ᠴᠧᠨ ᠬ᠍ᠦ ᠨᠠᠨ ᠭᠡᠰᠢᠭᠦᠨ᠄ ᠨᠠᠮ ᠤ᠋ᠨ ᠪᠠᠢᠭᠤᠯᠤᠯᠲᠠ ᠪᠡᠷ ᠰᠠᠭᠤᠷᠢ ᠶ᠋ᠢ ᠪᠠᠬᠢᠵᠢᠬᠦᠯᠵᠤ ᠪᠣᠳᠠᠲᠠᠶ ᠠᠵᠢᠯᠯᠠᠬᠤ ᠪᠡᠷ ᠨᠠᠢᠳᠠᠪᠤᠷᠢᠵᠢᠭᠤᠯᠤᠯᠲᠠ ᠵᠢ ᠠᠬᠢᠭᠤᠯᠤᠨ᠎ᠠ
2026-02-07 16:19:36
ᠵᠣᠬᠢᠶᠠᠭ᠍ᠴᠢ᠄
​ ᠪᠠᠶ ᠳ᠋ᠠᠨ ᠸᠠᠩ ᡁᠢ ᠬᠤᠸᠠ
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠨᠠᠮ ᠤ᠋ᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠵᠢ ᠪᠠᠷᠢᠮᠲᠠᠯᠠᠬᠤ ᠵᠢ ᠵᠠᠰᠠᠭ ᠤ᠋ᠨ ᠣᠷᠳᠣᠨ ᠤ᠋ ᠠᠵᠢᠯ ᠤ᠋ᠨ ᠡᠯ᠎ᠡ ᠲᠠᠯ᠎ᠠ ᠪᠦᠬᠦ᠌ ᠶᠠᠪᠤᠴᠠ ᠳ᠋ᠤ ᠲᠤᠭᠤᠱᠢᠯᠠᠭᠤᠯᠤᠨ᠎ᠠ ᠭᠡᠵᠦ ᠳᠤᠷᠠᠳᠴᠠᠢ᠃ ᠡᠨᠡ ᠨᠢ ᠨᠠᠮ ᠤ᠋ᠨ ᠪᠠᠢᠭᠤᠯᠤᠯᠲᠠ ᠪᠡᠷ ᠬᠥᠭ᠌ᠵᠢᠯᠲᠡ ᠵᠢ ᠬᠥᠲᠥᠯᠥᠨ ᠳᠠᠭᠠᠭᠤᠯᠬᠤ᠂ ᠥᠷᠢᠰᠥᠯᠳᠦᠭᠡᠨ ᠢ᠋ ᠠᠷᠭᠠᠴᠠᠭᠠᠬᠤ᠂ ᠠᠵᠠ ᠲᠣᠬᠢᠶᠠᠯ ᠢ᠋ ᠡᠵᠡᠮᠳᠡᠬᠦ᠌ ᠡᠷᠡᠰ ᠵᠣᠷᠢᠭ ᠢ᠋ ᠨᠠᠡᠭ ᠬᠦᠪᠴᠢᠯᠠᠪᠠ》 ᠭᠡᠵᠦ᠍ ᠥᠪᠡᠷᠲᠡᠭᠡᠨ ᠵᠠᠰᠠᠬᠤ ᠣᠷᠣᠨ ᠤ᠋ ᠤᠯᠤᠰ ᠲᠥᠷᠥ ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠣᠲᠠ ᠶ᠋ᠢᠨ ᠪᠠᠭᠠᠷᠢᠨ ᠵᠡᠭᠦᠨ ᠬᠣᠱᠢᠭᠤᠨ ᠤ᠋ ᠨᠠᠮ ᠤ᠋ᠨ ᠬᠣᠷᠢᠶ᠎ᠠ᠎ᠵᠢᠨ ᠱᠦᠵᠢ ᠴᠧᠨ ᠬ᠍ᠦ ᠨᠠᠨ ᠬᠡᠯᠡᠨ᠎ᠠ᠃


