2025 ᠣᠨ ᠳ᠋ᠤ᠂ ᠥᠪᠥᠷ ᠮᠣᠩᠭᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠪᠣᠭᠣᠮᠲᠠ ᠱᠢᠪᠲᠤᠯᠬᠤ ᠳᠠᠢᠯᠠᠯᠳᠤᠭᠠᠨ ᠳᠤ ᠱᠢᠨ᠎ᠡ ᠠᠮᠵᠢᠯᠲᠠ ᠣᠯᠵᠤ᠂ ᠪᠥᠬᠥ᠌ ᠵᠢᠯ ᠳ᠋ᠤ ᠲᠥᠪ ᠵᠢᠴᠢ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠤᠰᠭᠠᠶ ᠪᠠᠯᠠ ᠮᠥᠩᠭᠥ ᠶ᠋ᠢ 321.05 ᠳ᠋ᠦᠩᠱᠢᠭᠤᠷ ᠲᠥᠭᠥᠷᠢᠭ ᠣᠯᠵᠤ᠂ 5062 ᠲᠦᠮᠡᠨ ᠮᠥ᠍ ᠵᠢᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠡᠭᠦᠷᠭᠡ ᠶ᠋ᠢ ᠪᠡᠶᠡᠯᠡᠭᠦᠯᠪᠡ᠃ ᠡᠭᠦᠨ ᠳ᠋ᠤ 2368 ᠲᠦᠮᠡᠨ ᠮᠥ᠍ ᠡᠯᠡᠰᠦᠷᠬᠡᠭ᠌ᠵᠢᠯᠢ ᠰᠡᠷᠭᠡᠢᠯᠡᠨ ᠡᠯᠡᠰᠦ ᠵᠢ ᠵᠠᠰᠠᠵᠤ᠂ ᠬᠡᠪᠴᠢᠶ᠎ᠡ ᠪᠡᠷ ᠦᠷᠭᠦᠯᠵᠢᠯᠡᠨ ᠪᠥᠬᠥ᠌ ᠤᠯᠤᠰ ᠲᠤ᠌ ᠲᠦᠷᠦᠬᠦᠯᠡᠪᠡ᠃
ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠤ ᠬᠠᠲᠤᠨ ᠭᠤᠤᠯ ᠤ᠋ᠨ ᠬᠣᠶᠠᠷ ᠬᠥᠪᠡᠭᠡᠨᠳ᠋ᠡᠬᠢ 620 ᠺᠢᠯᠣᠮᠧᠲ᠋ᠷᠦᠨ ᠬᠠᠯᠬᠠᠪᠴᠢ ᠣᠶ ᠡᠪᠡᠰᠤ ᠵᠢᠨ ᠪᠦᠰᠡ ᠪᠥᠬᠥ᠌ ᠱᠤᠭᠤᠮ ᠵᠢᠡᠷ ᠨᠡᠪᠲᠡᠷᠡᠵᠦ᠍᠂ 《ᠨᠣᠭᠣᠭᠠᠨ ᠬᠠᠯᠬᠠᠪᠴᠢ》 ᠶ᠋ᠢ ᠲᠦᠷᠭᠡᠳᠭᠡᠨ ᠪᠠᠢᠭᠤᠯᠪᠠ; ᠬᠣᠷᠴᠢᠨ᠂ ᠬᠤᠯᠠᠨ ᠱᠢᠷᠭ᠎ᠠ ᠲᠠᠭ᠎ᠠ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠦᠨᠦᠭᠡᠯᠳᠡ ᠵᠢᠨ ᠳᠠᠢᠯᠠᠯᠳᠤᠭᠠᠨ ᠤ᠋ ᠲᠣᠭᠣᠷᠢᠭ ᠲᠤ᠌ 9 ᠬᠣᠱᠢᠭᠤ ᠱᠢᠶᠠᠨ ᠤ᠋ ᠨᠡᠭᠦᠳᠡᠯ ᠡᠯᠡᠰᠦᠷᠬᠡᠭ ᠭᠠᠵᠠᠷᠢ ᠪᠦᠬᠦᠨᠢ ᠵᠠᠰᠠᠵᠤ᠂ 2528 ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮᠢ ᠱᠢᠨ᠎ᠡ ᠪᠡᠷ ᠵᠠᠰᠠᠵᠦ᠂ 464 ᠲᠦᠮᠡᠨ ᠮᠥ᠍ ᠨᠡᠭᠦᠳᠡᠯ ᠡᠯᠡᠰᠦ ᠶ᠋ᠢ ᠪᠢᠲᠡᠭᠦᠮᠵᠢᠯᠡᠪᠡ; ᠾᠸᠰᠢ ᠵᠢᠨ ᠬᠤᠩᠬᠢᠯ — ᠲᠠᠺᠯᠢᠮᠠᠺᠠᠨ ᠡᠯᠡᠰᠦᠨ ᠴᠥᠯᠦᠨ ᠬᠥᠪᠡᠭᠡ ᠵᠠᠬᠠᠵᠢᠨ ᠬᠣᠷᠢᠭ᠍ᠯᠠᠯᠳᠠ ᠵᠢᠨ ᠳᠠᠢᠯᠠᠯᠳᠤᠭᠠᠨ ᠤ᠋ ᠲᠣᠭᠣᠷᠢᠭ ᠲᠤ᠌ ᠪᠠᠳᠠᠢ ᠵᠢᠨ ᠵᠢᠷᠠᠨ᠂ ᠲᠩᠷᠢ ᠡᠯᠡᠰᠦᠨᠢ ᠡᠮᠵᠢᠶᠡᠷᠢᠯᠡᠭᠰᠡᠨ 336.8 ᠺᠢᠯᠣᠮᠧᠲ᠋ᠷ ᠣᠶ ᠡᠪᠡᠰᠤ ᠵᠢᠨ ᠪᠦᠰᠡ ᠶ᠋ᠢ ᠪᠥᠲᠥᠭᠡᠨ ᠪᠠᠢᠭᠤᠯᠵᠤ᠂ ᠾᠸᠰᠢ ᠵᠢᠨ ᠬᠣᠩᠭᠢᠯ ᠤ᠋ᠨ 《ᠰᠠᠯᠬᠢ ᠶ᠋ᠢ ᠬᠠᠯᠬᠠᠯᠠᠵᠤ ᠡᠯᠡᠰᠦ ᠶ᠋ᠢ ᠬᠣᠷᠢᠭ᠍ᠯᠠᠬᠤ ᠬᠡᠷᠡᠮ》 ᠨᠠᠩ ᠪᠡᠬᠢᠵᠢᠭᠰᠡᠨ ᠪᠠᠢᠨ᠎ᠠ᠃
ᠡᠭᠦᠨ ᠡᠴᠡ ᠭᠠᠳᠠᠨ᠎ᠠ᠂ ᠥᠪᠥᠷ ᠮᠣᠩᠭᠣᠯ ᠬᠡᠷᠡᠯᠴᠢ ᠴᠡᠨᠡᠭᠢᠶᠡᠷ ᠡᠯᠡᠰᠦ ᠶ᠋ᠢ ᠵᠠᠰᠠᠬᠤ ᠬᠠᠪᠲᠠᠰᠤ ᠪᠡᠷ 9.08 ᠲᠦᠮᠡᠨ ᠮᠤ᠌ ᠵᠠᠰᠠᠯᠲᠠ ᠶ᠋ᠢ ᠪᠡᠶᠡᠯᠡᠭᠦᠯᠵᠤ᠂ ᠮᠤᠵᠢ ᠵᠢᠨ ᠬᠣᠭᠣᠷᠣᠨᠳᠣᠬᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠭ᠍ᠰᠠᠨ ᠲᠠᠯᠠᠪᠠᠶ 1500 ᠲᠦᠮᠡᠨ ᠮᠤ᠌ ᠳ᠋ᠤ ᠬᠦᠷᠴᠦ᠍᠂ ᠮᠠᠱᠢᠨ ᠵᠢᠡᠷ ᠡᠯᠡᠰᠦ ᠶ᠋ᠢ ᠵᠠᠰᠠᠭ᠍ᠰᠠᠨ ᠪᠦᠷᠬᠦᠴᠡ ᠵᠢᠨ ᠨᠣᠷᠮ᠎ᠠ 54%ᠳ᠋ᠤ ᠬᠥᠷᠪᠡ᠃ 《ᠨᠣᠭᠣᠭᠠᠨ ᠰᠡᠯᠡᠮ᠎ᠡ》 ᠵᠢᠨ ᠠᠵᠢᠯᠯᠠᠭ᠎ᠠ ᠶ᠋ᠢ ᠬᠦᠴᠦᠲᠡᠶ ᠥᠷᠨᠢᠭᠦᠯᠵᠦ᠍᠂ ᠴᠢᠬᠢ ᠮᠣᠳᠣ᠂ ᠡᠪᠡᠰᠦᠨ ᠦᠷ᠎ᠡ ᠵᠢᠨ ᠬᠢᠷᠢ ᠲᠡᠩᠴᠡᠭ᠌ᠰᠡᠨ ᠨᠣᠷᠮ᠎ᠠ ᠲᠣᠰ ᠲᠣᠰ 98%᠂ 95%ᠳ᠋ᠤ ᠬᠥᠷᠪᠡ᠃ ᠠᠵᠢᠯ ᠣᠯᠭᠣᠯᠲᠠᠪᠠᠷ ᠲᠡᠳᠬᠦᠮᠵᠢ ᠶ᠋ᠢ ᠣᠷᠣᠯᠠᠭᠤᠯᠬᠤ ᠪᠡᠷ ᠳᠠᠮᠵᠢᠨ 18.1 ᠳ᠋ᠦᠩᠰᠢᠭᠤᠷ ᠲᠥᠭᠥᠷᠢᠭᠦᠨ ᠬᠥᠳᠡᠯᠮᠦᠷᠢ ᠦᠢᠯᠡᠴᠢᠯᠡᠭᠡᠨᠦ ᠬᠠᠷᠠᠮᠵᠢ ᠣᠯᠭᠣᠵᠤ᠂ 12.3 ᠲᠦᠮᠡᠨ ᠮᠠᠯᠴᠢᠨ ᠲᠠᠷᠢᠶᠠᠴᠢᠨᠢ ᠳᠠᠢᠴᠢᠯᠠᠨ ᠡᠯᠡᠰᠦ ᠶ᠋ᠢ ᠵᠠᠰᠠᠬᠤ ᠳᠤᠮᠳᠠ ᠪᠠᠶᠠᠵᠢᠭᠤᠯᠪᠠ᠃ ᠪᠥᠬᠥ᠌ ᠤᠯᠤᠰ ᠤ᠋ᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩᠦᠨ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠲᠤᠬᠠᠶ ᠵᠢᠨ ᠲᠠᠯᠠᠪᠠᠶ ᠵᠢᠨ ᠠᠬᠢᠭᠤᠯᠬᠤ ᠬᠤᠷᠠᠯ ᠪᠠ ᠠᠷᠪᠠᠳᠤᠭᠠᠷ ᠬᠤᠭᠤᠴᠠᠭᠠᠨ ᠤ᠋ ᠬᠥᠪᠴᠢ ᠵᠢᠨ ᠣᠯᠠᠨ ᠤᠯᠤᠰ ᠤ᠋ᠨ ᠡᠯᠡᠰᠦᠨᠦ ᠶᠠᠷᠢᠶᠠᠨ ᠤ᠋ ᠲᠠᠪᠴᠠᠩᠢ ᠠᠮᠵᠢᠯᠲᠠᠲᠠᠶ ᠡᠷᠭᠢᠯᠡᠪᠡ᠃