ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠣᠶᠠᠳᠤᠭᠠᠷ ᠤᠳᠠᠭ᠎ᠠ ᠵᠢᠨ ᠪᠥᠬᠥᠳᠡ ᠬᠤᠷᠠᠯ ᠬᠢᠪᠡ
2026-02-07 00:54:25
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ  ᠪᠦᠦ ᠭᠠᠩ  ᠵᠠᠩ ᠶᠠᠨ ᠺᠦᠨ ᠣᠷᠣᠯᠴᠠᠵᠠᠢ


2 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠧᠩ ᠬᠣᠩ ᠹᠠᠨ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠪᠢᠩ ᠷᠦᠩ᠂ ᠵᠠᠩ ᠪᠠᠢ ᠴᠧᠩ᠂ ᠶᠠᠩ ᠭᠦᠸᠧ ᠠᠨ᠂ ᠸᠠᠨ ᠴᠤᠤ ᠴᠢ᠂ ᠸᠠᠩ ᠸᠠᠩ ᠱᠧᠩ᠂ ᠾᠧ ᠸᠧᠢ ᠬᠤᠸᠠ᠂ ᠵᠧᠦ᠍᠎ᠶ᠋ᠢᠨ ᠱᠢᠩ᠂ ᠾᠧ ᠬᠠᠢ ᠳ᠋ᠦᠩ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠠ ᠮᠥᠷ᠎ᠲᠦ ᠰᠠᠭᠠᠲᠠᠪᠠ᠃

ᠸᠠᠩ ᠸᠧᠢ ᠵᠦᠩ᠂ ᠪᠦᠦ ᠭᠠᠩ᠂ ᠵᠠᠩ ᠶᠠᠨ ᠺᠦᠨ᠂ ᠱ᠌ᠢ ᠭᠤᠸᠠᠩ ᠬᠤᠢ᠂ ᠯᠢᠦ ᠱᠤᠸᠠᠩ᠂ ᠬᠤᠸᠠᠩ ᡁᠢ ᠴᠢᠶᠠᠩ᠂ ᠬᠦ᠋ᠤᠳᠠᠭᠤᠯᠠ᠂ ᠢᠦᠢ ᠯᠢ ᠱᠢᠨ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ ᠨᠠᠷ ᠲᠡᠷᠢᠭᠦᠯᠡᠭ᠌ᠴᠢ ᠵᠢᠨ ᠲᠠᠢᠰᠠᠨ᠎ᠳᠤ ᠰᠠᠭᠠᠲᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 530 ᠬᠥᠮᠦᠨ ᠪᠣᠶ᠂ 505 ᠬᠥᠮᠦᠨ ᠲᠣᠰ ᠤᠳᠠᠭ᠎ᠠ᠎ᠶ᠋ᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠠᠩ ᠱᠤᠤ ᠴᠦᠨ ᠶᠡᠬᠡ ᠬᠤᠷᠠᠯ᠎ᠳᠤ ᠠᠵᠢᠯ᠎ᠤᠨ ᠮᠡᠳᠡᠭᠦᠯᠦᠯᠳᠡ ᠬᠢᠪᠠ᠃ ᠲᠡᠷᠡ᠂ 2025 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠪᠡ ᠭᠡᠵᠤ ᠵᠢᠭᠠᠵᠤ ᠭᠠᠷᠭᠠᠵᠠᠢ᠃

ᠵᠠᠩ ᠱᠤᠤ ᠴᠦᠨ 5 ᠲᠠᠯ᠎ᠠ᠎ᠪᠠᠷ ᠥᠩᠭᠡᠷᠡᠭ᠌ᠰᠡᠨ ᠨᠢᠭᠡ ᠵᠢᠯ᠎ᠦᠨ ᠭᠣᠣᠯ ᠠᠵᠢᠯ᠎ᠢ ᠡᠷᠭᠢᠴᠡᠭᠦᠯᠪᠡ᠄ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠪᠡ; ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠣᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠪᠠ; ᠨᠠᠮ ᠪᠠ ᠤᠯᠤᠰ᠎ᠤᠨ ᠬᠢᠨᠠᠯᠲᠠ ᠵᠢᠨ ᠱᠢᠰᠲ᠋ᠧᠮ ᠳ᠋ᠡᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ ᠲᠠᠯᠪᠢᠬᠤ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠨᠠᠯᠲᠠ᠎ᠶ᠋ᠢᠨ ᠬᠠᠨᠳᠤᠯᠭᠠᠲᠤ ᠴᠢᠨᠠᠷ ᠪᠣᠳᠠᠲᠤ ᠦᠷ᠎ᠠ ᠪᠦᠲᠦᠮᠵᠢᠲᠦ ᠴᠢᠨᠠᠷ᠎ᠢ ᠲᠠᠰᠤᠷᠠᠯᠳᠠ ᠦᠭᠡᠢ ᠴᠢᠩᠭᠠᠷᠠᠭᠤᠯᠪᠠ; ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠷᠠᠳ ᠣᠯᠠᠨ᠎ᠲᠠᠶ ᠬᠠᠷᠢᠯᠴᠠᠬᠤ ᠳᠤᠮᠳᠠᠬᠢ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠯᠥᠭᠡᠯᠡᠭ᠌ᠴᠢᠳ᠎ᠦᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠪᠡ; ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠲᠦᠪᠱᠢᠨ᠎ᠢᠶᠡᠨ ᠳᠡᠭᠡᠭ᠌ᠰᠢᠯᠡᠭᠦᠯᠪᠡ᠃ ᠪᠦᠬᠦ᠌ ᠵᠢᠯ᠎ᠳᠦ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ ᠢ᠋ 12 ᠬᠤᠪᠢ ᠲᠣᠭ᠍ᠲᠠᠭᠠᠵᠤ᠂ 25 ᠬᠤᠪᠢ ᠬᠠᠤᠯᠢ ᠲᠤᠭᠳᠠᠭᠠᠯ ᠳ᠋ᠦ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠤᠯᠭᠠᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠥᠪᠡᠷᠲᠡᠭᠡᠨ ᠵᠠᠰᠠᠬᠤ ᠳᠦᠷᠢᠮ᠂ ᠲᠤᠰᠭᠠᠢ ᠳᠦᠷᠢᠮ ᠢ᠋ 62 ᠬᠤᠪᠢ ᠬᠢᠨᠠᠨ ᠪᠠᠢᠴᠠᠭᠠᠵᠤ ᠵᠥᠪᠱᠢᠶᠡᠷᠡᠪᠡ᠃ ᠬᠠᠤᠯᠢ ᠬᠡᠷᠡᠭ᠌ᠵᠢᠭᠦᠯᠬᠦ ᠪᠠᠢᠴᠠᠭᠠᠯᠲᠠ᠎ᠶ᠋ᠢ 5 ᠤᠳᠠᠭ᠎ᠠ ᠵᠣᠬᠢᠶᠠᠨ ᠪᠠᠢᠭᠤᠯᠵᠤ᠂ 39 ᠵᠦᠢᠯ᠎ᠦᠨ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠤ᠂ ᠲᠤᠰᠭᠠᠢ ᠰᠡᠳᠦᠪᠲᠦ ᠯᠠᠪᠯᠠᠨ ᠠᠰᠠᠭᠤᠬᠤ᠂ ᠳᠤᠭᠤᠢᠯᠠᠩ ᠬᠤᠪᠢᠶᠠᠨ ᠯᠠᠪᠯᠠᠨ ᠠᠰᠠᠭᠤᠬᠤ᠂ ᠬᠠᠨᠤᠮᠵᠢ᠎ᠶ᠋ᠢᠨ ᠬᠡᠮᠵᠢᠶ᠎ᠡ ᠵᠢᠨ ᠦᠨᠡᠯᠡᠯᠳᠡ ᠵᠢ 18 ᠤᠳᠠᠭ᠎ᠠ ᠦᠷᠨᠢᠭᠦᠯᠪᠡ᠃

ᠵᠠᠩ ᠱᠤᠤ ᠴᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠦᠷᠭᠦᠯᠵᠢᠯᠡᠨ ᠨᠠᠮ᠎ᠤᠨ ᠱᠢᠨ᠎ᠡ᠎ᠡᠭᠦᠳᠦᠭᠰᠡᠨ ᠤᠨᠤᠯ᠎ᠢᠶᠠᠷ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠵᠦ᠍᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭᠠᠨ᠎ᠤ ᠶᠡᠬᠡ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠲᠣᠭ᠍ᠲᠠᠭᠠᠬᠤ᠎ᠶ᠋ᠢᠨ ᠤᠷᠢᠳᠠᠴᠢ ᠬᠢᠨᠠᠨ ᠬᠠᠷᠭᠤᠭᠤᠯᠬᠤ ᠨᠥᠬᠥᠴᠡᠯ᠂ ᠳᠡᠩᠰᠡᠯᠡᠵᠦ᠍ ᠬᠢᠨᠠᠨ ᠪᠠᠢᠴᠠᠭᠠᠬᠤ᠎ᠶ᠋ᠢᠨ ᠴᠢᠬᠤᠯᠠ ᠠᠭᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠵᠢᠯ ᠪᠦᠷᠢ ᠡᠷᠬᠡᠪᠰᠢ ᠥᠷᠨᠢᠭᠦᠯᠬᠦ᠌ ᠬᠢᠨᠠᠯᠲᠠ ᠲᠠᠯᠪᠢᠬᠤ ᠠᠵᠢᠯ ᠪᠣᠯᠭᠠᠨ ᠲᠣᠭ᠍ᠲᠠᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠦᠷᠢᠯᠳᠦᠬᠦᠨ᠂ ᠨᠠᠮ᠎ᠤᠨ ᠭᠡᠱᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠳᠦ ᠣᠷᠣᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠠᠢᠭᠤᠯᠭ᠎ᠠ᠎ᠶ᠋ᠢᠨ 319 ᠠᠵᠢᠯᠲᠠᠨ᠎ᠢ ᠲᠤᠱᠢᠶᠠᠯ᠎ᠳᠤ ᠲᠣᠮᠢᠯᠠᠬᠤ ᠪᠠ ᠲᠤᠱᠢᠶᠠᠯ᠎ᠡᠴᠡ ᠨᠢ ᠪᠠᠭᠤᠯᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠨᠢᠯᠴᠠᠭᠤᠯᠤᠭ᠍ᠰᠠᠨ ᠵᠢᠱ᠌ᠢᠭ᠌ᠳᠡᠭ᠌ᠴᠢ᠎ᠶ᠋ᠢ ᠬᠠᠤᠯᠢ᠎ᠪᠠᠷ ᠲᠣᠭ᠍ᠲᠠᠭᠠᠭ᠍ᠰᠠᠨ ᠳᠡᠰ ᠳᠠᠷᠠᠭᠠᠯᠠᠯ᠎ᠢᠶᠠᠷ ᠳᠠᠮᠵᠢᠭᠤᠯᠤᠨ ᠣᠷᠣᠨ ᠨᠤᠲᠤᠭ᠎ᠤᠨ ᠲᠥᠷᠥ᠎ᠶ᠋ᠢᠨ ᠡᠷᠬᠡᠲᠦ ᠪᠠᠢᠭᠤᠯᠭ᠎ᠠ᠎ᠶ᠋ᠢᠨ ᠤᠳᠤᠷᠢᠳᠭᠤ ᠬᠥᠮᠦᠨ ᠪᠣᠯᠭᠠᠬᠤ᠎ᠶ᠋ᠢ ᠦᠨᠡᠨ ᠬᠦ᠌ ᠪᠠᠲᠤᠯᠠᠪᠠ᠃ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠳᠦᠷᠢᠮ᠂ ᠠᠷᠠᠳ᠎ᠤ᠋ᠨ ᠡᠵᠡᠩᠨᠡᠯᠳᠠ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠳᠦᠷᠢᠮ᠂ ᠬᠦᠯᠤᠰᠤᠨ ᠲᠠᠷᠢᠶᠠᠴᠢᠨ ᠤ᠋ ᠴᠠᠯᠢᠩ᠎ᠢ ᠥᠭ᠌ᠬᠦ᠎ᠶ᠋ᠢ ᠪᠠᠲᠤᠯᠠᠬᠤ ᠳᠦᠷᠢᠮ ᠵᠡᠷᠭᠡ ᠭᠣᠣᠯᠳᠠᠯᠭ᠎ᠠ᠎ᠲᠠᠶ ᠬᠠᠤᠯᠢ ᠲᠣᠭ᠍ᠲᠠᠭᠠᠬᠤ ᠡᠭᠦᠷᠭᠡ᠎ᠶ᠋ᠢ ᠪᠡᠶᠡᠯᠡᠭᠦᠯᠪᠠ᠃ ᠮᠠᠯ ᠪᠡᠯᠴᠢᠭᠡᠷ᠎ᠢ ᠲᠡᠨᠭᠴᠡᠭᠦᠷᠢ ᠲᠠᠢ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠳᠦᠷᠢᠮ᠂ ᠨᠤᠭᠤ ᠭᠠᠵᠠᠷ᠎ᠢ ᠬᠠᠮᠠᠭᠠᠯᠠᠬᠤ ᠳᠦᠷᠢᠮ ᠵᠡᠷᠭᠡ ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ 《ᠤᠮᠠᠷᠠᠲᠤ ᠵᠢᠨ ᠭᠤᠷᠪᠡᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠰᠠᠢᠲᠤᠷ ᠬᠢᠬᠦ᠌ ᠵᠡᠷᠭᠡ ᠠᠵᠢᠯ᠎ᠳᠤ ᠬᠢᠨᠠᠯᠲᠠ ᠲᠠᠯᠪᠢᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠱᠢᠯᠢᠳᠡᠭ᠌ᠵᠢᠭᠦᠯᠬᠦ᠌ ᠲᠤᠬᠠᠢ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ ᠨᠡᠢᠭᠡᠮ᠎ᠦᠨ ᠢᠲᠡᠭᠡᠮᠵᠢ᠎ᠶ᠋ᠢᠨ ᠲᠦᠷᠢᠮ᠎ᠦᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠪᠠᠢᠷᠢᠯᠠᠭᠤᠯᠤᠯᠲᠠ ᠬᠢᠭ᠌ᠰᠡᠨ᠎ᠦ ᠳᠠᠷᠠᠭ᠎ᠠ᠂ ᠡᠨᠡ ᠵᠢᠯ᠎ᠦᠨ 1 ᠰᠠᠷ᠎ᠠ᠎ᠳᠤ ᠰᠠᠯᠤᠯ ᠦᠭᠡᠢ ᠲᠠᠭᠠᠨ ᠲᠣᠭ᠍ᠲᠠᠭᠠᠯ ᠭᠠᠷᠭᠠᠵᠤ᠂ ᠬᠣᠯᠪᠣᠭ᠍ᠳᠠᠯ ᠪᠥᠬᠥᠶ ᠲᠠᠯ᠎ᠠ᠎ᠶ᠋ᠢᠨ ᠬᠠᠷᠢᠭᠤᠴᠠᠯᠭ᠎ᠠ ᠪᠠ ᠡᠭᠦᠷᠭᠡ᠎ᠶ᠋ᠢ ᠲᠣᠳᠣᠷᠬᠠᠢᠯᠠᠵᠤ᠂ 《ᠪᠠᠭ᠎ᠠ ᠶᠠᠪᠤᠳᠠᠯ》 ᠵᠢᠡᠷ ᠳᠠᠮᠵᠢᠭᠤᠯᠤᠨ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠪᠠᠢᠩᠭᠤᠵᠢᠭᠤᠯᠤᠨ ᠬᠡᠷᠡᠭ᠌ᠵᠢᠭᠦᠯᠵᠦ᠍᠂ ᠠᠷᠠᠳ ᠣᠯᠠᠨ᠎ᠳᠤ ᠦᠨᠡᠨ ᠪᠣᠳᠠᠲᠠᠶ ᠬᠦᠷᠲᠡᠮᠵᠢ᠎ᠶ᠋ᠢᠨ ᠲᠥᠷᠥᠭ᠌ᠳᠡᠯ ᠣᠯᠭᠣᠪᠠ᠃ ᠬᠢᠨᠠᠯᠲᠠ ᠲᠠᠯᠪᠢᠬᠤ ᠠᠵᠢᠯ᠎ᠤᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠲᠠᠯᠪᠢᠬᠤ ᠤᠶᠠᠨ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠬᠤ ᠠᠷᠭ᠎ᠠ᠎ᠶ᠋ᠢ ᠲᠣᠭ᠍ᠲᠠᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠡᠨᠡ ᠬᠦ᠌ ᠲᠤᠷᠱᠢᠯᠭ᠎ᠠ ᠠᠷᠭ᠎ᠠ ᠬᠢᠳᠡᠯ᠎ᠢ ᠤᠬᠠᠭᠤᠯᠤᠨ ᠮᠡᠳᠡᠭᠡᠯᠡᠪᠡ᠃ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠲᠥᠯᠥᠭᠡᠯᠡᠭ᠌ᠴᠢᠳ᠎ᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠬᠡᠷᠡᠭ᠌ᠵᠢᠭᠦᠯᠵᠦ᠍᠂ 《ᠬᠣᠶᠠᠷ ᠬᠠᠷᠢᠯᠴᠠᠬᠤ》ᠲᠣᠭ᠍ᠲᠠᠴᠠ᠎ᠶ᠋ᠢ ᠭᠦᠨᠵᠡᠭᠡᠢ ᠨᠠᠢᠳᠠᠪᠤᠷᠢᠵᠢᠭᠤᠯᠤᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠵᠡᠷᠭᠡ ᠠᠵᠢᠯ᠎ᠲᠠᠶ ᠤᠶᠠᠯᠳᠤᠭᠤᠯᠤᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠲᠥᠯᠥᠭᠡᠯᠡᠭ᠌ᠴᠢᠳ᠎ᠢ ᠰᠣᠩᠭᠣᠭᠤᠯᠢ᠎ᠶ᠋ᠢᠨ ᠨᠢᠭᠡᠴᠢ᠎ᠳ᠋ᠤᠨᠢ ᠪᠤᠴᠠᠭᠤᠯᠵᠤ ᠲᠤᠱᠢᠶᠠᠯ᠎ᠤᠨ ᠮᠡᠳᠡᠭᠦᠯᠦᠯᠲᠡ ᠬᠢᠯᠭᠡᠬᠦ᠌ ᠪᠠ ᠲᠥᠯᠥᠭᠡᠯᠡᠭ᠌ᠴᠢᠳ᠎ᠦᠨ ᠳᠤᠭᠤᠢᠯᠠᠩ᠎ᠤᠨ ᠠᠵᠢᠯᠯᠠᠭ᠎ᠠ ᠬᠢᠯᠭᠡᠬᠦ᠌ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍᠂ 《ᠺᠣᠳ᠋ ᠳᠡᠭᠡᠷ᠎ᠡ᠎ᠡᠴᠡ ᠲᠥᠯᠥᠭᠡᠯᠡᠭ᠌ᠴᠢ ᠡᠷᠢᠬᠦ᠌》 ᠲᠠᠪᠴᠠᠩ᠎ᠢ ᠭᠠᠷᠭᠠᠪᠠ᠃ 《ᠳᠥᠷᠪᠡᠨ ᠪᠠᠢᠭᠤᠯᠭ᠎ᠠ》 ᠶ᠋ᠢᠨ ᠪᠠᠢᠷᠢ ᠲᠣᠭ᠍ᠲᠠᠭᠠᠯᠲᠠ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《ᠶᠡᠬᠡ ᠪᠡᠷ ᠰᠤᠷᠤᠯᠴᠠᠬᠤ᠂ ᠭᠦᠨᠵᠡᠭᠡᠶ ᠪᠠᠢᠴᠠᠭᠠᠨ ᠰᠤᠳᠤᠯᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ᠂ ᠠᠷᠢᠭᠤᠨ ᠴᠢᠬᠡᠴᠢ ᠪᠠᠢᠬᠤ》 ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠤᠨ᠂ 《ᠲᠡᠷᠢᠭᠦᠨ᠎ᠦ ᠪᠠᠢᠭᠤᠯᠭ᠎ᠠ᠎ᠶ᠋ᠢ ᠡᠭᠦᠳᠦᠨ ᠪᠠᠢᠭᠤᠯᠬᠤ᠂ ᠲᠡᠷᠢᠭᠦᠨ᠎ᠦ ᠡᠩᠨᠡᠭᠡ᠎ᠶ᠋ᠢ ᠡᠭᠦᠳᠦᠨ ᠪᠠᠢᠭᠤᠯᠬᠤ᠂ ᠲᠡᠷᠢᠭᠦᠨ᠎ᠦ ᠠᠵᠢᠯ᠎ᠤᠨ ᠪᠦᠲᠦᠮᠵᠢ᠎ᠶ᠋ᠢ ᠡᠭᠦᠳᠬᠦ᠌》 ᠪᠠᠷ ᠬᠠᠷᠠᠯᠲᠠ ᠪᠣᠯᠭᠠᠵᠤ᠂ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠲᠦᠪᠰᠢᠨ ᠢ᠋ ᠤᠯᠠᠮ ᠳᠡᠭᠡᠭ᠌ᠰᠢᠯᠡᠭᠦᠯᠵᠠᠢ ᠭᠡᠪᠡ᠃

