ᠰᠠᠯᠬᠢᠨ ᠬᠦᠯᠦᠭ ᠳᠤᠪᠳᠤᠯᠤᠨ ᠱᠢᠨ᠎ᠡ ᠵᠠᠮ᠎ᠢ ᠨᠡᠬᠡᠬᠡᠨ᠎ᠡ
2026-02-07 11:31:35
ᠵᠣᠬᠢᠶᠠᠭ᠍ᠴᠢ᠄
ᠯᠢᠦ ᠸᠧᠢ ᠷᠧᠨ ᠬᠤᠢ ᠪᠢᠨ ᠤᠷᠢᠬᠠᠨ ᠾᠧ ᠱᠤ᠌ ᠴᠧᠨ ᠸᠧᠢ ᠵᠢᠩ ᠢᠦᠢ
ᠣᠩᠱᠢᠭ᠍ᠰᠠᠨ ᠣᠳᠠᠭ᠎ᠠ᠄
★★★☆☆

《ᠰᠢᠨᠬᠤᠸᠠ ᠡᠳᠦᠷ ᠪᠦᠷᠢ ᠵᠢᠨ ᠴᠠᠭᠢᠯᠭᠠᠨ ᠮᠡᠳᠡᠭᠡ》 ᠲᠦᠷᠦᠭᠦᠦ ᠨᠢᠭᠤᠷ᠎ᠤᠨ ᠲᠦᠷᠦᠭᠦᠦ ᠰᠡᠳᠤᠪ ᠵᠢᠡᠷ ᠨᠠᠢᠳᠡᠯᠡᠪᠡ


QQ截图20260207120745.png


ᠠᠵᠢᠨᠠᠶ ᠬᠦᠯᠦᠭ ᠰᠠᠯᠬᠢ ᠵᠦᠰᠦᠨ ᠳᠤᠪᠳᠤᠯᠵᠦ᠂ ᠰᠢᠨ᠎ᠠ ᠠᠶᠠᠨ᠎ᠠ ᠲᠦᠷᠦᠭᠡ ᠴᠢᠩᠭᠠᠯᠠᠨ ᠤᠷᠤᠬᠰᠢᠯᠠᠨ᠎ᠠ᠃

ᠥᠷᠭᠡᠨ ᠠᠭᠤᠳᠠᠮ ᠨᠤᠲᠤᠭ ᠪᠡᠯᠴᠢᠭᠡᠷ ᠳᠡᠭᠡᠷ᠎ᠡ ᠰᠦᠷᠦᠭ ᠠᠳᠤᠭᠤᠳ ᠰᠠᠯᠬᠢᠨ᠎ᠤ ᠠᠶ᠎ᠠ᠎ᠪᠠᠷ ᠳᠠᠪᠬᠢᠯᠳᠤᠨ᠂ ᠥᠪᠥᠷ ᠮᠣᠩᠭᠣᠯ᠎ᠤᠨ ᠡᠪᠦᠯ᠎ᠦᠨ ᠤᠯᠠᠷᠢᠯ᠎ᠤᠨ ᠲᠠᠯ᠎ᠠ ᠨᠤᠲᠤᠭ᠎ᠤᠨ 《ᠦᠵᠡᠮᠵᠢ᠎ᠶ᠋ᠢᠨ ᠵᠢᠷᠤᠭ》 ᠪᠣᠯᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠤᠯᠠᠨ ᠤᠳᠠᠭ᠎ᠠ ᠳᠤᠷᠠᠳᠴᠤ᠌᠂ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠄《ᠮᠣᠩᠭᠣᠯ ᠮᠣᠷᠢ ᠬᠡᠳᠦᠢᠪᠡᠷ ᠭᠠᠳᠠᠭᠠᠳᠤ᠎ᠶ᠋ᠢᠨ ᠨᠡᠷᠡᠳᠤ ᠮᠣᠷᠢ ᠱᠢᠭ᠋ ᠥᠨᠳᠥᠷ ᠪᠡᠶ᠎ᠡ᠎ᠲᠡᠶ ᠪᠢᠰᠢ ᠪᠣᠯᠪᠠᠴᠤ᠌ ᠠᠮᠢᠵᠢᠷᠠᠯ᠎ᠤᠨ ᠬᠦᠴᠦᠨ᠎ᠢᠶᠡᠷ ᠴᠢᠩᠭ᠎ᠠ᠂ ᠲᠡᠰᠪᠦᠷᠢ ᠳᠠᠭᠠᠭᠠᠴᠡ᠎ᠲᠠᠶ᠂ ᠪᠡᠶ᠎ᠡ ᠮᠠᠬᠠᠪᠣᠳ ᠬᠦᠳᠡᠷ ᠴᠢᠭᠢᠷᠠᠭ ᠶᠤᠮ᠃ ᠪᠢᠳᠠ ᠠᠵᠢᠯ ᠬᠢᠵᠦ᠍ ᠦᠢᠯᠡᠰ ᠪᠤᠰᠭᠠᠬᠤ᠎ᠳᠠᠭᠠᠨ ᠮᠣᠩᠭᠣᠯ ᠮᠣᠷᠢ ᠱᠢᠭ᠋ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭ᠍ᠰᠢᠯᠠᠬᠤ ᠵᠣᠷᠢᠭ ᠰᠠᠨᠠᠭ᠎ᠠ᠎ᠲᠠᠶ ᠪᠠᠢᠬᠤ ᠬᠡᠷᠡᠭ᠌ᠲᠡᠢ》 ᠭᠡᠵᠦ ᠵᠢᠭᠠᠵᠤ ᠭᠠᠷᠭᠠᠪᠠ᠃ ᠲᠡᠷᠡ᠂ ᠥᠪᠥᠷ ᠮᠣᠩᠭᠣᠯ᠎ᠤᠨ ᠨᠥᠬᠥᠳ 《ᠮᠣᠩᠭᠣᠯ ᠮᠤᠷᠢᠨ᠎ᠤ ᠵᠣᠷᠢᠭ ᠰᠠᠨᠠᠭ᠎ᠠ》 ᠵᠢ ᠶᠡᠬᠡ᠎ᠪᠡᠷ ᠪᠠᠳᠠᠷᠠᠭᠤᠯᠵᠤ᠂ ᠨᠠᠮ᠎ᠤᠨ ᠲᠥᠪ ᠬᠤᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠡᠯ᠎ᠡ ᠵᠦᠢᠯ᠎ᠦᠨ ᠠᠵᠢᠯ᠎ᠢᠶᠠᠨ ᠨᠡᠩ ᠰᠠᠢᠲᠤᠷ ᠬᠢᠬᠦ᠌᠎ᠪᠡᠷ ᠴᠢᠷᠮᠠᠢᠬᠤ᠎ᠵᠢ ᠬᠦᠰᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠢᠨ᠎ᠠ ᠭᠠᠷᠤᠭᠠᠨ ᠳ᠋ᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠴᠠᠭ᠎ᠢ ᠦᠵᠡᠨ ᠪᠠᠢᠳᠠᠯ᠎ᠢ ᠱᠢᠨᠵᠢᠵᠦ᠍ 《1571》 ᠠᠵᠢᠯ᠎ᠤᠨ ᠪᠠᠢᠷᠢᠯᠠᠭᠤᠯᠤᠯᠲᠠ ᠬᠢᠵᠦ᠍᠂ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠶᠡᠷᠦᠩᠬᠡᠶ ᠭᠠᠷᠳᠡᠴᠡ ᠪᠣᠯᠭᠠᠪᠠ᠃ 《1》 ᠭᠡᠳᠡᠭ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ; 《5》 ᠭᠡᠳᠡᠭ ᠨᠢ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠬᠤ ᠶᠠᠪᠤᠳᠠᠯ ᠪᠣᠯᠤᠨ᠎ᠠ;《7》 ᠭᠡᠳᠡᠭ ᠨᠢ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠠᠢᠭᠤᠯᠬᠤ ᠵᠡᠷᠭᠡ ᠳᠣᠯᠣᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠬᠤ ᠶᠠᠪᠤᠳᠠᠯ ᠪᠤᠯᠤᠨ᠎ᠠ; 《1》 ᠭᠡᠳᠡᠭ ᠨᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠡᠨᠡ ᠬᠦ᠌ ᠦᠨᠳᠦᠰᠦᠨ ᠪᠠᠲᠤᠯᠠᠭ᠎ᠠ᠎ᠵᠢ ᠵᠢᠭᠠᠨ᠎ᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠨ᠎ᠠ

ᠥᠪᠥᠷ ᠮᠣᠩᠭᠣᠯ ᠪᠣᠯ ᠨᠠᠮ᠎ᠤᠨ ᠤᠳᠤᠷᠢᠳᠤᠯᠭ᠎ᠠ ᠳᠣᠣᠷ᠎ᠠ ᠪᠠᠢᠭᠤᠯᠤᠭ᠍ᠳᠠᠭ᠍ᠰᠠᠨ ᠠᠩᠬᠠᠳᠠᠭ᠍ᠴᠢ ᠮᠤᠵᠢ᠎ᠶ᠋ᠢᠨ ᠲᠡᠰ᠎ᠤᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠠᠢᠵᠤ᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠨᠢ ᠦᠩ ᠱᠢᠮᠡᠯᠢᠭ ᠬᠥᠷᠥᠰᠥᠨ᠎ᠳᠤ ᠭᠦᠨ ᠦᠨᠳᠦᠰᠦᠯᠡᠪᠡ᠃ 《ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠦᠢᠯᠡᠳᠪᠦᠷᠢ᠎ᠶ᠋ᠢ ᠪᠦᠳᠤᠬᠡᠨ ᠪᠠᠢᠭᠤᠯᠤᠭ᠍ᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ》᠂ ᠡᠳᠡᠭᠡᠷ ᠰᠡᠳᠭᠢᠯ ᠬᠥᠳᠡᠯᠭᠡᠮ᠎ᠡ ᠦᠯᠢᠬᠡᠷ ᠤ᠋ᠳ᠎ᠲᠦ ᠦᠨᠳᠦᠰᠦᠲᠡᠨ ᠠᠯᠤᠰᠯᠠᠭ᠍ᠰᠠᠨ ᠶᠡᠬᠡ ᠬᠠᠢᠷ᠎ᠠ ᠰᠢᠨᠭᠭᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠭᠦᠨ ᠬᠠᠢᠷ᠎ᠠ ᠰᠡᠳᠭᠢᠯᠭᠡ᠎ᠶ᠋ᠢ ᠲᠠᠢᠯᠪᠤᠷᠢᠯᠠᠪᠠ᠃

ᠣᠳᠣᠬᠠᠨ᠎ᠳᠤ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠦᠨ ᠲᠣᠭᠣᠷᠢᠨ᠎ᠳᠤ᠂ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠤᠯᠤᠰ ᠲᠥᠷᠥ᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯᠤᠨ ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠵᠤ ᠪᠠᠢᠨ᠎ᠠ᠃ ᠪᠠᠢᠩᠭᠤᠵᠢᠭ᠍ᠰᠠᠨ ᠣᠷᠳᠣ ᠬᠤᠭᠤᠴᠠᠭᠠᠨ᠎ᠤ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠲᠣᠭ᠍ᠲᠡᠴᠡ᠎ᠶ᠋ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠥᠪ ᠤᠯᠤᠰ᠎ᠤᠷᠤᠨ᠎ᠤ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠠᠲᠤ ᠪᠠᠬᠢ ᠪᠣᠶ ᠪᠣᠯᠭᠠᠪᠠ᠃

ᠥᠪᠥᠷ ᠮᠣᠩᠭᠣᠯ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠤᠯᠴᠠᠯᠭ᠎ᠠ᠎ᠵᠢᠨ ᠠᠰᠠᠭᠤᠯᠲᠠ ᠬᠠᠷᠢᠭᠤᠯᠲᠠ》 ᠵᠡᠷᠭᠡ ᠣᠨᠣᠯ᠎ᠤᠨ ᠤᠩᠱᠢᠬᠤ ᠪᠢᠴᠢᠭ᠎ᠢ ᠨᠠᠢᠷᠠᠭᠤᠯᠤᠨ ᠬᠡᠪᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠣᠯᠠᠨ ᠨᠡᠢᠲᠡ᠎ᠶ᠋ᠢᠨ ᠰᠣᠶᠣᠯ᠎ᠤᠨ ᠲᠥᠬᠥᠭᠡᠷᠦᠮᠵᠢ᠂ ᠬᠣᠲᠠ᠎ᠶ᠋ᠢᠨ ᠪᠡᠯᠭᠡ ᠲᠡᠮᠳᠡᠭ᠎ᠦᠨ ᠴᠢᠨᠠᠷᠲᠠᠶ ᠪᠠᠷᠢᠯᠭ᠎ᠠ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠦᠵᠡᠮᠵᠢ᠎ᠶ᠋ᠢᠨ ᠴᠡᠭ᠎ᠲᠦ ᠪᠦᠲᠦᠮᠵᠢᠲᠡᠶ ᠠᠭᠤᠰᠤᠯᠴᠠᠭᠤᠯᠪᠠ᠃ ᠥᠪᠥᠷ ᠮᠣᠩᠭᠣᠯ᠎ᠤᠨ ᠮᠦᠽᠧᠶ᠎ᠳᠦ ᠣᠷᠣᠪᠠᠯ᠂ ᠳᠤᠮᠳᠠᠳᠤ ᠤᠯᠤᠰ᠎ᠤᠨ ᠲᠥᠷᠥ᠎ᠪᠡᠷ ᠲᠡᠩᠭᠡᠯᠢᠭ ᠪᠣᠯᠭᠠᠨ ᠥᠷᠨᠢᠭᠦᠯᠦᠭ᠌ᠰᠡᠨ ᠥᠪᠥᠷ ᠮᠣᠩᠭᠣᠯ᠎ᠤᠨ ᠨᠡᠪᠲᠡᠷᠬᠡᠢ ᠲᠡᠦᠬᠡ᠎ᠶ᠋ᠢᠨ ᠦᠵᠡᠭᠦᠯᠭᠡ ᠨᠢ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠠᠬᠢᠴᠠ᠎ᠪᠠᠷ ᠬᠥᠲᠥᠯᠪᠦᠷᠢ ᠪᠣᠯᠭᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠭᠤᠰᠤᠯᠴᠠᠭ᠍ᠰᠠᠨ ᠥᠯᠢᠭᠡᠷ᠎ᠢ ᠶᠠᠷᠢᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠤᠯᠤᠰ ᠨᠡᠢᠭᠡᠮ᠎ᠦᠨ ᠬᠥᠭ᠌ᠵᠢᠯᠲᠡ ᠪᠠ ᠴᠢᠬᠤᠯᠠ ᠲᠡᠦᠬᠡ᠎ᠶ᠋ᠢᠨ ᠵᠠᠩᠭᠢᠯᠠᠭ᠎ᠠ᠎ᠶ᠋ᠢᠨ ᠴᠡᠭ᠎ᠲᠦ ᠬᠠᠮᠲᠤ᠎ᠶ᠋ᠢᠨ ᠮᠡᠳᠡᠷᠡᠮᠵᠢ᠎ᠲᠡᠶ ᠪᠣᠯᠭᠠᠪᠠ᠃

