2 ᠰᠠᠷ᠎ᠠ᠎ᠶ᠋ᠢᠨ 6 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃
ᠭᠡᠱᠢᠭᠦᠳ ᠬᠣᠶᠠᠷ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠲᠣᠭᠣᠷᠢᠨ᠎ᠳᠤ ᠬᠠᠯᠠᠭᠤᠨ᠎ᠢᠶᠠᠷ ᠶᠠᠷᠢᠯᠴᠠᠵᠤ᠂ ᠢᠳᠡᠪᠬᠢᠲᠡᠶ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠭᠦᠯᠪᠡ᠃ ᠤᠯᠠᠨ᠎ᠢᠶᠠᠷ᠎ᠢᠶᠠᠨ᠂ ᠮᠡᠳᠡᠭᠦᠯᠦᠯᠲᠡ ᠨᠢ ᠪᠦᠬᠦ᠌ ᠲᠠᠯ᠎ᠠ᠎ᠪᠠᠷ ᠪᠤᠰᠤᠳᠴᠢ᠂ ᠲᠣᠭ᠎ᠠ ᠪᠠᠷᠢᠮᠲᠠ ᠨᠢ ᠨᠠᠷᠢᠨ ᠪᠣᠳᠠᠲᠠᠢ᠂ ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯᠳᠠᠯᠭ᠎ᠠ ᠲᠤᠪᠤᠢ᠌ᠮ᠎ᠠ᠂ ᠠᠷᠭ᠎ᠠ ᠬᠡᠮᠵᠢᠢ᠎ᠡ ᠨᠢ ᠬᠦᠴᠦᠲᠡᠢ᠂ ᠮᠠᠰᠢ ᠴᠢᠩᠭ᠎ᠠ ᠬᠠᠨᠳᠤᠯᠭᠠᠳᠤ ᠴᠢᠨᠠᠷ᠂ ᠵᠢᠯᠣᠭᠣᠳᠭᠤ ᠴᠢᠨᠠᠷᠲᠠᠶ ᠭᠡᠵᠦ ᠦᠵᠡᠵᠡᠭᠡᠪᠡ᠃
《ᠬᠣᠶᠠᠷ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠲᠣᠭ᠎ᠠ ᠪᠠᠷᠢᠮᠲᠠ᠎ᠵᠢ ᠡᠰᠢᠯᠡᠵᠤ᠂ ᠪᠣᠳᠠᠲᠤ ᠦᠷ᠎ᠡ ᠪᠦᠲᠦᠮᠵᠢ᠎ᠪᠡᠷ ᠬᠠᠷᠢᠭᠤᠯᠲᠠ ᠥᠭ᠌ᠴᠦ᠂ ᠬᠠᠷᠢᠭᠤᠴᠠᠯᠭ᠎ᠠ ᠡᠭᠦᠷᠭᠡᠯᠡᠭᠰᠡᠨ ᠮᠥᠷᠲᠡᠭᠡᠨ ᠬᠠᠯᠠᠭᠤᠨ ᠳᠤᠯᠠᠭᠠᠨ ᠢ᠋ ᠢᠯᠡᠷᠡᠭᠦᠯᠪᠡ》᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠬᠠᠤᠯᠢ᠎ᠶ᠋ᠢᠨ ᠤᠬᠠᠭᠠᠨ᠎ᠤ ᠳᠡᠭᠡᠳᠦ ᠰᠤᠷᠭᠠᠭᠤᠯᠢ᠎ᠶ᠋ᠢᠨ ᠵᠠᠬᠢᠷᠤᠯ ᠳ᠋ᠢᠩ ᠫᠸᠩ᠄ 《ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠶᠡᠬᠡ ᠲᠠᠯ᠎ᠠ᠎ᠳᠤ ᠦᠶ᠋ᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ᠎ᠪᠠᠷ ᠵᠠᠰᠠᠬᠤ᠎ᠳᠦ ᠬᠠᠷᠢᠭᠤᠴᠠᠯᠭ᠎ᠠ ᠡᠭᠦᠷᠭᠡᠯᠡᠬᠦ᠌ ᠴᠣᠭ ᠪᠠᠳᠠᠷᠠᠩᠭᠤᠶ ᠲᠦᠷᠰᠦ ᠪᠠᠢᠳᠠᠯ᠎ᠢᠶᠠᠨ ᠦᠷᠭᠦᠯᠵᠢᠯᠡᠨ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 〈1571〉 ᠠᠵᠢᠯ᠎ᠤᠨ ᠪᠠᠢᠷᠢᠯᠠᠭᠤᠯᠤᠯᠲᠠ᠎ᠵᠢᠨ ᠲᠤᠭᠤᠷᠢᠨ ᠳ᠋ᠤ᠂ ᠱᠢᠭᠦᠨ ᠲᠠᠰᠤᠯᠬᠤ ᠡᠭᠦᠷᠭᠡ ᠴᠢᠳᠠᠪᠬᠢ ᠪᠠ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠪᠠᠨ ᠭᠦᠶ᠋ᠴᠡᠳ ᠪᠠᠳᠠᠷᠠᠭᠤᠯᠵᠤ᠂ ᠨᠠᠩ ᠬᠦᠴᠦᠲᠡᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠪᠠ ᠪᠠᠲᠤᠯᠠᠭ᠎ᠠ ᠬᠠᠩᠭᠠᠬᠤ᠎ᠶ᠋ᠢ ᠬᠦᠰᠡᠵᠦ᠍ ᠪᠠᠢᠨ᠎ᠠ》 ᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠢᠲᠡᠭᠡᠮᠵᠢ᠎ᠶ᠋ᠢᠨ ᠬᠤᠳᠠᠯᠳᠤᠭᠠᠴᠢᠳ᠎ᠤᠨ ᠡᠪᠯᠡᠯ᠎ᠦᠨ ᠳᠠᠷᠤᠭ᠎ᠠ ᠵᠠᠩ ᠸᠧᠨ ᠴᠢᠩ᠄ 《ᠥᠩᠭᠡᠷᠡᠭ᠌ᠰᠡᠨ ᠨᠢᠭᠡ ᠵᠢᠯ᠎ᠳᠦ᠂ ᠬᠣᠶᠠᠷ ᠬᠣᠷᠢᠶ᠎ᠠ ᠲᠣᠰ ᠲᠣᠰ᠎ᠤᠨ ᠡᠭᠦᠷᠭᠡ ᠴᠢᠳᠠᠪᠬᠢ᠎ᠶ᠋ᠢᠨ ᠬᠦᠷᠢᠶᠡᠨ᠎ᠳᠦ ᠪᠡᠨ ᠰᠠᠭᠤᠷᠢᠯᠠᠵᠤ᠂ ᠭᠦᠨᠵᠡᠭᠡᠶ ᠨᠠᠷᠢᠯᠢᠭ ᠠᠵᠢᠯᠯᠠᠵᠤ᠂ ᠵᠣᠷᠢᠭ᠍ᠲᠠᠶ᠎ᠪᠠᠷ ᠬᠠᠢᠨ ᠰᠦᠪᠡᠭ᠌ᠴᠢᠯᠡᠵᠦ᠍᠂ ᠡᠯ᠎ᠡ ᠵᠦᠶ᠋ᠯ᠎ᠦᠨ ᠠᠵᠢᠯ᠎ᠢ ᠯᠠᠪᠳᠠᠭᠤᠨ ᠪᠠᠲᠤᠲᠠᠶ ᠡᠷᠴᠢᠮᠲᠡᠶ ᠥᠷᠨᠢᠭᠦᠯᠪᠡ᠃ ᠬᠠᠤᠯᠢ ᠴᠠᠭᠠᠵᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠩ ᠬᠦᠴᠦᠲᠡᠢ ᠬᠠᠤᠯᠢ ᠴᠠᠭᠠᠵᠠ᠎ᠶ᠋ᠢᠨ ᠠᠷᠭ᠎ᠠ ᠬᠡᠮᠵᠢᠢ᠎ᠡ᠂ ᠨᠡᠩ ᠱᠢᠯᠢᠳᠡᠭ ᠬᠠᠤᠯᠢ ᠴᠠᠭᠠᠵᠠ᠎ᠶ᠋ᠢᠨ ᠦᠢᠯᠡᠴᠢᠯᠡᠭᠡ᠎ᠪᠡᠷ ᠲᠥᠪ ᠭᠣᠣᠯᠴᠢ ᠱᠢᠳᠤᠷᠭᠤ ᠶᠣᠰᠣᠨ᠎ᠤ ᠬᠠᠤᠯᠢ ᠴᠠᠭᠠᠵᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ᠎ᠶ᠋ᠢ ᠰᠠᠨᠠᠭᠤᠯᠵᠤ ᠪᠠᠢᠨ᠎ᠠ》 ᠭᠡᠵᠦ ᠬᠡᠯᠡᠪᠡ᠃
ᠬᠣᠶᠠᠷ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠳᠦ ᠳᠤᠷᠠᠳᠤᠭ᠍ᠰᠠᠨ 《ᠠᠵᠤ ᠠᠬᠤᠢᠯᠠᠯ᠎ᠳᠦ ᠠᠰᠢᠭ ᠬᠦᠷᠳᠡᠭᠡᠬᠦ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠣᠶ ᠪᠣᠯᠭᠠᠬᠤ》᠂ 《〈ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ〉 ᠤ᠋ ᠠᠵᠢᠯᠯᠠᠭ᠎ᠠ᠎ᠳᠤ ᠢᠳᠡᠪᠬᠢᠲᠡᠶ ᠠᠭᠤᠰᠤᠯᠴᠠᠬᠤ》 ᠵᠡᠷᠭᠡ ᠠᠷᠭ᠎ᠠ ᠬᠡᠮᠵᠢᠶ᠎ᠡ ᠪᠠ ᠰᠡᠳᠭᠢᠮᠵᠢ ᠨᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠢᠨ ᠯᠦᠩ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠸᠠᠩ ᠱᠢᠤᠸᠠᠢ ᠹᠸᠩ᠎ᠢ ᠲᠤᠢᠯ᠎ᠢᠶᠠᠷ ᠪᠠᠶᠠᠷᠯᠠᠭᠤᠯᠪᠠ᠃ ᠲᠡᠷᠡ᠄ 《ᠡᠲᠡᠭᠡᠷ᠎ᠨᠢ ᠴᠥᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌ ᠲᠤᠬᠠᠶ ᠱᠠᠭᠠᠷᠳᠠᠯᠭ᠎ᠠ᠎ᠲᠠᠶ ᠵᠣᠬᠢᠴᠠᠯᠳᠤᠵᠤ ᠪᠠᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠮᠫᠤᠷᠠᠯ᠎ᠤᠨ ᠬᠠᠮᠢᠶᠠᠷᠤᠭ᠍ᠴᠢᠳᠤᠨ ᠨᠡᠢᠭᠡᠮᠯᠢᠭ᠎ᠢ ᠪᠠᠢᠭᠤᠯᠵᠤ᠂ ᠡᠬᠢ ᠪᠠᠶᠠᠯᠢᠭ᠎ᠢ ᠨᠡᠢᠳᠭᠡᠵᠦ᠍᠂ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ᠎ᠶ᠋ᠢ ᠴᠢᠩᠭᠠᠳᠭᠠᠨ᠂ ᠳᠠᠮᠫᠤᠷᠠᠯ᠎ᠤᠨ ᠱᠢᠭᠦᠨ ᠲᠠᠰᠤᠯᠤᠯᠲᠠ᠎ᠳᠤ ᠲᠤᠰᠭᠠᠢᠵᠢᠭ᠍ᠰᠠᠨ ᠲᠤᠯᠭᠠᠭᠤᠷᠢᠯᠠᠯ ᠬᠠᠩᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢ ᠰᠠᠨᠠᠭᠤᠯᠵᠤ ᠪᠠᠢᠨ᠎ᠠ》 ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠡᠭᠡᠵᠢᠩ᠎ᠦᠨ ᠳ᠋ᠸ ᠾᠧ ᠾᠧᠩ (ᠬᠥᠬᠡᠬᠣᠲᠠ) ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠸᠠᠩ ᠳ᠋ᠸ ᠭᠠᠩ᠂ ᠮᠠᠯᠵᠢᠬᠤ ᠣᠷᠣᠨ᠎ᠳᠦ ᠲᠣᠭᠣᠷᠢᠨ ᠬᠡᠷᠡᠭ ᠱᠢᠶ᠋ᠳᠪᠦᠷᠢᠯᠡᠬᠦ᠌ ᠲᠣᠭ᠍ᠲᠠᠴᠠ᠎ᠳᠤ ᠲᠦᠱᠢᠭ᠌ᠯᠡᠨ᠂ 《ᠨᠡᠭᠦᠳᠡᠯ ᠡᠶᠡᠳᠡᠭᠦᠯᠭᠡ + ᠬᠠᠤᠯᠢ ᠴᠠᠭᠠᠵᠠ᠎ᠶ᠋ᠢᠨ ᠨᠤᠲᠠᠯᠠᠯᠲᠠ》 ᠶ᠋ᠢᠨ ᠴᠡᠭ ᠭᠠᠷᠭᠠᠵᠤ᠂ ᠨᠤᠲᠤᠭ ᠪᠡᠯᠴᠢᠭᠡᠷ᠎ᠦᠨ ᠵᠠᠭᠠᠭ ᠵᠡᠷᠭᠡ ᠵᠠᠭᠤᠷᠠᠯᠳᠤᠭᠠᠨ᠎ᠢ ᠰᠢᠢᠳᠪᠦᠷᠢᠯᠡᠨ᠂ ᠮᠠᠯᠴᠢᠳ᠎ᠤᠨ 《ᠵᠠᠷᠭᠤ ᠬᠢᠬᠦ᠌᠎ᠳᠦ ᠬᠣᠯᠠ᠂ ᠵᠠᠷᠭᠤ ᠬᠢᠬᠦ᠌᠎ᠳᠦ ᠬᠦᠴᠢᠷᠲᠡᠶ》 ᠪᠠᠢᠬᠤ ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ; ᠠᠮᠢ ᠠᠬᠤᠢ᠎ᠶ᠋ᠢᠨ ᠪᠠᠢᠴᠠᠭᠠᠬᠤ ᠠᠵᠢᠯ᠎ᠢ ᠭᠦᠨᠵᠡᠭᠡᠢᠷᠡᠭᠦᠯᠵᠦ᠍᠂ ᠣᠢ ᠱᠢᠭᠤᠢ᠂ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠲᠡᠶ ᠬᠣᠯᠪᠣᠭᠠᠯᠠᠨ ᠠᠮᠢ ᠠᠬᠤᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠰᠦᠪᠡᠭ᠌ᠴᠢ᠎ᠶ᠋ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠵᠤ᠂ ᠠᠮᠢ ᠠᠬᠤᠢ᠎ᠶ᠋ᠢ ᠡᠪᠳᠡᠭ᠌ᠰᠡᠨ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠬᠡᠷᠡᠭᠳᠡᠢ; ᠬᠢᠯᠢ ᠳᠠᠭᠠᠤ ᠵᠢᠨ ᠬᠢᠯᠢ ᠵᠢᠨ ᠪᠣᠭᠣᠮᠲᠠ᠎ᠶ᠋ᠢᠨ ᠣᠨᠴᠠᠯᠢᠭᠲᠤ ᠴᠢᠭ᠌ᠯᠡᠭᠦᠯᠦᠨ᠂ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠬᠠᠮᠵᠢᠯᠴᠠᠬᠤ ᠲᠣᠭ᠍ᠲᠠᠴᠠ᠎ᠶ᠋ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍᠂ ᠬᠢᠯᠢ ᠠᠯᠤᠰᠯᠠᠭ᠍ᠰᠠᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠎ᠶ᠋ᠢ ᠴᠢᠩᠭᠠᠳᠭᠠᠨ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠬᠠᠤᠯᠢ᠎ᠪᠠᠷ ᠵᠠᠰᠠᠬᠤ᠎ᠪᠠᠷ ᠬᠠᠮᠠᠭᠠᠯᠠᠬᠤ ᠬᠡᠷᠡᠭᠳᠠᠢ ᠭᠡᠵᠦ ᠰᠠᠨᠠᠭᠤᠯᠪᠠ᠃
ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠱᠢᠭᠦᠬᠦ᠌ ᠬᠣᠷᠢᠢ᠎ᠠ ᠪᠠᠢᠴᠠᠭᠠᠬᠤ ᠬᠣᠷᠢᠢ᠎ᠠ᠎ᠶ᠋ᠢᠨ ᠠᠷᠠᠳ᠎ᠤᠨ ᠲᠥᠯᠥᠭᠡ ᠬᠠᠤᠯᠢ ᠪᠠᠷᠢᠬᠤ᠎ᠶ᠋ᠢ ᠤᠯᠠᠮ ᠨᠢᠭᠡ ᠠᠯᠬᠤᠮ ᠦᠢᠯᠡᠳᠦᠯᠭᠡᠵᠢᠭᠦᠯᠵᠦ᠍᠂ ᠶᠡᠬᠡ ᠲᠠᠯ᠎ᠠ᠎ᠳᠤ ᠨᠡᠩ ᠣᠨᠣᠴᠠᠲᠠᠢ᠎ᠪᠠᠷ ᠦᠢᠯᠡᠴᠢᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠠᠰᠤᠷᠠᠯᠳᠠ ᠦᠭᠡᠢ ᠴᠢᠩᠭᠠᠳᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠢ ᠬᠠᠤᠯᠢ ᠴᠠᠭᠠᠵᠠ ᠵᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠵᠢ ᠠᠳᠠᠯᠢ ᠪᠤᠰᠤ ᠲᠠᠯ᠎ᠠ᠎ᠡᠴᠡ ᠰᠠᠨᠠᠭᠤᠯᠵᠠᠢ᠃