— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠳᠤᠮᠳᠠ ᠴᠢᠨᠭᠭ᠎ᠠ ᠲᠤᠰᠭᠠᠯ ᠭᠠᠷᠪᠠ
ᠣᠢᠷ᠎ᠠ᠎ᠶ᠋ᠢᠨ ᠡᠳᠦᠷ᠂ ᠮᠠᠨ᠎ᠤ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠣᠯᠠᠨ ᠵᠦᠶ᠋ᠯ᠎ᠦᠨ ᠬᠡᠯᠪᠡᠷᠢ᠎ᠪᠡᠷ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠦᠪᠡᠳᠡᠭ᠌ᠰᠢ ᠪᠠᠢᠳᠠᠯ᠎ᠢ ᠲᠤᠢᠯ ᠵᠢᠡᠷ ᠠᠩᠬᠠᠷᠴᠤ᠌ ᠪᠠᠢᠨ᠎ᠠ᠃ ᠬᠤᠷᠠᠯ᠎ᠡᠴᠡ ᠲᠠᠮᠵᠢᠭᠤᠯᠤᠬᠰᠡᠨ ᠠᠷᠠᠳ᠎ᠲᠤ ᠠᠱᠢᠭ ᠬᠦᠷᠲᠡᠭᠡᠬᠦ᠌ ᠠᠯᠢ ᠣᠯᠠᠨ ᠳᠣᠬᠢᠶ᠎ᠠ᠂ ᠠᠷᠠᠳ᠎ᠤᠨ ᠠᠮᠢᠳᠤᠷᠠᠯ᠎ᠤᠨ ᠲᠤᠬᠠᠶ ᠪᠠᠢᠷᠢᠯᠠᠭᠤᠯᠤᠯᠲᠠ ᠨᠢ ᠴᠥᠮ ᠦᠨᠳᠦᠰᠦᠨ ᠱᠠᠲᠤᠨ᠎ᠳᠤ ᠴᠢᠩᠭ᠎ᠠ ᠲᠤᠰᠭᠠᠯ ᠭᠠᠷᠴᠠᠢ᠃ ᠣᠯᠠᠨ᠎ᠢᠶᠠᠷ᠎ᠢᠶᠠᠨ᠂ ᠢᠯᠡᠳᠭᠡᠯ ᠤᠨ ᠠᠭᠤᠯᠭ᠎ᠠ᠎ᠨᠢ ᠪᠣᠳᠠᠲᠠᠶ᠎ᠶ᠋ᠢ ᠡᠷᠬᠢᠮᠯᠡᠨ ᠰᠡᠳᠭᠢᠯ᠎ᠢ ᠳᠤᠯᠠᠭᠠᠴᠠᠭᠤᠯᠵᠤ᠂ ᠠᠷᠭ᠎ᠠ ᠬᠡᠮᠵᠢᠶ᠎ᠡ᠎ᠨᠢ ᠤᠨᠤᠴᠠᠳᠠᠢ ᠪᠥᠭᠡᠳ ᠬᠦᠴᠦᠲᠡᠶ ᠪᠠᠢᠵᠤ᠂ ᠬᠤᠷᠠᠯ ᠡᠴᠡ ᠵᠢᠷᠤᠭ᠍ᠯᠠᠭ᠍ᠰᠠᠨ ᠠᠷᠠᠳ᠎ᠤᠨ ᠠᠮᠢᠳᠤᠷᠠᠯ᠎ᠤᠨ ᠱᠢᠨ᠎ᠡ ᠵᠢᠷᠤᠭ ᠲᠦᠰᠦᠪ ᠨᠢ ᠬᠥᠮᠦᠰ᠎ᠢ ᠲᠤᠢᠯ᠎ᠢᠶᠠᠷ ᠤᠷᠮᠠᠱᠢᠭᠤᠯᠵᠤ᠂ ᠬᠦᠰᠡᠯ ᠡᠷᠡᠮᠡᠯᠵᠡᠯ᠎ᠢᠶᠡᠷ ᠪᠢᠯᠬᠠᠮ᠎ᠠ ᠪᠠᠢᠨ᠎ᠠ ᠭᠡᠵᠦ᠍ ᠢᠯᠡᠳᠭᠡᠵᠡᠭᠡᠪᠡ᠃
ᠵᠣᠯ ᠵᠢᠷᠭᠠᠯ᠎ᠤᠨ ᠪᠠᠲᠤᠯᠠᠭ᠎ᠠ᠎ᠶ᠋ᠢᠨ ᠲᠣᠣᠷ᠎ᠢ ᠨᠢᠭ᠍ᠲᠠ ᠰᠦᠯᠵᠢᠨ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠷᠠᠳ᠎ᠤᠨ ᠠᠮᠢᠳᠤᠷᠠᠯ᠎ᠢ ᠲᠡᠷᠢᠬᠦᠨ ᠴᠢᠬᠤᠯᠠ ᠶᠠᠪᠤᠳᠠᠯ ᠪᠤᠯᠭᠠᠬᠤ ᠵᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠲᠠᠰᠤᠷᠠᠯᠲᠠ ᠥᠬᠡᠶ ᠴᠢᠩᠭᠠᠷᠠᠭᠤᠯᠤᠨ᠎ᠠ ᠭᠡᠵᠤ ᠲᠤᠷᠠᠳᠪᠠ᠃ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠬᠠᠭᠤᠴᠢᠨ ᠬᠤᠷᠤᠭ᠎ᠠ ᠪᠠᠯᠭᠠᠰᠤᠨ᠎ᠤ ᠳᠡᠳ᠋ ᠳᠠᠷᠤᠭ᠎ᠠ ᠢᠦᠶ ᠮᠢᠩ ᠮᠢᠩ᠄ 《ᠥᠩᠭᠡᠷᠡᠭ᠌ᠰᠡᠨ ᠨᠢᠭᠡ ᠵᠢᠯ᠎ᠳᠦ ᠪᠢᠳᠡ 〈ᠰᠦᠯᠵᠢᠶᠡᠨ ᠳᠡᠭᠡᠷᠡᠬᠢ ᠲᠣᠮᠣ ᠳ᠋ᠠᠢᠲ᠋ᠠ + ᠪᠤᠳᠠᠳᠤ ᠴᠤᠬᠴᠠ ᠵᠢᠨ ᠲᠤᠤᠷᠵᠢᠭᠤᠯᠤᠯᠳᠠ〉 ᠵᠢᠨ ᠬᠥᠳᠡᠯᠦᠩᠭᠦᠶ ᠬᠢᠨᠠᠨ ᠬᠡᠮᠵᠢᠬᠦ᠌ ᠲᠣᠭ᠍ᠲᠠᠴᠠ᠎ᠶ᠋ᠢ ᠪᠠᠢᠭᠤᠯᠵᠤ᠂ ᠡᠷᠦᠬᠡ᠎ᠳᠦ ᠬᠦᠷᠴᠦ᠍ ᠬᠢᠨᠠᠨ ᠪᠠᠢᠴᠠᠭᠠᠬᠤ᠎ᠶ᠋ᠢ ᠤᠨᠤᠴᠠᠳᠠᠢ ᠥᠷᠨᠢᠭᠦᠯᠦᠨ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠬᠦ᠌ ᠡᠲᠡᠭᠡᠳ᠎ᠦᠨ ᠪᠠᠲᠤᠯᠠᠬᠤ ᠶᠣᠰᠣᠲᠠᠶ᠎ᠶ᠋ᠢ ᠨᠢ ᠴᠥᠮ ᠪᠠᠲᠤᠯᠠᠵᠤ᠂ ᠪᠤᠴᠠᠭᠠᠬᠤ ᠶᠣᠰᠣᠲᠠᠶ᠎ᠶ᠋ᠢ ᠨᠢ ᠴᠥᠮ ᠪᠤᠴᠠᠭᠠᠪᠡ᠃ ᠬᠣᠢᠱᠢᠳᠠ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠪᠤᠷᠠᠨ ᠲᠤᠰᠠᠯᠠᠬᠤ ᠠᠵᠢᠯ᠎ᠢ ᠤᠨᠤᠴᠠᠳᠠᠢ ᠪᠣᠯᠭᠠᠬᠤ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠣᠷᠣᠯᠭ᠎ᠠ ᠪᠠᠭᠠᠲᠠᠶ ᠬᠥᠮᠦᠨ ᠠᠮᠠ᠎ᠶ᠋ᠢᠨ ᠬᠥᠳᠡᠯᠦᠩᠭᠦᠶ ᠬᠢᠨᠠᠨ ᠬᠡᠮᠵᠢᠯᠲᠡ᠎ᠶ᠋ᠢᠨ ᠱᠢᠰᠲ᠋ᠧᠮ᠎ᠢ ᠲᠠᠰ ᠳᠡᠪᠱᠢᠭᠦᠯᠵᠦ᠍᠂ ᠣᠨᠴᠠᠭᠠᠶ ᠬᠦᠴᠢᠷᠳᠡᠯᠲᠡᠶ ᠬᠦᠮᠦᠰ ᠤ᠋ᠨ ᠦᠨᠳᠦᠰᠦᠨ ᠵᠦᠶ᠋ᠯ᠎ᠢ ᠪᠠᠲᠤᠯᠠᠬᠤ ᠠᠵᠢᠯ᠎ᠢ ᠪᠣᠳᠠᠲᠠᠶ ᠠᠳᠭᠤᠨ᠎ᠠ; 〈ᠨᠠᠭᠠᠳᠤ ᠵᠠᠬ᠎ᠠ᠎ᠶ᠋ᠢᠨ ᠠᠮᠢᠳᠤᠷᠠᠯ ᠤ᠋ᠨ ᠪᠠᠲᠤᠯᠠᠭ᠎ᠠ + ᠲᠦᠷ ᠴᠠᠭ ᠤ᠋ᠨ ᠠᠪᠤᠷᠠᠨ ᠲᠤᠰᠠᠯᠠᠬᠤ〉 ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠠᠪᠤᠷᠠᠨ ᠲᠤᠰᠠᠯᠠᠬᠤ ᠠᠷᠭ᠎ᠠ ᠵᠠᠮ ᠢ᠋ ᠥᠷᠭᠡᠳᠭᠡᠨ᠂ ᠨᠡᠢᠭᠡᠮ᠎ᠦᠨ ᠬᠦᠴᠦᠨ᠎ᠢ ᠤᠷᠤᠭᠤᠯᠤᠨ ᠠᠪᠴᠢᠷᠠᠵᠤ ᠬᠠᠪᠰᠤᠷᠤᠨ ᠲᠡᠳᠬᠦᠬᠦ᠌ ᠬᠠᠮᠳᠤᠷᠠᠯ ᠬᠦᠴᠦᠨ᠎ᠢ ᠪᠦᠷᠢᠯᠳᠦᠭᠦᠯᠦᠨ᠎ᠡ; ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠭᠡᠳ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠴᠢᠩᠭᠠᠳᠭᠠᠵᠤ᠂ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠤᠨ᠎ᠠ》 ᠭᠡᠵᠤ ᠬᠡᠯᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ᠂ ᠤᠯᠠᠭᠠᠨᠴᠠᠪ ᠬᠤᠳᠠ᠎ᠶ᠋ᠢᠨ ᠨᠠᠰᠤᠵᠢᠯ᠎ᠤᠨ ᠦᠢᠯᠡᠴᠢᠯᠡᠭᠡᠨ᠎ᠦ ᠰᠠᠯᠠᠭᠠᠨ᠎ᠤ ᠳᠠᠷᠤᠭ᠎ᠠ ᠶᠠᠩ ᠵᠢᠩ ᠪᠸᠢ ᠲᠤᠢᠯ ᠵᠢᠡᠷ ᠤᠷᠮᠠᠰᠢᠨ ᠵᠤᠷᠢᠬᠵᠢᠵᠤ᠄ 《ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠨᠠᠰᠤᠵᠢᠯ᠎ᠤᠨ ᠦᠢᠯᠡᠴᠢᠯᠡᠭᠡᠨ᠎ᠦ ᠴᠢᠨᠠᠷ ᠰᠠᠢᠲᠠᠢ ᠬᠥᠭ᠌ᠵᠢᠯᠲᠡ᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠠᠷᠠᠳ᠎ᠤᠨ ᠶᠠᠪᠤᠳᠠᠯ᠎ᠤᠨ ᠨᠠᠰᠤᠵᠢᠯ᠎ᠤᠨ ᠦᠶ᠋ᠯᠡᠴᠢᠯᠡᠭᠡᠨ᠎ᠦ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ 〈ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ〉 ᠤ᠋ᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠠᠮᠢᠳᠤᠷᠠᠯ᠎ᠢᠶᠠᠨ ᠠᠷᠭᠠᠴᠠᠭᠠᠬᠤ ᠴᠢᠳᠠᠪᠤᠷᠢ᠎ᠪᠠᠨ ᠠᠯᠳᠠᠬᠰᠡᠨ ᠣᠶᠤᠨ ᠴᠢᠳᠠᠪᠤᠷᠢ ᠪᠡᠨ ᠠᠯᠳᠠᠭ᠍ᠰᠠᠨ ᠬᠥᠮᠦᠰ᠎ᠢ ᠬᠠᠷᠠᠭᠠᠯᠵᠠᠨ ᠠᠰᠠᠷᠠᠬᠤ᠂ ᠬᠡᠷ᠎ᠲᠡᠬᠡᠨ ᠰᠠᠭᠤᠬᠤ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠡᠷᠭᠡ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠤᠤᠷ ᠢ᠋ ᠲᠦᠷᠭᠡᠳᠭᠡᠨ ᠲᠡᠭᠦᠯᠳᠡᠷᠵᠢᠭᠦᠯᠵᠦ᠍᠂ ᠨᠠᠰᠤᠵᠢᠬᠰᠡᠳ ᠲᠤ᠌ ᠲᠤᠬᠢᠷᠠᠬᠤ ᠦᠭᠡᠷᠡᠴᠢᠯᠡᠯᠳᠠ ᠪᠠ ᠬᠣᠭᠣᠯᠠ ᠤᠮᠳᠠ ᠡᠮᠴᠢᠯᠡᠭᠡ᠎ᠳᠦ ᠲᠤᠰᠠᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠂ ᠰᠤᠪᠢᠯᠠᠯᠲᠠ᠎ᠶ᠋ᠢᠨ ᠬᠡᠯᠪᠡᠷᠢ᠎ᠶ᠋ᠢᠨ ᠣᠷᠣ᠎ᠶ᠋ᠢᠨ ᠡᠵᠡᠯᠡᠬᠦ᠌ ᠬᠠᠷᠢᠴᠠᠯ ᠪᠠ ᠪᠠᠢᠭᠤᠯᠤᠮᠵᠢ᠎ᠶ᠋ᠢᠨ ᠦᠶ᠋ᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ》 ᠭᠡᠪᠡ᠃
《ᠪᠢᠳᠡ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 〈ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ ᠠᠷᠠᠳ ᠲᠦᠮᠡᠨ᠎ᠢᠶᠡᠨ ᠬᠠᠢᠷᠠᠯᠠᠬᠤ〉 ᠵᠣᠷᠢᠯᠲᠠ᠎ᠶ᠋ᠢ ᠪᠠᠲᠤ ᠰᠠᠬᠢᠵᠤ᠂ ᠪᠣᠳᠠᠲᠠᠶ ᠠᠷᠭ᠎ᠠ ᠪᠣᠳᠣᠯᠭ᠎ᠠ᠎ᠪᠠᠷ ᠳᠡᠭᠡᠭ᠌ᠰᠢᠯᠡᠯᠲᠡ᠎ᠶ᠋ᠢ ᠠᠬᠢᠭᠤᠯᠵᠤ᠂ ᠣᠯᠠᠨ ᠲᠦᠮᠡᠨ᠎ᠳᠦ ᠪᠣᠳᠠᠲᠤ ᠦᠷ᠎ᠡ ᠪᠦᠲᠦᠮᠵᠢ ᠣᠯᠭᠣᠨ᠎ᠠ》᠃ ᠬᠥᠬᠡᠬᠣᠲᠠ᠎ᠶ᠋ᠢᠨ ᠦᠴᠦᠸᠠᠨ ᠱᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠸᠠᠩ ᠫᠢᠩ ᠲᠢᠩ᠂ ᠡᠨᠡ ᠵᠢᠯ ᠲᠣᠰ ᠱᠢᠶᠠᠨ ᠨᠡᠢᠭᠡᠮ᠎ᠦᠨ ᠠᠪᠤᠷᠠᠨ ᠲᠤᠰᠠᠯᠠᠬᠤ ᠲᠠᠯ᠎ᠠ᠎ᠪᠠᠷ ᠳᠠᠬᠢᠨ ᠶᠠᠳᠠᠭᠤᠷᠠᠬᠤ᠎ᠶ᠋ᠢ ᠰᠡᠷᠭᠡᠢᠯᠡᠵᠦ᠍ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠪᠠ ᠬᠥᠳᠡᠭᠡ ᠲᠣᠰᠭᠣᠨ᠎ᠤ ᠣᠷᠣᠯᠭ᠎ᠠ ᠪᠠᠭᠠᠲᠠᠶ ᠬᠥᠮᠦᠨ ᠠᠮᠠ᠎ᠶ᠋ᠢ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠰᠠᠯᠠᠭ᠎ᠠ ᠮᠥᠴᠢᠷ ᠠᠯᠤᠰᠯᠠᠭ᠍ᠰᠠᠨ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌᠎ᠪᠡᠷ ᠳᠡᠮᠵᠢᠨ 《ᠬᠤᠤᠰ 100%》 ᠶ᠋ᠢᠨ ᠬᠠᠷᠠᠯᠲᠠ᠎ᠶ᠋ᠢ ᠪᠡᠶᠡᠯᠡᠭᠦᠯᠵᠦ᠍᠂ ᠳᠠᠬᠢᠨ ᠶᠠᠳᠠᠭᠤᠷᠠᠬᠤ ᠬᠣᠷᠢᠭ᠎ᠠ ᠱᠤᠭᠤᠮ᠎ᠢ ᠴᠢᠩᠭ᠎ᠠ ᠰᠠᠬᠢᠨ᠎ᠠ᠃ ᠨᠠᠰᠤᠨ᠎ᠳᠤ ᠥᠯᠥ᠍ ᠭᠦᠷᠦᠭ᠌ᠰᠡᠳ᠎ᠢ ᠬᠠᠯᠠᠮᠵᠢᠯᠠᠨ ᠬᠠᠢᠷᠠᠯᠠᠬᠤ ᠲᠠᠯ᠎ᠠ᠎ᠪᠠᠷ᠂ 《ᠳᠥᠷᠪᠡ᠎ᠶ᠋ᠢ ᠨᠢᠭᠡ ᠴᠣᠭ᠍ᠴᠠᠵᠢᠭᠤᠯᠬᠤ ᠪᠥᠬᠥ᠌ ᠬᠡᠯᠬᠢᠶ᠎ᠡ》 ᠶ᠋ᠢᠨ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠣᠳᠠᠰ᠎ᠤᠨ ᠪᠠᠲᠤᠯᠠᠭ᠎ᠠ ᠪᠠ ᠬᠥᠮᠥᠯᠢᠭ᠎ᠦᠨ ᠬᠠᠯᠠᠮᠵᠢᠯᠠᠯ᠎ᠢ ᠬᠠᠮᠲᠤᠳᠤᠨᠢ ᠬᠠᠷᠠᠭᠠᠯᠵᠠᠨ᠂ ᠲᠠᠩᠰᠠᠨ᠎ᠳᠤ ᠪᠠᠢᠭ᠎ᠠ ᠥᠨᠥᠴᠢᠨ ᠬᠡᠦᠬᠡᠳ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠢ ᠡᠷᠦᠬᠡ᠎ᠳᠦ ᠬᠦᠷᠴᠦ᠍ ᠰᠤᠷᠪᠤᠯᠵᠢᠯᠠᠬᠤ ᠪᠠ ᠰᠡᠳᠭᠢᠴᠡ᠎ᠶ᠋ᠢᠨ ᠵᠢᠯᠣᠭᠣᠳᠣᠮᠵᠢᠶ᠋ᠢ ᠪᠦᠷᠢᠨ ᠪᠥᠷᠬᠥᠭᠦᠯᠦᠨᠡ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ ᠲᠠᠯ᠎ᠠ᠎ᠪᠠᠷ᠂ ᠬᠥᠳᠡᠭᠡ ᠲᠣᠰᠭᠣᠨ᠎ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ᠎ᠤᠨ ᠬᠦᠷᠢᠶᠡᠯᠡᠩ᠎ᠦᠨ ᠲᠤᠷᠱᠢᠯᠲᠠ᠎ᠶ᠋ᠢᠨ ᠴᠡᠭ ᠪᠣᠯᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠦ 《ᠵᠢᠱ᠌ᠢᠢ᠎ᠡ ᠦᠵᠡᠭᠦᠯᠬᠦ᠌ ᠣᠷᠣᠨ》 ᠤ᠋ ᠪᠠᠢᠭᠤᠯᠤᠯᠲᠠ᠎ᠶ᠋ᠢ ᠠᠬᠢᠭᠤᠯᠵᠤ᠂ 《ᠡᠮᠴᠢᠯᠡᠭᠡ ᠨᠠᠰᠤᠵᠢᠯ᠎ᠤᠨ ᠠᠰᠠᠷᠠᠮᠵᠢ᠎ᠶ᠋ᠢ ᠤᠶᠠᠯᠳᠤᠭᠤᠯᠬᠤ》 ᠦᠯᠢᠭᠡᠷ ᠳᠠᠭᠤᠷᠢᠶᠠᠯ᠎ᠢ ᠪᠤᠢ ᠪᠣᠯᠭᠠᠨ᠎ᠠ ᠭᠡᠵᠦ᠍ ᠢᠯᠡᠳᠭᠡᠪᠡ᠃
ᠠᠯᠠᠱᠠ ᠠᠢᠮᠠᠭ᠎ᠤᠨ ᠬᠤᠶᠠᠷᠬᠤᠳᠳᠤᠭ ᠬᠥᠳᠡᠭᠡᠠᠮᠢ ᠠᠬᠤᠢ᠎ᠵᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠣᠷᠣᠨ᠎ᠤ ᠨᠡᠢᠭᠡᠮ᠎ᠦᠨ ᠬᠡᠷᠡᠭ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠤᠳᠤᠨ᠄ 《ᠤᠢ᠍ᠢᠷ᠎ᠠ᠎ᠶ᠋ᠢᠨ ᠵᠢᠯ᠎ᠡᠴᠡ ᠮᠠᠨ᠎ᠤ ᠵᠢᠱ᠌ᠢᠢ᠎ᠡ ᠦᠵᠡᠭᠦᠯᠬᠦ᠌ ᠣᠷᠣᠨ ᠬᠦᠴᠢᠷᠳᠡᠯᠲᠡᠢ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠢᠷᠳᠡᠯᠲᠡᠢ ᠤᠯᠠᠨ ᠲᠦᠮᠡᠨ᠎ᠦ ᠪᠣᠳᠠᠲᠠᠢ ᠬᠡᠷᠡᠭ᠌ᠴᠡᠭᠡ᠎ᠳᠦ ᠰᠠᠭᠤᠷᠢᠯᠠᠵᠤ᠂ ᠬᠥᠳᠡᠯᠦᠩᠭᠦᠢ ᠬᠢᠨᠠᠨ ᠬᠡᠮᠵᠢᠬᠦ᠌᠂ ᠣᠨᠣᠪᠴᠢᠲᠠᠢ ᠢᠯᠭᠠᠨ ᠲᠠᠨᠢᠬᠤ᠂ ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡ᠎ᠪᠡᠷ ᠳᠠᠮᠵᠢᠭᠤᠯᠤᠨ᠂ ᠨᠡᠢᠭᠡᠮ᠎ᠦᠨ ᠠᠪᠤᠷᠠᠨ ᠲᠤᠰᠠᠯᠠᠬᠤ ᠠᠵᠢᠯ᠎ᠤᠨ ᠤᠨᠤᠴᠠᠲᠠᠢ ᠨᠠᠷᠢᠯᠢᠭ ᠪᠠᠢᠬᠤ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃ ᠬᠣᠢᠱᠢᠳᠠ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢᠨ ᠤᠳᠤᠷᠢᠳᠤᠮᠵᠢ᠎ᠶ᠋ᠢ ᠦᠷᠭᠦᠯᠵᠢᠯᠡᠨ ᠲᠣᠭ᠍ᠲᠠᠭᠠᠵᠤ᠂ ᠨᠡᠢᠭᠡᠮ᠎ᠦᠨ ᠠᠪᠤᠷᠠᠨ ᠲᠤᠰᠠᠯᠠᠯᠲᠠ᠎ᠶ᠋ᠢ ᠨᠠᠷᠢᠯᠢᠭ ᠣᠨᠣᠴᠠᠲᠠᠶ ᠪᠣᠯᠭᠠᠬᠤ᠎ᠪᠠᠷ ᠭᠤᠤᠯ ᠪᠣᠯᠭᠠᠨ᠂ ᠬᠠᠢᠷ᠎ᠠ ᠬᠠᠯᠠᠮᠵᠢ᠎ᠶ᠋ᠢ ᠨᠠᠩ ᠣᠨᠣᠪᠴᠢᠲᠠᠶ᠎ᠪᠠᠷ ᠬᠦᠴᠢᠷᠳᠡᠯᠲᠡᠶ ᠣᠯᠠᠨ ᠲᠦᠮᠡᠨ ᠨᠢᠭᠡᠪᠦᠷᠢ᠎ᠶᠢᠨ ᠲᠡᠷᠭᠡᠲᠡ ᠬᠦᠷᠭᠡᠨ᠎ᠡ》 ᠭᠡᠵᠦ ᠬᠡᠯᠡᠪᠡ᠃
