2 ᠰᠠᠷ᠎ᠠ᠎ᠶ᠋ᠢᠨ 6 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠬᠣᠶᠠᠳᠤᠭᠠᠷ ᠤᠳᠠᠭ᠎ᠠ᠎ᠶ᠋ᠢᠨ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ 61 ᠬᠥᠮᠦᠨ ᠪᠣᠶ᠂ 60 ᠬᠦᠮᠦᠨ ᠲᠣᠰ ᠤᠳᠠᠭ᠎ᠠ᠎ᠶ᠋ᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠸᠧᠢ ᠵᠦᠩ᠂ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠸᠠᠨ ᠴᠤᠤ ᠴᠢ ᠬᠤᠷᠠᠯ᠎ᠳᠤ ᠣᠷᠣᠯᠴᠠᠪᠠ᠃
ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠳ᠋ᠦᠩ ᠱᠢᠤᠢ᠎ᠶ᠋ᠢᠨ ᠬᠢᠭ᠌ᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠡᠷᠬᠢᠯᠡᠭ᠌ᠴᠢ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢᠨ ᠰᠠᠨᠠᠭᠤᠯᠭ᠎ᠠ ᠵᠢᠨ ᠨᠡᠷᠡᠰ ᠤ᠋ᠨ ᠲᠤᠬᠠᠶ ᠲᠣᠳᠣᠷᠬᠠᠢᠯᠠᠯᠲᠠ᠎ᠶ᠋ᠢ ᠰᠣᠨᠣᠰᠴᠤ᠌᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠡᠴᠡ ᠨᠡᠷ᠎ᠡ ᠳᠤᠷᠠᠳᠤᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠳᠡᠳ᠋ ᠡᠷᠬᠢᠯᠡᠭ᠌ᠴᠢ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢᠨ ᠨᠡᠷᠡᠰ》 ᠢ᠋ ᠪᠠᠲᠤᠯᠠᠵᠤ᠂ ᠪᠠᠲᠤᠯᠠᠭ᠍ᠰᠠᠨ᠎ᠤ ᠳᠠᠷᠠᠭᠠᠬᠢ ᠨᠡᠷᠡᠰ᠎ᠢ ᠪᠥᠬᠥ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠵᠤ ᠶᠠᠷᠢᠯᠴᠠᠭᠤᠯᠵᠤ ᠵᠥᠪᠯᠡᠭᠦᠯᠬᠦ ᠪᠡᠷ ᠲᠣᠭ᠍ᠲᠠᠪᠠ᠃