2 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

2 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠬᠢᠨᠠᠨ ᠵᠥᠪᠯᠡᠬᠦ᠌ ᠠᠬᠤᠢ ᠲᠠᠯᠠᠪᠠᠢ ᠬᠦᠷ ᠬᠥᠭ᠌ᠵᠢᠶᠡᠨ᠎ᠢᠶᠡᠷ ᠪᠢᠯᠬᠠᠵᠤ᠂ ᠸᠠᠩ ᠸᠠᠩ ᠱᠧᠩ᠂ ᠭᠤᠸᠠᠨ ᠵᠢᠶᠠᠨ᠂ ᠵᠠᠩ ᠯᠢᠶᠠᠩ᠂ ᠵᠢᠶᠠᠩ ᠢᠦᠢ ᠭᠦᠸᠧ᠂ ᠢᠦᠢ ᠸᠧᠢ ᠳ᠋ᠦᠩ᠂ ᠵᠢᠢ ᠶᠦᠩ ᠴᠢᠶᠠᠨ᠂ ᠮᠸᠩ ᠳ᠋ᠠ ᠶᠢᠩ᠂ ᠵᠠᠩ ᠲᠢᠩ᠂ ᠲᠤᠯᠢ᠂ ᠬᠤᠸᠠᠩ ᠱᠢᠤ ᠯᠢᠶᠠᠨ᠂ ᠳᠠᠮᠳᠢᠨᠰᠦ᠋ᠷᠦᠩ᠂ ᠭᠠᠷᠤᠳᠢ᠂ ᠬᠥᠬᠡ᠂ ᠳ᠋ᠠᠢ ᠴᠢ᠂ ᠪᠠᠢ ᡁᠢ ᠵᠢᠶᠦ᠋ᠨ ᠵᠡᠷᠭᠡ ᠲᠥᠯᠥᠭᠡᠯᠡᠭ᠌ᠴᠢ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠢᠳᠡᠪᠬᠢᠲᠡᠢ ᠪᠡᠷ ᠦᠭᠡ ᠬᠡᠯᠡᠵᠦ᠍᠂ ᠸᠠᠩ ᠸᠧᠢ ᠵᠦᠩ ᠤᠯᠠᠨ᠎ᠲᠠᠶ ᠰᠠᠨᠠᠯ᠎ᠢᠶᠠᠨ ᠭᠦᠨᠵᠡᠭᠡᠢ ᠰᠣᠯᠢᠯᠴᠠᠪᠠ᠃ ᠤᠯᠠᠨ ᠤ᠋ ᠬᠡᠯᠡᠬᠦ ᠵᠢ ᠰᠤᠨᠤᠰᠤᠬᠰᠡᠨ ᠤ᠋ ᠲᠠᠷᠠᠭ᠎ᠠ᠂ ᠲᠡᠷᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠱᠢᠭᠦᠬᠦ᠌ ᠬᠣᠷᠢᠶ᠎ᠠ᠂ ᠪᠠᠢᠴᠠᠭᠠᠬᠤ ᠬᠣᠷᠢᠶ᠎ᠠ᠎ᠶ᠋ᠢᠨ ᠠᠵᠢᠯ᠎ᠤᠨ ᠮᠡᠳᠡᠭᠦᠯᠦᠯᠲᠡ᠎ᠶ᠋ᠢ ᠪᠦᠷᠢᠮᠦᠰᠦᠨ ᠵᠥᠪᠱᠢᠶᠡᠷᠡᠵᠤ ᠪᠠᠢᠨ᠎ᠠ ᠭᠡᠵᠤ ᠢᠯᠡᠳᠭᠡᠪᠡ᠃
ᠸᠠᠩ ᠸᠧᠶ ᠵᠥᠩ᠂ ᠬᠥᠯᠥᠨ ᠪᠣᠢᠷ ᠬᠣᠲᠠ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠶ᠋ᠯ᠎ᠦᠨ ᠡᠭᠦᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ 《ᠠᠷᠪᠠᠨ ᠳᠥᠷᠪᠡᠳᠦᠭᠡᠷ ᠲᠠᠪᠤᠨ ᠵᠢᠯ》 ᠢ᠋ ᠲᠡᠭᠦᠰ ᠠᠮᠵᠢᠯᠲᠠ᠎ᠲᠠᠶ ᠰᠡᠭᠦᠯ ᠬᠤᠷᠢᠶᠠᠪᠠ᠃ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠬᠥᠯᠥᠨ ᠪᠣᠢᠷ ᠬᠣᠲᠠ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠳᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠪᠠᠲᠤ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠬᠤ ᠵᠢ ᠪᠠᠳᠤ ᠡᠵᠡᠮᠳᠡᠵᠤ᠂ ᠠᠵᠢᠯ᠎ᠤᠨ ᠭᠠᠷᠳᠠᠬᠤ ᠴᠡᠭ᠎ᠢᠶᠡᠨ ᠣᠨᠣᠪᠴᠢᠲᠠᠶ ᠣᠯᠵᠤ᠂ ᠤᠨᠤᠴᠠᠳᠠᠢ ᠪᠡᠷ ᠬᠦᠴᠦᠯᠡᠨ᠂ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠳᠭᠤᠵᠤ᠂ ᠡᠯ᠎ᠡ ᠵᠦᠶ᠋ᠯ᠎ᠦᠨ ᠠᠵᠢᠯ᠎ᠢᠶᠠᠨ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠭᠣᠣᠯ ᠱᠤᠭᠤᠮ᠎ᠤᠨ ᠱᠠᠭᠠᠷᠳᠠᠯᠭ᠎ᠠ᠎ᠶ᠋ᠢ 《ᠵᠢᠷᠭᠤᠭᠠᠨ ᠶᠡᠬᠡ ᠪᠠᠢᠭᠤᠯᠤᠯᠲᠠ》 ᠵᠡᠷᠭᠡ ᠡᠯ᠎ᠡ ᠵᠦᠢᠯ᠎ᠦᠨ ᠠᠵᠢᠯ᠎ᠳᠤ ᠦᠨᠡᠨ ᠬᠦ᠌ ᠪᠣᠳᠠᠲᠠᠢ ᠭᠦᠨᠵᠡᠭᠡᠢ ᠨᠠᠢᠳᠠᠪᠤᠷᠢᠵᠢᠭᠤᠯᠵᠤ᠂ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠬᠤᠪᠢᠰᠭᠠᠯ᠎ᠤᠨ ᠰᠣᠶᠣᠯ᠎ᠤᠨ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠳᠡᠯᠭᠡᠷᠡᠭᠦᠯᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠦᠳᠦᠯᠥᠨ ᠳᠠᠭᠠᠭᠤᠯᠵᠤ ᠪᠠᠢᠭᠠᠳ《ᠲᠦᠷᠪᠡᠨᠬᠠᠮᠳᠤᠳᠬᠠᠬᠤ᠌》 ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ 《ᠲᠠᠪᠤᠨ ᠬᠠᠮᠲᠤ᠎ᠶ᠋ᠢᠨ ᠲᠠᠨᠢᠯᠲᠠ》 ᠶ᠋ᠢ ᠲᠠᠰᠤᠷᠠᠯᠲᠠ ᠥᠬᠡᠶ ᠨᠡᠮᠡᠭ᠌ᠳᠡᠭᠦᠯᠬᠦ ᠬᠡᠷᠡᠭᠲᠡᠢ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ᠎ᠶ᠋ᠢ ᠲᠣᠪᠣᠢᠮ᠎ᠠ ᠪᠠᠢᠷᠢᠨ᠎ᠳᠤ ᠲᠠᠯᠪᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠨᠤᠲᠤᠭ ᠪᠡᠯᠴᠢᠭᠡᠷ ᠣᠶ ᠱᠢᠭᠤᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠥᠯᠥᠨ ᠨᠠᠭᠤᠷ᠎ᠤᠨ ᠰᠠᠪᠠ ᠭᠠᠵᠠᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠶ ᠠᠬᠢᠭᠤᠯᠵᠤ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠥᠨᠳᠥᠷ ᠪᠠᠷᠢᠮᠵᠢᠶ᠎ᠠ᠎ᠪᠠᠷ ᠰᠠᠢᠲᠤᠷ ᠪᠥᠲᠥᠭᠡᠨ ᠪᠠᠢᠭᠤᠯᠬᠤ ᠬᠡᠷᠡᠭ᠌ᠲᠡᠶ᠃ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍᠂ ᠮᠠᠯ ᠠᠵᠤ ᠠᠬᠤᠢ ᠲᠠᠷᠢᠶᠠᠯᠠᠩ᠎ᠤᠨ ᠪᠦᠬᠦ᠌ ᠬᠡᠯᠬᠢᠶᠡᠨ᠎ᠦ ᠬᠥᠭ᠌ᠵᠢᠯᠲᠡ᠎ᠶ᠋ᠢ ᠲᠦᠷᠭᠡᠳᠭᠡᠵᠦ᠍᠂ ᠪᠦᠬᠦ᠌ ᠣᠷᠣᠨ ᠪᠦᠰᠡ ᠪᠦᠬᠦ᠌ ᠤᠯᠠᠷᠢᠯ᠎ᠤᠨ ᠵᠢᠭᠤᠯᠴᠢᠯᠠᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠥᠩᠭᠡᠲᠦ ᠲᠡᠮᠦᠷᠯᠢᠭ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠦᠢᠳᠡᠨ᠎ᠳᠦ ᠲᠡᠰᠪᠦᠷᠢᠲᠡᠢ ᠪᠠᠢᠬᠤ ᠵᠢ ᠬᠡᠮᠵᠢᠨ ᠱᠢᠯᠭᠠᠬᠤ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠬᠡᠷᠡᠭ᠌ᠲᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ᠂ ᠲᠠᠷᠢᠮᠠᠯ᠎ᠤᠨ ᠤᠨᠠᠯᠲᠠ᠎ᠶ᠋ᠢ ᠨᠡᠮᠡᠭ᠌ᠳᠡᠭᠦᠯᠬᠦ᠌᠂ ᠲᠡᠵᠢᠭᠡᠯ ᠡᠪᠡᠰᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠮᠠᠯ᠎ᠤᠨ ᠡᠭᠦᠯᠳᠡᠷ᠎ᠢ ᠰᠠᠢᠵᠢᠷᠠᠭᠤᠯᠬᠤ ᠵᠡᠷᠭᠡ ᠬᠦᠷᠢᠶᠡᠨ᠎ᠳᠡᠬᠢ ᠪᠣᠭᠣᠮᠲᠠ ᠱᠢᠪᠲᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠣᠨᠳᠣᠣᠱᠢᠭᠤᠯᠤᠨ ᠬᠡᠷᠡᠭ᠌ᠯᠡᠬᠦ᠌᠎ᠶ᠋ᠢ ᠲᠦᠷᠭᠡᠳᠭᠡᠬᠦ᠌ ᠬᠡᠷᠡᠭ᠌ᠲᠡᠢ᠃ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠭᠦᠨᠵᠡᠭᠡᠶ ᠠᠭᠤᠰᠤᠯᠴᠠᠵᠤ᠂ ᠡᠯ᠎ᠡ ᠲᠥᠷᠥᠯ᠎ᠦᠨ ᠨᠡᠭᠡᠭᠡᠯᠲᠡ ᠬᠢᠬᠦ᠌ ᠲᠠᠪᠴᠠᠩ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠎ᠢ ᠪᠣᠳᠠᠲᠠᠢᠵᠢᠭᠤᠯᠤᠨ ᠡᠳ᠋ᠱᠢᠭᠦᠯᠬᠦ᠌᠎ᠶ᠋ᠢ ᠶᠡᠬᠡᠪᠡᠷ ᠬᠥᠭ᠌ᠵᠢᠭᠦᠯᠬᠦ᠌ ᠬᠡᠷᠡᠭ᠌ᠲᠡᠶ᠃ ᠴᠠᠭᠠᠨ ᠰᠠᠷ᠎ᠠ ᠣᠢᠷᠠᠲᠤᠬᠤᠶᠠ᠂ ᠪᠠᠶᠠᠷ᠎ᠤᠨ ᠡᠳᠦᠷ᠎ᠦᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠵᠦ᠍᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠰᠠᠢᠲᠤᠷ ᠪᠠᠲᠤᠯᠠᠵᠤ᠂ ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠵᠤ᠂ ᠴᠠᠭ ᠢᠮᠠᠭ᠍ᠲᠠ ᠰᠡᠨᠠᠭ᠎ᠠ ᠠᠮᠤᠷ ᠦᠭᠡᠢ ᠪᠠᠢᠬᠤ ᠬᠠᠷᠢᠭᠤᠴᠠᠯᠭᠠᠲᠤ ᠰᠡᠳᠭᠢᠯᠭᠡ᠎ᠪᠡᠷ ᠠᠶᠤᠯᠭᠦᠶ ᠦᠶ᠋ᠯᠡᠳᠪᠦᠷᠢᠯᠡᠯ᠎ᠢ ᠰᠠᠢᠲᠤᠷ ᠠᠳᠭᠤᠵᠤ᠂ ᠠᠷᠠᠳ ᠣᠯᠠᠨ᠎ᠤ ᠪᠠᠶᠠᠷ ᠬᠥᠷ᠎ᠲᠡᠶ ᠦᠯᠵᠡᠢ ᠪᠡᠯᠭᠡ ᠲᠠᠢ ᠪᠡᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃
ᠸᠠᠩ ᠸᠧᠢ ᠵᠦᠩ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠭᠡᠱᠢᠭᠦᠨ ᠤᠳᠤᠷᠢᠳᠭᠤ ᠺᠠᠳ᠋ᠷ᠎ᠤᠨ ᠨᠠᠮ᠎ᠢ ᠬᠠᠮᠢᠶᠠᠷᠴᠤ᠌ ᠨᠠᠮ᠎ᠢ ᠵᠠᠰᠠᠬᠤ 《ᠨᠢᠭᠡ ᠠᠵᠢᠯ᠎ᠤᠨ ᠪᠠᠢᠷᠢ ᠳ᠋ᠤ ᠬᠤᠤᠰ ᠬᠠᠷᠢᠭᠤᠴᠠᠯᠭ᠎ᠠ ᠡᠭᠦᠷᠭᠡᠯᠡᠬᠦ》 ᠵᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠵᠦ᠍᠂ ᠬᠠᠷᠢᠶᠠᠯᠠᠯ᠎ᠢᠶᠠᠨ ᠴᠢᠩᠭ᠎ᠠ ᠬᠠᠮᠢᠶᠠᠷᠬᠤ ᠬᠡᠷᠡᠭ᠌ᠲᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠶ᠋ᠢ ᠬᠦᠳᠦᠯᠦᠨ ᠵᠢᠯᠣᠭᠣᠳᠭᠤ ᠬᠡᠷᠡᠭ᠌ᠲᠡᠢ᠃ ᠰᠤᠷᠲᠠᠯ ᠢᠯᠵᠢᠷᠡᠯ᠎ᠢ ᠪᠠᠢᠴᠠᠭᠠᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ 《ᠢᠯᠵᠢᠷᠡᠬᠦ᠌ᠡᠴᠡ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠯ᠎ᠢ ᠪᠤᠳᠤᠬᠤ ᠦᠬᠡᠢ》 ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠠᠢ᠌ᠨ ᠰᠠᠢᠬᠠᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢᠶᠠᠷ ᠲᠡᠷᠢᠭᠦᠨ ᠵᠡᠷᠭᠡ᠎ᠶ᠋ᠢᠨ ᠬᠥᠭ᠌ᠵᠢᠯᠲᠡ᠎ᠶ᠋ᠢᠨ ᠣᠷᠴᠢᠨ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠸᠠᠩ ᡁᠢ ᠴᠢᠶᠠᠩ᠂ ᠢᠦᠶ ᠯᠢ ᠱᠢᠨ᠂ ᠰᠦᠨ ᠵᠢᠶᠦ᠋ᠨ ᠴᠢᠩ ᠬᠢᠨᠠᠨ ᠵᠥᠪᠯᠡᠬᠦ᠌᠎ᠳᠦ ᠣᠷᠣᠯᠴᠠᠵᠠᠢ᠃