ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ
2026-02-07 11:22:22
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠬᠤᠷᠠᠯ᠎ᠢ ᠡᠷᠭᠢᠯᠡᠵᠡᠢ


2 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠪᠠᠢᠩᠭᠤ᠎ᠶ᠋ᠢᠨ ᠬᠤᠷᠢᠶ᠎ᠠ ᠵᠢᠨ ᠠᠷᠪᠠᠨ ᠵᠢᠷᠭᠤᠳᠤᠭᠠᠷ ᠬᠤᠷᠠᠯ ᠬᠥᠬᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ᠎ᠦᠨ ᠳᠠᠷᠤᠭ᠎ᠠ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠤ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ ᠂ ᠵᠠᠩ ᠪᠠᠶ ᠴᠧᠩ ᠂ ᠶᠠᠩ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠣᠩᠭᠣᠭᠤᠯᠢ᠎ᠶ᠋ᠢᠨ ᠵᠢᠱ᠌ᠢᠭ᠌ᠳᠡᠭ᠌ᠰᠡᠳ᠎ᠦᠨ ᠨᠡᠷᠡᠰ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠤ᠋ᠨ ᠰᠤᠩᠭᠤᠭᠤᠯᠢ ᠵᠢᠨ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢᠳ᠎ᠤᠨ ᠨᠡᠷᠡᠰ (ᠲᠥᠰᠦᠯ)᠂ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠶ᠋ᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠶ᠋ᠳᠪᠦᠷᠢ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠮᠡᠳᠡᠭᠦᠯᠦᠯᠲᠡ (ᠲᠥᠰᠦᠯ)᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ (ᠲᠥᠰᠦᠯ) ᠵᠢ ᠬᠢᠨᠠᠨ ᠵᠦᠪᠯᠡᠵᠦ ᠪᠠᠳᠤᠯᠠᠪᠠ᠃

ᠬᠤᠷᠠᠯ᠎ᠡᠴᠡ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ 69 ᠳ᠋ᠤᠭᠡᠷ ᠤᠳᠠᠭ᠎ᠠ᠎ᠶ᠋ᠢᠨ ᠲᠡᠷᠢᠭᠦᠯᠡᠭ᠌ᠴᠢᠳ᠎ᠦᠨ ᠬᠤᠷᠠᠯ᠎ᠢ ᠬᠤᠷᠠᠯᠳᠤᠭᠤᠯᠵᠤ᠂ ᠳᠤᠭᠤᠢᠯᠠᠩ ᠬᠤᠪᠢᠶᠠᠨ ᠶᠠᠷᠢᠯᠴᠠᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠲᠣᠰ ᠤᠳᠠᠭ᠎ᠠ᠎ᠶ᠋ᠢᠨ ᠬᠤᠷᠠᠯ᠎ᠳᠤ ᠳᠡᠪᠱᠢᠭᠦᠯᠬᠦ᠌ ᠬᠣᠯᠪᠣᠭ᠍ᠳᠠᠯ ᠪᠥᠬᠥᠶ ᠪᠢᠴᠢᠭ ᠮᠠᠲ᠋ᠧᠷᠢᠶᠠᠯ᠎ᠢ ᠬᠢᠨᠠᠨ ᠵᠥᠪᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号