ᠵᠠᠩ ᠱᠤᠤ ᠴᠦᠨ᠂ ᠥᠩᠭᠡᠷᠡᠭ᠌ᠰᠡᠨ ᠨᠢᠭᠡ ᠵᠢᠯ᠎ᠦᠨ ᠪᠠᠢᠩᠭᠤ᠎ᠶ᠋ᠢᠨ ᠬᠤᠷᠢᠶ᠎ᠠ᠎ᠶᠢᠨ ᠣᠯᠤᠭ᠍ᠰᠠᠨ ᠠᠵᠢᠯ᠎ᠤᠨ ᠪᠦᠳᠦᠮᠵᠢ᠎ᠶ᠋ᠢᠨ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠠᠶᠠᠯᠠᠯ ᠵᠢᠯᠣᠭᠣᠳᠤᠨ ᠵᠠᠯᠠᠭᠤᠷ᠎ᠢ ᠠᠳᠭᠤᠭ᠍ᠰᠠᠨ᠎ᠳᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠡᠨᠡ ᠪᠣᠯ ᠪᠦᠬᠦ᠌ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠤᠷᠢᠶ᠎ᠠ᠎ᠶᠢᠨ ᠪᠦᠷᠢᠯᠳᠦᠬᠦᠨ᠂ ᠡᠯ᠎ᠡ ᠲᠤᠰᠭᠠᠢ ᠵᠥᠪᠯᠡᠯ᠎ᠦᠨ ᠪᠦᠷᠢᠯᠳᠦᠬᠦᠨ᠎ᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠯᠠᠪᠳᠠᠭᠤᠨ ᠪᠠᠲᠤᠲᠠᠢ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠣᠶᠠᠷ ᠬᠤᠷᠢᠶ᠎ᠠ》᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠥᠷᠭᠡᠨ ᠤᠯᠠᠨ ᠠᠷᠠᠳ ᠲᠦᠮᠡᠨ᠎ᠦ ᠬᠦᠴᠦᠲᠡᠢ ᠳᠡᠮᠵᠢᠭ᠌ᠰᠡᠨ᠎ᠦ ᠦᠷ᠎ᠡ ᠳ᠋ᠦᠩ ᠮᠥᠨ ᠭᠡᠪᠡ᠃

ᠵᠠᠩ ᠱᠤᠤ ᠴᠦᠨ᠂ 2026 ᠣᠨ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠤᠳᠤᠷᠢᠳᠤᠯᠭ᠎ᠠ ᠳᠤᠤᠷ᠎ᠠ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ ᠵᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠡᠯ᠎ᠡ ᠵᠦᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠤᠭᠤᠰᠢᠯᠠᠭᠤᠯᠤᠨ ᠬᠡᠷᠡᠭ᠌ᠵᠢᠭᠦᠯᠬᠦ᠌ ᠪᠠ ᠥᠭᠡᠷᠡᠴᠢᠯᠡᠯᠲᠡ ᠬᠥᠭ᠌ᠵᠢᠯᠳᠡ ᠲᠣᠭ᠍ᠲᠠᠭᠤᠨ ᠳ᠋ᠦ ᠪᠠᠴᠢᠮ ᠬᠡᠷᠡᠭ᠌ᠰᠡᠬᠦ᠌ ᠬᠠᠤᠯᠢ ᠲᠣᠭ᠍ᠲᠠᠭᠠᠯᠲᠠ᠎ᠶ᠋ᠢ ᠤᠷᠢᠳ ᠵᠢᠡᠷ ᠪᠠᠲᠤᠯᠠᠵᠤ᠂ ᠪᠥᠬᠥ᠌ ᠵᠢᠯ᠎ᠳᠦ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠦᠷᠢᠮ᠎ᠢ ᠲᠣᠬᠢᠷᠠᠭᠤᠯᠤᠨ ᠲᠣᠭ᠍ᠲᠠᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠦᠷᠢᠮ ᠵᠡᠷᠭᠡ ᠬᠠᠤᠯᠢ ᠲᠣᠭ᠍ᠲᠠᠭᠠᠬᠤ ᠠᠵᠢᠯ᠎ᠤᠨ 36 ᠵᠦᠢᠯ᠎ᠳᠦ ᠵᠠᠰᠠᠪᠤᠷᠢ ᠣᠷᠣᠭᠤᠯᠤᠨ᠎ᠠ᠃ ᠴᠢᠬᠤᠯᠠ ᠶᠡᠬᠡ ᠠᠵᠢᠯ᠂ ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠦᠨ ᠵᠦᠶ᠋ᠯᠡᠰ᠎ᠲᠦ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠳᠠᠯ᠎ᠡ ᠪᠡᠷ ᠪᠦᠳᠦᠭᠡᠨ ᠪᠠᠢᠭᠤᠯᠬᠤ 6 ᠢᠵᠢ ᠠᠬᠢᠭᠤᠯᠬᠤ ᠲᠦᠷᠢᠮ᠎ᠦᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠵᠡᠷᠭᠡ 48 ᠵᠦᠶ᠋ᠯ᠎ᠦᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠵᠦ᠍᠂ ᠲᠥᠯᠥᠭᠡᠯᠡᠭ᠌ᠴᠢ᠎ᠶ᠋ᠢᠨ ᠠᠵᠢᠯ᠎ᠢ 16 ᠵᠦᠶ᠋ᠯ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠠᠪᠤᠳᠤᠭᠠᠷ ᠳᠠᠪᠤᠨ ᠵᠢᠯ》᠎ᠢ᠋ ᠰᠠᠢᠳᠤᠷ ᠡᠬᠢᠯᠡᠬᠦᠯᠬᠦ᠎ᠳᠦ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠳᠠᠷᠤᠭ᠎ᠠ ᠶᠠᠩ ᠽᠦᠩ ᠷᠧᠨ ᠶᠡᠬᠡ ᠬᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶᠠᠨ᠎ᠤ ᠠᠵᠢᠯ᠎ᠤᠨ ᠮᠡᠳᠡᠭᠦᠯᠦᠯᠲᠡ ᠬᠢᠪᠡ᠃ ᠲᠡᠷᠡ᠂ 2025 ᠣᠨ᠎ᠳᠤ ᠪᠦᠬᠦ᠌ ᠣᠷᠣᠨ᠎ᠤ ᠱᠢᠭᠦᠬᠦ᠌ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠨ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠢᠭᠤᠯᠬᠤ᠎ᠶ᠋ᠢᠨ ᠲᠣᠭᠣᠷᠢᠨ᠎ᠳᠤ ᠲᠤᠱᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠵᠤ᠂ 《ᠳᠥᠷᠪᠡᠨ ᠵᠦᠶ᠋ᠯ᠎ᠦᠨ ᠢᠨᠵᠧᠨᠧᠷᠢᠩ》 ᠢ᠋ᠢᠡᠷ ᠵᠢᠯᠣᠭᠣᠳᠤᠮᠵᠢ ᠪᠣᠯᠭᠠᠵᠤ ᠱᠢᠨ᠎ᠡ ᠴᠠᠭ ᠦᠶ᠎ᠡ᠎ᠶ᠋ᠢᠨ ᠱᠢᠭᠦᠨ ᠲᠠᠰᠤᠯᠬᠤ ᠠᠵᠢᠯ᠎ᠢ ᠴᠢᠩᠭᠠᠳᠭᠠᠵᠤ᠂ ᠥᠪᠥᠷ ᠮᠣᠩᠭᠣᠯ᠎ᠤᠨ ᠣᠳᠣᠬᠢᠴᠢᠯᠠᠠᠯᠳᠠ ᠵᠢᠨ ᠪᠦᠲᠦᠭᠡᠨ ᠪᠠᠢᠭᠤᠯᠤᠯᠲᠠ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠪᠠ᠃ ᠨᠢᠭᠡ ᠵᠢᠯ᠎ᠦᠨ ᠲᠤᠷᠰᠢ᠂ ᠪᠥᠬᠥ᠌ ᠣᠷᠣᠨ᠎ᠤ ᠱᠢᠭᠦᠬᠦ᠌ ᠬᠣᠷᠢᠶ᠎ᠠ ᠨᠡᠢᠲᠡ 123.3 ᠲᠦᠮᠡᠨ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ 116.4 ᠲᠦᠮᠡᠨ ᠬᠡᠷᠡᠭ᠎ᠢ ᠰᠢᠢᠳᠪᠦᠷᠢᠯᠡᠵᠦ ᠳᠠᠭᠤᠰᠭᠠᠵᠠᠶ ᠭᠡᠵᠦ ᠬᠡᠯᠡᠪᠡ᠃

ᠶᠠᠩ ᠽᠦᠩ ᠷᠧᠨ 6 ᠲᠠᠯ᠎ᠠ᠎ᠪᠠᠷ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠡᠷᠭᠢᠴᠡᠭᠦᠯᠪᠡ᠄ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ᠎ᠶ᠋ᠢ ᠪᠠᠷᠢᠮᠲᠠᠯᠠᠵᠤ᠂ ᠨᠡᠩ ᠥᠨᠳᠥᠷ ᠲᠦᠪᠱᠢᠨ ᠪᠦᠬᠦᠢ ᠠᠮᠤᠭᠤᠯᠠᠩᠲᠦ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠶ᠋ᠢ ᠠᠬᠢᠭᠤᠯᠪᠠ; ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠪᠠᠲᠤᠯᠠᠭ᠎ᠠ᠎ᠶ᠋ᠢ ᠴᠢᠩᠭᠠᠳᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠠᠤᠯᠢ ᠴᠠᠭᠠᠵᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠠᠭᠠᠯᠠᠪᠠ; ᠠᠷᠠᠳ᠎ᠤᠨ ᠵᠣᠪᠠᠭᠤᠷᠢ᠎ᠶ᠋ᠢ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ 《ᠥᠪᠡᠷ᠎ᠢᠶᠡᠨ ᠵᠠᠭᠠᠯᠳᠤᠯᠭ᠎ᠠ ᠬᠢᠵᠦ ᠪᠠᠢᠭ᠎ᠠ ᠮᠡᠲᠦ》 ᠪᠡᠷ ᠤᠯᠠᠨ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠪᠡ; 