ᠬᠠᠢᠲᠠᠩ ᠲᠥᠯᠥᠭᠡᠯᠡᠭ᠌ᠴᠢ᠄ ᠭᠡᠷᠡᠯᠲᠦ ᠴᠠᠮᠬᠠᠭ ᠠᠶᠠᠨ ᠵᠠᠮ᠎ᠢ ᠭᠡᠷᠡᠯᠳᠤᠬᠦᠯᠵᠤ ᠲᠡᠤᠭᠡ᠎ᠵᠢᠨ ᠲᠣᠷᠠᠰᠬᠠᠯᠲᠣ ᠵᠦᠢᠯᠡᠰ᠎ᠵᠢᠡᠷ ᠨᠠᠮ᠎ᠤᠨ ᠠᠴᠢ᠎ᠶᠢ ᠬᠦᠤᠷᠨᠢᠨ᠎ᠠ
2026-02-07 16:15:06
ᠵᠣᠬᠢᠶᠠᠭ᠍ᠴᠢ᠄
​ ᠰᠦᠩ ᠱᠣᠸᠠᠩ ᠂ ᠸᠠᠩ ᠯᠧᠢ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠪᠢ ᠥᠪᠥᠷ ᠮᠣᠩᠭᠤᠯ᠎ᠤᠨ ᠣᠯᠤᠭ᠍ᠰᠠᠨ ᠠᠮᠵᠢᠯᠲᠠ ᠪᠦᠲᠦᠮᠵᠢ ᠪᠣᠯ ᠬᠢᠯᠪᠠᠷ ᠪᠤᠰᠤ ᠭᠡᠳᠡᠭ᠎ᠢ ᠮᠡᠳᠡᠭ᠌ᠰᠡᠡ᠃ ᠡᠳᠡᠭᠡᠷ ᠠᠮᠵᠢᠯᠲᠠ᠎ᠶᠢᠨ ᠦᠨᠳᠦᠰᠦ ᠰᠠᠭᠣᠷᠢ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠣᠲᠣᠷᠢᠲᠣᠯᠭ᠎ᠠ ᠵᠢᠯᠣᠭᠣᠲᠣᠯᠭ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠣᠷᠣᠰᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤᠨ᠎ᠤ ᠮᠦᠽᠧᠶ᠎ᠶ᠋ᠢᠨ ᠳᠡᠳ᠋ ᠳᠠᠷᠤᠭ᠎ᠠ ᠬᠠᠢᠲᠠᠩ ᠬᠡᠯᠡᠨ᠎ᠡ᠃ ᠲᠡᠬᠦᠨ᠎ᠤ ᠲᠠᠨᠢᠯᠴᠠᠭᠣᠯᠣᠬᠰᠠᠨ ᠶ᠋ᠢᠡᠷ᠂ ᠪᠠᠭᠠᠷᠢᠨ ᠪᠠᠷᠠᠭᠤᠨ ᠬᠤᠱᠢᠭᠤᠨ᠎ᠤ ᠮᠦᠽᠧᠶ᠎ᠨᠢ ᠢᠮᠠᠭ᠍ᠲᠠ ᠨᠠᠮ᠎ᠤᠨ ᠤᠳᠤᠷᠢᠳᠤᠯᠭ᠎ᠠ᠎ᠶ᠋ᠢ ᠲᠡᠦᠬᠡ᠎ᠶ᠋ᠢᠨ ᠳᠤᠷᠠᠰᠭᠠᠯᠲᠤ ᠵᠦᠢᠯᠡᠰ ᠬᠣᠷᠢᠶᠠᠨ ᠴᠤᠭ᠍ᠯᠠᠭᠤᠯᠬᠤ᠂ ᠬᠠᠮᠠᠭᠠᠯᠠᠵᠦ ᠰᠣᠲᠣᠯᠬᠣ᠂ ᠳᠡᠯᠭᠡᠨ ᠦᠵᠡᠭᠦᠯᠬᠦ᠌ ᠪᠥᠬᠦ᠌ ᠶᠠᠪᠤᠴᠠ᠎ᠳᠤ ᠲᠤᠭᠤᠱᠢᠯᠠᠭᠤᠯᠵᠤ᠂  ᠮᠦᠽᠧᠶ᠎ᠵᠢᠨ ᠦᠢᠯᠡᠰ᠎ᠤᠨ ᠵᠥᠪ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠬᠰᠠᠨ ᠪᠠᠢᠨ᠎ᠠ᠃


QQ截图20260207153839.png


ᠬᠠᠢᠲᠠᠩ ᠲᠥᠯᠥᠭᠡᠯᠡᠭ᠌ᠴᠢ


ᠬᠠᠢᠲᠠᠩ᠂ ᠪᠠᠭᠠᠷᠢᠨ ᠪᠠᠷᠠᠭᠤᠨ ᠬᠤᠱᠢᠭᠤᠨ᠎ᠤ ᠮᠦᠽᠧᠶ᠎ᠵᠢᠨ ᠬᠢᠨ ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠵᠤ᠂ ᠮᠦᠽᠧᠶ᠎ᠳᠤ ᠬᠠᠳᠠᠭᠠᠯᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠢᠭᠡᠳ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢᠨ ᠪᠣᠳᠠᠲᠤ ᠭᠡᠷᠡᠴᠢ᠎ᠶ᠋ᠢ ᠭᠦᠨᠵᠡᠭᠡᠶ ᠠᠭᠤᠳᠠᠯᠵᠤ᠂ ᠨᠠᠷᠢᠨ ᠨᠢᠮᠪᠠᠶ ᠤᠬᠠᠭᠠᠯᠠᠵᠦ ᠲᠦᠰᠦᠪᠯᠡᠭᠰᠡᠨ ᠦᠵᠡᠬᠦᠯᠭᠡ ᠪᠡᠷ ᠳᠠᠮᠵᠢᠭᠤᠯᠤᠨ ᠨᠠᠮ᠎ᠤᠨ ᠤᠳᠤᠷᠢᠳᠤᠯᠭ᠎ᠠ ᠲᠣᠣᠷᠠᠬᠢ ᠦᠪᠦᠷ ᠮᠣᠩᠭᠣᠯ᠎ᠤᠨ ᠦᠨᠳᠦᠰᠦᠲᠡᠨ ᠨᠣᠬᠦᠳ ᠬᠠᠮᠲᠣ ᠪᠡᠷ ᠪᠦᠯᠬᠦᠮᠳᠡᠨ ᠲᠡᠮᠡᠴᠡᠵᠦ᠍᠂ ᠴᠡᠴᠡᠭ᠌ᠯᠡᠨ ᠬᠥᠭ᠌ᠵᠢᠭ᠌ᠰᠡᠨ ᠥᠩᠭᠡᠷᠡᠯᠲᠡ᠎ᠶ᠋ᠢ ᠠᠮᠢᠳᠤᠯᠢᠭ᠎ᠢᠶᠠᠷ ᠲᠠᠢᠯᠪᠤᠷᠢᠯᠠᠬᠰᠠᠨ ᠪᠠᠢᠨ᠎ᠠ᠃ ᠡᠭᠦᠨ᠎ᠤ ᠬᠠᠮᠲᠤ᠌᠂ ᠮᠦᠽᠧᠶ᠎ᠶ᠋ᠢᠨ ᠦᠢᠯᠡᠲᠦᠯ ᠴᠢᠳᠠᠮᠵᠢ᠎ᠶ᠋ᠢ ᠬᠦᠢᠴᠡᠳ ᠪᠠᠳᠠᠷᠠᠭᠤᠯᠵᠤ᠂ ᠵᠠᠯᠠᠭᠤᠴᠤᠳ ᠪᠠᠭᠠᠴᠤᠳ ᠪᠠ ᠦᠨᠳᠦᠰᠦᠨ ᠱᠠᠲᠤᠨ᠎ᠤ ᠣᠯᠠᠨ ᠲᠦᠮᠡᠨ᠎ᠳᠤ ᠬᠠᠨᠳᠤᠭᠤᠯᠤᠨ᠂ ᠨᠠᠮ᠎ᠤᠨ ᠲᠥᠷᠥ᠎ᠶ᠋ᠢᠨ ᠪᠣᠳᠣᠯᠭ᠎ᠠ ᠬᠢᠭᠡᠳ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠣᠷᠭᠠᠨᠢᠭ᠎ᠢᠶᠠᠷ ᠤᠶᠠᠯᠳᠤᠭᠤᠯᠵᠤ᠂ ᠦᠨᠳᠦᠰᠦᠲᠡᠨ᠎ᠤ ᠪᠦᠯᠬᠦᠮᠳᠡᠯ᠎ᠤᠨ ᠥᠯᠢᠭᠡᠷ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠵᠠᠢ ᠭᠡᠵᠤ ᠲᠠᠨᠢᠯᠴᠠᠭᠤᠯᠪᠠ᠃

ᠬᠠᠢᠲᠠᠩ᠂ 《ᠲᠡᠦᠬᠡ᠎ᠶ᠋ᠢᠨ ᠳᠤᠷᠠᠰᠭᠠᠯᠲᠤ ᠵᠦᠢᠯᠡᠰ +》 ᠤ᠋ᠨ ᠠᠭᠣᠰᠣᠯᠴᠠᠯ ᠬᠦᠭᠵᠢᠯᠲᠡ᠎ᠶᠢ ᠬᠦᠨᠵᠡᠭᠡᠢᠷᠡᠬᠦᠯᠵᠦ᠂ ᠲᠡᠦᠬᠡ᠎ᠶᠢᠨ ᠲᠣᠷᠠᠰᠬᠠᠯᠲᠣ ᠵᠦᠢᠯᠡᠰ᠎ᠢ ᠬᠠᠮᠠᠭᠠᠯᠠᠨ ᠠᠱᠢᠭ᠍ᠯᠠᠬᠤ ᠪᠠ ᠰᠣᠶᠣᠯ ᠵᠢᠭᠤᠯᠴᠢᠯᠠᠯ᠎ᠤᠨ ᠠᠵᠤ ᠦᠢᠯᠡᠰ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ ᠵᠡᠷᠭᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠠᠮᠢᠯᠠᠭᠣᠯᠣᠨ ᠬᠦᠭᠵᠢᠭᠡᠵᠦ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠲᠤᠷ ᠦᠢᠯᠡᠴᠢᠯᠡᠪᠠᠯ ᠵᠤᠬᠢᠨ᠎ᠠ ᠭᠡᠵᠦ᠍ ᠰᠠᠨᠠᠭᠤᠯᠭ᠎ᠠ ᠪᠠᠨ ᠲᠤᠳᠤᠷᠠᠭᠤᠯᠵᠤ ᠭᠠᠷᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号