2 ᠰᠠᠷ᠎ᠠ᠎ᠶ᠋ᠢᠨ 6 ᠤ᠋ ᠡᠳᠦᠷ ᠬᠤᠷᠠᠯᠳᠤᠭᠰᠠᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠣᠶᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠵᠢ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠪᠡ᠃
ᠮᠡᠳᠡᠭᠦᠯᠦᠯᠲᠡ᠎ᠡᠴᠡ ᠦᠵᠡᠪᠡᠯ᠂ 2025 ᠣᠨ᠎ᠳᠤ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠶᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠵᠢᠨ ᠲᠤᠭᠤᠷᠢᠨ ᠳ᠋ᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠦᠲᠦᠭᠡᠨ ᠪᠠᠢᠭᠤᠯᠤᠯᠲᠠ᠎ᠳᠤ ᠪᠦᠬᠦ᠌ ᠬᠦᠴᠦᠨ᠎ᠢᠶᠡᠷ᠎ᠢᠶᠡᠨ ᠦᠢᠯᠡᠴᠢᠯᠡᠵᠦ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠭᠡᠵᠦ᠂ ᠬᠡᠷᠡᠭ ᠪᠣᠯᠭᠠᠨ᠎ᠢ ᠥᠨᠳᠥᠷ ᠪᠦᠲᠦᠮᠵᠢᠲᠡᠶ᠎ᠪᠡᠷ ᠰᠠᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳᠤᠮᠳᠠ ᠪᠠᠢᠴᠠᠭᠠᠬᠤ ᠠᠵᠢᠯ᠎ᠤᠨ ᠱᠢᠨ᠎ᠡ ᠠᠮᠵᠢᠯᠲᠠ ᠪᠦᠲᠦᠮᠵᠢ᠎ᠶ᠋ᠢ ᠢᠯᠡᠷᠡᠭᠦᠯᠪᠡ᠃
ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠶᠡᠬᠡ ᠲᠠᠯ᠎ᠠ᠎ᠳᠤ ᠦᠢᠯᠡᠴᠢᠯᠡᠵᠦ᠍᠂ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠪᠠ᠃ ᠶᠠᠯᠠᠲᠤ ᠠᠵᠢᠯᠯᠠᠭ᠎ᠠ᠎ᠶ᠋ᠢ ᠴᠢᠩᠭ᠎ᠠ ᠱᠢᠢᠳᠭᠡᠵᠦ᠍ ᠠᠮᠤᠷ ᠲᠦᠪᠱᠢᠨ ᠪᠠ ᠲᠣᠭ᠍ᠲᠠᠭᠤᠨ᠎ᠢ ᠬᠠᠮᠠᠭᠠᠯᠠᠨ᠂ ᠬᠠᠤᠯᠢ᠎ᠶ᠋ᠢ ᠵᠥᠷᠢᠴᠡᠭ᠌ᠰᠡᠨ ᠲᠤᠪᠤᠢ᠌ᠮ᠎ᠠ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《1 + 6》 ᠲᠤᠰᠭᠠᠢ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠤᠯᠤᠰ ᠣᠷᠣᠨ᠎ᠤ ᠠᠮᠤᠷ ᠲᠦᠪᠱᠢᠨ᠂ ᠤᠯᠠᠨ ᠨᠡᠢᠲᠡ᠎ᠶ᠋ᠢᠨ ᠠᠮᠤᠷ ᠲᠦᠪᠱᠢᠨ᠎ᠳᠦ ᠬᠣᠣᠷ ᠬᠥᠨᠥᠭᠡᠯ ᠤᠴᠠᠷᠠᠭᠤᠯᠤᠭ᠍ᠰᠠᠨ ᠵᠡᠷᠭᠡ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠬᠠᠤᠯᠢ᠎ᠪᠠᠷ ᠵᠠᠰᠠᠬᠤ ᠬᠦᠴᠦᠨ᠎ᠢᠶᠡᠷ ᠠᠮᠤᠷ ᠲᠦᠪᠱᠢᠨ᠎ᠢ ᠪᠠᠲᠤᠯᠠᠨ᠂ ᠲᠣᠭ᠍ᠲᠠᠭᠤᠨ᠎ᠢ ᠬᠠᠮᠠᠭᠠᠯᠠᠵᠤ᠂ ᠬᠥᠭ᠌ᠵᠢᠯᠲᠡ᠎ᠶ᠋ᠢ ᠠᠬᠢᠭᠤᠯᠤᠨ᠂ ᠪᠦᠯᠬᠦᠮᠳᠡᠯ᠎ᠢ ᠠᠬᠢᠭᠤᠯᠪᠠ᠃ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠪᠠᠢᠴᠠᠭᠠᠬᠤ ᠠᠵᠢᠯ ᠵᠢᠡᠷ 《ᠥᠪᠥᠷ ᠮᠣᠩᠭᠣᠯ᠎ᠤᠨ ᠲᠦᠷᠦᠯ ᠲᠡᠮᠳᠡᠭ᠌ᠲᠦ》 ᠶ᠋ᠢ ᠬᠠᠮᠠᠭᠠᠯᠠᠬᠤ ᠲᠤᠰᠭᠠᠢ ᠲᠥᠷᠥᠯ᠎ᠦᠨ ᠬᠢᠨᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠠᠸᠠᠷ᠎ᠤᠨ ᠲᠡᠮᠳᠡᠭ᠎ᠦᠨ ᠡᠷᠬᠡ᠂ ᠲᠤᠰᠭᠠᠢ ᠠᠱᠢᠭ᠎ᠤᠨ ᠡᠷᠬᠡ᠎ᠳᠦ ᠬᠠᠯᠳᠠᠭ᠍ᠰᠠᠨ ᠵᠡᠷᠭᠡ ᠶᠠᠯᠠᠲᠤ ᠠᠵᠢᠯᠯᠠᠭ᠎ᠠ ᠬᠢᠭ᠌ᠰᠡᠨ 156 ᠬᠥᠮᠦᠨ᠎ᠢ ᠵᠠᠭᠠᠯᠳᠤᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 36.8% ᠪᠡᠷ ᠳᠡᠭᠡᠭ᠌ᠰᠢᠯᠡᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠪᠠᠲᠤᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠪᠡ᠃ ᠪᠣᠬᠢᠷᠲᠤᠯ ᠥᠬᠡᠶ ᠬᠥᠭ᠌ᠵᠢᠯᠲᠡ᠎ᠳᠦ ᠬᠠᠮᠵᠢᠯᠴᠠᠨ ᠬᠠᠮᠳᠦ ᠪᠡᠷ ᠵᠠᠰᠠᠨ ᠦᠶ᠋ᠯᠡᠴᠢᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠤᠢ ᠱᠢᠭᠤᠶ᠂ ᠨᠠᠭᠤᠷ ᠪᠦᠷᠢᠳᠦ᠂ ᠨᠤᠲᠤᠭ ᠪᠡᠯᠴᠢᠭᠡᠷ᠎ᠦᠨ 《ᠠᠮᠢ ᠠᠬᠤᠶ᠎ᠶ᠋ᠢᠨ ᠪᠠᠢᠴᠠᠭᠠᠯᠲᠠ᠎ᠶᠢᠨ ᠭᠤᠷᠪᠠᠨ ᠶᠡᠬᠡ ᠬᠠᠮᠵᠢᠯᠴᠠᠭ᠎ᠠ᠎ᠶᠢᠨ ᠨᠢᠭᠡᠳᠦᠯᠲᠡᠶ ᠠᠵᠢᠯᠯᠠᠭ᠎ᠠ》᠎ᠶ᠋ᠢ ᠦᠷᠭᠦᠯᠵᠢᠯᠡᠨ ᠠᠬᠢᠭᠤᠯᠵᠤ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠡᠷᠡᠭ᠎ᠢ 6374 ᠬᠤᠪᠢ ᠱᠢᠶ᠋ᠳᠪᠦᠷᠢᠯᠡᠵᠦ᠍᠂ ᠳᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠡ 50.3% ᠪᠠᠷ ᠳᠡᠭᠡᠭ᠌ᠰᠢᠯᠡᠪᠡ᠃ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠣᠣᠰᠯᠠᠭᠤᠯᠬᠤ ᠡᠷᠡᠭᠦᠦ᠍᠎ᠶ᠋ᠢᠨ ᠬᠡᠷᠡᠭ᠎ᠦᠨ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠣᠨᠣᠪᠴᠢᠲᠠᠢ ᠲᠤᠭᠤᠱᠢᠯᠠᠭᠤᠯᠵᠤ᠂ ᠶᠠᠯ᠎ᠠ᠎ᠪᠠᠨ ᠮᠡᠳᠡᠷᠡᠭ᠌ᠰᠡᠨ ᠪᠠ ᠱᠢᠢᠳᠭᠡᠯ᠎ᠢ ᠮᠡᠳᠡᠷᠡᠭ᠌ᠰᠡᠨᠢ ᠠᠭᠤᠴᠢᠯᠠᠨ ᠱᠢᠢᠳᠭᠡᠬᠦ᠌ ᠲᠦᠷᠢᠮ᠎ᠢ ᠬᠠᠤᠯᠢ ᠶᠣᠰᠣᠭᠠᠷ ᠵᠢᠷᠤᠮᠵᠢᠭᠤᠯᠤᠨ ᠬᠡᠷᠡᠭ᠌ᠯᠡᠵᠦ᠍᠂ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠡᠮᠵᠢᠶ᠎ᠡ᠎ᠲᠡᠶ ᠪᠠᠢᠯᠭᠠᠬᠤ᠂ ᠶᠠᠯ᠎ᠠ ᠬᠠᠷᠢᠭᠤᠴᠠᠯᠭ᠎ᠠ ᠡᠷᠡᠭᠦᠦ᠍᠎ᠶ᠋ᠢ ᠬᠠᠷᠢᠯᠴᠠᠨ ᠵᠣᠬᠢᠴᠠᠭᠤᠯᠬᠤ᠎ᠶ᠋ᠢ ᠪᠠᠲᠤᠯᠠᠵᠤ᠂ ᠵᠠᠯᠬᠠᠭᠠᠬᠤ ᠪᠠ ᠰᠡᠷᠭᠡᠢᠯᠡᠬᠦ᠌᠎ᠶ᠋ᠢ ᠵᠡᠷᠭᠡ᠎ᠪᠡᠷ ᠠᠳᠭᠤᠬᠤ᠎ᠪᠠᠷ ᠨᠡᠢᠭᠡᠮ᠎ᠦᠨ ᠵᠠᠰᠠᠯᠲᠠ᠎ᠶ᠋ᠢ ᠠᠬᠢᠭᠤᠯᠪᠠ᠃
ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠠᠷᠠᠳ᠎ᠤᠨ ᠲᠥᠯᠥᠭᠡ ᠪᠠᠢᠴᠠᠭᠠᠬᠤ ᠪᠣᠳᠠᠲᠤ ᠶᠠᠪᠤᠳᠠᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠠᠷᠠᠳ ᠤᠯᠠᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭ᠌ᠴᠦ᠂ 《ᠢᠳᠡᠭᠡᠨ᠎ᠦ ᠵᠦᠢᠯ ᠡᠮ᠎ᠦᠨ ᠵᠦᠢᠯ᠎ᠦᠨ ᠠᠮᠤᠷ ᠲᠦᠪᠱᠢᠨ ᠵᠢᠡᠷ ᠠᠰᠢᠭ ᠬᠦᠷᠲᠡᠭᠡᠬᠦ ᠠᠶᠠᠯᠠᠯ》 ᠳ᠋ᠤ ᠲᠤᠰᠭᠠᠢ ᠬᠢᠨᠠᠯᠲᠠ ᠲᠠᠯᠪᠢᠵᠤ᠂ ᠨᠠᠰᠤᠲᠠᠨ᠎ᠢ ᠠᠰᠠᠷᠠᠬᠤ ᠬᠦᠷᠢᠶᠡᠯᠡᠩ᠂ ᠰᠤᠷᠭᠠᠭᠤᠯᠢ᠎ᠶ᠋ᠢᠨ ᠬᠣᠭᠣᠯᠠᠨ ᠭᠡᠷ ᠵᠡᠷᠭᠡ ᠣᠨᠴᠠ ᠲᠣᠭ᠍ᠲᠠᠭ᠍ᠰᠠᠨ ᠲᠠᠯᠠᠪᠤᠷ᠎ᠲᠤ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠢ 374 ᠬᠤᠪᠢ ᠱᠢᠢᠳᠪᠦᠷᠢᠯᠡᠵᠦ᠍᠂ ᠢᠳᠡᠭᠡᠨ᠎ᠦ ᠵᠦᠢᠯ ᠡᠮ᠎ᠦᠨ ᠵᠦᠢᠯ᠎ᠦᠨ ᠠᠮᠤᠷ ᠲᠦᠪᠱᠢᠨ᠎ᠳᠦ ᠬᠣᠣᠷ ᠬᠥᠨᠥᠭᠡᠯ ᠤᠴᠠᠷᠠᠭᠤᠯᠤᠭ᠍ᠰᠠᠨ ᠶᠠᠯᠠᠲᠤ ᠠᠵᠢᠯᠯᠠᠭ᠎ᠠ ᠬᠢᠭ᠌ᠰᠡᠨ 314 ᠬᠥᠮᠦᠨ᠎ᠢ ᠵᠠᠭᠠᠯᠳᠤᠵᠤ᠂ ᠤᠯᠠᠨ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠢ ᠰᠡᠳᠭᠢᠯ ᠲᠠᠯᠪᠢᠨ ᠬᠠᠮᠠᠭᠠᠯᠠᠪᠠ᠃ ᠡᠭᠦᠨ᠎ᠦ ᠬᠠᠮᠲᠤ᠂ ᠡᠷᠡᠭᠦᠦ᠍᠎ᠶ᠋ᠢᠨ ᠵᠠᠷᠭᠤ᠎ᠶ᠋ᠢᠨ ᠠᠵᠢᠯᠯᠠᠭ᠎ᠠ᠎ᠳᠤ ᠬᠢᠨᠠᠯᠲᠠ ᠲᠠᠯᠪᠢᠬᠤ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠢᠷᠭᠡᠨ᠎ᠦ ᠵᠠᠷᠭᠤ᠎ᠳᠤ ᠬᠢᠨᠠᠯᠲᠠ ᠲᠠᠯᠪᠢᠬᠤ ᠣᠨᠣᠪᠴᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠵᠠᠰᠠᠭ ᠵᠠᠬᠢᠷᠭᠠᠨ᠎ᠤ ᠵᠠᠷᠭᠤ᠎ᠳᠤ ᠬᠢᠨᠠᠯᠲᠠ ᠲᠠᠯᠪᠢᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠵᠦ᠍᠂ ᠬᠠᠤᠯᠢ ᠴᠠᠭᠠᠵᠠ᠎ᠶ᠋ᠢᠨ ᠬᠡᠷᠡᠭ ᠨᠢᠭᠡᠪᠦᠷᠢ᠎ᠡᠴᠡ ᠠᠷᠠᠳ ᠣᠯᠠᠨ᠎ᠳᠤ ᠲᠥᠪ ᠭᠤᠤᠯᠴᠢ ᠱᠢᠳᠤᠷᠭᠤ ᠶᠣᠰᠣ᠎ᠶ᠋ᠢ ᠮᠡᠳᠡᠷᠡᠭᠦᠯᠬᠦ᠌᠎ᠪᠡᠷ ᠴᠢᠷᠮᠠᠢᠪᠠ᠃