ᠦ᠋ ᠺᠦᠢ ᠱᠧᠩ ᠭᠡᠱᠢᠭᠦᠨ᠄ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠦᠵᠡᠭᠦᠯᠬᠦ᠌ ᠦᠨᠳᠦᠰᠦᠨ ᠲᠤᠯᠭᠠᠭᠤᠷᠢᠯᠠᠯ᠎ᠢ ᠴᠢᠩᠭᠠᠳᠬᠠᠨ᠎ᠠ
2026-02-07 15:33:34
ᠵᠣᠬᠢᠶᠠᠭ᠍ᠴᠢ᠄
ᠱᠤᠸᠠᠢ ᠵᠧᠩ᠂ ᠶ᠋ᠢᠨ ᠴᠢᠤᠸᠠᠨ
ᠣᠩᠱᠢᠭ᠍ᠰᠠᠨ ᠣᠳᠠᠭ᠎ᠠ᠄
★★★☆☆

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠶᠡᠬᠡ᠎ᠪᠡᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ ᠭᠡᠵᠦ᠍ ᠳᠤᠷᠠᠳᠴᠠᠢ᠃ ᠮᠢᠨᠦ᠍ ᠦᠵᠡᠬᠦ᠌᠎ᠪᠡᠷ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠠᠵᠤ ᠦᠢᠯᠡᠰ᠎ᠦᠨ ᠬᠤᠪᠢᠰᠤᠯᠲᠠ᠎ᠶ᠋ᠢᠨ ᠭᠣᠣᠯ ᠬᠥᠳᠡᠯᠭᠡᠭᠦᠷ᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠵᠤ ᠲᠡᠰ ᠳᠡᠪᠱᠢᠭᠦᠯᠬᠦ᠌᠎ᠶ᠋ᠢᠨ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠭᠡᠢ ᠪᠣᠯ ᠠᠵᠤ ᠠᠬᠤᠢᠯᠠᠯ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ ᠬᠦᠯ ᠲᠤᠬᠳᠠᠵᠤ ᠴᠢᠳᠠᠬᠤ ᠦᠭᠡᠢ᠂ ᠠᠵᠤ ᠦᠢᠯᠡᠰ ᠴᠦ᠍ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠬᠤ ᠦᠭᠡᠢ ᠶᠤᠮ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠨᠢ ᠭᠠᠭ᠍ᠴᠠᠭᠠᠷᠳᠠᠮᠠᠯ ᠮᠡᠷᠭᠡᠵᠢᠯ᠎ᠦᠨ ᠱᠢᠪᠲᠤᠯᠤᠯᠲᠠ ᠤᠬ᠍ᠳᠤ ᠪᠢᠰᠢ᠂ ᠲᠡᠭᠦᠨ᠎ᠦ ᠵᠢᠩᠬᠢᠨᠢ ᠦᠷᠳᠡᠭ ᠨᠢ ᠠᠵᠤ ᠦᠢᠯᠡᠰ᠎ᠤᠨ ᠠᠮᠢ ᠠᠬᠤᠢ᠎ᠳᠤ ᠡᠨᠧᠷᠭᠢ ᠣᠯᠭᠣᠬᠤ ᠪᠠ ᠲᠠᠬᠢᠨ ᠴᠣᠭ᠍ᠴᠠᠯᠠᠵᠤ᠂ ᠠᠵᠤ ᠦᠢᠯᠡᠰ᠎ᠦᠨ ᠬᠡᠯᠬᠢᠶ᠎ᠡ᠎ᠶ᠋ᠢ ᠨᠡᠪᠲᠡᠷᠡᠭᠦᠯᠬᠦ᠌᠎ᠪᠡᠷ ᠳᠠᠮᠵᠢᠵᠤ᠂ ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ᠎ᠶ᠋ᠢ ᠳᠡᠭᠡᠭ᠌ᠰᠢᠯᠡᠭᠦᠯᠵᠦ᠍᠂ ᠡᠴᠦᠰ᠎ᠲᠡᠬᠡᠨ ᠠᠵᠤ ᠦᠢᠯᠡᠰ᠎ᠦᠨ ᠳᠡᠭᠡᠳᠦ ᠲᠡᠰᠵᠢᠯᠳᠡ᠂ ᠤᠶᠤᠨᠴᠢᠯᠠᠯᠳᠠ᠂ ᠪᠣᠬᠢᠷᠲᠤᠯ ᠦᠭᠡᠢ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠎ᠳᠤ ᠪᠠᠢᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠥᠪᠥᠷ ᠮᠣᠩᠭᠣᠯ᠎ᠤᠨ ᠱᠢᠶᠠᠨ ᠬᠣᠩ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠡᠸ᠋ ᠺᠦᠶ ᠱᠧᠩ ᠬᠡᠯᠡᠪᠡ᠃


QQ截图20260207120729.png


ᠦ᠋ ᠺᠦᠢ ᠱᠧᠩ ᠭᠡᠱᠢᠭᠦᠨ


ᠦ᠋ ᠺᠦᠢ ᠱᠧᠩ᠂ ᠥᠪᠥᠷ ᠮᠣᠩᠭᠣᠯ  ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠮ ᠳᠡᠭᠡᠷ᠎ᠡ ᠶᠠᠭ ᠬᠥᠮᠦᠰ᠎ᠢ ᠵᠣᠷᠢᠭ᠍ᠵᠢᠭᠤᠯᠤᠮ᠎ᠠ 《ᠢᠳᠡᠷᠬᠡᠭ ᠠᠯᠬᠤᠭ᠎ᠠ ᠪᠡᠷ ᠤᠷᠤᠭ᠍ᠰᠢᠯᠠᠵᠤ》 ᠪᠠᠢᠨ᠎ᠠ᠃ ᠥᠪᠥᠷ ᠮᠣᠩᠭᠣᠯ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠡᠷᠡᠰ ᠬᠡᠷᠡᠭ᠌ᠵᠢᠭᠦᠯᠵᠦ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠤᠨ᠂ ᠡᠨᠧᠷᠭᠢ᠎ᠶ᠋ᠢᠨ ᠪᠠᠢᠯᠳᠤᠬᠤ ᠪᠣᠳᠣᠯᠭ᠎ᠠ᠂ ᠠᠮᠢ ᠠᠬᠤᠶ᠎ᠶ᠋ᠢᠨ ᠵᠠᠰᠠᠯᠲᠠ᠂ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠵᠡᠷᠭᠡ ᠬᠦᠷᠢᠶᠡᠨ᠎ᠳᠦ ᠨᠢᠭᠡ ᠪᠦᠯᠦᠭ ᠣᠷᠣᠨ ᠪᠦᠰᠡ᠎ᠶ᠋ᠢᠨ ᠣᠨᠴᠠᠯᠢᠭ᠎ᠲᠠᠶ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠡᠬᠦᠳᠪᠡ᠃ ᠡᠭᠦᠨ᠎ᠦ ᠬᠠᠮᠲᠤ᠂ ᠥᠪᠥᠷ ᠮᠣᠩᠭᠣᠯ ᠪᠠᠰᠠ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠢ  ᠬᠠᠮᠵᠢᠯᠴᠠᠭᠤᠯᠬᠤ ᠠᠮᠢ ᠠᠬᠤᠶ᠎ᠶ᠋ᠢ ᠢᠳᠡᠪᠬᠢᠲᠡᠶ ᠪᠠᠢᠭᠤᠯᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠵᠤ᠂ ᠡᠬᠢ ᠪᠠᠶᠠᠯᠢᠭ᠎ᠢ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ ᠲᠡᠢᠰᠢ ᠲᠥᠪᠯᠡᠷᠡᠭᠦᠯᠬᠦ ᠵᠢ ᠬᠥᠲᠥᠯᠥᠨ ᠵᠢᠯᠣᠭᠣᠳᠴᠤ᠌᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠢ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠂ ᠱᠢᠨ᠎ᠡ᠎ᠶ᠋ᠢ ᠡᠭᠦᠳᠴᠦ᠍ ᠳᠡᠢᠯᠬᠦ᠌᠂ ᠱᠢᠨ᠎ᠡ᠎ᠶ᠋ᠢ ᠡᠭᠦᠳᠬᠦ᠌᠎ᠳᠦ ᠴᠢᠳᠠᠮᠠᠭᠠᠶ ᠪᠣᠯᠭᠠᠵᠠᠶ ᠭᠡᠵᠦ ᠢᠯᠡᠳᠭᠡᠪᠡ᠃

ᠡᠸ᠋ ᠺᠦᠶ ᠱᠧᠩ᠄ 《ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠪᠴᠢᠲᠠᠶ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠴᠢᠩᠭᠠᠳᠭᠠᠵᠤ᠂ ᠵᠠᠬ᠎ᠠ ᠳᠡᠯᠭᠡᠭᠦᠷ᠎ᠦᠨ ᠨᠡᠭᠡᠭᠡᠯᠲᠡ ᠬᠢᠭᠡᠳ ᠦᠵᠡᠭᠳᠡᠯ ᠪᠠᠢᠳᠠᠯ᠎ᠢᠶᠡᠷ ᠡᠨᠧᠷᠭᠢ ᠣᠯᠭᠣᠬᠤ᠎ᠶ᠋ᠢ ᠭᠦᠨᠵᠡᠭᠡᠢᠷᠡᠭᠦᠯᠵᠦ᠍᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠠᠮᠢ ᠠᠬᠤᠶ᠎ᠶ᠋ᠢᠨ ᠱᠢᠰᠲ᠋ᠧᠮ᠎ᠢ ᠪᠠᠢᠭᠤᠯᠬᠤ ᠵᠢᠨ ᠬᠠᠮᠲᠤ  ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠥᠩᠭᠥᠨ ᠭᠦᠶ᠋ᠯᠭᠡᠭᠡᠨ᠎ᠦ ᠳᠡᠮᠵᠢᠯᠭᠡ᠎ᠶ᠋ᠢ ᠲᠡᠭᠦᠯᠳᠡᠷᠵᠢᠭᠦᠯᠵᠦ᠍᠂ ᠲᠣᠭᠠᠴᠢᠯᠠᠯᠲᠠ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠪᠠ ᠴᠢᠳᠠᠪᠤᠷᠢᠲᠠᠨ ᠎ᠢ ᠣᠷᠣᠭᠤᠯᠤᠨ ᠠᠪᠴᠢᠷᠠᠵᠤ ᠬᠦᠮᠦᠵᠢᠭᠦᠯᠬᠦ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠥᠨᠳᠥᠷ ᠪᠦᠲᠦᠮᠵᠢᠲᠡᠶ᠎ᠪᠡᠷ ᠤᠨᠳᠤᠤᠰᠢᠭᠤᠯᠬᠤ᠎ᠶ᠋ᠢ ᠠᠬᠢᠭᠤᠯᠪᠠᠯ ᠵᠤᠬᠢᠨ᠎ᠠ》 ᠬᠡᠵᠤ ᠰᠠᠨᠠᠭᠤᠯᠭ᠎ᠠ ᠲᠠᠪᠰᠢᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号