《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠳᠤ ᠡᠷᠬᠡᠪᠰᠢ ᠴᠠᠬ ᠢᠮᠠᠭ᠍ᠲᠠ ᠲᠤᠭᠤᠰᠢᠯᠠᠭᠤᠯᠤᠨ ᠡᠷᠡᠰ ᠭᠣᠢᠪᠢᠰᠢ ᠦᠭᠡᠢ ᠪᠡᠢᠵᠤ ᠣᠬᠲᠣ ᠰᠣᠯᠠᠷᠠᠭᠣᠯᠵᠦ ᠪᠣᠯᠬᠣ ᠦᠭᠡᠢ》᠂ 《ᠬᠤᠷᠴᠠ ᠰᠡᠷᠭᠡᠭ ᠲᠠᠨᠢᠯᠲᠠ ᠪᠠ ᠡᠷᠡᠰ ᠪᠠᠲᠤ ᠣᠪᠣᠷ ᠶ᠋ᠢᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠬᠡᠷᠡᠭ᠌ᠲᠡᠢ》 ᠁ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ ᠳᠡᠭᠡᠷ᠎ᠡ᠂ ᠲᠥᠯᠥᠭᠡᠯᠡᠭ᠌ᠴᠢᠳ ᠭᠡᠱᠢᠭᠦᠳ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠣᠭᠤᠷᠢᠨ᠎ᠳᠤ ᠣᠢᠯᠠᠭᠠᠯᠲᠠ ᠲᠦᠷᠦᠭ᠌ᠳᠡᠯ᠎ᠢᠶᠠᠨ ᠶᠠᠷᠢᠵᠤ᠂ ᠡᠬᠦᠷᠭᠡ ᠬᠠᠷᠢᠭᠤᠴᠠᠯᠭ᠎ᠠ ᠪᠠᠨ ᠦᠬᠦᠯᠡᠵᠦ᠂ ᠭᠤᠢᠪᠢᠰᠢ ᠦᠭᠡᠢ᠎ᠪᠠᠷ ᠨᠠᠮ᠎ᠢᠶᠠᠨ ᠲᠠᠭᠠᠵᠤ᠂ ᠪᠦᠯᠬᠦᠮᠲᠡᠨ ᠨᠢᠭᠡᠳᠴᠦ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ ᠬᠠᠮᠲᠤ᠎ᠶ᠋ᠢᠨ ᠲᠠᠨᠢᠯᠲᠠ ᠪᠣᠯᠤᠨ ᠬᠦᠴᠦᠨ ᠴᠢᠳᠠᠯ ᠪᠣᠯᠵᠦ ᠪᠦᠷᠢᠯᠲᠦᠭᠰᠡᠨ ᠪᠠᠢᠨ᠎ᠠ᠃
ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ᠎ᠤᠨ ᠠᠵᠢᠯ ᠦᠢᠯᠡᠰ᠎ᠤᠨ ᠲᠠᠰᠤᠷᠠᠯᠲᠠ ᠦᠭᠡᠢ ᠬᠥᠭ᠌ᠵᠢᠬᠦ᠌ 《ᠨᠢᠷᠣᠭᠣ ᠲᠣᠯᠭᠠᠭᠣᠷᠢ》 ᠶᠣᠮ᠃ 《ᠠᠷᠪᠠᠨ ᠳᠥᠷᠪᠡᠳᠦᠭᠡᠷ ᠲᠠᠪᠤᠨ ᠵᠢᠯ》 ᠶ᠋ᠢᠡᠨ ᠡᠷᠬᠢᠨ ᠬᠠᠷᠠᠬᠣᠶᠠ᠂ ᠥᠪᠥᠷ ᠮᠣᠩᠭᠤᠯ᠎ᠤᠨ ᠶᠡᠷᠦᠩᠬᠡᠢᠯᠡᠭ᠌ᠰᠡᠨ ᠠᠵᠤ ᠠᠬᠤᠶ᠎ᠶ᠋ᠢᠨ ᠪᠣᠳᠠᠲᠤ ᠬᠦᠴᠦᠨ ᠶᠡᠭᠡ᠎ᠪᠠᠷ ᠳᠡᠭᠡᠭ᠌ᠰᠢᠯᠡᠵᠦ᠍᠂ ᠤᠯᠤᠰ᠎ᠤᠨ ᠶᠡᠭᠡ ᠲᠠᠯ᠎ᠠ᠎ᠳᠤ ᠦᠢᠯᠡᠴᠢᠯᠡᠬᠦ᠌ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠢᠲᠠᠶ ᠬᠥᠭ᠌ᠵᠢᠯᠲᠡ ᠲᠣᠭ᠍ᠲᠠᠭᠤᠨ᠎ᠢᠶᠠᠷ ᠠᠭᠢᠵᠤ᠂ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠤᠯᠠᠮ ᠨᠢᠭᠡ ᠠᠯᠬᠣᠮ ᠪᠠᠲᠣᠵᠢᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠥᠬᠡᠶ ᠲᠡᠭᠡᠭᠰᠢᠯᠡᠵᠦ᠂ ᠦᠨᠳᠦᠰᠦᠲᠡᠨ ᠨᠣᠬᠦᠳ᠎ᠤᠨ ᠪᠦᠯᠬᠦᠮᠳᠡᠯ ᠦᠷᠭᠦᠯᠵᠢᠯᠡᠨ ᠪᠠᠬᠢᠵᠢᠪᠡ ᠁ ᠡᠳᠡᠭᠡᠷ ᠬᠢᠯᠠᠯᠵᠠᠮ᠎ᠠ ᠠᠮᠵᠢᠯᠲᠠ ᠪᠣᠯ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠪᠣᠳᠠᠲᠠᠢ ᠠᠵᠢᠯᠯᠠᠵᠤ ᠲᠤᠭᠤᠰᠢᠳᠠᠢ ᠦᠢᠯᠡᠳᠦᠯᠭᠡᠵᠢᠭᠦᠯᠦᠭ᠌ᠰᠡᠨᠤ ᠦᠷ᠎ᠡ ᠳ᠋ᠦᠩ ᠪᠣᠯᠬᠣ ᠶᠣᠮ᠃ 《ᠠᠷᠪᠠᠨ ᠲᠠᠪᠤᠳᠤᠭᠠᠷ ᠲᠠᠪᠤᠨ ᠵᠢᠯ》 ᠢ᠋ ᠪᠠᠷᠠᠯᠠᠬᠤᠶ᠎ᠠ᠂ ᠠᠤᠭ᠎ᠠ ᠲᠥᠰᠦᠪ᠎ᠢ ᠠᠮᠢᠳᠤᠯᠢᠭ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ ᠠᠷᠠᠳ᠎ᠤᠨ ᠠᠮᠢᠳᠤᠷᠠᠯ᠎ᠤᠨ ᠠᠮᠠᠯᠠᠯᠲᠠ᠎ᠪᠠᠨ ᠵᠣᠯ ᠵᠢᠷᠭᠠᠯᠲᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠣ ᠳ᠋ᠦ ᠨᠡᠩ ᠢᠯᠠᠩᠭᠣᠶᠠ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠨ ᠴᠢᠩᠭᠠᠳᠭᠠᠵᠤ᠂ ᠬᠥᠭ᠌ᠵᠢᠯᠲᠡ ᠬᠡᠯᠪᠡᠢᠬᠦ᠌ ᠦᠭᠡᠢ᠂ ᠥᠭᠡᠷᠡᠴᠢᠯᠡᠯᠲᠡ᠎ᠶᠢ ᠦᠯᠦ ᠰᠣᠯᠠᠷᠠᠭᠣᠯᠬᠣ᠂ ᠪᠣᠭᠤᠮᠲᠠ ᠱᠢᠪᠲᠤᠯᠬᠤ᠎ᠳᠦ ᠬᠠᠯᠢᠷᠠᠬᠣ ᠦᠭᠡᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠷ ᠡᠯ᠎ᠡ ᠲᠦᠷᠦᠯ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭ᠌ᠲᠡᠢ᠃
ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠬᠣ ᠭᠡᠵᠦ ᠬᠤᠭᠤᠰᠤᠨ ᠶᠠᠷᠢᠶ᠎ᠠ᠂ ᠬᠡᠢᠰᠪᠦᠷᠢ ᠣᠨᠣᠯ ᠪᠣᠰᠣ᠂ ᠬᠠᠷᠢᠨ ᠡᠯ᠎ᠡ ᠲᠠᠯ᠎ᠠ᠎ᠶᠢᠨ ᠭᠤᠭ᠍ᠴᠤᠭ᠎ᠠ ᠪᠣᠯᠭᠠᠨ᠎ᠳᠤ ᠨᠠᠢᠳᠠᠪᠤᠷᠢᠵᠢᠭᠤᠯᠤᠨ ᠢᠯᠡᠷᠡᠭᠦᠯᠬᠦ᠌ ᠬᠡᠷᠡᠭ᠌ᠲᠡᠢ᠃ 《ᠬᠤᠶᠠᠷ᠎ᠢ ᠲᠣᠭ᠍ᠲᠠᠭᠠᠬᠰᠠᠨ》᠎ᠢ᠋ ᠡᠷᠡᠰ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠱᠠᠭᠠᠷᠳᠠᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠬᠡᠷᠡᠭ᠌ᠲᠡᠶ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠠᠲᠤ ᠪᠠᠬᠢ ᠪᠣᠶ ᠪᠣᠯᠭᠠᠬᠣ ᠪᠠ ᠦᠶ᠋ᠯᠡᠳᠦᠯᠭᠡᠵᠢᠭᠦᠯᠵᠦ᠍᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠦ᠂ ᠪᠣᠳᠠᠲᠠᠶ ᠠᠵᠢᠯᠯᠠᠵᠦ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠠᠪᠣᠨ ᠲᠣᠣᠷ᠎ᠠ ᠪᠠᠨ ᠠᠱᠢᠭ ᠣᠯᠬᠣ᠎ᠶ᠋ᠢ ᠬᠥᠭᠡᠭᠡᠴᠡᠯᠳᠦᠬᠦ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠰᠣᠬᠤᠷ ᠪᠠᠯᠠᠶ᠎ᠪᠠᠷ ᠲᠡᠮᠡᠢ ᠠᠵᠢᠯᠯᠠᠬᠣ᠎ᠶᠢ ᠡᠰᠡᠷᠬᠦᠴᠡᠨ᠂ ᠦᠷᠡᠭᠲᠡᠯ ᠲᠠᠢ GDP᠂ ᠪᠣᠬᠢᠷᠲᠦᠯ ᠲᠠᠶ GDP᠂ ᠬᠣᠯᠢᠴᠠ ᠲᠠᠢ GDP᠎ᠢ᠋ ᠡᠷᠡᠰ ᠡᠰᠡᠷᠬᠦᠴᠡᠨ᠎ᠡ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ ᠰᠤᠷᠤᠯᠴᠠᠯᠭ᠎ᠠ᠎ᠶ᠋ᠢ ᠶᠡᠬᠡ ᠪᠡᠷ ᠡᠷᠬᠢᠮᠯᠡᠵᠦ᠍᠂ ᠪᠠᠢᠴᠠᠭᠠᠨ ᠰᠤᠳᠤᠯᠤᠯᠲᠠ᠎ᠶᠢ ᠬᠦᠨᠵᠡᠭᠡᠢᠷᠡᠬᠦᠯᠵᠦ᠂ ᠦᠨᠡᠨᠬᠦ᠌ ᠠᠳᠭᠤᠨ ᠪᠣᠳᠠᠲᠠᠢ ᠠᠵᠢᠯᠯᠠᠵᠤ᠂ ᠲᠥᠪ ᠭᠤᠣᠯᠴᠢ ᠠᠷᠢᠭᠤᠨ ᠴᠢᠬᠡᠴᠢ ᠪᠠᠢᠵᠤ᠂ ᠬᠠᠤᠯᠢ᠎ᠪᠠᠷ ᠵᠠᠰᠠᠭ᠍ᠰᠠᠨ᠂ ᠦᠨᠡᠨᠴᠢ ᠢᠲᠡᠭᠡᠮᠵᠢᠲᠡᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ᠂ ᠦᠢᠯᠡᠴᠢᠯᠡᠭᠡᠨ᠎ᠤ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠠᠢᠭᠤᠯᠬᠤ ᠬᠡᠷᠡᠭ᠌ᠲᠡᠢ᠃
ᠵᠢᠳᠬᠦᠯ ᠲᠡᠮᠡᠦᠯᠦᠯ᠎ᠢᠶᠠᠷ ᠮᠠᠷᠭᠠᠰᠢ ᠪᠠᠨ ᠵᠢᠷᠣᠬᠯᠠᠵᠦ ᠪᠣᠳᠠᠲᠠᠶ ᠠᠵᠢᠯᠯᠠᠬᠣ ᠪᠡᠷ ᠢᠷᠡᠭᠡᠳᠦᠶ ᠪᠠᠨ ᠴᠣᠬᠴᠠᠯᠠᠬᠣ ᠳ᠋ᠦ᠂ ᠣᠷᠣᠨ ᠲᠠᠶᠠᠭᠠᠷ ᠶ᠋ᠢᠡᠨ ᠰᠡᠳᠭᠢᠯ ᠨᠢᠭᠡᠳᠦᠨ ᠬᠦᠴᠦ᠍᠎ᠪᠠᠨ ᠬᠠᠮᠲᠤᠳᠭᠠᠵᠤ ᠵᠠᠩᠬᠢᠲᠣᠬᠰᠠᠨ ᠨᠢᠳᠤᠷᠭ᠎ᠠ ᠰᠢᠬ ᠪᠦᠯᠬᠦᠮᠲᠡᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠨᠢᠬᠲᠠᠷᠠᠨ ᠪᠦᠯᠬᠦᠮᠲᠡᠵᠦ ᠪᠦᠬᠦ ᠰᠡᠳᠬᠢᠯ ᠪᠦᠬᠦ ᠵᠣᠷᠢᠬ ᠶ᠋ᠢᠡᠷ ᠵᠢᠳᠬᠦᠨ ᠲᠡᠮᠡᠴᠡᠬᠦ ᠬᠡᠷᠡᠭᠲᠡᠢ᠃ ᠨᠠᠮ᠎ᠤᠨ ᠤᠳᠤᠷᠢᠳᠤᠯᠭ᠎ᠠ ᠳᠣᠣᠷ᠎ᠠ᠂ ᠨᠡᠢᠲᠡ ᠤᠯᠠᠨ ᠨᠢᠭᠡᠨ ᠰᠡᠳᠬᠢᠯ ᠶ᠋ᠢᠡᠷ ᠴᠢᠷᠮᠠᠢᠵᠦ ᠵᠢᠳᠬᠦᠪᠡᠯ ᠯᠠᠪᠲᠠᠢ ᠦᠩ ᠲᠠᠢ ᠵᠢᠯ᠎ᠤᠨ ᠦᠵᠡᠮᠵᠢ᠎ᠶᠢ ᠵᠢᠷᠣᠬᠯᠠᠵᠦ᠂ ᠡᠲᠡᠭᠡᠳ ᠱᠢᠨ᠎ᠡ ᠳᠦᠷᠰᠦ ᠪᠠᠢᠳᠠᠯ᠎ᠢ ᠨᠡᠭᠡᠭᠡᠵᠦ᠂ ᠦᠪᠡᠷᠮᠢᠴᠡ ᠱᠢᠨ᠎ᠡ ᠶᠢᠷᠲᠢᠨᠴᠦ᠍᠎ᠶ᠋ᠢ ᠡᠭᠦᠳᠴᠦ᠍ ᠴᠢᠳᠠᠬᠣ ᠶᠣᠮ᠃