ᠪᠦᠬᠦ᠌ ᠣᠷᠣᠨ᠎ᠤ ᠱᠢᠭᠦᠬᠦ᠌ ᠬᠣᠷᠢᠶ᠎ᠠ ᠱᠢᠭᠦᠨ ᠲᠠᠰᠤᠯᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠪᠦᠲᠦᠮᠵᠢ ᠵᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠪᠠ
2026-02-07 15:16:32
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 6 ᠤ᠋ ᠡᠳᠦᠷ ᠬᠤᠷᠠᠯᠳᠤᠭᠰᠠᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠠᠵᠢᠯ᠎ᠤᠨ ᠢᠯᠡᠳᠭᠡᠯ᠎ᠢ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠪᠡ᠃

ᠮᠡᠳᠡᠭᠦᠯᠦᠯᠲᠡ ᠡᠴᠡ ᠦᠵᠡᠪᠡᠯ᠂ 2025 ᠣᠨ ᠳ᠋ᠤ᠂ ᠪᠦᠬᠦ᠌ ᠣᠷᠣᠨ᠎ᠤ ᠱᠢᠭᠦᠬᠦ᠌ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠎ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠤ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠵᠢᠨ ᠲᠤᠭᠤᠷᠢᠨ ᠳ᠋ᠤ᠂ ᠲᠤᠱᠢᠶᠠᠯ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶ᠋ᠢ ᠴᠢᠩᠳᠠᠯᠠᠵᠤ᠂ 《ᠳᠥᠷᠪᠡᠨ ᠵᠦᠶ᠋ᠯ᠎ᠦᠨ ᠢᠨᠵᠧᠨᠧᠷᠢᠩ 》 ᠵᠢᠡᠷ ᠵᠢᠯᠣᠭᠣᠳᠤᠮᠵᠢ ᠪᠣᠯᠭᠠᠵᠤ ᠱᠢᠨ᠎ᠡ ᠴᠠᠭ ᠦᠶ᠎ᠡ᠎ᠶ᠋ᠢᠨ ᠱᠢᠭᠦᠨ ᠲᠠᠰᠤᠯᠬᠤ ᠠᠵᠢᠯ᠎ᠢ ᠴᠢᠩᠭᠠᠳᠬᠠᠵᠤ᠂ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠵᠠᠢ᠃

