ᠯᠢᠦ ᠴᠠᠩ ᠭᠡᠱᠢᠭᠦᠨ᠄ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ᠎ᠳ᠋ᠤ ᠤᠷᠢ ᠵᠠᠯᠠᠭᠤ ᠎ᠵᠢᠨ ᠬᠦᠴᠦᠨ ᠴᠢᠳᠠᠯ ᠢ᠋ᠶ᠋ᠡᠨ ᠨᠠᠮᠠᠷᠢᠯᠠᠨ᠎ᠠ
2026-02-07 16:25:33
ᠵᠣᠬᠢᠶᠠᠭ᠍ᠴᠢ᠄
​ᠱᠢᠤᠢ ᠵᠢᠩ ᠵᠢᠨ ᠴᠢᠤᠸᠠᠨ
ᠣᠩᠱᠢᠭ᠍ᠰᠠᠨ ᠣᠳᠠᠭ᠎ᠠ᠄
★★★☆☆

《ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠨᠠᠮ ᠤ᠋ᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠵᠢ ᠪᠠᠷᠢᠮᠲᠠᠯᠠᠬᠤ ᠵᠢ ᠵᠠᠰᠠᠭ ᠤ᠋ᠨ ᠣᠷᠳᠣᠨ ᠤ᠋ ᠠᠵᠢᠯ ᠤ᠋ᠨ ᠡᠯ᠎ᠡ ᠲᠠᠯ᠎ᠠ ᠪᠦᠬᠦ᠌ ᠶᠠᠪᠤᠴᠠ ᠳ᠋ᠤ ᠲᠤᠭᠤᠱᠢᠯᠠᠭᠤᠯᠤᠨ᠎ᠠ ᠭᠡᠵᠦ ᠳᠤᠷᠠᠳᠴᠠᠢ᠃ ᠡᠨᠡ ᠨᠢ ᠬᠥᠭ᠌ᠵᠢᠯᠲᠡ ᠶ᠋ᠢᠨ ᠡᠷᠴᠢ ᠵᠣᠷᠢᠭ ᠢ᠋ ᠬᠦᠪᠴᠢᠯᠠᠵᠤ᠂ ᠤᠷᠤᠭ᠍ᠰᠢᠯᠠᠯᠳᠠ᠎ᠵᠢᠨ ᠢᠲᠡᠭᠡᠯ ᠢ᠋ ᠪᠠᠲᠤᠳᠭᠠᠪᠠ》 ᠭᠡᠵᠦ ᠥᠪᠡᠷᠲᠡᠭᠡᠨ ᠵᠠᠰᠠᠬᠤ ᠣᠷᠣᠨ ᠤ᠋ ᠤᠯᠤᠰ ᠲᠦᠷᠦ᠍ ᠶ᠋ᠢᠨ ᠵᠥᠪᠯᠡᠯᠭᠡᠨ᠎ᠦ ᠭᠡᠱᠢᠭᠦᠨ᠂ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠬᠥᠬᠡᠬᠣᠲᠠ ᠶ᠋ᠢᠨ ᠬᠣᠷᠢᠶ᠎ᠠ᠎ᠵᠢᠨ ᠳᠡᠳ᠋ ᠱᠦᠵᠢ ᠯᠢᠦ ᠴᠠᠩ ᠬᠡᠯᠡᠨ᠎ᠠ᠃


QQ截图20260207162728.png


ᠯᠢᠦ ᠴᠠᠩ ᠭᠡᠱᠢᠭᠦᠨ


ᠯᠢᠦ ᠴᠠᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠡᠷᠬᠡᠪᠰᠢ ᠨᠠᠮ ᠤ᠋ᠨ ᠪᠥᠬᠥ᠌ ᠲᠠᠯ᠎ᠠ ᠶ᠋ᠢᠨ ᠤᠳᠤᠷᠢᠳᠤᠯᠭ᠎ᠠ ᠵᠢ ᠴᠢᠩᠭᠠᠳᠭᠠᠬᠤ ᠬᠡᠷᠡᠭ᠌ᠲᠡᠶ᠃ ᠡᠪ ᠬᠠᠮᠲᠤ ᠵᠠᠯᠠᠭᠤᠴᠤᠳ ᠤ᠋ᠨ ᠡᠪᠯᠡᠯ ᠪᠣᠯ ᠨᠠᠮ ᠤ᠋ᠨ ᠵᠠᠯᠠᠭᠤᠴᠤᠳ ᠤ᠋ᠨ ᠠᠵᠢᠯ ᠤ᠋ᠨ ᠴᠢᠬᠤᠯᠠ ᠬᠦᠴᠦᠨ ᠪᠠᠢᠵᠤ᠂ ᠨᠠᠮ ᠤ᠋ᠨ ᠪᠠᠲᠤ ᠴᠢᠩᠭ᠎ᠠ ᠤᠳᠤᠷᠢᠳᠤᠯᠭ᠎ᠠ ᠪᠣᠯ ᠡᠪ ᠬᠠᠮᠲᠤ ᠵᠠᠯᠠᠭᠤᠴᠤᠳ ᠤ᠋ᠨ ᠡᠪᠯᠡᠯ ᠤ᠋ᠨ ᠠᠯᠢᠪᠠ ᠠᠵᠢᠯ ᠢ᠋ᠶ᠋ᠡᠨ ᠰᠠᠢᠲᠤᠷ ᠬᠢᠬᠦ᠌ ᠶ᠋ᠢᠨ ᠦᠨᠳᠦᠰᠦᠨ ᠪᠠᠲᠤᠯᠠᠭ᠎ᠠ ᠮᠥᠨ ᠭᠡᠯ᠎ᠠ᠃

ᠲᠠᠷᠠ᠂ ᠨᠠᠮ ᠪᠣᠯᠤᠨ ᠵᠠᠯᠠᠭᠤᠴᠤᠳ ᠤ᠋ᠨ ᠳᠠᠭᠤ ᠳᠠᠮᠵᠢᠭᠤᠯᠤᠭ᠍ᠴᠢ ᠵᠢᠨ ᠠᠵᠢᠯ ᠢ᠋ ᠰᠠᠢᠲᠤᠷ ᠬᠢᠵᠦ᠂ ᠨᠠᠮ ᠤ᠋ᠨ ᠪᠠᠢᠭᠤᠯᠤᠯᠲᠠ ᠪᠡᠷ ᠡᠪᠯᠡᠯ ᠤ᠋ᠨ ᠪᠠᠢᠭᠤᠯᠤᠯᠲᠠ ᠵᠢ ᠳᠠᠢᠴᠢᠯᠠᠬᠤ ᠵᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤ᠋ᠨ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠬᠥᠮᠦᠵᠢᠯ ᠢ᠋ ᠤᠯᠠᠮ ᠴᠢᠨᠠᠬᠰᠢᠲᠠ ᠭᠦᠨᠵᠡᠭᠡᠢᠷᠡᠭᠦᠯᠵᠦ᠂ ᠲᠡᠳᠡᠨ ᠤ᠋ ᠳᠤᠮᠳᠠᠳᠤ ᠤᠯᠤᠰ ᠤ᠋ᠨ ᠮᠠᠶ᠍ᠢᠭ ᠤ᠋ᠨ ᠣᠳᠣᠬᠢᠴᠢᠯᠠᠯᠲᠠ ᠶ᠋ᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌ ᠭᠠᠯ ᠬᠠᠯᠠᠭᠤᠨ ᠦᠢᠯᠡᠳᠦᠯᠭᠡ ᠳᠤᠮᠳᠠ ᠵᠠᠯᠠᠭᠤ ᠨᠠᠰᠤᠨ ᠤ᠋ ᠬᠦᠴᠦᠨ ᠴᠢᠳᠠᠯ ᠢ᠋ᠶ᠋ᠡᠨ ᠨᠠᠮᠠᠷᠢᠯᠡᠬᠦ ᠵᠢ ᠠᠬᠢᠭᠤᠯᠤᠨ᠎ᠠ ᠭᠡᠵᠦ ᠵᠤᠷᠢᠯᠳᠠ ᠪᠠᠨ ᠲᠠᠯᠭᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号