《ᠱᠢᠨ᠎ᠡ ᠮᠦᠽᠧᠶ ᠨᠡᠭᠡᠭᠡᠭ᠌ᠳᠡᠭᠡᠳ ᠬᠠᠭᠠᠰ ᠵᠢᠯ ᠭᠠᠷᠤᠶ ᠪᠣᠯᠤᠮᠠᠭ᠍ᠴᠠ 272 ᠲᠦᠮᠡᠨ ᠬᠥᠮᠦᠨ ᠤᠳᠠᠭ᠎ᠠ ᠵᠢᠨ ᠦᠵᠡᠭ᠌ᠴᠢᠳ᠎ᠢ ᠭᠥᠯᠢᠶᠡᠨ ᠠᠪᠴᠠᠢ》᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠳᠠᠷᠤᠭ᠎ᠠ ᠵᠢᠶ ᠱᠢᠶᠤᠤ ᠴᠢᠩ᠂ ᠥᠪᠥᠷ ᠮᠣᠩᠭᠣᠯ ᠪᠥᠬᠥ᠌ ᠣᠷᠣᠨ᠎ᠤ 158 ᠮᠦᠽᠧᠶ᠎ᠳᠦ ᠲᠦᠱᠢᠭ᠌ᠯᠡᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ 《ᠨᠢᠳᠦᠨ᠎ᠳᠤ ᠦᠵᠡᠭᠳᠡᠮ᠎ᠡ》 ᠪᠤᠲᠠᠲᠠᠢ ᠪᠣᠯᠭᠠᠨ ᠬᠤᠪᠢᠷᠠᠭᠤᠯᠵᠤ᠂ ᠳᠤᠮᠳᠠᠳᠤ᠎ᠶ᠋ᠢᠨ ᠰᠣᠶᠣᠯ ᠭᠡᠬᠦ᠌ ᠡᠨᠡ ᠬᠦ᠌ ᠬᠦᠴᠦᠷᠬᠡᠭ ᠶᠡᠬᠡ ᠣᠶᠤᠨ ᠰᠠᠨᠠᠭᠠᠨ᠎ᠤ ᠬᠣᠯᠪᠣᠭᠠᠰᠤ᠎ᠪᠠᠷ ᠦᠨᠳᠦᠰᠦᠲᠡᠨ᠎ᠨᠦᠭᠦᠳ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠵᠠᠢ ᠭᠡᠪᠡ᠃

ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠎ᠠ

ᠥᠪᠥᠷ ᠮᠣᠩᠭᠣᠯ᠎ᠤᠨ ᠣᠷᠣᠨ ᠪᠠᠢᠷᠢ ᠥᠪᠡᠷᠮᠢᠴᠡ᠂ ᠡᠬᠢ ᠪᠠᠶᠠᠯᠢᠭ ᠡᠯᠪᠡᠭ ᠳᠡᠯᠪᠡᠭ᠂ ᠡᠳ᠋ ᠭᠠᠷᠤᠯᠲᠠ ᠡᠯᠪᠡᠭ ᠪᠠᠶᠠᠯᠢᠭ ᠪᠠᠢᠳᠠᠭ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠥᠲᠥᠭᠡᠨ ᠪᠠᠢᠭᠤᠯᠵᠤ ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ ᠪᠣᠯ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠪᠣᠯᠤᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠠᠨᠳᠤᠭᠤᠯᠤᠨ᠂ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ ᠪᠥᠬᠥ᠌ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠯᠭᠠᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠪᠥᠬᠥ᠌ ᠤᠯᠤᠰ᠎ᠤᠨ ᠳᠡᠭᠡᠳᠦ ᠲᠦᠪᠰᠢᠨ᠎ᠳᠤ ᠲᠣᠭ᠍ᠲᠠᠭᠤᠨ ᠪᠠᠢᠯᠭᠠᠬᠤ ᠪᠡᠷ ᠴᠢᠷᠮᠠᠢᠨ᠎ᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠌᠎ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠂ ᠠᠮᠤᠷ ᠲᠦᠪᠱᠢᠨ᠎ᠦ ᠲᠣᠭ᠍ᠲᠠᠭᠤᠨ ᠬᠠᠯᠬᠠᠪᠴᠢ᠎ᠶ᠋ᠢ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ᠎ᠪᠠᠷ ᠴᠢᠷᠮᠠᠢᠨ᠎ᠠ᠃

《ᠤᠮᠠᠷᠠᠲᠤ᠎ᠵᠢᠨ ᠭᠤᠷᠪᠠᠨ ᠤᠷᠤᠨ》 ᠢ᠋ ᠰᠤᠨᠳᠠᠯᠠᠭ᠍ᠰᠠᠨ ᠥᠪᠥᠷ ᠮᠣᠩᠭᠣᠯ᠎ᠳᠤ᠂ ᠣᠶ ᠱᠢᠭᠤᠶ᠂ ᠨᠤᠲᠤᠭ ᠪᠡᠯᠴᠢᠭᠡᠷ᠎ᠦᠨ ᠲᠠᠯᠠᠪᠠᠶ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠠ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠨ᠎ᠠ᠃

ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠬᠢᠷᠢ ᠵᠡᠷᠭᠡ ᠪᠠᠢᠬᠤ ᠨᠢ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠦ ᠶᠡᠬᠡ ᠲᠠᠯ᠎ᠠ᠎ᠳᠤ ᠬᠣᠯᠪᠣᠭ᠍ᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠪᠤᠤᠬᠢᠶ᠎ᠠ ᠳᠠᠮᠵᠢᠭᠤᠯᠤᠨ ᠲᠡᠮᠡᠴᠡᠵᠦ᠍᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠄  1.23 ᠳ᠋ᠦᠩᠱᠢᠭᠤᠷ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ 6688 ᠲᠦᠮᠡᠨ ᠮᠥ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠭ᠍ᠰᠠᠨ᠎ᠨᠢ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠵᠤ᠂ ᠪᠠᠳᠠᠶ᠎ᠶ᠋ᠢᠨ ᠵᠢᠷᠠᠨ᠎ᠤ ᠡᠯᠡᠰᠦ ᠪᠠ ᠲᠩᠷᠢ ᠡᠯᠡᠰᠦᠨ᠎ᠦ 《ᠵᠠᠬ᠎ᠠ ᠨᠡᠢᠯᠡᠬᠦ》 ᠶ᠋ᠢ ᠪᠦᠲᠦᠮᠵᠢᠲᠡᠶ ᠬᠣᠷᠢᠭ᠍ᠯᠠᠵᠤ᠂ ᠬᠣᠷᠴᠢᠨ᠎ᠤ ᠡᠯᠡᠰᠦᠷᠬᠡᠭ ᠭᠠᠵᠠᠷ᠎ᠲᠤ ᠶᠠᠭ ᠲᠠᠯ᠎ᠠ ᠨᠤᠲᠤᠭ᠎ᠤᠨ ᠥᠩᠭᠡ ᠦᠵᠡᠮᠵᠢ ᠳᠠᠬᠢᠨ ᠢᠯᠡᠷᠡᠵᠦ᠍᠂ ᠬᠠᠲᠤᠨ ᠭᠤᠤᠯ᠎ᠤᠨ ᠬᠣᠶᠠᠷ ᠬᠥᠪᠡᠭᠡᠨ᠎ᠦ 620 ᠺᠢᠯᠣᠮᠧᠲ᠋ᠷ᠎ᠤᠨ ᠣᠶ ᠱᠢᠭᠤᠶ ᠡᠪᠡᠰᠦᠨ᠎ᠤ ᠪᠦᠰᠡ ᠪᠥᠬᠥ᠌ ᠱᠤᠭᠤᠮ᠎ᠢᠶᠠᠷ ᠨᠡᠪᠲᠡᠷᠡᠵᠦ᠍᠂ 27 ᠵᠢᠯ ᠤᠷᠤᠰᠭᠠᠯ ᠲᠠᠰᠤᠷᠠᠭ᠍ᠰᠠᠨ ᠪᠠᠷᠠᠭᠤᠨ ᠯᠢᠶᠣᠤᠾᠧ ᠭᠤᠤᠯ ᠪᠥᠬᠥ᠌ ᠱᠤᠭᠤᠮ᠎ᠢᠶᠠᠷ ᠤᠷᠤᠰᠬᠠᠯ ᠲᠠᠢ ᠪᠤᠯᠵᠠᠢ ᠁

ᠭᠡᠪᠡᠴᠦ᠍ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠳᠤ ᠮᠥᠨ ᠬᠦ᠌ ᠪᠠᠭᠤᠷᠠᠶ ᠭᠣᠭ᠍ᠴᠣᠭ᠎ᠠ ᠣᠷᠣᠱᠢᠵᠤ ᠪᠠᠢᠨ᠎ᠠ᠄ ᠬᠡᠰᠡᠭ ᠭᠠᠵᠠᠷ ᠣᠷᠣᠨ ᠠᠮᠢ ᠠᠬᠤᠶ᠎ᠶ᠋ᠢ ᠲᠡᠷᠢᠭᠦᠨ᠎ᠳᠦ ᠲᠠᠯᠪᠢᠬᠤ᠂ ᠪᠣᠬᠢᠷᠲᠤᠯ ᠥᠬᠡᠶ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠭᠰᠠᠨ ᠥᠬᠡᠶ᠂ ᠡᠬᠢ ᠪᠠᠶᠠᠯᠢᠭ᠎ᠤᠨ ᠨᠡᠭᠡᠭᠡᠨ ᠬᠥᠭ᠌ᠵᠢᠭᠦᠯᠦᠯᠲᠡ ᠬᠢᠭᠡᠳ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠵᠥᠷᠢᠴᠡᠯ ᠮᠥᠨ ᠬᠦ᠌ ᠣᠷᠣᠱᠢᠵᠤ ᠪᠠᠢᠨ᠎ᠠ; ᠨᠤᠲᠤᠭ ᠪᠡᠯᠴᠢᠭᠡᠷ᠎ᠦᠨ ᠬᠠᠮᠠᠭᠠᠯᠠᠯᠲᠠ ᠵᠡᠷᠭᠡ ᠭᠤᠤᠯᠳᠠᠯᠭ᠎ᠠ᠎ᠲᠠᠶ ᠠᠵᠢᠯ᠎ᠢ ᠪᠣᠳᠠᠲᠠᠢᠵᠢᠭᠤᠯᠤᠭ᠍ᠰᠠᠨ ᠥᠬᠡᠶ; ᠬᠠᠳᠤᠨ ᠭᠣᠣᠯ᠎ᠤᠨ ᠰᠠᠪᠠ ᠭᠠᠵᠠᠷ᠎ᠤᠨ 《ᠶᠡᠬᠡ ᠲᠤᠬᠤᠢ ᠤᠷᠤᠨ》 ᠤ᠋ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠰᠠᠭᠤᠳᠠᠯ ᠤᠯᠠᠨ ᠭᠠᠷᠴᠤ᠌ ᠪᠠᠢᠨ᠎ᠠ; ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠵᠠᠰᠠᠬᠤ ᠵᠡᠷᠭᠡ ᠬᠦᠷᠢᠶᠡᠨ᠎ᠳᠦ ᠮᠥᠨ ᠬᠦ᠌ ᠬᠦᠴᠦᠯᠡᠬᠦ᠌ ᠴᠢᠬᠤᠯᠠᠲᠠᠶ ᠪᠠᠢᠨ᠎ᠠ ᠁

ᠠᠰᠠᠭᠤᠳᠠᠯ ᠪᠤᠯ ᠳᠠᠷᠤᠶ ᠴᠢᠷᠮᠠᠢᠬᠤ ᠴᠢᠭ᠌ᠯᠡᠯ ᠮᠦᠨ᠃ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠰᠠᠢᠲᠤᠷ ᠠᠳᠭᠤᠵᠤ᠂ ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ᠎ᠶ᠋ᠢᠨ ᠨᠠᠭᠤᠷ ᠵᠡᠷᠭᠡ ᠭᠤᠤᠯ ᠮᠥᠷᠡᠨ ᠨᠠᠭᠤᠷ ᠪᠦᠷᠢᠳᠦ᠂ ᠨᠤᠭᠤ ᠭᠠᠵᠠᠷ᠎ᠤᠨ ᠠᠮᠢ ᠠᠬᠤᠶ᠎ᠶ᠋ᠢ ᠶᠡᠷᠦᠩᠬᠡᠢᠯᠡᠨ ᠵᠠᠰᠠᠬᠤ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠵᠤ᠂ ᠳᠠᠭᠠᠭᠠᠴᠡ᠎ᠡᠴᠡ ᠬᠡᠲᠦᠷᠡᠲᠡᠯ᠎ᠡ ᠮᠠᠯᠵᠢᠵᠤ ᠪᠡᠯᠴᠢᠭᠡᠷ᠎ᠢ ᠡᠪᠳᠡᠬᠦ᠌᠎ᠶ᠋ᠢ ᠴᠡᠭ᠌ᠴᠡᠯᠡᠨ ᠵᠠᠰᠠᠨ᠎ᠠ ᠁ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠲᠡ᠎ᠵᠢ ᠨᠡᠮᠡᠭᠳᠡᠭᠦᠯᠬᠦ᠎ᠵᠢ ᠬᠠᠮᠵᠢᠯᠴᠠᠨ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠡᠬᠡ ᠤᠯᠤᠰ᠎ᠤᠨ ᠤᠮᠠᠷᠠᠲᠤ ᠬᠢᠯᠢ᠎ᠳᠦ ᠨᠤᠮᠢᠨ ᠨᠤᠭᠤᠭᠠᠨ ᠣᠷᠳᠣ ᠴᠠᠭᠠᠨ ᠬᠡᠷᠡᠮ᠎ᠢ ᠪᠠᠢᠭᠤᠯᠤᠨ᠎ᠠ᠃

ᠥᠪᠥᠷ ᠮᠣᠩᠭᠣᠯ᠎ᠳᠤ 4200 ᠭᠠᠷᠤᠶ ᠺᠢᠯᠣᠮᠧᠲ᠋ᠷ ᠬᠢᠯᠢ᠎ᠶ᠋ᠢᠨ ᠱᠤᠭᠤᠮ᠎ᠲᠠᠶ ᠪᠠᠢᠵᠤ᠂ ᠪᠠᠷᠤᠭ ᠪᠥᠬᠥ᠌ ᠤᠯᠤᠰ᠎ᠤᠨ ᠡᠬᠡ ᠬᠠᠭᠤᠷᠠᠶ᠎ᠶ᠋ᠢᠨ ᠬᠢᠯᠢ᠎ᠶ᠋ᠢᠨ ᠱᠤᠭᠤᠮ᠎ᠤᠨ 1 / 5 ᠎ᠶ᠋ᠢ ᠡᠵᠡᠯᠡᠵᠦ᠍᠂ ᠪᠥᠬᠥ᠌ ᠤᠯᠤᠰ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ ᠮᠤᠵᠢ ᠣᠷᠣᠨ ᠪᠣᠯᠤᠨ᠎ᠠ᠃

ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ ᠶᠡᠬᠡ ᠲᠠᠯ᠎ᠠ᠎ᠳᠤ᠂ ᠥᠪᠥᠷ ᠮᠣᠩᠭᠣᠯ ᠡᠬᠡ ᠤᠯᠤᠰ᠎ᠤᠨ 《ᠤᠮᠠᠷᠠᠲᠤ᠎ᠵᠢᠨ ᠬᠠᠭᠠᠯᠭ᠎ᠠ》᠎ᠶ᠋ᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠲᠠ᠎ᠵᠢᠨ ᠭᠤᠤᠯ》 ᠪᠣᠯᠵᠣ ᠪᠠᠢᠨ᠎ᠠ᠂ ᠭᠡᠪᠡᠴᠦ᠍ ᠪᠠᠰᠠ ᠬᠢᠯᠢ ᠬᠢᠵᠠᠭᠠᠷ ᠣᠷᠣᠨ᠎ᠤ ᠭᠠᠵᠠᠷ᠎ᠤᠨ ᠪᠠᠢᠴᠠ ᠪᠤᠳᠤᠯᠢᠶᠠᠨᠲᠠᠶ᠂ ᠠᠭᠤᠷ ᠠᠮᠢᠰᠭᠤᠯ ᠮᠠᠭᠤ᠂ ᠬᠥᠮᠦᠨ ᠠᠮᠠ᠎ᠶ᠋ᠢᠨ ᠨᠠᠰᠤᠵᠢᠯᠲᠠ᠂ ᠬᠠᠮᠢᠶᠠᠷᠤᠨ ᠡᠵᠡᠮᠳᠡᠬᠦ᠌ ᠬᠦᠴᠢᠷᠳᠡᠯ ᠶᠡᠬᠡ ᠵᠡᠷᠭᠡ ᠪᠣᠳᠠᠲᠠᠶ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃

ᠬᠢᠯᠢ ᠬᠢᠵᠠᠭᠠᠷ᠎ᠢ ᠮᠠᠨᠳᠤᠭᠤᠯᠬᠤ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠬᠤ ᠬᠢᠯᠢ ᠬᠢᠵᠠᠭᠠᠷ᠎ᠢ ᠪᠡᠬᠢᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠎ᠡ ᠁ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ ᠡᠯ᠎ᠡ ᠵᠦᠢᠯ᠎ᠦᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯᠤᠨ᠎ᠠ᠃

ᠥᠪᠥᠷ ᠮᠣᠩᠭᠣᠯ᠎ᠤᠨ ᠨᠡᠭᠦᠷᠡᠰᠦ᠂ ᠬᠣᠪᠣᠷ ᠱᠢᠷᠣᠶ ᠵᠡᠷᠭᠡ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠠᠵᠤ ᠦᠶ᠋ᠯᠡᠰ᠎ᠦᠨ ᠳᠠᠪᠠᠭᠤᠯᠢᠭ ᠲᠣᠪᠣᠢᠮ᠎ᠠ ᠪᠠᠢᠵᠤ᠂ ᠣᠯᠠᠨ ᠵᠢᠯ ᠳᠠᠷᠠᠭᠠᠯᠠᠨ ᠨᠡᠭᠦᠷᠡᠰᠦᠨ᠎ᠦ ᠭᠠᠷᠤᠯᠲᠠ᠂ ᠴᠠᠬᠢᠯᠭᠠᠨ ᠭᠠᠷᠭᠠᠭ᠍ᠰᠠᠨ ᠬᠡᠮᠵᠢᠶ᠎ᠡ᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ ᠪᠣᠯᠤᠨ ᠬᠣᠪᠣᠷ ᠱᠢᠷᠣᠶ᠎ᠶ᠋ᠢᠨ ᠭᠠᠷᠤᠯᠲᠠ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠂ ᠭᠡᠪᠡᠴᠦ᠍ 《ᠤᠤᠭᠠᠯ ᠢᠷᠡᠯᠲᠡ》᠂ 《ᠠᠩᠬᠠᠨ᠎ᠤ ᠨᠡᠷᠡᠮᠵᠢᠲᠦ》 ᠦᠶ᠋ᠯᠡᠳᠬᠦᠨ ᠣᠯᠠᠨ᠂ ᠥᠨᠳᠥᠷ ᠨᠡᠮᠡᠯᠲᠡ ᠥᠷᠲᠡᠭ ᠪᠠ ᠦᠵᠦᠭᠦᠷᠯᠢᠭ᠎ᠦᠨ ᠬᠡᠷᠡᠭ᠌ᠯᠡᠭᠡᠨ᠎ᠦ ᠦᠶ᠋ᠯᠡᠳᠬᠦᠨ ᠴᠥᠭᠡᠨ ᠪᠠᠢᠨ᠎ᠠ᠃ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ᠂ ᠱᠢᠷᠣᠶ ᠮᠠᠯᠲᠠᠵᠤ ᠱᠢᠷᠣᠶ ᠬᠤᠳᠠᠯᠳᠤᠬᠤ》 ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠦᠳᠦᠭᠦᠯᠢᠭ ᠠᠷᠭ᠎ᠠ ᠬᠡᠯᠪᠡᠷᠢ᠎ᠨᠢ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠳᠤ ᠵᠣᠬᠢᠴᠠᠬᠤ᠎ᠳᠤ ᠬᠦᠴᠢᠷ ᠪᠠᠢᠨ᠎ᠠ᠃

ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠡᠭᠦᠷᠭᠡ᠎ᠶ᠋ᠢ ᠬᠡᠷᠬᠢᠨ ᠡᠭᠦᠷᠭᠡᠯᠡᠬᠦ᠌ ᠪᠣᠶ? ᠬᠠᠷᠢᠭᠤᠯᠲᠠ ᠨᠢ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠶᠡᠬᠡ᠎ᠪᠡᠷ ᠬᠥᠭ᠌ᠵᠢᠭᠦᠯᠬᠦ᠌᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠪᠣᠯᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠢᠳᠡᠪᠬᠢᠲᠡᠢ ᠪᠠᠢᠷᠢᠱᠢᠭᠤᠯᠬᠤ ᠦᠢᠯᠡᠳᠦᠯᠭᠡ ᠳᠤᠮᠳᠠ ᠪᠤᠢ᠂ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠳᠡᠭᠡᠭ᠌ᠰᠢᠯᠡᠯᠲᠡ᠎ᠶ᠋ᠢ ᠶᠡᠬᠡ᠎ᠪᠡᠷ ᠠᠬᠢᠭᠤᠯᠬᠤ ᠰᠦᠪᠡᠭ᠌ᠴᠢᠯᠡᠯ ᠳᠤᠮᠳᠠ ᠪᠤᠢ᠃ ᠥᠪᠥᠷ ᠮᠣᠩᠭᠣᠯ᠎ᠳᠤ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠤᠰᠭᠠᠶ ᠠᠱᠢᠭ᠎ᠤᠨ ᠮᠡᠷᠭᠡᠵᠢᠯ 100 ᠭᠠᠷᠤᠶ ᠵᠦᠶ᠋ᠯ ᠪᠠᠢᠵᠤ᠂ ᠨᠢᠭᠡ ᠪᠦᠯᠦᠭ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠲᠡᠶ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠮᠡᠷᠭᠡᠵᠢᠯ᠎ᠦᠨ ᠪᠥᠲᠥᠭᠡᠨ ᠪᠠᠢᠭᠤᠯᠤᠯᠲᠠ ᠠᠱᠢᠭ᠍ᠯᠠᠯᠲᠠ᠎ᠳᠤ ᠣᠷᠣᠪᠠ᠃ 2025 ᠣᠨ᠎ᠳᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠶᠡᠷᠦᠩᠬᠡᠢ ᠮᠠᠱᠢᠨ ᠴᠣᠭ᠍ᠴᠠᠯᠠᠪᠤᠷᠢ 1.7 ᠳ᠋ᠦᠩᠱᠢᠭᠤᠷ ᠺᠢᠯᠦᠸᠠᠲ᠎ᠢ ᠳᠠᠪᠠᠵᠤ᠂ ᠪᠦᠬᠦ᠌ ᠤᠯᠤᠰ᠎ᠲᠤ ᠲᠡᠷᠢᠭᠦᠯᠡᠪᠠ᠃ ᠢᠷᠡᠭᠡᠳᠦᠶ᠎ᠳᠦ ᠬᠠᠨᠳᠤᠭᠤᠯᠤᠨ᠂ ᠥᠪᠥᠷ ᠮᠣᠩᠭᠣᠯ ᠨᠡᠭᠦᠷᠡᠰᠦ ᠵᠡᠷᠭᠡ ᠤᠯᠠᠮᠵᠢᠯᠠᠯᠲᠤ ᠡᠨᠧᠷᠭᠢ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠎ᠶ᠋ᠢ ᠴᠢᠩᠭᠠᠳᠭᠠᠵᠤ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠬᠡᠪᠴᠢᠶ᠎ᠡ᠎ᠶ᠋ᠢ ᠤᠯᠠᠮ ᠨᠢᠭᠡ ᠠᠯᠬᠤᠮ ᠪᠤᠵᠠᠭᠠᠢᠷᠠᠭᠤᠯᠵᠤ᠂ ᠨᠡᠭᠡᠭᠡᠨ ᠬᠥᠭ᠌ᠵᠢᠭᠦᠯᠬᠦ᠌ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠡᠯᠡᠰᠦ ᠭᠤᠪᠢ ᠴᠦᠯ᠎ᠤᠨ ᠲᠣᠮᠣ ᠰᠠᠭᠤᠷᠢᠨ᠎ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ 《ᠰᠠᠯᠬᠢ ᠬᠡᠷᠡᠯ᠎ᠢ ᠤᠰᠤᠲᠥ᠋ᠷᠥᠭ᠌ᠴᠢᠵᠢᠬᠦᠯᠤᠨ ᠬᠠᠳᠠᠭᠠᠯᠠᠬᠤ》 ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ᠃

2025 ᠣᠨ᠎ᠳᠤ᠂ ᠥᠪᠥᠷ ᠮᠣᠩᠭᠣᠯ᠎ᠤᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ 10 ᠵᠤᠷᠪᠤᠰ ᠵᠠᠪᠰᠠᠷ᠎ᠤᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠱᠤᠭᠤᠮ᠎ᠢ ᠠᠱᠢᠭ᠍ᠯᠠᠯᠲᠠ᠎ᠳᠤ ᠣᠷᠣᠭᠤᠯᠵᠤ᠂ 21 ᠵᠦᠶ᠋ᠯ᠎ᠦᠨ ᠱᠢᠨ᠎ᠡ ᠦᠶ᠋ᠯᠡᠳᠬᠦᠨ᠎ᠢ ᠠᠮᠵᠢᠯᠲᠠ᠎ᠲᠠᠶ ᠰᠤᠳᠤᠯᠤᠨ ᠨᠡᠭᠡᠭᠡᠪᠡ᠃ ᠢᠷᠡᠭᠡᠳᠦᠶ᠎ᠳᠦ᠂ ᠥᠪᠥᠷ ᠮᠣᠩᠭᠣᠯ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ ᠪᠠ ᠡᠴᠦᠰ᠎ᠤᠨ ᠭᠡᠯᠬᠢᠶᠡᠨ᠎ᠤ ᠬᠡᠷᠡᠭ᠌ᠯᠡᠭᠡᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠪᠥᠬᠥ᠌ ᠤᠯᠤᠰ᠎ᠤᠨ ᠬᠠᠮᠤᠭ᠎ᠤᠨ ᠶᠡᠬᠡ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ ᠪᠠ ᠪᠥᠬᠥ᠌ ᠳᠡᠯᠡᠬᠡᠶ᠎ᠳᠦ ᠲᠡᠷᠢᠭᠦᠯᠡᠭ᠌ᠰᠡᠨ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠠᠭᠤᠷᠢᠨ᠎ᠢ ᠲᠦᠷᠭᠡᠳᠭᠡᠨ ᠪᠥᠲᠥᠭᠡᠨ ᠪᠠᠢᠭᠤᠯᠬᠤ ᠪᠣᠯᠤᠨ᠎ᠠ᠃