ᠪᠦᠬᠦ᠌ ᠣᠷᠣᠨ᠎ᠤ ᠱᠢᠭᠦᠬᠦ᠌ ᠬᠣᠷᠢᠶ᠎ᠠ ᠵᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠭᠣᠣᠯ ᠱᠢᠵᠢᠮ᠎ᠢ ᠪᠠᠲᠤ ᠴᠣᠭ᠍ᠴᠠᠯᠠᠬᠤ ᠵᠡᠷᠭᠡ 66 ᠬᠠᠤᠯᠢ ᠴᠠᠭᠠᠵᠠ᠎ᠶ᠋ᠢᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ ᠤ᠋ᠨ ᠪᠠᠢᠷᠢᠯᠠᠭᠤᠯᠤᠯᠳᠠ ᠳ᠋ᠤ ᠦᠢᠯᠡᠴᠢᠯᠡᠬᠦ᠌ 60 ᠬᠠᠤᠯᠢ ᠴᠠᠭᠠᠵᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠪᠠ᠃

ᠪᠦᠬᠦ᠌ ᠣᠷᠣᠨ᠎ᠤ ᠱᠢᠭᠦᠬᠦ᠌ ᠬᠣᠷᠢᠶ᠎ᠠ ᠨᠡᠢᠲᠡ 123.3 ᠲᠦᠮᠡᠨ ᠬᠡᠷᠡᠭ᠎ᠢ ᠬᠦᠯᠢᠶᠡᠨ ᠠᠪᠴᠤ᠌ ᠱᠢᠢᠳᠪᠦᠷᠢᠯᠡᠵᠦ᠍᠂ 116.4 ᠲᠦᠮᠡᠨ ᠬᠡᠷᠡᠭ᠎ᠢ ᠰᠢᠢᠳᠪᠦᠷᠢᠯᠡᠨ ᠳᠠᠭᠤᠰᠭᠠᠵᠠᠢ᠃ ᠭᠥᠯᠢᠶᠡᠨ ᠠᠪᠤᠭ᠍ᠰᠠᠨ ᠬᠡᠷᠡᠭ ᠤ᠋ᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 16.2% ᠵᠢᠡᠷ ᠨᠡᠮᠡᠭ᠌ᠳᠡᠵᠦ᠍᠂ ᠰᠢᠢᠳᠪᠦᠷᠢᠯᠡᠨ ᠳᠠᠭᠤᠰᠭᠠᠭ᠍ᠰᠠᠨ ᠬᠡᠷᠡᠭ ᠤ᠋ᠨ ᠲᠣᠭ᠎ᠠ 13.3% ᠪᠠᠷ ᠨᠡᠮᠡᠭ᠌ᠳᠡᠪᠡ; 94% ᠱᠢᠬᠠᠮ᠎ᠤᠨ ᠬᠡᠷᠡᠭ᠎ᠦᠨ ᠨᠢᠭᠡᠳᠦᠭᠡᠷ ᠱᠢᠭᠦᠯᠲᠡ ᠵᠢᠨ ᠰᠢᠭᠦᠨ ᠲᠠᠰᠤᠯᠤᠯᠳᠠ᠎ᠶ᠋ᠢ ᠳᠠᠭᠠᠵᠤ ᠵᠠᠷᠭᠤ᠎ᠪᠠᠨ ᠵᠣᠭ᠍ᠰᠣᠵᠤ᠂ ᠠᠷᠠᠳ ᠣᠯᠠᠨ ᠨᠡᠩ ᠦᠨᠡᠨ ᠪᠣᠳᠠᠲᠠᠶ ᠲᠥᠪ ᠭᠣᠣᠯᠴᠢ ᠱᠢᠳᠤᠷᠭᠤ ᠶᠣᠰᠣ᠎ᠶ᠋ᠢ ᠮᠡᠳᠡᠷᠡᠪᠡ᠃ ᠭᠦᠢᠴᠡᠳᠭᠡᠵᠦ᠍ ᠳᠠᠭᠤᠰᠭᠠᠭ᠍ᠰᠠᠨ ᠬᠡᠷᠡᠭ 44 ᠲᠦᠮᠡᠨ ᠬᠤᠪᠢ ᠪᠠᠢᠵᠤ᠂ ᠭᠦᠢᠴᠡᠳᠭᠡᠭᠰᠡᠨ ᠦᠶᠡᠯᠡᠯ᠎ᠦᠨ ᠬᠤᠭᠤᠴᠠᠭ᠎ᠠ 20% ᠪᠡᠷ ᠪᠠᠭᠠᠰᠴᠤ᠂ ᠭᠦᠢᠴᠡᠳᠭᠡᠭᠰᠡᠨ ᠬᠡᠮᠵᠢᠶ᠎ᠠ 787.7 ᠳ᠋ᠦᠩᠱᠢᠭᠤᠷ ᠲᠥᠭᠥᠷᠢᠭ ᠲᠤ᠌ ᠬᠦᠷᠴᠤ᠂ ᠡᠷᠬᠡ ᠠᠱᠢᠭ᠎ᠢ ᠨᠡᠩ ᠴᠠᠭ ᠲᠤᠬᠠᠢ᠎ᠳᠤᠨᠢ᠂ ᠨᠡᠩ ᠬᠦᠴᠦᠲᠡᠢ ᠬᠠᠮᠠᠭᠠᠯᠠᠪᠠ᠃