《ᠠᠰᠠᠭᠤᠳᠠᠯ᠎ᠢ ᠡᠬᠢ ᠡᠭᠦᠰᠦᠯ᠎ᠡᠴᠡ ᠨᠢ ᠰᠡᠷᠭᠡᠢᠯᠡᠨ ᠠᠷᠢᠯᠭᠠᠬᠤ》᠎ᠶ᠋ᠢ ᠪᠠᠷᠢᠮᠲᠠᠯᠠᠵᠤ᠂ ᠨᠡᠢᠭᠡᠮ᠎ᠦᠨ ᠵᠠᠰᠠᠯᠲᠠ᠎ᠳᠤ ᠢᠳᠡᠪᠬᠢᠲᠡᠢ ᠣᠷᠣᠯᠴᠠᠬᠤ ᠵᠢᠨ ᠬᠠᠮᠳᠤ ᠬᠠᠪᠰᠤᠷᠤᠨ ᠠᠬᠢᠭᠤᠯᠪᠠ; ᠬᠠᠮᠢᠶᠠᠷᠤᠯᠲᠠ᠎ᠶ᠋ᠢ ᠠᠳᠭᠤᠵᠤ᠂ ᠡᠩᠨᠡᠭᠡ᠎ᠶ᠋ᠢ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠤ᠂ ᠱᠢᠭᠦᠨ ᠲᠠᠰᠤᠯᠬᠤ ᠠᠵᠢᠯ᠎ᠢ ᠴᠢᠩᠭᠠᠳᠭᠠᠬᠤ᠎ᠳᠤ ᠲᠤᠯᠭᠠᠭᠤᠷᠢ ᠪᠠᠲᠤᠯᠠᠭ᠎ᠠ ᠬᠠᠩᠭᠠᠪᠠ; ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠰᠠᠨᠠᠭᠠᠴᠢᠯᠠᠭ᠎ᠠ᠎ᠡᠴᠡ᠎ᠪᠠᠨ ᠬᠢᠨᠠᠯᠲᠠ᠎ᠶ᠋ᠢ ᠬᠦᠯᠢᠶᠡᠵᠦ ᠠᠵᠢᠯ᠎ᠢᠶᠠᠨ ᠴᠢᠩᠭᠠᠳᠭᠠᠨ ᠰᠠᠢᠵᠢᠷᠠᠭᠤᠯᠪᠠ᠃

ᠶᠠᠩ ᠽᠦᠩ ᠷᠧᠨ᠂ 2026 ᠣᠨ᠎ᠳᠤ ᠪᠦᠬᠦ᠌ ᠣᠷᠣᠨ᠎ᠤ ᠱᠢᠭᠦᠬᠦ᠌ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠦᠨ ᠬᠠᠤᠯᠢ᠎ᠪᠡᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《1571》ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ ᠱᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠤᠨ᠂ ᠦᠷᠭᠦᠯᠵᠢᠯᠡᠨ ᠪᠣᠳᠠᠲᠠᠶ ᠠᠳᠭᠤᠵᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠂ ᠬᠠᠤᠯᠢ ᠴᠠᠭᠠᠵᠠ᠎ᠶ᠋ᠢᠨ ᠬᠡᠷᠡᠭ ᠪᠣᠯᠭᠠᠨ᠎ᠳᠤ ᠠᠷᠠᠳ ᠣᠯᠠᠨ᠎ᠳᠤ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠵᠦ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠠᠤᠯᠢ ᠪᠠᠷᠢᠬᠤ ᠬᠦᠴᠦᠲᠡᠢ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠶᠡᠬᠡ ᠬᠤᠷᠠᠯ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠠ᠃ ᠲᠡᠷᠡ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠰᠠᠨ ᠵᠢᠯ ᠪᠣᠯᠤᠨ᠎ᠠ᠂ ᠪᠠᠰᠠ ᠴᠤ᠌ ᠪᠥᠬᠥ᠌ ᠣᠷᠣᠨ᠎ᠤ ᠪᠠᠢᠴᠠᠭᠠᠬᠤ ᠠᠵᠢᠯ᠎ᠤᠨ 《ᠭᠤᠷᠪᠠᠨ ᠵᠢᠯ᠎ᠳᠦ ᠨᠢᠭᠡ ᠶᠡᠬᠡ ᠬᠤᠪᠢᠷᠠᠯᠲᠠ ᠭᠠᠷᠭᠠᠬᠤ》 ᠬᠠᠷᠠᠯᠲᠠ᠎ᠶ᠋ᠢ ᠪᠡᠶᠡᠯᠡᠭᠦᠯᠬᠦ᠌ ᠵᠢᠯ ᠪᠣᠯᠤᠨ᠎ᠠ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠠᠲᠤ ᠡᠵᠡᠮᠳᠡᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠶ᠋ᠢᠨ ᠪᠦᠲᠦᠭᠡᠨ ᠪᠠᠢᠭᠤᠯᠤᠯᠲᠠ ᠳ᠋ᠦ᠍ ᠪᠦᠬᠦ᠌ ᠬᠦᠴᠦᠨ᠎ᠢᠶᠡᠷ᠎ᠢᠶᠡᠨ ᠦᠢᠯᠡᠴᠢᠯᠡᠵᠦ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠂ ᠬᠡᠷᠡᠭ ᠪᠣᠯᠭᠠᠨ᠎ᠢ ᠥᠨᠳᠥᠷ ᠪᠦᠲᠦᠮᠵᠢᠲᠡᠶ ᠰᠠᠢᠲᠤᠷ ᠬᠢᠵᠦ᠂ ᠦᠷᠭᠦᠯᠵᠢᠯᠡᠨ ᠴᠤᠭ ᠰᠦᠯᠳᠡ᠎ᠪᠡᠨ ᠪᠠᠳᠠᠷᠠᠭᠤᠯᠬᠤ᠂ ᠠᠵᠢᠯ᠎ᠤᠨ ᠪᠦᠲᠦᠮᠵᠢ᠎ᠶ᠋ᠢ ᠳᠡᠭᠡᠭ᠌ᠰᠢᠯᠡᠭᠦᠯᠵᠦ᠂ ᠴᠢᠳᠠᠪᠤᠷᠢ᠎ᠪᠠᠨ ᠳᠡᠭᠡᠭ᠌ᠰᠢᠯᠡᠭᠦᠯᠵᠦ᠂ ᠤᠬᠠᠮᠰᠠᠷ᠎ᠡᠴᠡ᠎ᠪᠠᠨ ᠶᠡᠬᠡ ᠲᠠᠯ᠎ᠠ᠎ᠳᠤ ᠦᠢᠯᠡᠴᠢᠯᠡᠵᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳᠤᠮᠳᠠ ᠪᠠᠢᠴᠠᠭᠠᠬᠤ ᠠᠵᠢᠯ᠎ᠤᠨ ᠱᠢᠨ᠎ᠡ ᠠᠮᠵᠢᠯᠲᠠ ᠪᠦᠲᠦᠮᠵᠢ᠎ᠶ᠋ᠢ ᠢᠯᠡᠷᠡᠭᠦᠯᠪᠡ ᠭᠡᠵᠦ ᠬᠡᠯᠡᠪᠡ᠃

ᠯᠢ ᠶᠦᠩ ᠵᠢᠶᠦ᠋ᠨ 4 ᠲᠠᠯ᠎ᠠ᠎ᠪᠠᠷ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠡᠷᠭᠢᠴᠡᠭᠦᠯᠪᠡ᠄ ᠶᠡᠬᠡ ᠲᠠᠯ᠎ᠠ᠎ᠳᠤ ᠦᠢᠯᠡᠴᠢᠯᠡᠵᠦ᠍᠂ ᠥᠨᠳᠥᠷ ᠲᠦᠪᠱᠢᠨ ᠪᠦᠬᠦᠢ ᠠᠮᠤᠷ ᠲᠦᠪᠱᠢᠨ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠪᠠ; ᠠᠷᠠᠳ᠎ᠤᠨ ᠲᠥᠯᠥᠭᠡ ᠬᠠᠤᠯᠢ ᠪᠠᠷᠢᠵᠤ᠂ ᠠᠷᠠᠳ᠎ᠤᠨ ᠲᠥᠯᠥᠭᠡ ᠪᠠᠢᠴᠠᠭᠠᠬᠤ ᠪᠣᠳᠠᠲᠤ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠪᠡ; ᠬᠠᠤᠯᠢ᠎ᠪᠠᠷ ᠵᠠᠰᠠᠬᠤ ᠡᠭᠦᠷᠭᠡᠯᠡᠯ᠂ ᠦᠨᠳᠦᠷ ᠪᠦᠲᠦᠮᠵᠢᠲᠠᠶ ᠬᠡᠷᠡᠭ ᠱᠢᠶ᠋ᠳᠪᠦᠷᠢᠯᠡᠯᠳᠡ ᠪᠡᠷ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠪᠠ; ᠬᠥᠭ᠌ᠵᠢᠯᠲᠡ᠎ᠳᠦ ᠬᠦᠴᠦᠨ ᠣᠯᠭᠣᠵᠤ᠂ ᠪᠠᠳᠤ ᠴᠢᠩᠭ᠎ᠠ ᠪᠠᠢᠴᠠᠭᠠᠬᠤ ᠡᠩᠨᠡᠭᠡ᠎ᠶ᠋ᠢ ᠶᠡᠬᠡ᠎ᠪᠡᠷ ᠳᠠᠪᠲᠠᠨ ᠪᠣᠯᠪᠠᠰᠤᠷᠠᠭᠤᠯᠪᠠ᠃

ᠯᠢ ᠶᠦᠩ ᠵᠢᠶᠦ᠋ᠨ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢᠨ ᠥᠪᠥᠷ ᠮᠣᠩᠭᠣᠯ᠎ᠤᠨ ᠪᠠᠢᠴᠠᠭᠠᠬᠤ ᠦᠢᠯᠡᠳᠦᠯᠭᠡ᠎ᠳ᠋ᠤ ᠨᠡᠩ ᠶᠡᠬᠡ ᠦᠷ᠎ᠡ ᠪᠦᠲᠦᠮᠵᠢ ᠤᠯᠬᠤ᠎ᠶ᠋ᠢ ᠠᠬᠢᠭᠤᠯᠬᠤ ᠬᠡᠷᠡᠭᠳᠡᠢ ᠭᠡᠵᠦ ᠬᠡᠯᠡᠪᠡ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ᠎ᠶ᠋ᠢ ᠪᠠᠲᠤᠯᠠᠪᠠ᠃

ᠬᠠᠤᠯᠢ᠎ᠳᠤ ᠲᠣᠭ᠍ᠲᠠᠭᠠᠭ᠍ᠰᠠᠨ ᠰᠤᠯᠠ ᠣᠷᠣᠯᠴᠠᠭ᠍ᠰᠠᠳ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠣᠷᠢᠨ ᠳᠥᠷᠪᠡᠳᠦᠭᠡᠷ ᠬᠤᠷᠠᠯ᠎ᠡᠴᠡ ᠲᠣᠭ᠍ᠲᠠᠭᠠᠭ᠍ᠰᠠᠨ ᠰᠤᠯᠠ ᠣᠷᠣᠯᠴᠠᠭ᠍ᠰᠠᠳ ᠪᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠭᠡᠱᠢᠭᠦᠳ ᠲᠣᠰ ᠤᠳᠠᠭ᠎ᠠ᠎ᠶ᠋ᠢᠨ ᠬᠤᠷᠠᠯ᠎ᠳᠤ ᠰᠤᠯᠠ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号