ᠥᠪᠥᠷ ᠮᠣᠩᠭᠣᠯ ᠪᠣᠯ ᠤᠯᠤᠰ᠎ᠤᠨ 《ᠠᠮᠤ ᠪᠤᠳᠠᠭᠠᠨ᠎ᠤ ᠬᠥᠮᠥᠷᠭᠡ》᠂ 《ᠮᠢᠬᠠᠨ᠎ᠤ ᠬᠥᠮᠥᠷᠭᠡ 》᠂ 《ᠰᠦ᠎ᠵᠢᠨ ᠬᠦᠨᠦᠭ》᠂ 《ᠨᠣᠤᠯᠤᠭ᠋ᠤᠷ᠎ᠤᠨ ᠬᠣᠲᠠ》 ᠮᠥᠨ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ᠂ ᠦᠨᠢᠶᠡᠨ ᠰᠦ᠂ ᠢᠮᠠᠭᠠᠨ ᠨᠣᠤᠯᠤᠭ᠋ᠤᠷ᠎ᠤᠨ ᠭᠠᠷᠤᠯᠲᠠ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ 2025 ᠣᠨ᠎ᠳᠤ᠂ ᠠᠮᠤ ᠪᠤᠳᠠᠭᠠᠨ᠎ᠤ ᠤᠨᠠᠯᠲᠠ 840.7 ᠳ᠋ᠦᠩᠱᠢᠭᠤᠷ ᠵᠢᠩ᠎ᠳᠦ ᠬᠦᠷᠴᠦ᠍᠂ ᠪᠥᠬᠥ᠌ ᠤᠯᠤᠰ᠎ᠤᠨ ᠲᠠᠪᠤᠳᠤᠭᠠᠷ᠎ᠲᠤ ᠣᠷᠣᠪᠠ᠃ ᠭᠡᠲᠡᠯ᠎ᠡ ᠨᠠᠷᠢᠯᠢᠭ ᠡᠳ᠋ᠱᠢᠭᠦᠯᠬᠦ᠌ ᠲᠠᠯ᠎ᠠ᠎ᠪᠠᠷ ᠬᠦᠷᠦᠯᠴᠡᠬᠦ᠌ ᠥᠬᠡᠶ᠂ ᠵᠠᠬ᠎ᠠ ᠳᠡᠯᠭᠡᠭᠦᠷ᠎ᠦᠨ ᠠᠯᠳᠠᠷᠱᠢᠯ ᠳᠤᠤᠷ᠎ᠠ ᠵᠡᠷᠭᠡ ᠠᠰᠠᠭᠤᠳᠠᠯ᠎ᠨᠢ ᠥᠪᠥᠷ ᠮᠣᠩᠭᠣᠯ᠎ᠤᠨ ᠮᠠᠯ ᠠᠵᠤ ᠠᠬᠤᠶ ᠲᠠᠷᠢᠶᠠᠯᠠᠩ ᠤ᠋ᠨ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠲᠥᠷᠥᠯ ᠲᠡᠮᠳᠡᠭ᠌ᠵᠢᠭ᠌ᠰᠡᠨ ᠬᠥᠭ᠌ᠵᠢᠯᠲᠡ᠎ᠶ᠋ᠢ ᠣᠷᠳᠣ ᠬᠤᠭᠤᠴᠠᠭ᠎ᠠ᠎ᠪᠠᠷ ᠬᠠᠷᠱᠢᠯᠠᠵᠤ ᠪᠠᠢᠨ᠎ᠠ᠃ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠴᠢᠨᠠᠷ ᠰᠠᠢᠲᠠᠶ ᠦᠶ᠋ᠯᠡᠳᠪᠦᠷᠢᠯᠡᠯ᠎ᠦᠨ ᠰᠠᠭᠤᠷᠢᠨ ᠢ᠋ ᠬᠡᠷᠬᠢᠨ ᠪᠥᠲᠥᠭᠡᠨ ᠪᠠᠢᠭᠤᠯᠬᠤ ᠪᠣᠶ? 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠮᠠᠯ ᠠᠵᠤ ᠠᠬᠤᠶ᠎ᠲᠠᠷᠢᠶᠠᠯᠠᠩ ᠤ᠋ᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ 《ᠲᠠᠷᠢᠮᠠᠯ ᠨᠢ ᠡᠬᠢᠨ᠎ᠳᠤ ᠪᠦᠲᠦᠭᠡᠭᠳᠡᠭᠦᠨ ᠨᠢ ᠰᠡᠭᠦᠯ᠎ᠳᠤ》᠂ 《ᠮᠠᠯ ᠨᠢ ᠡᠬᠢᠨ᠎ᠳᠤ ᠮᠢᠬ᠎ᠠ ᠨᠢ ᠰᠡᠭᠦᠯ᠎ᠳᠤ》 ᠪᠠᠢᠬᠤ᠎ᠵᠢ ᠤᠨᠢᠯᠠᠨ ᠨᠠᠷᠢᠯᠢᠭ ᠡᠳ᠋ᠰᠢᠭᠦᠯᠬᠦ᠎ᠶ᠋ᠢ ᠶᠡᠬᠡ᠎ᠪᠡᠷ ᠠᠬᠢᠭᠤᠯᠵᠤ᠂ 《ᠦᠷ᠎ᠡ᠎ᠶ᠋ᠢᠨ ᠢᠯᠳᠡᠰᠦ》 ᠵᠢᠨ ᠢᠨᠵᠧᠨᠧᠷᠢᠩ ᠪᠠ ᠲᠡᠵᠢᠭᠡᠯ ᠡᠪᠡᠰᠦ ᠪᠣᠷᠳᠣᠭᠠᠨ᠎ᠤ ᠬᠠᠩᠭᠠᠯᠭ᠎ᠠ᠎ᠶ᠋ᠢ ᠳᠡᠭᠡᠭ᠌ᠰᠢᠯᠡᠭᠦᠯᠬᠦ᠌᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠ᠎ᠶ᠋ᠢ ᠨᠡᠮᠡᠭ᠌ᠳᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠂ ᠰᠦ᠎ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ 《ᠭᠤᠷᠪᠠᠨ ᠠᠵᠢᠯᠯᠠᠭ᠎ᠠ》 ᠶ᠋ᠢ ᠬᠡᠷᠡᠭ᠌ᠵᠢᠭᠦᠯᠵᠦ᠍᠂ ᠲᠦᠷᠦᠯ ᠲᠡᠮᠳᠡᠭ᠎ᠦᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠮᠠᠯ ᠠᠵᠤ ᠠᠬᠤᠶ ᠲᠠᠷᠢᠶᠠᠯᠠᠩ᠎ᠤᠨ ᠲᠣᠮᠣ ᠣᠷᠣᠨ ᠡᠴᠡ ᠮᠠᠯ ᠠᠵᠤ ᠠᠬᠤᠶ᠎ᠲᠠᠷᠢᠶᠠᠯᠠᠩ᠎ᠤᠨ ᠬᠦᠴᠦᠷᠬᠡᠭ ᠣᠷᠣᠨ ᠳᠠᠢᠰᠢ ᠤᠷᠤᠭ᠍ᠰᠢᠯᠠᠬᠤ᠎ᠵᠢ ᠠᠬᠢᠭᠤᠯᠤᠨ᠎ᠠ᠃

ᠥᠪᠥᠷ ᠮᠣᠩᠭᠣᠯ ᠭᠠᠳᠠᠭ᠍ᠰᠢ᠎ᠪᠠᠨ ᠣᠷᠣᠰ᠂ ᠮᠣᠩᠭᠣᠯ ᠤᠯᠤᠰ᠎ᠲᠠᠶ ᠬᠦᠷᠰᠢᠯᠡᠵᠦ᠂ ᠳᠣᠲᠣᠭᠠᠳᠤ᠎ᠳᠠᠭᠠᠨ 8 ᠮᠤᠵᠢ ᠣᠷᠣᠨ᠎ᠲᠠᠶ ᠵᠠᠯᠭᠠᠯᠳᠤᠵᠤ᠂ 20 ᠭᠠᠳᠠᠭᠠᠳᠤ ᠨᠡᠭᠡᠭᠡᠯᠲᠡ᠎ᠶ᠋ᠢᠨ ᠪᠣᠭᠣᠮᠲᠠ᠎ᠲᠠᠶ᠂ ᠮᠠᠨ᠎ᠤ ᠤᠯᠤᠰ᠎ᠤᠨ 3 ᠵᠤᠷᠪᠤᠰ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠶᠡᠬᠡ ᠨᠡᠪᠲᠡᠷᠡᠬᠦ ᠵᠠᠮ᠎ᠤᠨ 2 ᠨᠢ ᠥᠪᠥᠷ ᠮᠣᠩᠭᠣᠯ᠎ᠢᠶᠠᠷ ᠥᠩᠭᠡᠷᠡᠨ ᠬᠢᠯᠢ᠎ᠡᠴᠡ ᠭᠠᠷᠴᠤ ᠪᠤᠢ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶ᠎ᠠ ᠬᠡᠪᠴᠢᠶ᠎ᠡ ᠪᠠ ᠶᠠᠰᠤ ᠴᠢᠨᠠᠷ᠎ᠤᠨ 《ᠬᠤᠤᠰ ᠳᠡᠭᠡᠭ᠌ᠰᠢᠯᠡᠯᠲᠡ》 ᠶ᠋ᠢ ᠪᠡᠶᠡᠯᠡᠭᠦᠯᠵᠦ᠍᠂ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠵᠢᠯ᠎ᠦᠨ ᠳᠤᠮᠳᠠᠴᠢ ᠨᠡᠮᠡᠭ᠌ᠳᠡᠯ᠎ᠦᠨ ᠬᠤᠷᠳᠤᠴᠠ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ᠎ᠵᠢᠡᠷ 8.8 ᠬᠤᠪᠢ ᠥᠨᠳᠥᠷ ᠪᠣᠯᠵᠣ᠂ 5 ᠵᠢᠯ᠎ᠦᠨ ᠬᠤᠭᠤᠴᠠᠭᠠᠨ᠎ᠳᠤ ᠡᠳ᠋ ᠪᠠᠷᠠᠭᠠᠨ᠎ᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠲᠣᠭ᠎ᠠ 8979.1 ᠳ᠋ᠦᠩᠱᠢᠭᠤᠷ ᠲᠥᠭᠥᠷᠢᠭ᠎ᠲᠦ ᠬᠦᠷᠴᠦ᠍᠂ ᠭᠠᠳᠠᠭᠠᠳᠤ ᠠᠷᠠᠯᠵᠢᠶᠠᠨ᠎ᠤ ᠶᠠᠪᠤᠯᠴᠠᠭ᠎ᠠ ᠪᠠᠢᠭᠤᠯᠤᠭ᠍ᠰᠠᠨ ᠤᠯᠤᠰ ᠪᠠ ᠭᠠᠵᠠᠷ ᠣᠷᠣᠨ 201 ᠪᠣᠯᠤᠨ ᠨᠡᠮᠡᠭ᠌ᠳᠡᠪᠡ᠃

ᠭᠡᠪᠡᠴᠦ᠍ ᠳᠤᠲᠠᠭᠤᠳᠠᠯ ᠮᠥᠨ ᠯᠡ ᠢᠯᠡᠷᠬᠡᠶ ᠪᠠᠢᠨ᠎ᠠ᠄ ᠬᠡᠰᠡᠭ ᠬᠢᠯᠢ᠎ᠵᠢᠨ ᠪᠣᠭᠣᠮᠲᠠ᠎ᠳᠤ 《ᠭᠠᠷ ᠳᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ ᠣᠷᠣᠱᠢᠵᠤ᠂ ᠬᠢᠯᠢ᠎ᠵᠢᠨ ᠪᠣᠭᠣᠮᠲᠠ᠎ᠶ᠋ᠢᠨ ᠠᠵᠤ ᠠᠬᠤᠶ᠎ᠶ᠋ᠢᠨ ᠨᠡᠮᠡᠯᠲᠡ ᠥᠷᠲᠡᠭ ᠨᠡᠯᠢᠶᠡᠳ ᠳᠤᠤᠷ᠎ᠠ ᠪᠠᠢᠨ᠎ᠠ᠃ ᠤᠯᠠᠭᠠᠨᠬᠠᠳᠠ ᠬᠣᠲᠠ᠎ᠶ᠋ᠢᠨ ᠨᠢᠭᠡᠨ ᠥᠩᠭᠡᠲᠦ ᠲᠡᠮᠦᠷᠯᠢᠭ᠎ᠦᠨ ᠠᠵᠤ ᠠᠬᠤᠢᠯᠠᠯ ᠵᠢᠯ ᠪᠦᠷᠢ ᠮᠣᠩᠭᠣᠯ ᠤᠯᠤᠰ᠎ᠡᠴᠡ 45 ᠲᠦᠮᠡᠨ ᠲᠣᠨ ᠵᠡᠰ᠎ᠦᠨ ᠨᠠᠷᠢᠯᠢᠭ ᠬᠦᠳᠡᠷ ᠣᠷᠣᠭᠤᠯᠵᠤ᠂ ᠵᠥᠪᠬᠡᠨ ᠠᠩᠬ᠎ᠠ ᠵᠡᠷᠭᠡ᠎ᠶ᠋ᠢᠨ ᠦᠶ᠋ᠯᠡᠳᠬᠦᠨ ᠪᠣᠯᠭᠠᠨ ᠪᠣᠯᠪᠠᠰᠤᠷᠠᠭᠤᠯᠵᠤ ᠪᠡᠭᠡᠵᠢᠩ ᠲᠢᠶᠠᠨᠵᠢᠨ ᠾᠧᠪᠧᠶ᠎ᠳᠦ ᠪᠣᠷᠣᠯᠠᠭᠤᠯᠵᠤ ᠪᠣᠶ᠃ ᠬᠠᠷᠢᠨ ᠡᠳᠡᠭᠡᠷ ᠠᠩᠬ᠎ᠠ ᠪᠣᠯᠪᠠᠰᠤᠷᠠᠭᠤᠯᠤᠭ᠍ᠰᠠᠨ ᠪᠦᠲᠦᠭᠡᠭ᠌ᠳᠡᠬᠦᠨ ᠭᠠᠳᠠᠷ ᠮᠤᠵᠢ᠎ᠳᠤ ᠨᠠᠷᠢᠯᠢᠭ ᠪᠣᠯᠪᠠᠰᠤᠷᠠᠭᠤᠯᠤᠭ᠍ᠰᠠᠨ᠎ᠤ ᠳᠠᠷᠠᠭ᠎ᠠ ᠥᠷᠲᠡᠭ ᠨᠢ ᠳᠠᠬᠢᠨ᠎ᠢᠶᠠᠷ ᠨᠡᠮᠡᠭ᠌ᠳᠡᠨ᠎ᠡ᠃ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠱᠸᠨ ᠭᠦᠸᠧ ᠬᠤᠸᠠ᠄《ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠡᠷᠬᠡᠪᠰᠢ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍᠂ ᠭᠠᠳᠠᠭᠠᠳᠤ᠎ᠡᠴᠡ ᠣᠷᠣᠭᠤᠯᠤᠭ᠍ᠰᠠᠨ ᠵᠡᠰ᠎ᠤᠨ ᠬᠦᠳᠡᠷ᠎ᠢ ᠴᠠᠬᠢᠯᠭᠠᠨ ᠤᠲᠠᠰᠤ᠂ ᠴᠠᠬᠢᠯᠭᠠᠨ ᠳᠡᠭᠡᠰᠦ ᠪᠣᠯᠤᠨ ᠨᠡᠮᠡᠯᠲᠡ ᠦᠷᠳᠡᠭ᠎ᠢᠶᠡᠷ ᠨᠡᠩ ᠥᠨᠳᠥᠷ ᠵᠡᠰ᠎ᠤᠨ ᠢᠯᠳᠡᠰᠦ ᠪᠣᠯᠭᠠᠬᠤ ᠬᠡᠷᠡᠭ᠌ᠲᠡᠢ》 ᠭᠡᠪᠡ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠬᠢᠯᠢ ᠠᠯᠤᠰᠯᠠᠭ᠍ᠰᠠᠨ ᠰᠠᠭᠤᠷᠢ ᠲᠦᠬᠦᠭᠡᠷᠦᠮᠵᠢ ᠪᠠ ᠣᠳᠣᠬᠢᠴᠢᠯᠠᠭ᠍ᠰᠠᠨ ᠣᠶᠤᠨᠲᠦ ᠪᠣᠭᠣᠮᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠯᠢ᠎ᠵᠢᠨ ᠪᠣᠭᠣᠮᠲᠠ ᠬᠢᠭᠡᠳ ᠳᠣᠲᠣᠷ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠭᠠᠳᠠᠭᠠᠳᠤ᠎ᠡᠴᠡ ᠣᠷᠣᠭᠤᠯᠬᠤ ᠭᠤᠤᠯ ᠪᠣᠯᠬᠤ ᠦᠶ᠋ᠯᠡᠳᠬᠦᠨ᠎ᠢ ᠰᠠᠭᠤᠷᠢᠱᠢᠭᠤᠯᠤᠨ ᠡᠳ᠋ᠱᠢᠭᠦᠯᠬᠦ᠌ ᠲᠦᠪᠰᠢᠨ᠎ᠢ ᠳᠡᠭᠡᠭ᠌ᠰᠢᠯᠡᠭᠦᠯᠵᠦ᠍᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠪᠠᠷ ᠬᠦᠳᠦᠯᠦᠮᠵᠢ ᠪᠤᠯᠭᠠᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠤᠭᠴᠠᠯᠠᠨ᠎ᠠ᠃

ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠳᠠᠪᠬᠢ ᠲᠠᠰ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠬᠡᠷᠬᠢᠨ ᠱᠢᠨ᠎ᠡ ᠵᠠᠮ᠎ᠢ ᠨᠡᠭᠡᠭᠡᠵᠦ ᠰᠢᠨ᠎ᠠ ᠪᠠᠢᠳᠠᠯ᠎ᠢ ᠡᠬᠦᠳᠬᠦ ᠪᠤᠢ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠᠢᠷᠢᠯᠠᠭᠤᠯᠤᠯᠲᠠ ᠬᠢᠵᠦ᠍᠂ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠨ᠎ᠠ᠄ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠳᠠᠢ ᠭᠦᠨᠵᠡᠭᠡᠢ ᠵᠣᠯᠭᠠᠭᠤᠯᠵᠤ᠂ ᠥᠨᠳᠥᠷ ᠲᠦᠪᠱᠢᠨ᠎ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠤᠨ᠎ᠠ ᠁ ᠡᠨᠡ ᠲᠤᠯᠤᠭᠠᠨ ᠵᠦᠢᠯ᠎ᠦᠨ ᠭᠣᠣᠯᠳᠠᠯᠭ᠎ᠠ᠎ᠲᠠᠶ ᠠᠵᠢᠯ ᠨᠢ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠲᠤ ᠰᠠᠭᠤᠷᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠲᠠᠶ ᠣᠨᠣᠴᠠᠲᠠᠢ ᠵᠣᠯᠭᠠᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ 《ᠲᠦᠷᠪᠡᠨ ᠨᠢᠷᠤᠭᠤ ᠨᠠᠢ᠍ᠮᠠᠨ ᠲᠤᠯᠭᠠᠭᠤᠷᠢ》 ᠶ᠋ᠢ ᠪᠤᠰᠬᠠᠬᠤ ᠪᠤᠯᠤᠨ᠎ᠠ᠃

ᠣᠳᠣᠬᠠᠨ᠎ᠳᠤ᠂ ᠥᠪᠥᠷ ᠮᠣᠩᠭᠣᠯ ᠠᠵᠤ ᠦᠶ᠋ᠯᠡᠰ᠎ᠦᠨ ᠪᠦᠲᠦᠴᠡ᠎ᠶ᠋ᠢᠨ ᠲᠠᠯ᠎ᠠ᠎ᠪᠠᠷ ᠮᠥᠨ ᠬᠦ᠌ ᠤᠯᠠᠮᠵᠢᠯᠠᠯᠲᠤ ᠠᠵᠤ ᠦᠶ᠋ᠯᠡᠰ ᠣᠯᠠᠨ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ ᠴᠥᠭᠡᠨ᠂ ᠳᠤᠤᠷᠠᠳᠤ ᠲᠠᠰ᠎ᠤᠨ ᠠᠵᠤ ᠦᠶ᠋ᠯᠡᠰ ᠣᠯᠠᠨ ᠳᠡᠭᠡᠳᠦ ᠲᠠᠰ᠎ᠤᠨ ᠠᠵᠤ ᠦᠶ᠋ᠯᠡᠰ ᠴᠥᠭᠡᠨ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠶ᠋ᠯᠡᠰ ᠣᠯᠠᠨ ᠥᠨᠳᠥᠷ ᠨᠡᠮᠡᠯᠲᠡ ᠥᠷᠲᠡᠭ᠎ᠲᠡᠶ ᠠᠵᠤ ᠦᠶ᠋ᠯᠡᠰ ᠴᠥᠭᠡᠨ᠂ ᠬᠥᠳᠡᠯᠮᠦᠷᠢ ᠨᠢᠭ᠍ᠲᠠᠷᠬᠠᠰᠠᠨ ᠠᠵᠤ ᠦᠶ᠋ᠯᠡᠰ ᠣᠯᠠᠨ ᠬᠥᠷᠥᠩᠭᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠨᠢᠬᠳᠠᠷᠠᠭᠰᠠᠨ ᠠᠵᠤ ᠦᠶ᠋ᠯᠡᠰ ᠴᠥᠭᠡᠨ ᠪᠠᠢᠬᠤ ᠠᠰᠠᠭᠤᠳᠠᠯ ᠣᠷᠣᠱᠢᠵᠤ ᠪᠠᠢᠨ᠎ᠠ᠃

ᠡᠨᠡ ᠬᠦ᠌ ᠪᠣᠳᠠᠲᠤ ᠪᠠᠢᠳᠠᠯ᠎ᠳᠤ ᠰᠠᠭᠤᠷᠢᠯᠠᠨ᠂ ᠥᠪᠥᠷ ᠮᠣᠩᠭᠣᠯ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠢᠳᠡᠪᠬᠢᠲᠡᠢ ᠪᠤᠵᠠᠭᠠᠢᠷᠠᠭᠤᠯᠵᠤ᠂ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠠᠬᠢᠭᠤᠯᠵᠤ᠂ ᠱᠢᠨ᠎ᠡ ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠬᠤ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠬᠤ᠎ᠶ᠋ᠢ ᠠᠬᠢᠭᠤᠯᠵᠤ᠂ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠵᠤ᠂ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠵᠤ ᠪᠤᠢ᠃

2025 ᠣᠨ᠎ᠤ ᠬᠠᠮᠤᠭ ᠰᠡᠭᠦᠯᠴᠢ᠎ᠶ᠋ᠢᠨ ᠨᠢᠭᠡ ᠡᠳᠦᠷ᠂ ᠥᠪᠥᠷ ᠮᠣᠩᠭᠣᠯ᠎ᠤᠨ ᠪᠦᠦ ᠹᠧᠩ ᠨᠡᠭᠦᠷᠡᠰᠦ᠎ᠪᠡᠷ ᠰᠠᠭᠤᠷᠢᠯᠠᠬᠰᠠᠨ ᠱᠢᠨ᠎ᠡ ᠮᠠᠲ᠋ᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠪᠦᠲ᠋ᠧᠨ᠎ᠦ ᠲᠥᠷᠥᠯ ᠵᠦᠶ᠋ᠯ᠎ᠦᠨ ᠲᠣᠮᠣ ᠵᠦᠶ᠋ᠯ᠎ᠢ ᠳᠡᠭᠦᠵᠢᠯᠡᠨ ᠤᠭ᠍ᠰᠠᠷᠠᠬᠤ ᠠᠵᠢᠯ ᠲᠡᠭᠦᠰ ᠠᠮᠵᠢᠯᠲᠠ᠎ᠲᠠᠶ ᠥᠨᠳᠥᠷᠯᠡᠪᠡ᠃ ᠪᠦᠲ᠋ᠧᠨ ᠪᠣᠯ ᠣᠯᠠᠨ ᠵᠦᠶ᠋ᠯ᠎ᠦᠨ ᠥᠨᠳᠥᠷ ᠨᠡᠮᠡᠯᠲᠡ ᠥᠷᠲᠡᠭ᠌ ᠳᠠᠢ ᠨᠠᠷᠢᠯᠢᠭ ᠬᠢᠮᠢ᠎ᠶ᠋ᠢᠨ ᠦᠶ᠋ᠯᠡᠳᠬᠦᠨ ᠦᠶ᠋ᠯᠡᠳᠪᠦᠷᠢᠯᠡᠬᠦ᠌ ᠵᠠᠩᠭᠢᠯᠠᠭ᠎ᠠ᠎ᠶ᠋ᠢᠨ ᠲᠦᠭᠦᠬᠡᠶ ᠮᠠᠲ᠋ᠧᠷᠢᠶᠠᠯ ᠪᠣᠯᠤᠨ᠎ᠠ᠂ ᠳᠡᠳ᠋ ᠪᠦᠲ᠋ᠧᠨ ᠦᠶ᠋ᠯᠡᠳᠪᠦᠷᠢᠯᠡᠬᠦ᠌ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠡᠨᠡ ᠬᠦ᠌ ᠪᠥᠬᠥ᠌ ᠪᠥᠮᠪᠥᠷᠴᠡᠭ᠎ᠦᠨ ᠲᠠᠩ ᠴᠣᠭ᠍ᠴᠠ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ᠎ᠦᠨ ᠠᠵᠤ ᠦᠶ᠋ᠯᠡᠰ᠎ᠦᠨ ᠬᠡᠯᠬᠢᠶ᠎ᠡ ᠨᠠᠩ ᠲᠡᠭᠦᠯᠳᠡᠷᠵᠢᠬᠦ᠌ ᠪᠣᠯᠤᠨ᠎ᠠ᠃

ᠣᠳᠣᠬᠠᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠥᠭ᠌ᠵᠢᠯᠲᠡ᠎ᠶ᠋ᠢᠨ ᠲᠦᠪᠱᠢᠨ ᠬᠠᠷᠢᠴᠠᠩᠭᠤᠶ ᠬᠣᠴᠣᠷᠴᠤ᠌᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ ᠳᠤᠲᠠᠭ᠍ᠳᠠᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠱᠢᠨ᠎ᠡ ᠡᠨᠧᠷᠭᠢ᠂ ᠬᠣᠪᠣᠷ ᠱᠢᠷᠣᠶ᠂ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠡᠪᠡᠰᠦᠨ᠎ᠦ ᠦᠶ᠋ᠯᠡᠰ᠂ ᠰᠦ ᠵᠢᠨ ᠦᠶ᠋ᠯᠡᠰ ᠵᠡᠷᠭᠡ ᠤᠨᠴᠠᠯᠢᠬ᠍ᠳᠤ ᠳᠠᠪᠠᠭᠤᠯᠢᠭ ᠠᠵᠤ ᠦᠶ᠋ᠯᠡᠰ ᠪᠣᠯᠤᠨ ᠬᠥᠭ᠌ᠵᠢᠯᠲᠡ᠎ᠶ᠋ᠢᠨ ᠪᠠᠴᠢᠮ ᠬᠡᠷᠡᠭ᠌ᠴᠡᠭᠡᠨ᠎ᠦ ᠬᠦᠷᠢᠶ᠎ᠡ᠎ᠶ᠋ᠢ ᠣᠨᠢᠯᠠᠵᠤ᠂ ᠬᠡᠷᠡᠭ᠌ᠯᠡᠭᠡ ᠪᠡᠷ ᠬᠥᠳᠡᠯᠭᠡᠭᠦᠷ ᠪᠣᠯᠭᠠᠬᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠤ ᠪᠤᠢ᠃

ᠡᠭᠡᠳᠡᠭ᠌ᠰᠡᠨ ᠰᠦ ᠶ᠋ᠢᠨ ᠢᠰᠭᠡᠭ᠌ᠴᠢ ᠡᠳ᠋ ᠦᠶ᠋ᠯᠡᠳᠪᠦᠷᠢᠯᠡᠬᠦ᠌ ᠮᠡᠷᠭᠡᠵᠢᠯ ᠪᠣᠯ ᠮᠠᠨ᠎ᠤ ᠤᠯᠤᠰ᠎ᠤᠨ ᠰᠦ ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ 《ᠪᠣᠭᠣᠮᠢ》 ᠪᠤᠯᠵᠦ ᠪᠠᠢᠭ᠎ᠠ ᠬᠦᠴᠢᠷ ᠠᠰᠠᠭᠤᠳᠠᠯ᠎ᠤᠨ ᠨᠢᠭᠡ ᠪᠣᠯᠤᠨ᠎ᠠ᠃ ᠥᠪᠥᠷ ᠮᠣᠩᠭᠣᠯ᠎ᠤᠨ ᠺᠧ ᠲᠦᠸᠧ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠭᠦᠨᠵᠡᠭᠡᠶ ᠬᠠᠮᠲᠤᠷᠠᠯᠴᠠᠵᠤ᠂ 2025 ᠣᠨ᠎ᠤ ᠰᠡᠭᠦᠯᠴᠢ᠎ᠡᠴᠡ ᠡᠬᠢᠯᠡᠨ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠠᠱᠢᠭ᠍ᠲᠤ ᠪᠠᠺᠲ᠋ᠧᠷᠢ᠂ ᠡᠭᠡᠳᠡᠭ᠌ᠰᠡᠨ ᠰᠦ ᠢᠰᠭᠡᠭ᠌ᠴᠢ ᠡᠳ᠋ ᠵᠡᠷᠭᠡ ᠦᠶ᠋ᠯᠡᠳᠬᠦᠨ᠎ᠢ ᠬᠡᠪᠴᠢᠶᠡᠵᠢᠭᠦᠯᠦᠨ ᠦᠶ᠋ᠯᠡᠳᠪᠦᠷᠢᠯᠡᠵᠦ᠍᠂ ᠠᠽᠢᠶ᠎ᠠ ᠲᠢᠪ᠎ᠦᠨ ᠬᠠᠮᠤᠭ᠎ᠤᠨ ᠶᠡᠬᠡ ᠠᠱᠢᠭ᠍ᠲᠤ ᠪᠠᠺᠲ᠋ᠧᠷᠢ᠂ ᠰᠦᠨ ᠬᠦᠴᠢᠯ᠎ᠦᠨ ᠪᠠᠺᠲ᠋ᠧᠷᠢ᠎ᠶ᠋ᠢᠨ ᠦᠶ᠋ᠯᠡᠳᠬᠦᠨ᠎ᠦ ᠣᠶᠤᠨᠴᠢ ᠦᠶ᠋ᠯᠡᠳᠪᠦᠷᠢ᠎ᠶ᠋ᠢ ᠪᠠᠢᠭᠤᠯᠪᠠ᠃

ᠣᠷᠳᠣ ᠬᠤᠭᠤᠴᠠᠭᠠᠨ᠎ᠤ ᠲᠤᠷᠰᠢ᠂ ᠵᠠᠬ᠎ᠠ ᠳᠡᠯᠭᠡᠭᠦᠷ ᠰᠠᠯᠤᠩᠭᠢᠷᠠᠭ᠍ᠰᠠᠨ᠂ ᠭᠦᠶ᠋ᠯᠭᠡᠭᠡᠨ᠎ᠦ ᠥᠪᠡᠷ᠎ᠦᠨ ᠥᠷᠲᠡᠭ ᠥᠨᠳᠥᠷ ᠵᠡᠷᠭᠡ ᠬᠦᠴᠦᠨ ᠵᠦᠶ᠋ᠯ᠎ᠦᠨ ᠬᠢᠵᠠᠭᠠᠷᠯᠠᠯ᠎ᠡᠴᠡ ᠪᠣᠯᠵᠣ᠂ ᠥᠪᠥᠷ ᠮᠣᠩᠭᠣᠯ᠎ᠤᠨ ᠴᠥᠭᠡᠨ ᠪᠤᠰᠤ ᠴᠢᠨᠠᠷ ᠰᠠᠢᠲᠠᠶ ᠦᠶ᠋ᠯᠡᠳᠬᠦᠨ ᠪᠥᠬᠥ᠌ ᠤᠯᠤᠰ᠎ᠤᠨ ᠵᠠᠬ᠎ᠠ ᠳᠡᠯᠭᠡᠭᠦᠷ᠎ᠦᠨ ᠣᠷᠴᠢᠯ᠎ᠳᠤ ᠥᠨᠳᠥᠷ ᠪᠦᠲᠦᠮᠵᠢᠲᠡᠶ᠎ᠪᠡᠷ ᠠᠭᠤᠰᠤᠯᠴᠠᠬᠤ᠎ᠳᠤ ᠬᠦᠴᠢᠷ ᠪᠠᠢᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠭᠦᠶ᠋ᠴᠡᠳ ᠬᠤᠪᠢᠷᠠᠭᠤᠯᠵᠤ ᠴᠢᠳᠠᠭ᠍ᠰᠠᠨ ᠥᠬᠡᠶ᠃