ᠪᠦᠬᠦ᠌ ᠣᠷᠣᠨ᠎ᠤ ᠱᠢᠭᠦᠬᠦ᠌ ᠬᠣᠷᠢᠶ᠎ᠠ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ ᠵᠢᠴᠢ ᠬᠣᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠶ᠋ᠢ ᠴᠢᠩᠭ᠎ᠠ ᠵᠠᠯᠬᠠᠭᠠᠨ ᠱᠢᠢᠳᠭᠡᠪᠡ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠠᠵᠢᠯ᠎ᠢ ᠵᠢᠷᠤᠮᠵᠢᠭᠤᠯᠬᠤ ᠲᠤᠰᠭᠠᠢ ᠠᠵᠢᠯᠯᠠᠭ᠎ᠠ᠎ᠶ᠋ᠢ ᠥᠷᠨᠢᠭᠦᠯᠵᠦ᠍᠂ 《ᠳᠠᠮᠫᠤᠷᠠᠯ᠎ᠤᠨ ᠱᠢᠭᠦᠨ ᠲᠠᠰᠤᠯᠤᠯᠳᠠ᠎ᠶ᠋ᠢᠨ ᠴᠠᠭᠠᠨ ᠭᠠᠳᠠᠷᠳᠦ ᠪᠢᠴᠢᠭ》 ᠢ᠋ ᠨᠠᠢᠷᠠᠭᠤᠯᠤᠨ ᠵᠣᠬᠢᠶᠠᠪᠠ᠃ ᠬᠥᠬᠡᠬᠣᠲᠠ᠎ᠶ᠋ᠢᠨ ᠮᠡᠳᠡᠯᠭᠡ᠎ᠶ᠋ᠢᠨ ᠥᠮᠴᠢᠯᠡᠯ ᠤ᠋ᠨ ᠡᠷᠬᠡ᠎ᠶ᠋ᠢᠨ ᠱᠢᠭᠦᠬᠦ᠌ ᠲᠢᠩᠬᠢᠮ᠎ᠢ ᠪᠣᠳᠠᠲᠠᠶ ᠠᠵᠢᠯᠯᠠᠭᠤᠯᠵᠤ᠂ ᠠᠢᠮᠠᠭ ᠬᠣᠲᠠ ᠠᠯᠤᠰᠯᠠᠨ ᠲᠣᠭᠣᠷᠢᠨ ᠱᠢᠭᠦᠨ ᠲᠠᠰᠤᠯᠬᠤ ᠴᠡᠭ ᠭᠠᠷᠭᠠᠪᠠ᠃ ᠣᠷᠴᠢᠨ ᠲᠤᠭᠤᠷᠢᠨ ᠤ᠋ ᠡᠬᠢ ᠪᠠᠶᠠᠯᠢᠭ᠎ᠤᠨ ᠬᠡᠷᠡᠭ᠎ᠢ 2.4 ᠲᠦᠮᠡᠨ ᠬᠤᠪᠢ ᠱᠢᠭᠦᠨ ᠳᠠᠭᠤᠰᠭᠠᠵᠤ᠂ ᠣᠢ ᠱᠢᠭᠤᠢ ᠨᠤᠲᠤᠭ ᠪᠡᠯᠴᠢᠭᠡᠷ᠎ᠢ ᠡᠪᠳᠡᠭᠰᠠᠨ ᠳᠦᠷᠢᠮ ᠲᠣᠭ᠍ᠲᠠᠭᠠᠯ ᠬᠠᠤᠯᠢ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠤᠷᠢᠭ᠎ᠠ ᠱᠤᠭᠤᠮ᠎ᠢ ᠪᠠᠲᠤ ᠰᠠᠬᠢᠪᠠ᠃

ᠪᠥᠬᠥ᠌ ᠣᠷᠣᠨ᠎ᠤ ᠱᠢᠭᠦᠬᠦ᠌ ᠬᠣᠷᠢᠶ᠎ᠠ ᠬᠦᠯᠦᠰᠦᠨ ᠮᠠᠯᠴᠢᠨ ᠲᠠᠷᠢᠶᠠᠴᠢᠨ ᠤ᠋ ᠴᠠᠯᠢᠩ᠎ᠢ ᠥᠷᠢᠲᠦᠭ᠌ᠰᠡᠨ ᠬᠡᠷᠡᠭ᠎ᠢ ᠲᠥᠪᠯᠡᠷᠡᠭᠦᠯᠦᠨ ᠭᠦᠶ᠋ᠴᠡᠳᠭᠡᠬᠦ᠌ ᠠᠵᠢᠯᠯᠠᠭ᠎ᠠ ᠥᠷᠨᠢᠭᠦᠯᠵᠦ᠍᠂ ᠴᠠᠯᠢᠩ ᠥᠷᠢᠲᠦᠭ᠌ᠰᠡᠨ᠎ᠢ ᠵᠠᠰᠠᠭ᠍ᠰᠠᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠨᠡᠢᠲᠡᠯᠡᠵᠦ᠍᠂ 《ᠬᠥᠳᠡᠯᠮᠦᠷᠢᠯᠡᠪᠡᠯ ᠬᠥᠯᠥᠰᠥ᠍ ᠣᠯᠭᠣᠮᠵᠢ᠎ᠲᠠᠶ》 ᠪᠠᠢᠬᠤ᠎ᠶ᠋ᠢ ᠪᠠᠲᠤᠯᠠᠪᠠ᠃ 885 ᠺᠠᠳ᠋ᠷ ᠴᠠᠭ᠍ᠳᠠᠭ᠎ᠠ 939 ᠰᠤᠷᠭᠠᠭᠤᠯᠢ᠎ᠶ᠋ᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠲᠤᠱᠢᠶᠠᠯ᠎ᠢ ᠡᠭᠦᠷᠭᠡᠯᠡᠵᠦ᠍᠂ ᠬᠠᠤᠯᠢ᠎ᠪᠠᠷ ᠵᠠᠰᠠᠬᠤ ᠢᠯᠡ ᠬᠢᠴᠢᠶᠡᠯ᠎ᠢ 1600 ᠭᠠᠷᠤᠢ ᠲᠠᠯᠠᠪᠤᠷ ᠥᠷᠨᠢᠭᠦᠯᠪᠡ᠃ 《ᠢᠯᠡ ᠲᠣᠳᠣ ᠵᠢᠷᠤᠮᠵᠢᠭᠤᠨ ᠥᠨᠳᠥᠷ ᠪᠦᠲᠦᠮᠵᠢᠲᠡᠢ》 ᠣᠨ᠎ᠤ ᠠᠵᠢᠯᠯᠠᠭ᠎ᠠ᠎ᠶ᠋ᠢ ᠥᠷᠨᠢᠭᠦᠯᠵᠦ᠍᠂ 1.3 ᠲᠦᠮᠡᠨ ᠬᠦᠴᠢᠷ  ᠪᠡᠷᠭᠡᠰᠢᠶᠡᠯᠳᠡᠢ ᠬᠡᠷᠡᠭ ᠢ᠋ ᠰᠤᠯᠪᠢᠴᠠᠨ ᠭᠦᠢᠴᠡᠳᠭᠡᠵᠤ ᠮᠥᠨ ᠴᠢᠨᠠᠷ᠎ᠤᠨ ᠠᠬᠢᠴᠠ ᠲᠠᠢ ᠪᠤᠯᠪᠠ᠃ ᠵᠠᠭᠠᠯᠳᠤᠬᠤ ᠪᠢᠴᠢᠭ᠂ ᠬᠠᠷᠢᠭᠤ ᠮᠠᠷᠭᠤᠬᠤ ᠪᠢᠴᠢᠭ᠎ᠦᠨ ᠵᠢᠱ᠌ᠢᠶ᠎ᠡ ᠦᠵᠡᠭᠦᠯᠬᠦ᠌ ᠲᠣᠪᠬᠢᠮᠠᠯ᠎ᠢ ᠳᠡᠯᠭᠡᠷᠡᠭᠦᠯᠦᠨ ᠬᠡᠷᠡᠭ᠌ᠯᠡᠵᠦ᠍᠂ ᠵᠠᠷᠭᠤ᠎ᠶ᠋ᠢᠨ ᠦᠢᠯᠡᠴᠢᠯᠡᠭᠡ᠎ᠶ᠋ᠢᠨ 《ᠨᠢᠭᠡ ᠴᠣᠩᠬᠣᠪᠴᠢ ᠪᠠᠷ ᠨᠡᠢᠳᠡᠮ ᠭᠦᠢᠴᠡᠳᠭᠡᠬᠦ᠌》 ᠪᠢᠴᠢᠯ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭᠤᠯᠬᠤ ᠪᠠᠢᠭᠤᠯᠤᠯᠲᠠ᠎ᠳᠤ ᠣᠷᠣᠯᠴᠠᠨ ᠳᠡᠮᠵᠢᠪᠡ᠃ ᠵᠠᠭᠤᠷᠠᠯᠳᠤᠭᠠᠨ᠎ᠢ ᠱᠢᠢᠳᠪᠦᠷᠢᠯᠡᠬᠦ᠌ ᠤᠯᠠᠨ ᠡᠱᠢᠲᠦ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ 《ᠲᠥᠯᠥᠭᠡᠯᠡᠭ᠌ᠴᠢ ᠭᠡᠱᠢᠭᠦᠳ ᠤ᠋ᠨ ᠡᠶᠡᠳᠡᠭᠦᠯᠬᠦ᠌ ᠰᠠᠷ᠎ᠠ》᠎ᠶ᠋ᠢᠨ ᠠᠵᠢᠯᠯᠠᠭ᠎ᠠ ᠥᠷᠨᠢᠭᠦᠯᠵᠦ᠍᠂ ᠲᠥᠯᠥᠭᠡᠯᠡᠭ᠌ᠴᠢ ᠭᠡᠱᠢᠭᠦᠳ᠎ᠦᠨ ᠨᠡᠭᠡᠭᠡᠯᠲᠡᠲᠦ ᠡᠳᠦᠷ᠎ᠦᠨ ᠠᠵᠢᠯᠯᠠᠭ᠎ᠠ᠎ᠶ᠋ᠢ 1280 ᠤᠳᠠᠭ᠎ᠠ ᠡᠷᠬᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号