ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠦᠳᠦᠭᠡᠨ ᠪᠠᠢᠭᠤᠯᠤᠨ᠎ᠠ ᠭᠡᠵᠦ ᠳᠤᠷᠠᠳᠪᠠ᠃ ᠡᠨᠡ ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠬᠡᠬᠣᠲᠠ᠎ᠶ᠋ᠢᠨ ᠳᠠᠭᠤᠯᠠᠯᠳᠤ ᠵᠦᠴᠦᠭᠡ ᠪᠥᠵᠢᠭ᠌ᠲᠦ ᠵᠦᠴᠦᠭᠡ᠎ᠶ᠋ᠢᠨ ᠬᠦᠷᠢᠶᠡᠯᠡᠩ᠎ᠦᠨ ᠳᠠᠷᠤᠭ᠎ᠠ ᠯᠢᠦ ᠢ᠎ᠶ᠋ᠢᠨ ᠡᠷᠴᠢ ᠵᠣᠷᠢᠭ᠎ᠢ ᠬᠥᠪᠴᠢᠯᠡᠪᠡ᠃

ᠯᠢᠦ ᠢ ᠲᠥᠯᠥᠭᠡᠯᠡᠭ᠌ᠴᠢ
《〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠰᠣᠶᠣᠯ᠎ᠤᠨ ᠦᠶ᠋ᠯᠡᠰ ᠥᠷᠨᠢᠨ ᠬᠥᠭ᠌ᠵᠢᠪᠡ᠂ ᠬᠥᠬᠡᠬᠣᠲᠠ᠎ᠶ᠋ᠢᠨ ᠳᠠᠭᠤᠯᠠᠯᠲᠤ ᠵᠦᠴᠦᠭᠡ ᠪᠥᠵᠢᠭ᠌ᠲᠦ ᠵᠦᠴᠦᠭᠡ᠎ᠶ᠋ᠢᠨ ᠬᠦᠷᠢᠶᠡᠯᠡᠩ᠎ᠦᠨ ᠵᠣᠬᠢᠶᠠᠨ ᠪᠦᠲᠦᠭᠡᠭ᠌ᠰᠡᠨ ᠪᠥᠵᠢᠭ 〈ᠷᠣᠮᠠᠨᠲ᠋ᠢᠭ ᠲᠠᠯ᠎ᠠ ᠨᠤᠲᠤᠭ〉᠂ 〈ᠲᠡᠮᠦᠷ ᠬᠡᠦᠬᠡᠨ〉 ᠵᠠᠯᠭᠠᠭ᠎ᠠ᠎ᠪᠠᠷ ᠳᠤᠮᠳᠠᠳᠤ ᠤᠯᠤᠰ᠎ᠤᠨ ᠪᠥᠵᠢᠭ᠎ᠦᠨ ᠪᠠᠳᠮ᠎ᠠ ᠴᠡᠴᠡᠭ ᠱᠠᠩᠨᠠᠯ᠎ᠢ ᠭᠥᠷᠳᠡᠵᠦ᠍᠂ ᠣᠳᠣᠬᠠᠨ᠎ᠳᠤ ᠵᠦᠴᠦᠭᠡ᠎ᠶ᠋ᠢᠨ ᠬᠦᠷᠢᠶᠡᠯᠡᠩ᠎ᠦᠨ ᠬᠢᠨ ᠨᠡᠢᠲᠡ ᠳᠥᠷᠪᠡᠨ ᠪᠠᠳᠮ᠎ᠠ ᠴᠡᠴᠡᠭ ᠱᠠᠩᠨᠠᠯ ᠬᠦᠷᠳᠡᠵᠡᠢ》᠃ ᠯᠢᠦ ᠢ᠂ 《ᠥᠪᠥᠷ ᠮᠣᠩᠭᠣᠯ᠎ᠤᠨ ᠰᠣᠶᠣᠯ ᠥᠩᠭᠡ ᠢᠯᠭᠠᠷᠠᠮ᠎ᠠ ᠪᠠᠢᠵᠤ᠂ ᠶᠠᠭ ᠡᠨᠡ ᠬᠦ᠌ ᠨᠤᠲᠤᠭ ᠳᠡᠪᠢᠰᠭᠡᠷ᠎ᠦᠨ ᠱᠢᠮ᠎ᠡ ᠲᠡᠵᠢᠭᠡᠯ᠎ᠢᠶᠡᠷ ᠪᠢᠳᠡ ᠡᠯᠪᠡᠭ ᠪᠠᠶᠠᠯᠢᠭ ᠵᠣᠬᠢᠶᠠᠨ ᠪᠦᠲᠦᠭᠡᠬᠦ᠌ ᠡᠬᠢ ᠰᠤᠷᠪᠤᠯᠵᠢ᠎ᠲᠠᠶ ᠪᠣᠯᠤᠭ᠍ᠰᠠᠨ ᠶᠤᠮ᠂ ᠪᠢᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠦᠷᠭᠦᠯᠵᠢᠯᠡᠨ ᠠᠮᠢᠳᠤᠷᠠᠯ᠎ᠳᠤ ᠭᠦᠨᠵᠡᠭᠡᠢᠷᠡᠵᠦ᠍᠂ ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠠᠷᠠᠳ ᠲᠦᠮᠡᠨ᠎ᠦ ᠪᠠᠬᠠᠷᠬᠠᠳᠠᠭ ᠰᠣᠳᠣᠨ ᠳᠣᠷᠪᠢᠯᠢᠭ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠵᠦ᠍᠂ ᠤᠳᠭ᠎ᠠ ᠤᠷᠠᠯᠢᠭ᠎ᠤᠨ ᠬᠦᠴᠦᠨ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠪᠡ᠃
ᠰᠣᠶᠣᠯ᠎ᠤᠨ ᠦᠶ᠋ᠯᠡᠰ᠎ᠦᠨ ᠴᠡᠴᠡᠭ᠌ᠯᠡᠯᠲᠡ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠯᠢᠦ ᠢ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢᠨ ᠪᠥᠬᠥ᠌ ᠶᠠᠪᠤᠴᠠ᠎ᠶ᠋ᠢᠨ ᠲᠡᠳᠬᠦᠨ ᠳᠡᠮᠵᠢᠬᠦ᠌ ᠲᠣᠭ᠍ᠲᠠᠴᠠ᠂ ᠰᠣᠶᠣᠯ ᠵᠢᠭᠤᠯᠴᠢᠯᠠᠯ᠎ᠤᠨ ᠲᠥᠷᠥᠯ ᠵᠦᠶ᠋ᠯ᠎ᠦᠨ ᠪᠥᠬᠥ᠌ ᠦᠶᠡᠯᠡᠯ᠎ᠦᠨ ᠬᠤᠭᠤᠴᠠᠭᠠᠨ᠎ᠤ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ᠂ ᠴᠢᠳᠠᠪᠤᠷᠢᠲᠠᠨ᠎ᠢ ᠤᠷᠮᠠᠱᠢᠭᠤᠯᠬᠤ ᠪᠠᠲᠤᠯᠠᠭ᠎ᠠ ᠵᠢ ᠪᠦᠷᠢᠨᠰᠢᠬᠦᠯᠬᠦ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠪᠠ᠃ ᠯᠢᠦ ᠢ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ᠂ ᠵᠦᠴᠦᠭᠡ᠎ᠶ᠋ᠢᠨ ᠬᠦᠷᠢᠶᠡᠯᠡᠩ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠱᠢᠯᠢᠳᠡᠭ ᠰᠣᠶᠣᠯ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠦᠷᠭᠦᠯᠵᠢᠯᠡᠨ ᠥᠷᠭᠡᠳᠭᠡᠨ᠂ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 80 ᠵᠢᠯ᠎ᠦᠨ ᠣᠶ ᠵᠡᠷᠭᠡ ᠴᠢᠬᠤᠯᠠ ᠶᠡᠬᠡ ᠭᠣᠣᠯ ᠰᠡᠳᠦᠪ᠎ᠦᠨ ᠲᠣᠭᠣᠷᠢᠨ᠎ᠳᠤ ᠵᠣᠬᠢᠶᠠᠨ ᠪᠦᠲᠦᠭᠡᠬᠦ ᠠᠵᠢᠯ᠎ᠢ ᠭᠣᠣᠯᠳᠠᠯᠭ᠎ᠠ᠎ᠲᠠᠶ ᠥᠷᠨᠢᠭᠦᠯᠵᠦ᠂ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢᠶᠡᠷ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠰᠠᠢᠲᠤᠷ ᠶᠠᠷᠢᠵᠤ᠂ ᠠᠵᠢᠯ ᠲᠥᠷᠥᠯ ᠠᠯᠤᠰᠯᠠᠭ᠍ᠰᠠᠨ ᠣᠢᠯᠠᠭᠠᠭ᠍ᠳᠠᠬᠤᠨ᠎ᠢᠶᠠᠷ ᠲᠠᠢᠰᠠᠨ᠎ᠤ ᠤᠷᠠᠯᠢᠭ᠎ᠤᠨ ᠤᠳᠬ᠎ᠠ ᠰᠠᠨᠠᠭ᠎ᠠ ᠵᠢ ᠥᠷᠭᠡᠳᠭᠡᠨ᠂ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠳᠤᠭᠯᠠᠯᠳᠠ ᠰᠤᠨᠢᠷᠬᠠᠬᠤ ᠬᠤᠷᠰᠢᠯᠴᠠᠭ᠎ᠠ ᠵᠢᠨ ᠰᠢᠨ᠎ᠡ ᠵᠢ ᠡᠭᠦᠳᠴᠦ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠤᠨ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠵᠠᠮ᠎ᠢᠶᠠᠷ ᠲᠦᠷᠭᠡᠨ ᠤᠷᠤᠭ᠍ᠰᠢᠯᠠᠵᠤ᠂ ᠦᠨᠡᠨ ᠪᠣᠳᠠᠲᠠᠶ ᠠᠵᠢᠯᠯᠠᠭ᠎ᠠ ᠪᠠ ᠦᠷ᠎ᠡ ᠪᠦᠲᠦᠭᠡᠯ᠎ᠢᠶᠡᠷ᠎ᠢᠶᠡᠨ ᠰᠣᠶᠣᠯ᠎ᠤᠨ ᠬᠦᠴᠦᠷᠬᠡᠭ ᠣᠷᠣᠨ᠎ᠢ ᠪᠠᠢᠭᠤᠯᠬᠤ᠎ᠳᠤ ᠤᠳᠭ᠎ᠠ ᠤᠷᠠᠯᠢᠭ᠎ᠤᠨ ᠬᠥᠳᠡᠯᠭᠡᠬᠦ᠌ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