ᠬᠦᠴᠢᠷᠳᠡᠯ᠎ᠢ ᠱᠢᠢᠳᠪᠦᠷᠢᠯᠡᠬᠦ᠌᠎ᠶ᠋ᠢᠨ ᠵᠠᠩᠭᠢᠯᠠᠭ᠎ᠠ ᠨᠢ ᠭᠠᠵᠠᠷ ᠣᠷᠣᠨ᠂ ᠭᠦᠢᠯᠭᠡᠭᠡ ᠬᠢᠭᠡᠳ ᠲᠠᠨᠢᠨ ᠮᠡᠳᠡᠬᠦᠢ᠎ᠶ᠋ᠢᠨ ᠪᠡᠬᠢᠯᠡᠯᠲᠡ᠎ᠶ᠋ᠢ ᠡᠪᠳᠡᠬᠦ᠌᠎ᠳᠦ ᠪᠤᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠳᠣᠲᠣᠭᠠᠳᠤ ᠬᠡᠷᠡᠭ᠌ᠴᠡᠭᠡ᠎ᠪᠡᠷ ᠭᠤᠤᠯ ᠤᠳᠤᠷᠢᠳᠤᠮᠵᠢ ᠪᠣᠯᠭᠠᠬᠤ᠎ᠶ᠋ᠢ ᠨᠠᠩ ᠴᠢᠬᠤᠯᠠᠴᠢᠯᠠᠵᠤ᠂ ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠲᠦ ᠲᠦᠱᠢᠭ᠌ᠯᠡᠨ᠂ ᠬᠡᠷᠡᠭ᠌ᠯᠡᠭᠡ᠎ᠶ᠋ᠢ ᠠᠬᠢᠭᠤᠯᠬᠤ ᠪᠠ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ᠂ ᠳᠣᠲᠣᠭᠠᠳᠤ ᠬᠡᠷᠡᠭ᠌ᠴᠡᠭᠡ᠎ᠶ᠋ᠢᠨ ᠨᠡᠮᠡᠭ᠌ᠳᠡᠯ᠎ᠦᠨ ᠱᠢᠨ᠎ᠡ ᠣᠷᠣᠨ ᠵᠠᠶ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠡᠶ ᠭᠦᠨᠵᠡᠭᠡᠶ ᠵᠣᠯᠭᠠᠭᠤᠯᠬᠤ ᠲᠤᠬᠠᠶ ᠪᠠᠢᠷᠢᠯᠠᠭᠤᠯᠤᠯᠲᠠ ᠬᠢᠪᠠ᠃

《ᠡᠨᠡ ᠬᠦ᠌ ᠠᠵᠢᠯ᠎ᠤᠨ ᠪᠠᠢᠷᠢᠯᠠᠭᠤᠯᠤᠯᠲᠠ᠎ᠨᠢ ᠥᠪᠥᠷ ᠮᠣᠩᠭᠣᠯ᠎ᠤᠨ ᠣᠳᠣᠬᠠᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠪᠣᠭᠣᠮᠢ᠎ᠶ᠋ᠢ ᠣᠨᠣᠪᠴᠢᠲᠠᠶ ᠤᠨᠤᠭᠠᠵᠦ᠂ ᠭᠠᠵᠠᠷ ᠣᠷᠣᠨ᠎ᠤ ᠪᠡᠬᠢᠯᠡᠯᠲᠡ᠂ ᠭᠦᠶ᠋ᠯᠭᠡᠭᠡᠨ᠎ᠦ ᠲᠦᠭ᠌ᠵᠢᠷᠡᠯ ᠵᠡᠷᠭᠡ ᠣᠷᠣᠨ ᠪᠦᠰᠡ᠎ᠶ᠋ᠢᠨ ᠠᠵᠤ ᠠᠬᠤᠶ᠎ᠶ᠋ᠢᠨ ᠠᠮᠢᠵᠢᠷᠠᠯ᠎ᠤᠨ ᠬᠦᠴᠦᠨ᠎ᠢ ᠣᠷᠳᠣ ᠬᠤᠭᠤᠴᠠᠭ᠎ᠠ᠎ᠪᠠᠷ ᠬᠢᠵᠠᠭᠠᠷᠯᠠᠵᠤ ᠪᠠᠢᠭ᠎ᠠ 〈ᠥᠯᠥ᠍ ᠬᠠᠷᠠᠭ᠍ᠳᠠᠬᠤ ᠬᠠᠱᠢᠶ᠎ᠠ〉 ᠶ᠋ᠢ ᠬᠠᠨᠳᠤᠯᠭᠠᠲᠤ ᠴᠢᠨᠠᠷᠲᠠᠶ᠎ᠪᠠᠷ ᠱᠢᠶ᠋ᠳᠪᠦᠷᠢᠯᠡᠵᠦ᠍᠂ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠠᠵᠠ ᠲᠣᠬᠢᠶᠠᠯ᠎ᠢ ᠰᠡᠷᠭᠡᠭ᠎ᠢᠶᠡᠷ ᠰᠡᠷᠡᠵᠤ ᠮᠡᠳᠡᠵᠠᠢ》 ᠭᠡᠵᠦ᠍ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠠᠵᠤ ᠠᠬᠤᠶ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠪᠠᠭ᠍ᠰᠢ ᠯᠢ ᠫᠸᠩ ᠬᠡᠯᠡᠪᠠ᠃

ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ ᠨᠢ ᠠᠮᠢᠵᠢᠷᠠᠯ᠎ᠤᠨ ᠬᠦᠴᠦᠨ ᠴᠢᠩᠭ᠎ᠠ᠂ ᠤᠶᠠᠨ ᠬᠠᠳᠠᠨ ᠴᠢᠨᠠᠷ᠎ᠢᠶᠠᠷ ᠰᠠᠢᠨ ᠡᠵᠡᠩᠨᠡᠯᠲᠡ᠎ᠶ᠋ᠢᠨ ᠭᠣᠣᠯ ᠴᠣᠭ᠍ᠴᠠ᠎ᠡᠴᠡ ᠰᠠᠯᠵᠤ ᠴᠢᠳᠠᠬᠤ ᠦᠭᠡᠢ ᠶᠤᠮ᠃ ᠬᠡᠷᠬᠢᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠤᠯᠠᠮ ᠴᠢᠨᠠᠭ᠍ᠰᠢᠳᠠ ᠬᠥᠭ᠌ᠵᠢᠭᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠪᠤᠢ? ᠥᠪᠥᠷ ᠮᠣᠩᠭᠣᠯ ᠦᠷᠬᠦᠯᠵᠢᠯᠠᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ ᠪᠣᠭᠣᠮᠲᠠ ᠱᠢᠪᠲᠤᠯᠵᠤ᠂ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠬᠠᠷᠰᠢ ᠰᠠᠭᠠᠳ᠎ᠢ ᠬᠦᠴᠦᠯᠡᠨ ᠠᠷᠢᠯᠭᠠᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠤ᠋ ᠠᠵᠢᠯᠯᠠᠭ᠎ᠠ᠎ᠶ᠋ᠢ ᠥᠷᠨᠢᠭᠦᠯᠵᠦ᠍᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠠ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠵᠡᠷᠭᠡ ᠡᠯ᠎ᠡ ᠬᠦᠷᠢᠶᠡᠨ᠎ᠦ ᠥᠭᠡᠷᠡᠴᠢᠯᠡᠯᠲᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠥᠨᠳᠥᠷ ᠲᠦᠪᠱᠢᠨ ᠪᠥᠬᠥᠶ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠵᠤ ᠪᠤᠢ᠃

ᠪᠤᠭᠤᠲᠤ᠎ᠶ᠋ᠢᠨ ᠶᠢᠩ ᠰᠧ ᠲᠧ ᠬᠣᠪᠣᠷ ᠰᠣᠷᠢᠨᠵᠢᠨ ᠱᠢᠨ᠎ᠡ ᠮᠠᠲ᠋ᠧᠷᠢᠶᠠᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠬᠦ ᠲᠠᠰᠤᠭ᠎ᠲᠤ᠂ ᠣᠯᠠᠨ ᠠᠦ᠋ᠲ᠋ᠣᠴᠢᠯᠠᠭ᠍ᠰᠠᠨ ᠦᠶ᠋ᠯᠡᠳᠪᠦᠷᠢᠯᠡᠯ᠎ᠦᠨ ᠱᠤᠭᠤᠮ ᠪᠥᠬᠥ᠌ ᠬᠦᠴᠦᠨ᠎ᠢᠶᠡᠷ᠎ᠢᠶᠡᠨ ᠠᠵᠢᠯᠯᠠᠵᠤ ᠪᠣᠶ᠃ ᠲᠦᠷᠦᠭᠦᠬᠡᠨ᠂ ᠠᠵᠤ ᠠᠬᠤᠢᠯᠠᠯ ᠪᠠᠷᠠᠭᠠᠨ᠎ᠤ ᠭᠦᠶ᠋ᠯᠭᠡᠭᠡ ᠰᠠᠭᠠᠳ᠎ᠲᠤ ᠤᠴᠠᠷᠠᠵᠤ᠂ ᠪᠤᠭᠤᠲᠤ ᠬᠣᠲᠠ᠎ᠶ᠋ᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠶ᠋ᠯᠡᠴᠢᠯᠡᠭᠡᠨ᠎ᠦ ᠲᠥᠪ ᠲᠦ᠍ ᠲᠤᠰᠭᠠᠭ᠍ᠰᠠᠨ᠎ᠢᠶᠠᠷ᠂ ᠠᠰᠠᠭᠤᠳᠠᠯ ᠨᠢ ᠦᠳᠲᠡᠷ ᠲᠦᠷᠭᠡᠨ ᠱᠢᠶ᠋ᠳᠪᠦᠷᠢᠯᠡᠭ᠌ᠳᠡᠪᠡ᠃

《ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠲᠦᠷᠭᠡᠳᠭᠡᠨ ᠬᠤᠪᠢᠷᠠᠭᠤᠯᠵᠤ᠂ ᠵᠠᠰᠠᠭ ᠵᠠᠬᠢᠷᠭᠠᠨ᠎ᠤ ᠡᠷᠬᠡ᠎ᠶ᠋ᠢᠨ ᠠᠵᠢᠯᠯᠠᠭᠠᠨ᠎ᠢ ᠵᠢᠷᠤᠮᠵᠢᠭᠤᠯᠤᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠳᠤ ᠲᠥᠪ ᠭᠤᠤᠯᠴᠢ ᠪᠠ ᠦᠷ᠎ᠡ ᠪᠦᠲᠦᠮᠵᠢ ᠵᠢ ᠮᠡᠳᠡᠷᠡᠬᠦᠯᠪᠡᠯ᠂ ᠠᠵᠤ ᠠᠬᠤᠢᠯᠠᠯ ᠳᠠᠷᠤᠶ ᠨᠢᠭᠡ ᠰᠡᠳᠭᠢᠯ ᠨᠢᠭᠡ ᠵᠣᠷᠢᠭ᠎ᠢᠶᠠᠷ ᠡᠵᠡᠩᠨᠡᠨ ᠬᠥᠭ᠌ᠵᠢᠵᠦ᠍ ᠴᠢᠳᠠᠨ᠎ᠠ》 ᠬᠡᠵᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠪᠠ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠭᠠᠵᠠᠷ᠎ᠤᠨ ᠳᠠᠷᠤᠭ᠎ᠠ ᠸᠠᠩ ᠫᠸᠩ ᠬᠡᠯᠡᠪᠡ᠃

ᠥᠪᠥᠷ ᠮᠣᠩᠭᠣᠯ᠎ᠤᠨ ᠵᠡᠬᠦᠨᠰᠢ ᠪᠠᠷᠠᠭᠤᠨᠰᠢ ᠨᠠᠷᠢᠨ ᠤᠷᠲᠤ᠂ ᠬᠥᠮᠦᠨ ᠠᠮᠠ ᠪᠣᠯᠤᠨ ᠦᠢᠯᠡᠳᠪᠦᠷᠢᠯᠡᠯ᠎ᠦᠨ ᠬᠦᠴᠦᠨ ᠲᠠᠷᠠᠬᠠᠶ ᠪᠤᠲᠠᠷᠬᠠᠶ ᠪᠠᠢᠵᠤ᠂ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠬᠥᠭ᠌ᠵᠢᠯᠲᠡ᠎ᠶ᠋ᠢᠨ ᠲᠦᠪᠰᠢᠨ ᠪᠣᠯᠤᠨ ᠰᠠᠭᠤᠷᠢ ᠨᠥᠬᠥᠴᠡᠯ ᠨᠢ ᠠᠳᠠᠯᠢ ᠦᠭᠡᠶ ᠶᠤᠮ᠃ ᠭᠠᠵᠠᠷ ᠣᠷᠣᠨ᠎ᠤ ᠬᠥᠭ᠌ᠵᠢᠯᠲᠡ ᠲᠡᠩᠴᠡᠭᠦᠷᠢ ᠦᠭᠡᠢ ᠪᠠᠢᠬᠤ ᠠᠰᠠᠭᠤᠳᠠᠯ᠎ᠢ ᠬᠡᠷᠬᠢᠨ ᠱᠢᠶ᠋ᠳᠪᠦᠷᠢᠯᠡᠬᠦ᠌ ᠪᠤᠢ? ᠥᠪᠥᠷ ᠮᠣᠩᠭᠣᠯ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠬᠣᠲᠠ ᠬᠥᠳᠡᠭᠡ᠎ᠶ᠋ᠢᠨ ᠠᠭᠤᠰᠤᠯᠴᠠᠯ ᠪᠠ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠱᠢᠶᠠᠨ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ᠠᠵᠤ ᠦᠶ᠋ᠯᠡᠰ᠎ᠦᠨ ᠬᠥᠭ᠌ᠵᠢᠯᠲᠡ ᠪᠠ ᠬᠣᠲᠠ᠎ᠶ᠋ᠢᠨ ᠴᠢᠳᠠᠮᠵᠢ᠎ᠶ᠋ᠢ ᠱᠢᠯᠢᠳᠡᠭ᠌ᠵᠢᠭᠦᠯᠬᠦ᠌ ᠬᠤᠤᠰ ᠴᠢᠭ᠌ᠯᠡᠯ᠎ᠢᠶᠡᠷ ᠴᠢᠳᠠᠪᠤᠷᠢ ᠣᠯᠭᠣᠬᠤ᠎ᠶ᠋ᠢ ᠠᠬᠢᠭᠤᠯᠵᠤ᠂ ᠵᠣᠬᠢᠴᠠᠩᠭᠤᠶ ᠬᠥᠭ᠌ᠵᠢᠯᠲᠡ᠎ᠶ᠋ᠢᠨ ᠲᠦᠪᠰᠢᠨ᠎ᠢ ᠳᠡᠭᠡᠭ᠌ᠰᠢᠯᠡᠭᠦᠯᠵᠤ ᠪᠤᠢ᠃

