠥᠷᠭᠡᠨ ᠠᠭᠤᠳᠠᠮ ᠬᠥᠭ᠌ᠵᠢᠯᠲᠡ᠎ᠶ᠋ᠢᠨ ᠢᠷᠡᠭᠡᠳᠦᠢ᠎ᠪᠡᠨ ᠤᠭ᠍ᠲᠤᠪᠠ᠃ ᠳᠤᠮᠳᠠᠳᠤ ᠤᠯᠤᠰ ᠢᠮᠠᠭ᠍ᠲᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠪᠣᠯᠤᠨ ᠠᠯᠤᠰ ᠬᠡᠳᠤ᠎ᠶ᠋ᠢᠨ ᠬᠠᠷᠠᠭᠠᠰᠤ ᠡᠴᠡ ᠳᠤᠮᠳᠠᠳᠤ ᠯᠠᠤᠰ᠎ᠤᠨ ᠬᠠᠷᠢᠯᠴᠠᠭ᠎ᠠ᠎ᠳᠤ ᠬᠠᠨᠳᠤᠵᠤ᠂ ᠳᠤᠷᠠᠲᠠᠶ᠎ᠠ ᠯᠠᠤᠰ᠎ᠯᠤᠭ᠎ᠠ ᠳᠤᠮᠳᠠᠳᠤ ᠯᠠᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠳᠤᠮᠳᠠᠳᠤ ᠯᠠᠤᠰ᠎ᠤᠨ ᠨᠥᠬᠥᠷᠯᠡᠯ᠎ᠦᠨ ᠣᠨ》 ᠢ᠋ ᠪᠡᠯᠭᠡᠯᠡᠬᠦ᠌᠎ᠪᠡᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠳᠤᠮᠳᠠᠳᠤ ᠯᠠᠤᠰ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠨᠢ ᠤᠯᠤᠰ ᠪᠣᠯᠤᠨ ᠤᠯᠤᠰ᠎ᠤᠨ ᠬᠣᠭᠣᠷᠣᠨᠳᠣᠬᠢ ᠬᠠᠷᠢᠯᠴᠠᠭᠠᠨ᠎ᠤ ᠡᠮᠦᠨ᠎ᠡ ᠡᠩᠨᠡᠭᠡᠨ᠎ᠳᠦ ᠣᠷᠣᠬᠤ᠎ᠶ᠋ᠢ ᠠᠬᠢᠭᠤᠯᠵᠤ᠂ ᠭᠠᠵᠠᠷ ᠣᠷᠣᠨ᠎ᠤ ᠡᠩᠬᠡ ᠲᠠᠢᠪᠤᠩ ᠲᠣᠭ᠍ᠲᠠᠭᠤᠨ ᠪᠣᠯᠤᠨ ᠬᠥᠭ᠌ᠵᠢᠯ ᠴᠡᠴᠡᠭ᠌ᠯᠡᠯ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ᠍ ᠴᠢᠬᠤᠯᠠᠴᠢᠯᠠᠪᠠ᠃

ᠲᠦᠩᠯᠥ᠋ᠨ  ᠰᠢ  ᠵᠢᠨ  ᠫᠢᠩ ᠎ᠳᠦ  ᠢᠯᠡᠭᠡᠭᠰᠡᠨ  ᠴᠠᠭᠠᠨ ᠰᠠᠷ᠎ᠠ ᠎ᠶ᠋ᠢᠨ ᠪᠠᠶᠠᠷ ᠎ᠤᠨ ᠵᠠᠬᠢᠳᠠᠯ ᠎ᠳᠠᠭᠠᠨ᠂  ᠶᠡᠷᠦᠩᠬᠡᠢ ᠱᠦᠵᠢ᠂ ᠤᠯᠤᠰ ᠎ᠤᠨ ᠲᠡᠷᠢᠭᠦᠯᠡᠭ᠌ᠴᠢ  ᠰᠢ ᠵᠢᠨ ᠫᠢᠩ᠎ᠦᠨ ᠬᠠᠯᠠᠮᠵᠢᠯᠠᠯ ᠪᠠ ᠲᠠᠭᠠᠭᠤᠯᠭ᠎ᠠ ᠳᠣᠣᠷ᠎ᠠ᠂ ᠯᠠᠤᠰ ᠳᠤᠮᠳᠠᠳᠤ᠎ᠶ᠋ᠢᠨ ᠤᠯᠠᠮᠵᠢᠯᠠᠯᠲᠤ ᠨᠥᠬᠥᠷᠯᠡᠯ ᠨᠡᠩ ᠪᠡᠬᠢᠵᠢᠵᠦ᠍᠂ ᠤᠯᠤᠰ ᠲᠦᠷᠦ᠍᠎ᠶ᠋ᠢᠨ ᠢᠲᠡᠭᠡᠯᠴᠡᠭᠡ ᠡᠳᠦᠷ ᠢᠷᠡᠬᠦᠶ᠎ᠡ ᠭᠦᠨᠵᠡᠭᠡᠢᠷᠡᠵᠦ᠍᠂ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠤᠯᠪᠠ᠃ ᠪᠢ ᠯᠠᠤᠰ᠎ᠤᠨ ᠡᠯ᠎ᠡ ᠰᠠᠯᠠᠭ᠎ᠠ ᠮᠥᠴᠢᠷ᠎ᠦᠨ ᠬᠢᠨ ᠳᠤᠮᠳᠠᠳᠤ ᠤᠯᠤᠰ᠎ᠯᠤᠭ᠎ᠠ ᠬᠠᠮᠲᠤᠷᠠᠯᠴᠠᠵᠦ᠍ ᠯᠠᠤᠰ ᠳᠤᠮᠳᠠᠳᠤ᠎ᠶ᠋ᠢᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 65 ᠵᠢᠯ᠎ᠦᠨ ᠤᠢ ᠵᠢᠴᠢ 《ᠯᠠᠤᠰ ᠳᠤᠮᠳᠠᠳᠤ᠎ᠶ᠋ᠢᠨ ᠨᠥᠬᠥᠷᠯᠡᠯ᠎ᠦᠨ ᠣᠨ》 ᠤ᠋ ᠱᠢᠷᠢᠰ ᠪᠡᠯᠭᠡᠯᠡᠬᠦ᠌ ᠠᠵᠢᠯᠯᠠᠭ᠎ᠠ᠎ᠶ᠋ᠢ ᠰᠠᠢᠲᠤᠷ ᠡᠷᠬᠢᠯᠡᠬᠦ᠌᠎ᠶ᠋ᠢ ᠵᠢᠯᠣᠭᠣᠳᠴᠤ᠌᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠢᠲᠠᠢ᠂ ᠥᠨᠳᠥᠷ ᠲᠦᠪᠱᠢᠨ ᠪᠦᠬᠦᠢ ᠯᠠᠤᠰ ᠳᠤᠮᠳᠠᠳᠤ᠎ᠶ᠋ᠢᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠵᠢᠴᠢ ᠡᠯ᠎ᠡ ᠬᠦᠷᠢᠶᠡᠨ ᠳ᠋ᠡᠬᠢ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢᠨ ᠱᠢᠨ᠎ᠡ ᠴᠠᠭ ᠦᠶ᠎ᠡ᠎ᠳᠦ ᠱᠢᠨ᠎ᠡ ᠦᠨᠳᠦᠷᠴᠡ ᠳ᠋ᠤ ᠭᠠᠷᠬᠤ᠎ᠶ᠋ᠢ ᠦᠷᠭᠦᠯᠵᠢᠯᠡᠨ ᠠᠬᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠦᠯᠢᠬᠡᠷ ᠵᠢᠱ᠌ᠢᠢ᠎ᠡ ᠦᠵᠡᠭᠦᠯᠦᠨ᠎ᠡ ᠭᠡᠵᠦ᠍ ᠢᠯᠡᠳᠭᠡᠪᠡ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 2 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号