2 ᠰᠠᠷ᠎ᠠ᠎ᠶ᠋ᠢᠨ 5 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ᠎ᠶᠢᠨ ᠱᠦᠵᠢ ᠱ᠌ᠢ ᠭᠤᠸᠠᠩ ᠬᠤᠢ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠤᠷᠳᠤᠰ ᠬᠤᠳᠠ᠂ ᠦᠬᠠᠢ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃
ᠱ᠌ᠢ ᠭᠤᠸᠠᠩ ᠬᠤᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠯᠢᠬ ᠪᠣᠳᠠᠲᠠᠢ ᠨᠠᠢᠳᠠᠪᠤᠷᠢᠵᠢᠭᠤᠯᠵᠤ᠂ ᠭᠣᠣᠯᠳᠠᠯᠭ᠎ᠠ᠎ᠶᠢᠨ ᠲᠣᠭᠣᠷᠢᠨ᠎ᠳᠤ᠂ ᠬᠠᠷᠠᠯᠲᠠ ᠲᠣᠳᠣᠷᠬᠠᠢ᠂ ᠬᠡᠷᠡᠭ᠌ᠵᠢᠭᠦᠯᠦᠯᠲᠡ ᠬᠦᠴᠦᠲᠡᠢ ᠰᠠᠢ᠌ᠨ ᠢᠯᠡᠳᠭᠡᠯ ᠪᠣᠯᠪᠠ᠃ ᠤᠷᠳᠤᠰ ᠬᠤᠳᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠲᠤᠮᠤ ᠬᠤᠳᠠ ᠪᠣᠯᠤᠭ᠍ᠰᠠᠨ᠎ᠤ ᠬᠤᠪᠢ᠎ᠳᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠠᠯ᠎ᠠ᠎ᠪᠠᠷ ᠨᠢᠷᠤᠭᠤ ᠲᠤᠯᠭᠠᠭᠤᠷᠢ ᠪᠤᠯᠵᠤ᠂ ᠤᠨᠴᠠᠯᠢᠬ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠡᠮᠦᠨ᠎ᠡ ᠡᠩᠨᠡᠭᠡᠨ᠎ᠳᠦ ᠶᠠᠪᠤᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠲᠠᠯ᠎ᠠ᠎ᠪᠠᠷ ᠦᠷ᠎ᠡ ᠪᠦᠲᠦᠮᠵᠢ ᠣᠯᠵᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠠᠯ᠎ᠠ᠎ᠪᠠᠷ ᠵᠢᠱ᠌ᠢᠢ᠎ᠡ ᠦᠵᠡᠭᠦᠯᠵᠦ᠍᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠲᠠᠯ᠎ᠠ᠎ᠪᠠᠷ ᠴᠢᠩᠭ᠎ᠠ ᠱᠠᠭᠠᠷᠳᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠦᠬᠠᠢ ᠬᠤᠳᠠ᠎ᠶ᠋ᠢᠨ ᠬᠢᠨ ᠦᠵᠡᠯ ᠰᠠᠨᠠᠭ᠎ᠠ᠎ᠪᠠᠨ ᠨᠢᠭᠡᠳᠭᠡᠵᠦ᠍᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠠᠵᠤ ᠦᠢᠯᠡᠰ᠎ᠦᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠱᠢᠨ᠎ᠡ᠎ᠶ᠋ᠢ ᠡᠭᠦᠳᠬᠦ᠌ ᠬᠥᠭ᠌ᠵᠢᠯᠲᠡ᠂ ᠪᠣᠬᠢᠷᠲᠤᠯ᠎ᠢ ᠰᠡᠷᠭᠡᠢᠯᠡᠨ ᠵᠠᠰᠠᠬᠤ ᠪᠠ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠺᠠᠳ᠋ᠷᠴᠤᠳ ᠤ᠋ᠨ ᠠᠵᠢᠯ ᠬᠢᠵᠦ᠍ ᠦᠢᠯᠡᠰ ᠪᠤᠰᠭᠠᠬᠤ ᠵᠣᠷᠢᠭ ᠰᠠᠨᠠᠭ᠎ᠠ᠎ᠶ᠋ᠢ ᠬᠥᠭ᠌ᠵᠢᠭᠡᠵᠦ᠍᠂ ᠠᠮᠵᠢᠯᠲᠠ ᠠᠨ᠎ᠤ ᠭᠠᠭ᠍ᠴᠠ ᠮᠢᠨᠦ᠍ ᠭᠠᠪᠢᠶ᠎ᠠ ᠪᠤᠰᠤ᠂ ᠠᠮᠵᠢᠯᠲᠠ ᠤᠯᠬᠤ᠎ᠳᠤ ᠯᠠᠪᠲᠠᠢ ᠪᠢ ᠪᠠᠢᠬᠤ᠎ᠶᠢ ᠪᠠᠷᠢᠮᠲᠠᠯᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠦᠬᠠᠢ᠎ᠶ᠋ᠢᠨ ᠪᠣᠳᠠᠲᠤ ᠪᠠᠢᠳᠠᠯ᠎ᠳᠤ ᠨᠡᠢᠴᠡᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠬᠡᠷᠡᠭ᠌ᠲᠡᠢ ᠭᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号