ᠥᠪᠥᠷ ᠮᠣᠩᠭᠣᠯ᠎ᠤᠨ ᠪᠠᠷᠠᠭᠤᠨ ᠬᠡᠰᠡᠭ ᠲᠦ᠍᠂ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠴᠠᠪ ᠵᠡᠷᠭᠡ 4 ᠬᠣᠲᠠ᠎ᠶ᠋ᠢᠨ ᠬᠣᠭᠣᠷᠣᠨᠳᠣᠬᠢ ᠬᠠᠷᠢᠯᠴᠠᠭ᠎ᠠ ᠶᠠᠪᠤᠬᠤ ᠲᠤᠲᠤᠮ ᠨᠢᠭ᠍ᠲᠠᠷᠠᠵᠤ᠂ 《1 ᠴᠠᠭ᠎ᠤᠨ ᠲᠡᠮᠦᠷ ᠵᠠᠮ᠎ᠤᠨ ᠴᠠᠭᠠᠷᠢᠭ》᠂ 《2 ᠴᠠᠭ᠎ᠤᠨ ᠵᠠᠰᠠᠮᠠᠯ ᠵᠠᠮ᠎ᠤᠨ ᠴᠠᠭᠠᠷᠢᠭ》 ᠨᠢ ᠨᠢᠭᠡᠨᠲᠡ ᠪᠣᠳᠠᠲᠤ ᠶᠠᠪᠤᠳᠠᠯ ᠪᠣᠯᠪᠠ᠃ 《ᠪᠢ ᠣᠲᠣ ᠬᠣᠲᠠ᠎ᠶ᠋ᠢᠨ ᠬᠣᠭᠣᠷᠣᠨᠳᠣᠬᠢ ᠨᠡᠢᠲᠡ᠎ᠶ᠋ᠢᠨ ᠮᠠᠱᠢᠨ ᠲᠡᠷᠭᠡᠨ᠎ᠳᠦ ᠰᠠᠭᠤᠪᠠᠯ ᠬᠣᠲᠠ ᠠᠯᠤᠰᠯᠠᠨ ᠪᠤᠭᠤᠲᠤ᠎ᠳᠤ ᠬᠦᠷᠴᠦ᠍ ᠴᠢᠳᠠᠨ᠎ᠠ᠂ ᠠᠷᠪᠠᠨ ᠬᠡᠳᠦᠨ ᠲᠥᠭᠥᠷᠢᠭ᠎ᠦᠨ ᠪᠢᠯᠧᠲ᠎ᠦᠨ ᠦᠨ᠎ᠡ᠎ᠨᠢ ᠴᠦ᠍ ᠠᠷᠠᠳ ᠲᠤ᠌ ᠮᠠᠰᠢ ᠲᠠᠭᠠᠯᠠᠬᠳᠠᠬᠰᠠᠨ ᠪᠠᠢᠨ᠎ᠠ》 ᠭᠡᠵᠦ᠍ ᠤᠷᠳᠤᠰ ᠬᠤᠳᠠ᠎ᠶ᠋ᠢᠨ ᠲᠠᠯᠠᠳ ᠬᠣᠱᠢᠭᠤᠨ᠎ᠤ ᠰᠠᠭᠤᠭᠠᠯᠢ ᠠᠷᠠᠳ ᠵᠠᠩ ᠯᠸ ᠬᠡᠯᠡᠪᠡ᠃

ᠥᠪᠥᠷ ᠮᠣᠩᠭᠣᠯ ᠡᠯᠪᠡᠭ ᠪᠠᠶᠠᠯᠢᠭ ᠰᠣᠶᠣᠯ᠎ᠤᠨ ᠡᠬᠢ ᠪᠠᠶᠠᠯᠢᠭ᠎ᠲᠠᠶ ᠶᠤᠮ᠃ ᠡᠳᠡᠭᠡᠷ ᠰᠣᠶᠣᠯ᠎ᠤᠨ ᠡᠬᠢ ᠪᠠᠶᠠᠯᠢᠭ᠎ᠢ ᠬᠡᠷᠬᠢᠨ ᠰᠠᠢᠲᠤᠷ ᠠᠱᠢᠭ᠍ᠯᠠᠵᠤ ᠤᠶᠤᠨ ᠰᠠᠨᠠᠭᠠᠨ᠎ᠤ ᠬᠦᠴᠦᠨ᠎ᠢ ᠨᠢᠭ᠍ᠲᠠᠷᠠᠭᠤᠯᠬᠤ ᠪᠤᠢ? ᠥᠪᠥᠷ ᠮᠣᠩᠭᠣᠯ ᠴᠠᠭ ᠦᠶ᠎ᠡ᠎ᠶ᠋ᠢᠨ ᠱᠢᠨ᠎ᠡ ᠬᠡᠪ ᠰᠤᠷᠲᠠᠯ᠎ᠢ ᠢᠳᠡᠪᠬᠢᠲᠡᠶ ᠪᠤᠢ ᠪᠤᠯᠭᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠴᠢᠨᠠᠷ ᠰᠠᠢᠲᠠᠶ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠥᠷᠭᠡᠳᠭᠡᠵᠦ᠍᠂ ᠤᠯᠠᠭᠠᠨᠮᠥ᠋ᠴᠢᠷ᠎ᠦᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠢ᠋ ᠰᠠᠢᠲᠤᠷ ᠪᠠᠢᠭᠤᠯᠤᠨ ᠰᠠᠢᠲᠤᠷ ᠬᠡᠷᠡᠭ᠌ᠯᠡᠵᠦ᠍᠂ ᠰᠣᠶᠣᠯ᠎ᠤᠨ ᠣᠯᠠᠨ ᠤᠯᠤᠰ᠎ᠤ᠋ᠨ ᠳᠠᠮᠵᠢᠭᠤᠯᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠣᠯᠠᠨ ᠤᠯᠤᠰ᠎ᠤ᠋ᠨ ᠳᠠᠮᠵᠢᠭᠤᠯᠭ᠎ᠠ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠵᠤ ᠪᠣᠶ᠃

ᠡᠪᠦᠯ᠎ᠦᠨ ᠭᠦᠨ᠎ᠳᠦ᠂ ᠰᠥᠨᠢᠳ᠎ᠦᠨ ᠲᠠᠯ᠎ᠠ ᠨᠤᠲᠤᠭ᠎ᠲᠠᠬᠢ ᠮᠣᠩᠭᠣᠯ ᠭᠡᠷ᠎ᠲᠦ  ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ ᠲᠣᠭ᠍ᠯᠠᠯᠲᠠ᠎ᠪᠠᠨ ᠡᠬᠢᠯᠡᠭᠦᠯᠬᠦ᠌ ᠪᠣᠯᠤᠯ᠎ᠠ᠃ ᠲᠣᠭ᠍ᠯᠠᠯᠲᠠ᠎ᠡᠴᠡ ᠡᠮᠦᠨ᠎ᠡ᠂ ᠴᠡᠷᠢᠭ᠎ᠡᠴᠡ ᠬᠠᠯᠠᠭ᠍ᠳᠠᠭ᠍ᠰᠠᠨ ᠤᠯᠠᠭᠠᠨᠮᠥ᠋ᠴᠢᠷ᠎ᠦᠨ ᠠᠬᠠᠮᠠᠳ ᠲᠣᠭ᠍ᠯᠠᠭ᠍ᠴᠢ ᠤᠷᠢᠳ᠎ᠢᠶᠠᠷ ᠮᠠᠯᠴᠢᠳ᠎ᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠢᠯᠠᠭᠠᠮᠵᠢᠲᠠᠶ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠬᠤᠷᠠᠯ ᠳᠠᠭᠤᠰᠤᠮᠠᠭ᠍ᠴᠠ ᠲᠣᠭ᠍ᠯᠠᠭ᠍ᠴᠢᠳ ᠬᠤᠪᠴᠠᠰᠤ᠎ᠪᠠᠨ ᠰᠣᠯᠢᠵᠤ᠂ ᠮᠣᠩᠭᠣᠯ ᠭᠡᠷ᠎ᠲᠦ ᠢᠷᠠᠭᠤ ᠰᠠᠢᠬᠠᠨ ᠮᠤᠷᠢᠨ ᠬᠤᠭᠤᠷ ᠬᠥᠭ᠌ᠵᠢᠮᠳᠡᠪᠡ᠃

《ᠪᠢᠳᠡ ᠵᠢᠯ ᠪᠦᠷᠢ ᠵᠠᠭᠤ ᠭᠠᠷᠤᠢ ᠤᠳᠠᠭ᠎ᠠ ᠬᠥᠳᠡᠭᠡ ᠪᠠᠭᠤᠵᠤ ᠲᠣᠭ᠍ᠯᠠᠯᠲᠠ ᠭᠠᠷᠭᠠᠳᠠᠭ》᠃ ᠤᠯᠠᠭᠠᠨᠮᠥ᠋ᠴᠢᠷ᠎ᠦᠨ ᠲᠣᠭ᠍ᠯᠠᠭ᠍ᠴᠢ ᠤᠶᠤᠨᠵᠢᠷᠭᠠᠯ᠂ ᠨᠢᠭᠡ ᠮᠣᠩᠭᠣᠯ ᠬᠡᠷ᠎ᠢ ᠴᠦ᠍ ᠣᠷᠬᠢᠭ᠍ᠳᠠᠭᠤᠯᠬᠤ ᠥᠬᠡᠶ ᠪᠠᠢᠬᠤ ᠪᠣᠯ ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠦᠨ ᠬᠥᠮᠦᠰ᠎ᠦᠨ ᠮᠠᠯᠴᠢᠳ᠎ᠲᠤ ᠥᠭ᠌ᠭᠦᠭ᠌ᠰᠡᠨ ᠠᠮᠠᠯᠠᠯᠲᠠ ᠮᠥᠨ ᠭᠡᠵᠤ ᠬᠡᠯᠡᠪᠡ᠃

ᠠᠷᠠᠳ᠎ᠤᠨ ᠠᠮᠢᠳᠤᠷᠠᠯ ᠪᠣᠯ ᠠᠷᠠᠳ ᠲᠦᠮᠡᠨ᠎ᠦ ᠵᠣᠯ ᠵᠢᠷᠭᠠᠯ᠎ᠤᠨ ᠰᠠᠭᠤᠷᠢ᠂ ᠨᠡᠢᠭᠡᠮ᠎ᠦᠨ ᠡᠶ᠎ᠡ ᠵᠣᠬᠢᠴᠠᠯ᠎ᠤᠨ ᠦᠨᠳᠦᠰᠦ ᠮᠥᠨ᠃ ᠬᠡᠷᠬᠢᠨ ᠤᠯᠠᠨ ᠲᠦᠮᠡᠨ᠎ᠦ ᠵᠣᠯ ᠵᠢᠷᠭᠠᠯᠲᠤ ᠠᠮᠢᠳᠤᠷᠠᠯ᠎ᠢ ᠨᠡᠩ ᠦᠳᠭᠡᠨ ᠵᠤᠵᠠᠭᠠᠨ ᠪᠣᠯᠭᠠᠬᠤ ᠪᠤᠢ? ᠥᠪᠥᠷ ᠮᠣᠩᠭᠣᠯ ᠠᠷᠠᠳ᠎ᠤᠨ ᠠᠮᠢᠳᠤᠷᠠᠯ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠱᠢᠶ᠋ᠳᠪᠦᠷᠢᠯᠡᠬᠦ᠌᠎ᠪᠡᠷ ᠭᠤᠤᠯᠳᠠᠭᠤᠯᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠮ ᠡᠮᠨᠡᠯᠭᠡ ᠰᠡᠷᠭᠡᠢᠯᠡᠨ ᠵᠠᠰᠠᠬᠤ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢᠨ ᠦᠶ᠋ᠯᠡᠴᠢᠯᠡᠭᠡ ᠵᠡᠷᠭᠡ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠵᠤ ᠪᠤᠢ᠃

ᠦᠳᠡ ᠣᠢᠷᠠᠲᠤᠬᠤᠶ᠎ᠠ᠂ ᠳᠤᠮᠳᠠᠳᠤ ᠮᠣᠩᠭᠣᠯ᠎ᠤᠨ ᠬᠢᠯᠢ᠎ᠲᠡᠶ ᠬᠥᠷᠱᠢᠯᠡᠵᠦ᠍ ᠪᠠᠢᠭ᠎ᠠ ᠳᠥᠷᠪᠡᠳ ᠬᠣᠱᠢᠭᠤᠨ᠎ᠤ ᠵᠠᠩᠭᠠᠨ ᠰᠤᠮᠤ᠎ᠶ᠋ᠢᠨ ᠲᠠᠯ᠎ᠠ ᠨᠤᠲᠤᠭ᠎ᠲᠤ  ᠮᠠᠯᠴᠢᠨ ᠭᠠᠩᠪᠤᠯᠤᠳ ᠢᠳᠡᠰᠢᠨ ᠨᠤᠭᠤᠭ᠎ᠠ ᠵᠢᠨ ᠰᠠᠬᠰᠤ ᠪᠠᠨ ᠳᠡᠭᠦᠵᠢᠯᠡᠨ᠂ ᠬᠦᠷᠢᠶᠡᠨ ᠳᠣᠲᠣᠷᠠᠬᠢ ᠤᠶᠤᠨᠲᠤ ᠬᠦᠯᠡᠮᠵᠢ ᠵᠦᠭ ᠶᠠᠪᠤᠪᠠ᠃ ᠥᠩᠭᠡᠷᠡᠭ᠌ᠰᠡᠨ᠎ᠳᠦ᠂ ᠡᠳᠦᠷ ᠪᠦᠷᠢ ᠱᠢᠨ᠎ᠡ ᠰᠣᠷᠭᠣᠭ ᠢᠳᠡᠱᠢᠨ ᠨᠣᠭᠣᠭ᠎ᠠ ᠢᠳᠡᠬᠦ᠌ ᠨᠢ ᠬᠢᠯᠢ᠎ᠶ᠋ᠢᠨ ᠮᠠᠯᠴᠢᠳ᠎ᠲᠤ ᠠᠪᠴᠤ᠌ ᠬᠡᠯᠡᠪᠡᠯ ᠬᠦᠰᠡᠯ ᠲᠡᠳᠤᠢ ᠪᠠᠢᠵᠤ᠂ ᠭᠠᠩᠪᠤᠯᠤᠳ ᠲᠤᠰᠭᠠᠢᠯᠠᠨ 240 ᠺᠢᠯᠣᠮᠧᠲ᠋ᠷ᠎ᠦᠨ ᠴᠠᠭᠠᠨᠠᠬᠢ ᠬᠣᠱᠢᠭᠤᠨ᠎ᠡᠴᠡ ᠨᠣᠭᠣᠭ᠎ᠠ ᠬᠤᠳᠠᠯᠳᠤᠨ ᠠᠪᠳᠠᠬ ᠪᠠᠢᠪᠠ᠃ ᠬᠤᠪᠢᠷᠠᠯᠲᠠ᠎ᠨᠢ ᠲᠤᠬᠠᠶ᠎ᠶ᠋ᠢᠨ ᠭᠠᠵᠠᠷ᠎ᠤᠨ 《ᠠᠨᠠᠷ᠎ᠤᠨ ᠦᠷ᠎ᠡ ᠬᠢᠯᠢ ᠬᠢᠵᠠᠭᠠᠷ᠎ᠢ ᠬᠠᠮᠠᠭᠠᠯᠠᠬᠤ ᠬᠦᠯᠡᠮᠵᠢ》 ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠦᠭ᠌ᠰᠡᠨ᠎ᠡᠴᠡ ᠡᠬᠢᠯᠡᠵᠦ᠍᠂ ᠣᠳᠣᠬᠠᠨ᠎ᠳᠤ ᠬᠢᠯᠢ᠎ᠶ᠋ᠢᠨ ᠲᠠᠯ᠎ᠠ ᠨᠤᠲᠤᠭ᠎ᠲᠤ 324 ᠤᠶᠤᠨᠲᠤ ᠬᠦᠯᠡᠮᠵᠢ ᠪᠠᠢᠭᠤᠯᠤᠬᠳᠠᠪᠠ᠃