QQ截图20260207120729.png


ᠴᠧᠨ ᠬ᠍ᠦ ᠨᠠᠨ ᠭᠡᠰᠢᠭᠦᠨ


ᠦᠨᠳᠦᠰᠦᠨ ᠱᠠᠲᠤᠨ ᠳ᠋ᠤ ᠭᠠᠭ᠍ᠴᠠ ᠬᠦ᠌ ᠨᠠᠮ ᠤ᠋ᠨ ᠵᠣᠬᠢᠶᠠᠨ ᠪᠠᠢᠭᠤᠯᠤᠯᠲᠠ ᠵᠢ ᠬᠦᠴᠦᠷᠬᠡᠭ᠌ᠵᠢᠭᠦᠯᠦᠨ᠂ ᠨᠠᠮ ᠤ᠋ᠨ ᠭᠡᠱᠢᠭᠦᠨ᠎ᠦ ᠦᠶ᠋ᠯᠡᠳᠦᠯ ᠢ᠋ ᠰᠠᠢᠲᠤᠷ ᠪᠠᠳᠠᠷᠠᠭᠤᠯᠪᠠᠯ ᠰᠠᠶᠢ ᠲᠠᠪᠤᠨ ᠶᠡᠬᠡ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠂ ᠲᠤᠯᠤᠭᠠᠨ ᠵᠦᠶ᠋ᠯ ᠤ᠋ᠨ ᠭᠤᠤᠯᠳᠠᠯᠭ᠎ᠠ ᠲᠠᠢ ᠠᠵᠢᠯ ᠤ᠋ᠨ ᠦᠨᠳᠦᠰᠦᠨ ᠱᠠᠲᠤᠨ ᠳ᠋ᠤ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠵᠤ ᠴᠢᠳᠠᠨ᠎ᠠ᠃ ᠬᠣᠢᠱᠢᠳᠠ ᠶ᠋ᠢᠨ ᠠᠵᠢᠯ ᠳ᠋ᠤ᠂ ᠦᠨᠳᠦᠰᠦᠨ ᠱᠠᠲᠤᠨ ᠳ᠋ᠤ ᠭᠦᠨᠵᠡᠭᠡᠢᠷᠡᠨ ᠪᠣᠳᠠᠲᠤ ᠪᠠᠢᠳᠠᠯ ᠢ᠋ ᠤᠢᠯᠠᠭᠠᠵᠤ᠂ ᠨᠡᠩ ᠤᠯᠠᠨ ᠭᠠᠵᠠᠷ ᠣᠷᠣᠨ ᠤ᠋ ᠪᠣᠳᠠᠲᠤ ᠪᠠᠢᠳᠠᠯ ᠳ᠋ᠤ ᠨᠡᠢᠴᠡᠭ᠌ᠰᠡᠨ᠂ ᠪᠣᠳᠠᠲᠠᠶ ᠵᠢ ᠡᠷᠬᠢᠮᠯᠡᠬᠦ᠌ ᠠᠷᠭ᠎ᠠ ᠪᠣᠳᠣᠯᠭ᠎ᠠ ᠵᠢ ᠴᠢᠷᠮᠠᠢᠨ ᠳᠤᠷᠠᠳᠤᠨ᠎ᠠ᠃ ᠪᠠᠭᠠᠷᠢᠨ ᠵᠡᠭᠦᠨ ᠬᠣᠱᠢᠭᠤ᠎ᠵᠢᠨ ᠬᠢᠨ ᠴᠢᠨᠠᠷ ᠰᠠᠢᠲᠠᠶ ᠨᠠᠮ ᠤ᠋ᠨ ᠪᠠᠢᠭᠤᠯᠤᠯᠲᠠ ᠪᠡᠷ ᠪᠥᠬᠥ᠌ ᠬᠣᠱᠢᠭᠤᠨ ᠤ᠋ ᠡᠯ᠎ᠡ ᠵᠦᠶ᠋ᠯ ᠤ᠋ᠨ ᠠᠵᠢᠯ ᠦᠶ᠋ᠯᠡᠰ ᠤ᠋ᠨ ᠲᠣᠭ᠍ᠲᠠᠭᠤᠨ ᠢ᠋ᠶ᠋ᠡᠷ ᠬᠥᠭ᠌ᠵᠢᠬᠦ᠌ ᠵᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌ ᠳ᠋ᠤ ᠦᠨᠳᠦᠰᠦᠨ ᠱᠠᠲᠤᠨ ᠤ᠋ ᠬᠦᠴᠦᠨ ᠴᠢᠳᠠᠯ ᠢ᠋ᠶ᠋ᠡᠨ ᠡᠷᠭᠦᠨ᠎ᠡ ᠭᠡᠵᠦ᠍ ᠴᠧᠨ ᠬ᠍ᠦ ᠨᠠᠨ ᠬᠠᠷᠠᠯᠳᠠ ᠵᠤᠷᠢᠯᠳᠠ ᠪᠠᠨ ᠲᠤᠳᠤᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号