ᠠᠷᠠᠳ᠎ᠲᠤ ᠠᠱᠢᠭ ᠬᠦᠷᠲᠡᠭᠡᠵᠤ ᠰᠡᠳᠭᠢᠯ᠎ᠢ ᠳᠤᠯᠠᠭᠠᠴᠠᠭᠤᠯᠬᠤ ᠢᠨᠵᠸᠨ᠋ᠸᠷᠢᠨᠭ᠎ᠢ ᠪᠠᠲᠤ ᠴᠣᠭ᠍ᠴᠠᠯᠠᠨ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌ ᠪᠣᠳᠠᠲᠠᠢ ᠲᠥᠯᠥᠪᠵᠢᠭᠦᠯᠭᠡ ᠨᠢ ᠥᠷᠭᠡᠨ ᠤᠯᠠᠨ ᠺᠠᠳ᠋ᠷ ᠤᠯᠠᠨ ᠲᠦᠮᠡᠨ᠎ᠦ ᠰᠡᠳᠭᠢᠯ᠎ᠢ ᠳᠤᠯᠠᠭᠠᠴᠠᠭᠤᠯᠪᠠ᠃ ᠪᠠᠶᠠᠨᠨᠠᠭᠤᠷ ᠬᠣᠲᠠ᠎ᠶ᠋ᠢᠨ ᠯᠢᠨ ᠾᠧ ᠲᠣᠭᠣᠷᠢᠭ᠎ᠤᠨ ᠠᠷᠠᠳ᠎ᠤᠨ ᠡᠮᠨᠡᠯᠭᠡ᠎ᠶ᠋ᠢᠨ ᠬᠣᠷᠢᠶᠠᠨ᠎ᠤ ᠳᠠᠷᠤᠭ᠎ᠠ ᠱᠢᠤᠢ ᠲᠢᠶᠠᠨ ᠶᠦᠨ᠄ 《ᠮᠠᠨ᠎ᠤ ᠡᠮᠨᠡᠯᠭᠡ᠎ᠶᠢᠨ ᠬᠣᠷᠢᠶ᠎ᠠ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢᠨ ᠲᠦᠷᠦᠭᠦᠯᠡᠨ ᠬᠢᠬᠦ᠌ ᠡᠮᠨᠡᠯᠭᠡ᠎ᠶ᠋ᠢᠨ ᠬᠣᠷᠢᠶ᠎ᠠ ᠪᠣᠯᠤᠭ᠍ᠰᠠᠨ᠎ᠤ ᠬᠤᠪᠢ᠎ᠳᠤ ᠂ 5 ᠵᠢᠯ᠎ᠳᠦ ᠨᠡᠢᠲᠡ 90 ᠲᠦᠮᠡᠨ ᠬᠥᠮᠦᠨ ᠤᠳᠠᠭ᠎ᠠ ᠠᠯᠤᠰ᠎ᠡᠴᠡ ᠣᠨᠣᠱᠢᠯᠠᠨ ᠡᠮᠨᠡᠬᠦ᠌ ᠠᠵᠢᠯ ᠥᠷᠨᠢᠭᠦᠯᠵᠦ᠍᠂ ᠣᠯᠠᠨ ᠲᠦᠮᠡᠨᠬᠡᠷᠲᠡᠬᠡᠨ ᠱᠢᠯᠢᠳᠡᠭ ᠦᠶ᠋ᠯᠡᠴᠢᠯᠡᠭᠡ ᠬᠦᠷᠲᠡᠪᠡ᠃ ᠮᠡᠳᠡᠭᠦᠯᠦᠯᠲᠡ᠎ᠨᠢ ᠦᠨᠳᠦᠰᠦᠨ ᠱᠠᠲᠤᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠢᠲᠡᠭᠡᠯ ᠢ ᠪᠠᠲᠤᠳᠭᠠᠯᠠ᠂ ᠪᠢᠳᠡ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠤᠨ ᠪᠠᠢᠭᠤᠯᠤᠯᠲᠠ ᠪᠣᠯᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠭᠠᠴᠠᠭ᠎ᠠ ᠬᠢᠬᠦ᠌ ᠠᠷᠭ᠎ᠠ ᠬᠡᠯᠪᠡᠷᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠡᠮ ᠡᠮᠨᠡᠯᠭᠡ᠎ᠶᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠠᠱᠢᠭ᠎ᠢ ᠨᠠᠩ ᠣᠯᠠᠨ ᠠᠷᠠᠳ ᠲᠦᠮᠡᠨ᠎ᠳᠦ ᠬᠦᠷᠲᠡᠭᠡᠬᠦ᠌᠎ᠪᠡᠷ ᠴᠢᠷᠮᠠᠢᠨ᠎ᠠ》 ᠭᠡᠪᠡ᠃
ᠬᠥᠯᠥᠨ ᠪᠤᠢ᠌ᠷ ᠬᠤᠳᠠ᠎ᠶ᠋ᠢᠨ ᠠᠷᠠᠳ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠨᠡ ᠬᠦ᠌ ᠠᠷᠠᠳ᠎ᠤᠨ ᠠᠮᠢᠳᠤᠷᠠᠯ᠎ᠤᠨ ᠵᠠᠩᠭᠢᠯᠠᠭ᠎ᠠ᠎ᠶ᠋ᠢᠨ ᠵᠥᠪᠯᠡᠬᠦ᠌ ᠵᠦᠢᠯ᠎ᠦᠨ ᠲᠣᠭᠣᠷᠢᠨ᠎ᠳᠤ ᠬᠥᠭ᠌ᠵᠢᠶᠡᠨᠲᠡᠢ ᠶᠠᠷᠢᠯᠴᠠᠵᠤ ᠪᠠᠢᠪᠠ᠃ ᠲᠥᠪ᠎ᠦᠨ ᠠᠵᠤ ᠠᠬᠤᠢᠯᠠᠯ᠎ᠤᠨ ᠴᠢᠩᠭ᠎ᠠ ᠬᠠᠲᠠᠭᠤ ᠠᠷᠭ᠎ᠠ ᠬᠡᠮᠵᠢᠶ᠎ᠡ ᠨᠢ ᠥᠷᠭᠡᠨ ᠤᠯᠠᠨ ᠲᠦᠮᠡᠨ᠎ᠦ ᠰᠡᠳᠭᠢᠯ᠎ᠢ ᠳᠤᠯᠠᠭᠠᠴᠠᠭᠤᠯᠪᠠ᠃ 《ᠲᠡᠭ᠎ᠡᠴᠡ ᠳᠣᠷᠣᠭ᠍ᠰᠢ 40 ᠼᠸᠯᠰ᠎ᠤᠨ ᠭᠷᠠᠳᠦ᠋ᠰ᠎ᠦᠨ ᠮᠥᠰᠥ᠍ ᠴᠠᠰᠤᠨ᠎ᠳᠤ ᠬᠤᠴᠢᠭ᠍ᠳᠠᠭ᠍ᠰᠠᠨ ᠭᠠᠵᠠᠷ᠎ᠲᠦ᠂ ᠶᠠᠨ ᠪᠦᠦ ᠡᠨᠧᠷᠭᠢ ᠵᠢᠨ ᠺᠤᠮᠫᠠᠨᠢ᠂ ᠵᠠᠯᠠᠢᠨᠠᠭᠤᠷ᠎ᠤᠨ ᠨᠡᠭᠦᠷᠡᠰᠦᠨ᠎ᠤ ᠦᠢᠯᠡᠰ᠎ᠤᠨ ᠺᠣᠮᠫᠠᠨᠢ᠎ᠶ᠋ᠢᠨ 3000 ᠭᠠᠷᠤᠢ ᠠᠵᠢᠯᠳᠠᠨ ᠠᠵᠢᠯᠴᠢᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠤᠯᠠᠨ ᠲᠦᠮᠡᠨ᠎ᠢ ᠰᠠᠨᠠᠭ᠎ᠠ ᠠᠮᠤᠷ ᠡᠪᠦᠯᠵᠢᠭᠦᠯᠵᠡᠢ》᠃ 《ᠲᠤᠢᠯ᠎ᠤᠨ ᠬᠦᠶ᠋ᠲᠡᠨ ᠴᠠᠭ ᠠᠭᠤᠷ᠎ᠲᠦ ᠳᠤᠯᠠᠭᠠᠯᠠᠭ᠎ᠠ᠎ᠶᠢᠨ ᠬᠦᠴᠦᠯᠡᠴᠡ᠎ᠪᠡᠨ ᠪᠠᠭᠤᠷᠠᠭᠤᠯᠬᠤ ᠥᠬᠡᠶ》᠃ ᠬᠥᠯᠥᠨ ᠪᠤᠢ᠌ᠷ ᠬᠤᠳᠠ᠎ᠶ᠋ᠢᠨ ᠠᠷᠠᠳ ᠯᠢ ᠴᠠᠩ ᠬᠠᠢ᠂ ᠨᠡᠭᠦᠷᠡᠰᠦᠨ᠎ᠦ ᠠᠵᠤ ᠠᠬᠤᠢᠯᠠᠯ᠎ᠤᠨ ᠪᠠᠲᠤ ᠰᠠᠬᠢᠯᠲᠠ ᠨᠢ ᠤᠯᠠᠨ ᠲᠦᠮᠡᠨ᠎ᠦ ᠭᠡᠷ ᠤᠷᠤᠨ᠎ᠢ ᠳᠤᠯᠠᠭᠠᠴᠠᠭᠤᠯᠵᠤ᠂ ᠰᠡᠳᠭᠢᠯ᠎ᠢ ᠨᠢ ᠨᠡᠩ ᠠᠮᠤᠷᠵᠢᠭᠤᠯᠵᠠᠢ ᠭᠡᠵᠦ ᠰᠡᠳᠭᠢᠯ ᠳᠤᠭᠲᠤᠯᠤᠨ ᠬᠡᠯᠡᠪᠡ᠃ ᠬᠣᠶᠠᠷ ᠬᠤᠷᠠᠯ ᠨᠢ ᠡᠨᠧᠷᠭᠢ᠎ᠶ᠋ᠢᠨ ᠠᠮᠤᠷ ᠲᠦᠪᠱᠢᠨ ᠪᠣᠯᠤᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠩᠭᠠᠯᠭ᠎ᠠ᠎ᠶ᠋ᠢ ᠪᠠᠲᠤᠯᠠᠬᠤ ᠪᠠᠲᠤ ᠴᠢᠩᠭ᠎ᠠ ᠠᠷᠭ᠎ᠠ ᠬᠡᠮᠵᠢᠶ᠎ᠡ ᠨᠢ ᠠᠷᠠᠳ ᠣᠯᠠᠨ᠎ᠢ ᠢᠷᠡᠭᠡᠳᠦᠶ᠎ᠶ᠋ᠢᠨ ᠠᠮᠢᠳᠤᠷᠠᠯ᠎ᠳᠤ ᠨᠠᠩ ᠢᠲᠡᠭᠡᠯ᠎ᠲᠡᠶ ᠪᠣᠯᠭᠠᠵᠤ᠂ ᠨᠠᠩ ᠣᠯᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠬᠣᠲᠠ᠎ᠶ᠋ᠢᠨ ᠠᠷᠠᠳ ᠢᠯᠡᠳᠭᠡᠵᠡᠭᠡᠪᠡ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ》 ᠭᠡᠵᠦ ᠳᠤᠷᠠᠳᠤᠭᠰᠠᠨ ᠨᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠡᠷᠡᠮᠡᠬᠡᠢᠯᠡᠨ ᠲᠡᠮᠡᠴᠡᠵᠦ᠍ ᠪᠠᠢᠭ᠎ᠠ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠤᠯᠠᠭᠠᠨᠬᠠᠳᠠ ᠪᠠᠯᠭᠠᠰᠤᠨ᠎ᠤ ᠭᠤᠤ ᠭᠧᠨ ᠶᠢᠩᠽᠢ ᠭᠠᠴᠠᠭᠠᠨ᠎ᠤ ᠭᠠᠴᠠᠭ᠎ᠠ ᠲᠣᠰᠭᠣᠨ ᠳᠠᠭᠠᠭᠠᠴᠢᠯᠠᠭ᠍ᠰᠠᠨ ᠺᠠᠳ᠋ᠷ ᠵᠥᠩ ᠵᠢᠨ ᠬᠤᠤ᠎ᠳᠤ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠶ ᠮᠡᠳᠡᠷᠡᠭᠦᠯᠪᠡ᠃ ᠣᠢᠷ᠎ᠠ᠎ᠶ᠋ᠢᠨ ᠵᠢᠯ᠎ᠡᠴᠡ ᠨᠠᠭᠠᠰᠢ ᠂ ᠭᠤᠤ ᠭᠧᠨ ᠶᠢᠩᠽᠢ ᠭᠠᠴᠠᠭ᠎ᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ ᠂ ᠲᠥᠬᠦᠭᠡᠷᠦᠮᠵᠢᠲᠦ ᠲᠠᠷᠢᠶᠠᠯᠠᠩ᠎ᠢ ᠶᠡᠬᠡᠪᠡᠷ ᠬᠥᠭ᠌ᠵᠢᠭᠦᠯᠪᠡ᠃ ᠤᠯᠠᠭᠠᠨᠬᠠᠳᠠ ᠪᠠᠯᠭᠠᠰᠤᠨ᠎ᠤ 《ᠰᠢᠭᠤᠳ ᠨᠡᠪᠳᠡᠷᠡᠬᠦᠯᠭᠡ ᠪᠡᠷ ᠲᠠᠷᠢᠶᠠᠴᠢᠳ᠎ᠢ ᠳᠤᠰᠠᠯᠠᠬᠤ ᠵᠠᠭᠤᠨ ᠬᠥᠮᠦᠨ ᠤ᠋ ᠪᠦᠯᠬᠦᠮ》 ᠤ᠋ᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠵᠥᠩ᠎ᠶ᠋ᠢᠨ ᠬᠤᠤ ᠠᠮᠲᠠᠲᠤ ᠵᠢᠮᠢᠰ ᠂ ᠨᠠᠷᠰᠤ ᠵᠡᠷᠭᠡ ᠣᠨᠴᠠᠯᠢᠭ᠍ᠲᠤ ᠵᠢᠮᠢᠰ᠎ᠦᠨ ᠪᠣᠯᠪᠠᠰᠤᠷᠠᠬᠤ ᠬᠤᠭᠤᠴᠠᠭ᠎ᠠ᠎ᠶ᠋ᠢ ᠠᠮᠵᠢᠨ 60 ᠭᠠᠷᠤᠶ ᠲᠠᠯᠠᠪᠠᠶ ᠱᠢᠭᠤᠳ ᠨᠡᠪᠲᠡᠷᠡᠭᠦᠯᠭᠡ ᠬᠢᠵᠦ᠂ 20 ᠭᠠᠷᠤᠶ ᠲᠦᠮᠡᠨ ᠲᠥᠭᠥᠷᠢᠭ᠎ᠦᠨ ᠦᠷᠳᠡᠭ ᠪᠦᠬᠦᠢ ᠬᠦᠳᠡᠭᠡ ᠠᠵᠤ ᠠᠬᠤᠢ᠎ᠶᠢᠨ ᠳᠠᠭᠠᠯᠳᠠ ᠪᠦᠳᠦᠭᠡᠭᠳᠡᠬᠦᠨ ᠪᠣᠷᠣᠯᠠᠭᠤᠯᠵᠤ ᠂ ᠲᠣᠰᠭᠣᠨ᠎ᠤ ᠠᠷᠠᠳ᠎ᠤᠨ ᠱᠢᠷᠭᠠᠭᠤ ᠲᠠᠷᠢᠶᠠᠯᠠᠭᠰᠠᠨ ᠦᠷ᠎ᠡ ᠪᠦᠲᠦᠭᠡᠯ᠎ᠢ ᠦᠨᠡᠨ ᠬᠦ᠌ ᠣᠷᠣᠯᠭ᠎ᠠ ᠪᠣᠯᠭᠠᠨ ᠬᠤᠪᠢᠷᠠᠭᠤᠯᠪᠠ᠃
《ᠦᠨᠳᠦᠰᠦᠨ ᠱᠠᠲᠤᠨ᠎ᠤ ᠺᠠᠳ᠋ᠷᠴᠤᠳ ᠣᠯᠠᠨ ᠲᠦᠮᠡᠨ᠎ᠢ ᠳᠠᠭᠠᠭᠤᠯᠤᠨ ᠦᠨᠡᠨ ᠪᠣᠳᠠᠲᠠᠶ ᠪᠠᠶᠠᠵᠢᠯ᠎ᠤᠨ ᠵᠠᠮ᠎ᠢ ᠡᠷᠢᠵᠦ᠍ ᠤᠯᠬᠤ ᠬᠡᠷᠡᠭ᠌ᠲᠡᠶ᠂ ᠪᠢ ᠦᠷᠭᠦᠯᠵᠢᠯᠡᠨ 〈ᠱᠢᠭᠤᠳ ᠨᠡᠪᠲᠡᠷᠡᠭᠦᠯᠭᠡ᠎ᠪᠡᠷ ᠲᠠᠷᠢᠶᠠᠴᠢᠳ᠎ᠢ ᠲᠡᠳᠬᠦᠬᠦ᠌〉 ᠵᠠᠭ᠍ᠪᠤᠷ᠎ᠢ ᠰᠠᠢᠳᠤᠷ ᠠᠰᠢᠬᠯᠠᠨ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠰᠠᠭᠤᠷᠢ᠎ᠶ᠋ᠢ ᠨᠡᠩ ᠪᠠᠲᠤ ᠪᠡᠬᠢ᠂ ᠨᠥᠭᠡᠴᠡ ᠬᠦᠴᠦᠨ᠎ᠢ ᠨᠡᠩ ᠭᠦᠢᠴᠡᠳ ᠪᠣᠯᠭᠠᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠣᠯᠤᠨ ᠠᠮᠤᠷ ᠲᠦᠪᠱᠢᠨ᠎ᠦ ᠲᠦᠷᠦᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠦᠨ᠎ᠡ》 ᠭᠡᠵᠦ᠍ ᠵᠥᠩ ᠵᠢᠨ ᠬᠤᠤ ᠢᠯᠡᠳᠬᠡᠪᠡ᠃
ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠶᠣᠯᠣᠨᠮᠣᠳᠣ ᠪᠠᠯᠭᠠᠰᠤᠨ᠎ᠤ ᠪᠠᠷᠠᠭᠤᠨ ᠲᠠᠯ᠎ᠠ᠎ᠶ᠋ᠢᠨ ᠠᠢᠯ ᠭᠠᠴᠠᠭ᠎ᠠ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠶᠠᠭ ᠬᠥᠷ ᠬᠥᠭ᠌ᠵᠢᠶᠡᠨᠲᠡᠶ ᠶᠠᠪᠤᠭ᠍ᠳᠠᠵᠤ᠂ ᠨᠠᠮ᠎ᠤᠨ ᠡᠭᠦᠷ᠎ᠦᠨ ᠱᠦᠵᠢ ᠬᠤᠸᠠᠩᠶ᠌ᠢᠨ ᠵᠤᠸᠠᠩ ᠢᠲᠡᠭᠡᠯ ᠳᠦᠭᠦᠷᠡᠩ᠎ᠢᠶᠡᠷ᠄ 《ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠡᠴᠡ ᠪᠢᠳᠡᠨ᠎ᠳᠦ ᠵᠠᠮ ᠵᠢᠭᠠᠵᠤ ᠥᠭ᠌ᠴᠡᠶ᠂ ᠣᠯᠠᠨ᠎ᠢᠶᠠᠷ᠎ᠢᠶᠠᠨ ᠰᠣᠨᠣᠰᠤᠭᠠᠳ ᠡᠷᠴᠢ ᠵᠣᠷᠢᠭ ᠲᠡᠭᠦᠯᠳᠡᠷ ᠪᠤᠯᠪᠠ᠂ ᠥᠩᠭᠡᠷᠡᠭ᠌ᠰᠡᠨ᠎ᠳᠦ ᠵᠠᠷᠢᠮ ᠲᠠᠷᠢᠶᠠᠨ ᠭᠠᠵᠠᠷ᠎ᠤᠨ ᠬᠦᠷᠦᠰᠤ ᠨᠢ ᠨᠢᠮᠭᠡᠨ᠂ ᠤᠨᠠᠯᠳᠠ ᠳᠡᠭᠡᠭ᠌ᠰᠢᠯᠡᠵᠦ᠍ ᠳᠡᠢᠯᠬᠦ᠌ ᠦᠭᠡᠢ ᠪᠠᠢᠭ᠍ᠰᠠᠨ ᠠᠰᠠᠭᠤᠳᠠᠯ᠎ᠢ ᠤᠳᠤ ᠰᠠᠢ᠌ᠨ ᠱᠢᠢᠳᠪᠦᠷᠢᠯᠡᠵᠦ᠍ ᠳᠡᠢᠯᠬᠦ ᠪᠣᠯᠵᠠᠢ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠬᠡᠨ ᠪᠠᠢᠭᠤᠯᠵᠤ ᠳᠠᠭᠤᠰᠭᠠᠪᠠᠯ᠂ ᠬᠥᠮᠦᠨ᠎ᠦ ᠬᠦᠴᠦ᠍᠂ ᠪᠤᠷᠳᠤᠭᠤᠷ᠂ ᠤᠰᠤ ᠵᠢ ᠴᠥᠮ ᠶᠡᠬᠡᠪᠡᠷ ᠠᠷᠪᠢᠯᠠᠵᠤ᠂ ᠮᠦ᠍ ᠪᠦᠷᠢ᠎ᠡᠴᠡ ᠪᠠᠷᠤᠭ 300 — 500 ᠵᠢᠩ ᠠᠮᠤ ᠪᠤᠳᠠᠭ᠎ᠠ ᠢᠯᠡᠭᠦᠦ ᠬᠤᠷᠢᠶᠠᠬᠤ ᠪᠣᠯᠤᠨ᠎ᠠ》 ᠭᠡᠪᠡ᠃
ᠤᠷᠤᠰᠢᠨ ᠰᠠᠭᠤᠷᠢᠰᠢᠬᠤ᠎ᠳᠦ ᠲᠤᠬᠢᠷᠠᠮᠵᠢᠳᠠᠢ ᠱᠢᠨ᠎ᠡ ᠵᠢᠷᠤᠭ᠎ᠢ ᠵᠢᠷᠤᠭᠯᠠᠨ᠎ᠠ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 〈ᠨᠠᠰᠤᠵᠢᠯ᠎ᠤᠨ ᠠᠰᠠᠷᠠᠮᠵᠢ᠎ᠶ᠋ᠢᠨ ᠣᠷᠣ ᠵᠢ ᠰᠢᠨ᠎ᠡ ᠪᠡᠷ ᠨᠡᠮᠡᠭᠳᠡᠬᠦᠯᠬᠦ〉᠂ 〈ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠ ᠨᠢᠯᠬ᠎ᠠ ᠰᠠᠭᠠᠲᠠᠭᠤᠯᠬᠤ᠎ᠶ᠋ᠢ ᠨᠢᠭᠡ ᠴᠤᠭ᠍ᠴᠠᠵᠢᠭᠤᠯᠤᠭ᠍ᠰᠠᠨ ᠦᠶ᠋ᠯᠡᠴᠢᠯᠡᠭᠡ᠎ᠶ᠋ᠢ ᠬᠥᠭ᠌ᠵᠢᠭᠦᠯᠬᠦ᠌〉 ᠵᠡᠷᠭᠡ᠎ᠶ᠋ᠢ ᠣᠨ᠎ᠤ ᠭᠤᠤᠯᠳᠠᠯᠭ᠎ᠠ᠎ᠲᠠᠶ ᠠᠵᠢᠯ᠎ᠳᠤ ᠣᠷᠣᠭᠤᠯᠵᠤ᠂ ᠪᠢᠳᠡᠨ᠎ᠳᠦ ᠲᠣᠳᠣᠷᠬᠠᠶ ᠠᠵᠢᠯᠯᠠᠭᠠᠨ᠎ᠤ ᠵᠦᠭ᠌ᠯᠡᠭᠦᠷ ᠬᠠᠩᠭᠠᠪᠠ》᠃ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠶ᠋ᠶᠸ ᠹᠠᠩ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠭᠦᠨ᠎ᠢᠶᠡᠷ ᠭᠤᠤᠯ ᠭᠠᠷᠳᠠᠴᠠ ᠪᠣᠯᠭᠠᠨ᠂ ᠨᠢᠭᠦᠯᠡᠰᠦᠩᠭᠦᠶ᠎ᠶ᠋ᠢᠨ ᠬᠦᠴᠦᠨ ᠯᠤᠭᠡ ᠬᠣᠯᠪᠣᠭᠠᠯᠠᠨ ᠬᠥᠳᠡᠯᠦᠯᠴᠡᠵᠦ᠍ ᠪᠠᠢᠭᠠᠳ ᠤᠨᠤᠴᠠᠳᠠᠢ ᠬᠠᠪᠰᠤᠷᠤᠨ ᠲᠡᠳᠬᠦᠵᠦ᠍᠂ ᠦᠪᠡᠷᠳᠡᠬᠡᠨ ᠵᠠᠰᠠᠬᠤ ᠣᠷᠣᠨ᠎ᠤ ᠲᠠᠰ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠨᠡᠢᠭᠡᠮ ᠲᠣᠭᠣᠷᠢᠭ᠎ᠤᠨ ᠬᠡᠦᠬᠡᠳ ᠰᠠᠭᠠᠲᠠᠭᠤᠯᠬᠤ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠣᠯᠠᠨ ᠠᠷᠭ᠎ᠠ ᠵᠠᠮ᠎ᠢᠶᠠᠷ ᠥᠷᠭᠡᠳᠭᠡᠨ᠂ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠎ᠶ᠋ᠢ ᠦᠨᠡᠨ ᠬᠦ᠌ 《ᠥᠲᠡᠯᠪᠡᠯ ᠬᠦᠷᠳᠡᠬᠦ ᠠᠰᠠᠷᠠᠮᠵᠢ᠎ᠲᠠᠶ᠂ ᠪᠠᠯᠴᠢᠷᠲᠤᠨᠢ ᠪᠤᠢᠵᠢᠭᠤᠯᠬᠤ ᠭᠠᠵᠠᠷ ᠲᠠᠢ》 ᠠᠮᠢᠳᠤᠯᠢᠭ ᠦᠶ᠋ᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠢᠯᠡᠳᠬᠡᠪᠡ᠃
《ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ᠎ᠦᠨ ᠦᠶ᠋ᠯᠡᠳᠦᠯᠭᠡ᠎ᠶ᠋ᠢᠨ ᠠᠷᠭ᠎ᠠ ᠵᠠᠮ᠎ᠢ ᠲᠣᠳᠣᠷᠬᠠᠢᠯᠠᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠲᠠᠶ ᠨᠢᠭ᠍ᠲᠠ ᠬᠣᠯᠪᠣᠭ᠎ᠠ᠎ᠲᠠᠶ ᠶᠤᠮ》᠃ ᠱᠢᠯᠢᠩᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠡᠸ᠋ ᠱ᠌ᠢ ᠺᠦᠨ᠂ 《ᠠᠷᠠᠳ᠎ᠤᠨ ᠠᠮᠢᠳᠤᠷᠠᠯ᠎ᠢᠶᠠᠷ ᠲᠡᠷᠢᠭᠦᠨ ᠴᠢᠬᠤᠯᠠ ᠶᠠᠪᠤᠳᠠᠯ ᠪᠣᠯᠭᠠᠬᠤ》 ᠠᠵᠢᠯ᠎ᠤᠨ ᠤᠳᠤᠷᠢᠳᠤᠮᠵᠢ᠎ᠶ᠋ᠢ ᠢᠮᠠᠭ᠍ᠲᠠ ᠪᠠᠷᠢᠮᠲᠠᠯᠠᠵᠤ᠂ ᠱᠢᠲᠠᠮᠠᠬᠠᠶ ᠬᠡᠶ᠎ᠶ᠋ᠢᠨ ᠬᠣᠭᠣᠯᠠᠶ ᠬᠠᠭᠤᠴᠢᠷᠠᠬᠰᠠᠨ᠂ ᠤᠰᠤ ᠲᠠᠲᠠᠷᠠᠭᠤᠯᠬᠤ ᠰᠠᠭᠠᠳ᠎ᠲᠠᠶ ᠪᠠᠢᠬᠤ ᠵᠡᠷᠭᠡ ᠠᠮᠤᠷ ᠲᠦᠪᠱᠢᠨ᠎ᠦ ᠳᠠᠯᠳᠠ ᠬᠡᠮ᠎ᠢ ᠭᠤᠤᠯᠳᠠᠯᠭ᠎ᠠ᠎ᠲᠠᠶ ᠱᠢᠶ᠋ᠳᠪᠦᠷᠢᠯᠡᠵᠦ᠍᠂ ᠬᠣᠲᠠ᠎ᠶ᠋ᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠱᠢᠨ᠎ᠦ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠪᠡ᠃ ᠪᠦᠷᠢᠨ ᠪᠦᠲᠦᠨ ᠨᠡᠢᠭᠡᠮ ᠲᠣᠭᠣᠷᠢᠭ᠎ᠤᠨ ᠲᠤᠷᠱᠢᠯᠲᠠ᠎ᠶ᠋ᠢᠨ ᠴᠡᠭ ᠦ᠋ᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠡᠪᠳᠡᠭ᠌ᠳᠡᠭ᠌ᠰᠡᠨ ᠵᠠᠮ ᠢ᠋ ᠵᠠᠰᠠᠨ ᠰᠡᠯᠪᠢᠵᠤ ᠂ ᠬᠠᠷᠮᠠᠨ ᠴᠡᠴᠡᠷᠯᠢᠭ᠎ᠢ ᠱᠢᠨ᠎ᠡ᠎ᠪᠡᠷ ᠪᠠᠢᠭᠤᠯᠵᠤ ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠢᠵᠢ ᠲᠥᠬᠥᠷᠵᠢᠭᠦᠯᠦᠯᠲᠡᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠭᠡᠷ ᠭᠠᠵᠠᠷ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠦᠨ ᠲᠣᠭ᠍ᠲᠠᠭᠤᠨ ᠪᠥᠭᠡᠳ ᠡᠷᠡᠭᠦᠯ᠎ᠢᠶᠡᠷ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠵᠤ᠂ ᠠᠳᠠᠯ ᠠᠬᠤᠢ᠎ᠶ᠋ᠢᠨ ᠦᠢᠯᠡᠴᠢᠯᠡᠭᠡᠨ᠎ᠦ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢᠱᠢᠩ᠎ᠢ ᠦᠷᠭᠦᠯᠵᠢᠯᠡᠨ ᠵᠢᠭ᠍ᠰᠠᠭᠠᠨ ᠪᠠᠢᠴᠠᠭᠠᠬᠤ ᠪᠠ ᠬᠥᠳᠡᠯᠦᠩᠭᠦᠢ᠎ᠪᠡᠷ ᠴᠡᠪᠡᠷᠯᠡᠵᠦ᠍᠂ ᠬᠣᠲᠠ ᠬᠥᠳᠡᠭᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ ᠭᠡᠵᠦ ᠢᠯᠡᠳᠭᠡᠪᠡ᠃
《ᠣᠢᠷ᠎ᠠ᠎ᠶ᠋ᠢᠨ ᠵᠢᠯ᠎ᠦᠳ᠎ᠲᠦ ᠪᠢᠳᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠣᠷᠣᠭᠤᠯᠤᠯᠲᠠ᠎ᠶ᠋ᠢᠨ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠵᠢᠷᠭᠠᠯᠲᠤ ᠠᠮᠢᠳᠤᠷᠠᠯ᠎ᠢ ᠡᠳ᠋ᠯᠡᠭᠦᠯᠬᠦ᠌᠎ᠪᠡᠷ ᠴᠢᠷᠮᠠᠢᠪᠠ》᠃ ᠦᠬᠠᠢ ᠬᠤᠳᠠ᠎ᠶ᠋ᠢᠨ ᠬᠠᠢᠨᠠᠨ ᠲᠣᠭᠣᠷᠢᠭ᠎ᠤᠨ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠱᠠᠨ ᠴᠠᠩ ᠪᠥᠸᠧ᠂ ᠬᠠᠢᠨᠠᠨ ᠲᠣᠭᠣᠷᠢᠭ ᠤᠢ᠍ᠢᠷ᠎ᠠ᠎ᠶ᠋ᠢᠨ ᠵᠢᠯ᠎ᠡᠴᠡ ᠬᠠᠷᠢᠯᠴᠠᠨ ᠠᠭᠤᠰᠤᠯᠴᠠᠬᠤ ᠮᠠᠶᠢᠭ᠎ᠤᠨ ᠨᠡᠢᠭᠡᠮ᠎ᠦᠨ ᠪᠦᠲᠦᠴᠡ ᠪᠣᠯᠤᠨ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠤ ᠪᠦᠳᠦᠬᠡᠨ ᠪᠠᠢᠭᠤᠯᠤᠯᠲᠠ᠎ᠶ᠋ᠢ ᠳᠠᠰᠤᠷᠠᠯᠳᠠ ᠦᠬᠡᠢ ᠴᠢᠩᠭᠠᠳᠭᠠᠵᠤ᠂ 25 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠵᠦ᠂ 《ᠠᠷᠠᠳ᠎ᠲᠤ ᠳᠦᠬᠦᠮ ᠦᠵᠡᠭᠦᠯᠬᠦ᠌ ᠠᠮᠢᠳᠤᠷᠠᠯ᠎ᠤᠨ ᠬᠦᠷᠢᠢ᠎ᠡ》 ᠵᠢ ᠪᠦᠬᠦ᠌ ᠣᠷᠣᠨ ᠪᠦᠰᠡ᠎ᠳᠦ ᠪᠦᠷᠬᠦᠬᠦᠯᠵᠤ᠂ 《ᠬᠠᠳᠤᠨ ᠭᠣᠣᠯ᠎ᠳᠡᠬᠢ ᠪᠠᠶᠠᠰᠤᠯᠳᠤ ᠠᠶᠠᠯᠠᠯ》 ᠵᠡᠷᠭᠡ 6 ᠵᠤᠷᠪᠤᠰ ᠤᠯᠠᠭᠠᠨ ᠠᠨᠠᠷ᠎ᠤᠨ ᠵᠢᠭᠤᠯᠴᠢᠯᠠᠯ᠎ᠤᠨ ᠱᠤᠭᠤᠮ᠎ᠢ ᠨᠡᠭᠡᠭᠡᠵᠦ᠍᠂ ᠨᠢᠭᠡ ᠪᠦᠯᠦᠭ 《ᠤᠯᠠᠭᠠᠨ ᠠᠨᠠᠷ +》 ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠠᠯᠢ ᠤᠯᠠᠨ 《ᠡᠶᠡᠯᠳᠡᠭ ᠬᠥᠷᠰᠢ》 ᠤᠷᠳᠤ ᠬᠤᠩᠬᠢᠯ᠂ 《ᠡᠶᠡᠯᠳᠡᠭ ᠬᠥᠷᠰᠢ》 ᠴᠤᠭ᠍ᠯᠠᠭ᠎ᠠ ᠮᠠᠢᠮᠠᠢ᠎ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠨ ᠵᠠᠢ᠂ ᠰᠤᠶᠤᠯ᠂ ᠠᠵᠤ ᠠᠬᠤᠢ᠂ ᠨᠡᠢᠭᠡᠮ ᠵᠡᠷᠭᠡ ᠲᠠᠯ᠎ᠠ ᠪᠡᠷ ᠪᠦᠬᠦ ᠲᠠᠯ᠎ᠠ ᠪᠡᠷ ᠠᠭᠤᠰᠤᠯᠴᠠᠬᠤ ᠵᠢ ᠠᠬᠢᠭᠤᠯᠵᠠᠢ ᠭᠡᠵᠦ ᠬᠡᠯᠡᠪᠡ᠃
ᠣᠷᠳᠣᠰ ᠬᠣᠲᠠ᠎ᠶ᠋ᠢᠨ ᠦᠦᠱᠢᠨ ᠬᠣᠱᠢᠭᠤᠨ᠎ᠤ ᠭᠠᠯᠠᠭᠤᠲᠤ ᠪᠠᠯᠭᠠᠰᠤ 2025 ᠣᠨ᠎ᠳᠤ ᠬᠦᠨᠳᠦ ᠴᠢᠬᠤᠯᠠ ᠪᠥᠭᠡᠳ ᠳᠤᠯᠠᠭᠠᠬᠠᠨ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃ ᠲᠣᠰ ᠪᠠᠯᠭᠠᠰᠤ 610 ᠲᠦᠮᠡᠨ ᠲᠥᠭᠥᠷᠢᠭ᠎ᠦᠨ ᠪᠠᠯᠠ ᠣᠷᠣᠭᠤᠯᠵᠦ ᠤᠰᠤᠨ᠎ᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ 5 ᠭᠠᠴᠠᠭ᠎ᠠ ᠲᠣᠰᠭᠣᠨ᠎ᠤ 263 ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠪᠡ; 380 ᠲᠦᠮᠡᠨ ᠲᠥᠭᠥᠷᠢᠭ᠎ᠢ ᠨᠠᠢᠳᠠᠪᠤᠷᠢᠵᠢᠭᠤᠯᠤᠨ 《ᠳᠥᠷᠪᠡᠨ ᠰᠠᠢᠨ ᠬᠥᠳᠡᠭᠡ ᠲᠣᠰᠭᠣᠨ᠎ᠤ ᠵᠠᠮ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠳᠡᠭᠡ ᠲᠣᠰᠭᠣᠨ᠎ᠤ ᠵᠠᠮ᠎ᠢ 50 ᠺᠢᠯᠣᠮᠧᠲ᠋ᠷ ᠱᠢᠨ᠎ᠡ᠎ᠪᠡᠷ ᠵᠠᠰᠠᠬᠰᠠᠨ ᠪᠤᠶᠤ ᠰᠠᠯᠪᠢᠨ ᠵᠠᠰᠠᠵᠤ᠂ 2000 ᠭᠠᠷᠤᠶ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠲᠥᠬᠥᠭᠡᠷᠦᠮᠵᠢ᠎ᠶ᠋ᠢ ᠢᠵᠢ ᠪᠦᠷᠢᠳᠦᠭᠦᠯᠦᠨ ᠤᠭ᠍ᠰᠠᠷᠠᠪᠠ᠃ ᠡᠭᠦᠨ ᠤ᠋ ᠬᠠᠮᠳᠤ 30 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ 2 ᠵᠤᠷᠪᠤᠰ ᠤᠯᠠᠨ ᠨᠡᠢᠲᠡ᠎ᠶ᠋ᠢᠨ ᠵᠠᠮ ᠬᠠᠷᠢᠯᠴᠠᠭᠠᠨ ᠤ᠋ ᠲᠤᠰᠭᠠᠢ ᠱᠤᠭᠤᠮ ᠢ᠋ ᠨᠢᠭᠡ ᠴᠤᠭ᠍ᠴᠠᠵᠢᠭᠤᠯᠤᠭ᠍ᠰᠠᠨ ᠲᠥᠷᠥᠯ ᠵᠦᠢᠯ᠎ᠳᠦ ᠲᠤᠰᠠᠯᠠᠮᠵᠢ ᠣᠯᠭᠣᠵᠤ᠂ 10 ᠴᠢᠮᠡᠭᠡ ᠬᠣᠯᠪᠣᠭᠠᠨ ᠤ᠋ ᠰᠠᠭᠤᠷᠢ ᠥᠷᠳᠡᠭᠡ ᠵᠢ ᠱᠢᠨ᠎ᠡ᠎ᠪᠡᠷ ᠪᠠᠢᠭᠤᠯᠪᠠ; 3500 ᠲᠦᠮᠡᠨ ᠲᠥᠭᠥᠷᠢᠭ ᠨᠠᠢᠳᠠᠪᠤᠷᠢᠵᠢᠭᠤᠯᠵᠤ ᠴᠠᠬᠢᠯᠭᠠᠨ ᠴᠡᠨᠡᠭ᠌ᠯᠡᠬᠦ᠌ ᠮᠠᠱᠢᠨ ᠲᠡᠷᠭᠡᠨ᠎ᠦ ᠫᠧᠩ᠎ᠢ 164 ᠪᠠᠢᠭᠤᠯᠵᠤ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠦᠬᠦ᠌ ᠲᠠᠯ᠎ᠠ᠎ᠪᠠᠷ ᠲᠡᠭᠦᠯᠳᠡᠷᠵᠢᠭᠦᠯᠪᠡ᠃ ᠲᠣᠰ ᠪᠠᠯᠭᠠᠰᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠪᠠᠯᠭᠠᠰᠤᠨ᠎ᠤ ᠳᠠᠷᠤᠭ᠎ᠠ ᠴᠢᠩ ᠮᠧᠶ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠰᠡᠳᠭᠢᠯ᠎ᠢ ᠳᠤᠯᠠᠭᠠᠴᠠᠭᠤᠯᠬᠤ ᠪᠣᠳᠠᠲᠤ ᠶᠠᠪᠤᠳᠠᠯ᠎ᠢᠶᠠᠷ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠳᠡᠪᠢᠰᠭᠡᠷ ᠥᠩᠭᠡ᠎ᠶ᠋ᠢ ᠵᠤᠵᠠᠭᠠᠳᠬᠠᠵᠠᠢ ᠭᠡᠵᠦ ᠢᠯᠡᠳᠭᠡᠪᠡ᠃
(ᠰᠤᠷᠪᠤᠯᠵᠢᠯᠠᠭ᠍ᠴᠢ ᠵᠧᠩ ᠱᠢᠤᠸᠠᠢ ᠯᠢᠶᠠᠩ ᠯᠢ ᠱᠢᠤᠸᠠᠢ ᠶᠣᠣ ᠭᠦᠸᠧ ᠴᠢ ᠨᠠᠨ ᠯᠢᠦ ᠬᠣᠩ ᠵᠠᠩ ᠪᠥᠸᠧ᠎ᠶ᠋ᠢᠨ ᠹᠸᠩ ᠯᠢ ᠱᠢᠨ ᠵᠢᠶᠦ᠋ᠨ ᠭᠤᠤ ᠮᠢᠨ ᠨᠠ ᠱᠢᠤᠸᠠᠢ ᠢ ᠴᠢᠶᠦᠢ᠍ᠨ ᠰᠦᠩ ᠠ ᠨᠠᠨ ᠪᠠᠶᠠᠰᠭᠤᠯᠠᠩ ᠬᠤᠤ ᠪᠢᠶᠤᠤ ᠪᠤᠶᠠᠨ᠌ᠡᠨᠡᠷᠢᠯ ᠵᠤᠤ ᠮᠢᠨ ᠮᠡᠳᠡᠭᠡᠯᠡᠪᠡ)