ᠦᠭᠡᠳᠡᠯᠡᠨ ᠬᠥᠭ᠌ᠵᠢᠭ᠌ᠰᠡᠨ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠦᠵᠡᠰᠭᠦᠯᠡᠩᠲᠦ ᠰᠠᠢᠬᠠᠨ ᠢᠷᠡᠭᠡᠳᠦᠢ᠎ᠶ᠋ᠢ ᠵᠢᠷᠤᠭ᠍ᠯᠠᠵᠤ ᠪᠤᠢ᠃

ᠠᠵᠢᠯ᠎ᠤᠨ ᠪᠦᠳᠤᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠦᠨ᠎ᠠ

《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠬᠥᠭ᠌ᠵᠢᠯᠲᠡ ᠮᠠᠰᠢ ᠣᠯᠠᠨ ᠱᠢᠨ᠎ᠡ ᠠᠵᠠ ᠲᠣᠬᠢᠶᠠᠯ ᠱᠢᠨ᠎ᠡ ᠥᠷᠢᠰᠥᠯᠳᠦᠭᠡᠨ᠎ᠳᠦ ᠲᠤᠯᠭᠠᠷᠠᠵᠤ ᠪᠤᠶ᠃ ᠭᠠᠭ᠍ᠴᠠ ᠬᠦ᠌ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠪᠠᠯ ᠰᠠᠶᠢ ᠲᠠᠰᠤᠷᠠᠯᠲᠠ ᠥᠬᠡᠶ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠴᠢᠳᠠᠨ᠎ᠠ᠃

ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠠᠵᠢᠯ᠎ᠤᠨ ᠪᠦᠳᠤᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ 《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ》 ᠪᠠᠢᠬᠤ ᠰᠠᠨᠠᠭ᠎ᠠ ᠠᠬᠤᠢ ᠪᠣᠯᠤᠨ 《ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠬᠠᠷᠢᠭᠤᠴᠠᠯᠭ᠎ᠠ ᠡᠭᠦᠷᠭᠡᠯᠡᠯ᠎ᠢ ᠴᠢᠩᠭᠠᠳᠭᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠳᠠᠲᠤ ᠶᠠᠪᠤᠳᠠᠯ ᠰᠠᠢ᠌ᠨ ᠶᠠᠪᠤᠳᠠᠯ᠎ᠢ ᠢᠯᠡᠭᠦᠬᠡᠨ ᠬᠢᠵᠦ᠍᠂ ᠱᠢᠨ᠎ᠡ ᠨᠣᠶᠠᠨ ᠬᠠᠭᠤᠴᠢᠨ ᠲᠠᠩᠰᠠ᠎ᠶ᠋ᠢ ᠦᠯᠦ᠍ ᠬᠠᠮᠢᠶᠠᠷᠬᠤ ᠪᠠ 《ᠲᠦᠷᠢ ᠲᠥᠷᠬᠦ᠌᠎ᠶ᠋ᠢᠨ ᠢᠨᠵᠧᠨᠧᠷᠢᠩ》᠂ 《ᠠᠵᠢᠯ᠎ᠤᠨ ᠪᠦᠳᠤᠮᠵᠢ᠎ᠶ᠋ᠢᠨ ᠢᠨᠵᠧᠨᠧᠷᠢᠩ》 ᠢ᠋ ᠡᠷᠡᠰ ᠬᠣᠷᠢᠭ᠍ᠯᠠᠬᠤ ᠬᠡᠷᠡᠭ᠌ᠲᠡᠢ ᠭᠡᠵᠦ᠍ ᠳᠤᠷᠠᠳᠴᠠᠢ᠃

ᠥᠪᠥᠷ ᠮᠣᠩᠭᠣᠯ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ 《ᠨᠢᠭᠤᠷ ᠲᠠᠯ᠎ᠠ᠎ᠶ᠋ᠢᠨ ᠢᠨᠵᠧᠨᠧᠷᠢᠩ》᠎ᠢ᠋ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ ᠪᠣᠶ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠡᠰᠡᠭ ᠲᠢᠩᠬᠢᠮ᠎ᠳᠦ ᠣᠷᠣᠨ ᠪᠦᠰᠡ ᠬᠡᠲᠦ ᠣᠯᠠᠨ ᠭᠠᠷᠭᠠᠭ᠍ᠰᠠᠨ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠵᠠᠰᠠᠭ᠎ᠤᠨ ᠶᠠᠪᠤᠳᠠᠯ᠎ᠤᠨ ᠲᠢᠩᠬᠢᠮ᠎ᠦᠨ ᠡᠷᠴᠢᠮᠵᠢᠭᠦᠯᠦᠨ ᠪᠠᠢᠭᠤᠯᠬᠤ ᠪᠠ ᠴᠢᠳᠠᠮᠵᠢ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠲᠠᠷᠠᠬᠠᠶ ᠪᠤᠲᠠᠷᠬᠠᠶ ᠮᠠᠶᠢᠭ᠎ᠤᠨ ᠰᠠᠯᠠᠭ᠎ᠠ ᠮᠥᠴᠢᠷ᠎ᠦᠨ ᠲᠤᠬᠠᠢᠯᠠᠭ᠍ᠰᠠᠨ ᠠᠵᠢᠯ᠎ᠤᠨ ᠴᠣᠩᠬᠣᠪᠴᠢ᠎ᠶ᠋ᠢ ᠶᠡᠷᠦᠩᠬᠡᠢᠯᠡᠭ᠌ᠰᠡᠨ ᠴᠣᠩᠬᠣᠪᠴᠢ ᠪᠣᠯᠭᠠᠨ ᠡᠮᠬᠢᠯᠡᠨ ᠨᠡᠢᠯᠡᠭᠦᠯᠪᠠ᠃ ᠣᠨᠴᠠ ᠵᠠᠷᠢᠮ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ App ᠎ᠶ᠋ᠢᠨ ᠡᠷᠴᠢᠮᠵᠢᠭᠦᠯᠦᠭ᠌ᠰᠡᠨ ᠬᠡᠮᠵᠢᠶ᠎ᠡ ᠥᠨᠳᠥᠷ ᠪᠤᠰᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠎ᠶ᠋ᠢᠨ ᠱᠢᠰᠲ᠋ᠧᠮ᠎ᠢ ᠢᠯᠭᠠᠷᠠᠭᠤᠯᠤᠨ ᠡᠮᠬᠢᠯᠡᠨ ᠨᠡᠢᠯᠡᠭᠦᠯᠬᠦ᠌᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 1185 ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠎ᠶ᠋ᠢᠨ ᠱᠢᠰᠲ᠋ᠧᠮ᠎ᠢ 877 ᠪᠣᠯᠭᠠᠨ ᠡᠮᠬᠢᠯᠡᠨ ᠨᠡᠢᠯᠡᠭᠦᠯᠵᠦ᠍᠂ ᠳᠠᠪᠬᠤᠷᠳᠠᠭᠤᠯᠤᠨ ᠪᠥᠲᠥᠭᠡᠨ ᠪᠠᠢᠭᠤᠯᠵᠤ ᠪᠦᠷᠢᠯᠭᠡᠨ ᠰᠦᠶ᠋ᠳᠭᠡᠬᠦ᠌᠎ᠡᠴᠡ ᠵᠠᠢᠯᠠᠰᠭᠢᠪᠡ᠃

《ᠰᠦᠷ ᠪᠠᠳᠠᠷᠠᠭᠤᠯᠤᠭᠰᠠᠨ 〈ᠨᠢᠭᠤᠷ ᠲᠠᠯ᠎ᠠ᠎ᠶ᠋ᠢᠨ ᠢᠨᠵᠧᠨᠧᠷᠢᠩ〉 ᠢ᠋ ᠬᠥᠭᠡᠭᠡᠴᠡᠯᠳᠦᠬᠦ᠌᠎ᠡᠴᠡ ᠪᠣᠳᠠᠲᠤ ᠦᠷ᠎ᠡ ᠪᠦᠲᠦᠮᠵᠢ᠎ᠲᠠᠢ 〈ᠲᠣᠭ᠎ᠠ ᠪᠠᠷᠢᠮᠲᠠ᠎ᠪᠠᠷ ᠠᠷᠠᠳ᠎ᠲᠤ ᠠᠱᠢᠭ ᠬᠦᠷᠲᠡᠭᠡᠬᠦ᠌〉 ᠠᠩᠬᠠᠷᠤᠯ᠎ᠢᠶᠠᠨ ᠲᠥᠪᠯᠡᠷᠡᠭᠦᠯᠬᠦ᠌ ᠬᠦᠷᠲᠡᠯ᠎ᠡ᠂ ᠡᠨᠡ ᠬᠦ᠌ ᠬᠤᠪᠢᠷᠠᠯᠲᠠ ᠪᠣᠯ ᠠᠵᠢᠯ᠎ᠤᠨ ᠠᠮᠵᠢᠯᠳᠠ᠎ᠶ᠋ᠢᠨ ᠦᠵᠡᠯᠲᠡ᠎ᠶ᠋ᠢ ᠱᠢᠯᠭᠠᠬᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠬᠤ ᠶᠠᠪᠤᠳᠠᠯ ᠪᠣᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠨᠢᠶᠧ ᠬᠠᠶ ᠵᠢᠶᠦ᠋ᠨ ᠬᠡᠯᠡᠪᠡ᠃

ᠥᠪᠥᠷ ᠮᠣᠩᠭᠣᠯ ᠰᠦᠨ ᠱᠤᠤ ᠴᠧᠩ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠵᠢᠡᠷ ᠰᠡᠵᠢᠭᠯᠡᠭᠳᠡᠭᠰᠡᠨ᠎ᠭᠡᠷᠡᠭ ᠡᠴᠡ ᠭᠦᠨᠵᠡᠭᠡᠶ ᠰᠤᠷᠭᠠᠮᠵᠢ ᠠᠪᠴᠤ᠌᠂ ᠴᠢᠩᠭ᠎ᠠ ᠦᠨᠳᠦᠰᠦᠨ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ᠎ᠢ ᠦᠨᠡᠨᠬᠦ ᠲᠤᠭᠤᠰᠢᠳᠠᠢ ᠪᠠᠷᠢᠮᠲᠠᠯᠠᠵᠤ᠂ ᠰᠠᠢᠨ ᠰᠠᠢᠬᠠᠨ ᠤᠯᠤᠰ ᠲᠥᠷᠥ᠎ᠶ᠋ᠢᠨ ᠠᠮᠢ ᠠᠬᠤᠶ᠎ᠶ᠋ᠢ ᠪᠣᠶ ᠪᠣᠯᠭᠠᠵᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠬᠦᠨᠵᠡᠬᠡᠢᠷᠡᠬᠦᠯᠬᠦ ᠵᠢ ᠠᠬᠢᠭᠤᠯᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠰᠤᠷᠲᠠᠯ ᠢᠯᠵᠢᠷᠠᠯ᠎ᠤᠨ ᠬᠡᠷᠡᠭ᠎ᠦᠨ ᠲᠤᠬᠠᠢ 《ᠨᠢᠭᠡ ᠬᠡᠷᠡᠭ ᠨᠢᠭᠡ ᠹᠢᠯᠢᠮ》 ᠵᠢᠨᠷ 15 ᠰᠡᠷᠡᠮᠵᠢᠯᠡᠭᠦᠯᠬᠦ᠌ ᠬᠥᠮᠦᠵᠢᠯ᠎ᠦᠨ ᠹᠢᠯᠢᠮ ᠵᠣᠬᠢᠶᠠᠵᠤ᠂ ᠳᠡᠷᠭᠡᠳᠡᠬᠢ ᠬᠡᠷᠡᠭ᠎ᠦᠨ ᠵᠢᠱ᠌ᠢᠶ᠎ᠡ᠎ᠪᠡᠷ᠎ᠢᠶᠡᠨ ᠨᠠᠮ᠎ᠤᠨ ᠭᠡᠱᠢᠭᠦᠨ ᠺᠠᠳ᠋ᠷᠴᠤᠳ᠎ᠲᠤ 《ᠤᠯᠠᠭᠠᠨ ᠱᠤᠭᠤᠮ᠎ᠢ ᠳᠠᠪᠠᠭ᠍ᠰᠠᠨ᠎ᠨᠢ ᠬᠡᠳᠦᠶ ᠠᠶᠤᠮᠱᠢᠭ᠍ᠲᠠᠶ ᠪᠤᠯᠬᠤ》 《ᠬᠣᠷᠢᠭ᠎ᠠ ᠱᠤᠭᠤᠮ᠎ᠢ ᠪᠠᠲᠤ ᠰᠠᠬᠢᠭ᠍ᠰᠠᠨ᠎ᠨᠢ ᠬᠡᠳᠦᠶ ᠡᠷᠬᠢᠮ ᠨᠠᠨᠳᠢᠨ ᠪᠠᠢᠬᠤ》 ᠭᠡᠳᠡᠭ᠎ᠢ ᠭᠦᠨᠵᠡᠭᠡᠶ ᠣᠢᠯᠠᠭᠠᠭᠤᠯᠪᠠ᠃

ᠡᠳᠤᠬᠡ ᠥᠪᠥᠷ ᠮᠣᠩᠭᠣᠯ ᠶᠠᠭ ᠮᠣᠩᠭᠣᠯ ᠮᠤᠷᠢᠨ᠎ᠤ ᠵᠣᠷᠢᠭ ᠰᠠᠨᠠᠭ᠎ᠠ᠎ᠪᠠᠷ ᠠᠵᠢᠯ ᠬᠢᠵᠦ᠍ ᠦᠢᠯᠡᠰ ᠪᠤᠰᠭᠠᠬᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠬ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠠᠢᠨ᠎ᠠ᠃ 

(ᠲᠤᠰ ᠵᠤᠬᠢᠶᠠᠯ᠎ᠢ 2 ᠰᠠᠷ᠎ᠠ ᠵᠢᠨ 6 ᠤ᠋ ᠡᠳᠦᠷ᠎ᠤᠨ 《ᠰᠢᠨᠬᠤᠸᠠ ᠡᠳᠦᠷ ᠪᠦᠷᠢ ᠵᠢᠨ ᠴᠠᠬᠢᠯᠭᠠᠨ ᠮᠡᠳᠡᠭᠡ》 ᠡᠴᠨ ᠰᠢᠯᠵᠢᠬᠦᠯᠤᠨ ᠨᠠᠢᠳᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号