ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠢᠯᠠᠯᠳᠠ᠎ᠲᠠᠶ ᠲᠡᠭᠦᠰᠪᠡ
2026-02-08 10:33:46
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ     ᠪᠤᠤ ᠭᠠᠩ  ᠵᠠᠩ ᠶᠠᠨ ᠺᠦᠨ ᠤᠷᠤᠯᠴᠠᠵᠠᠢ


2 ᠰᠠᠷ᠎ᠠ᠎ᠶ᠋ᠢᠨ 7 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠥᠪᠯᠡᠬᠦ᠌ ᠵᠦᠢᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠬᠠᠵᠤ᠂ ᠬᠥᠬᠡᠬᠣᠲᠠ᠎ᠳᠤ ᠢᠯᠠᠯᠳᠠ᠎ᠲᠠᠶ ᠲᠡᠭᠦᠰᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠸᠠᠨ ᠴᠤᠤ ᠴᠢ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃


QQ_1770517800477.png


2 ᠰᠠᠷ᠎ᠠ᠎ᠶ᠋ᠢᠨ 7 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠬᠥᠬᠡᠬᠣᠲᠠ᠎ᠳᠤ ᠢᠯᠠᠯᠳᠠ᠎ᠲᠠᠶ ᠲᠡᠭᠦᠰᠴᠤ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠶ᠋ᠴᠡᠳᠭᠡᠭ᠌ᠴᠢ ᠲᠡᠷᠢᠭᠦᠯᠡᠭ᠌ᠴᠢ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃     

ᠰᠤᠷᠪᠤᠯᠵᠢᠯᠠᠭ᠍ᠴᠢ  ᠮᠠ ᠵᠢᠶᠠᠨ ᠪᠢᠩ  ᠰᠡᠭᠦᠳᠡᠷᠯᠡᠪᠡ


ᠪᠦᠦ ᠭᠠᠩ᠂ ᠵᠠᠩ ᠶᠠᠨ ᠺᠦᠨ᠂ ᠱ᠌ᠢ ᠭᠤᠸᠠᠩ ᠬᠤᠢ᠂ ᠯᠢᠦ ᠱᠤᠸᠠᠩ᠂ ᠬᠤᠸᠠᠩ ᡁᠢ ᠴᠢᠶᠠᠩ᠂ ᠬᠦᠤᠳᠠᠭᠤᠯᠠ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ᠂ ᠯᠢᠦ ᠴᠦᠨ ᠵᠢᠶᠠᠩ᠂ ᠴᠢ᠊ ᠪᠠᠳᠤ᠂ ᠵᠧᠩ ᠭᠤᠸᠠᠩ ᠵᠤᠤ᠂ ᠶᠤᠤ ᠶᠦᠩ ᠪᠥᠸᠧ᠂ ᠳᠠᠢᠴᠢᠨ᠂ ᠰᠦᠨ ᠵᠢᠶᠦ᠋ᠨ ᠴᠢᠩ᠂ ᠲᠠᠩ ᠢ᠂ ᠯᠦᠸᠧ ᡁᠢ ᠬᠤ᠌᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠢ ᠴᠧᠩ᠂ ᠶᠠᠩ ᠵᠢᠶᠸ᠂ ᠵᠢᠨ ᠵᠤᠸᠠᠩ᠂ ᠢᠦᠢ ᠷᠧᠨ ᠵᠢᠶᠧ᠂ ᠶᠠᠩ ᠭᠦᠸᠧ ᠠᠨ᠂ ᠶᠠᠩ ᠽᠦᠡᠭ ᠷᠧᠨ᠂ ᠯᠢ ᠶᠦᠩ ᠵᠢᠶᠦ᠋ᠨ᠂ ᠭᠦᠸᠸ ᠵᠢᠶᠦ᠋ᠨ᠂ ᠴᠸᠨ ᠯᠤ᠌ ᠱᠸᠩ ᠨᠠᠷ ᠲᠠᠷᠢᠭᠦᠯᠡᠭᠴᠢᠳ ᠤ᠋ᠨ ᠲᠠᠢᠰᠠᠨ ᠳ᠋ᠤ ᠰᠠᠭᠠᠳᠠᠵᠠᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 530 ᠬᠥᠮᠦᠨ ᠪᠣᠶ᠂ 506 ᠬᠥᠮᠦᠨ ᠲᠣᠰ ᠤᠳᠠᠭ᠎ᠠ᠎ᠶ᠋ᠢᠨ᠎ᠪᠦᠬᠦᠳᠠ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃


QQ_1770517843320.png


2 ᠰᠠᠷ᠎ᠠ᠎ᠶ᠋ᠢᠨ 7 ᠤ᠋ ᠦᠳᠡ᠎ᠶ᠋ᠢᠨ ᠬᠣᠢᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠬᠠᠵᠤ᠂ ᠬᠥᠬᠡᠬᠣᠲᠠ᠎ᠳᠤ ᠢᠯᠠᠯᠳᠠ᠎ᠲᠠᠶ ᠲᠡᠭᠦᠰᠪᠡ᠃       

ᠰᠤᠷᠪᠤᠯᠵᠢᠯᠠᠭ᠍ᠴᠢ   ᠸᠠᠩ ᠯᠸᠢ   ᠰᠡᠭᠦᠳᠡᠷᠯᠡᠪᠡ


ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ  ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠤᠬᠠᠢ ᠱᠢᠢᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠱᠢᠶ᠋ᠳᠪᠦᠷᠢ ᠵᠢ ᠪᠠᠳᠤᠯᠠᠪᠠ᠃

ᠶᠡᠬᠡ ᠬᠤᠷᠠᠯ ᠡᠴᠡ ᠡᠯ᠎ᠡ ᠵᠦᠢᠯ᠎ᠤᠨ ᠵᠥᠪᠯᠡᠬᠦ᠌ ᠵᠦᠶ᠋ᠯᠡᠰ᠎ᠢᠶᠡᠨ ᠳᠠᠭᠤᠰᠬᠠᠭᠰᠠᠨ᠎ᠤ ᠳᠠᠷᠠᠭ᠎ᠠ᠂ ᠸᠠᠩ ᠸᠧᠶ ᠵᠥᠩ ᠶᠠᠷᠢᠶ᠎ᠠ ᠲᠠᠯᠪᠢᠪᠠ᠃ ᠲᠡᠷᠡ᠂ ᠡᠨᠡ ᠤᠳᠠᠭ᠎ᠠ᠎ᠶ᠋ᠢᠨ ᠬᠤᠷᠠᠯ ᠮᠠᠰᠢ ᠠᠮᠵᠢᠯᠲᠠ᠎ᠲᠠᠶ ᠬᠤᠷᠠᠯᠳᠤᠪᠠ᠂ ᠨᠢᠭᠡ ᠤᠳᠠᠭ᠎ᠠ᠎ᠶ᠋ᠢᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠰᠡᠳᠭᠢᠯ᠎ᠨᠢᠭᠡᠳᠤᠨ ᠬᠥᠴᠥᠨ ᠵᠢᠨᠨ ᠬᠠᠮᠲᠤᠳᠭᠠᠭ᠍ᠰᠠᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠶᠡᠬᠡ ᠬᠤᠷᠠᠯ ᠪᠣᠯᠤᠨ᠎ᠠ᠂ ᠯᠠᠪᠲᠠᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠤᠮᠤᠭ ᠲᠡᠬᠦᠯᠳᠡᠷ ᠲᠡᠮᠡᠴᠡᠯ᠎ᠦᠨ ᠵᠣᠷᠢᠭ᠎ᠢᠶᠠᠷ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠢ ᠤᠷᠮᠠᠰᠢᠭᠤᠯᠤᠨ ᠵᠤᠷᠢᠬᠵᠢᠭᠤᠯᠬᠤ ᠪᠣᠯᠤᠨ᠎ᠠ ᠭᠡᠵᠦ᠍ ᠵᠢᠭᠠᠵᠤ ᠭᠠᠷᠭᠠᠪᠠ᠃

ᠸᠠᠩ ᠸᠧᠢ ᠵᠦᠩ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠬᠦ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠃ ᠬᠥᠭ᠌ᠵᠢᠯᠲᠡ᠎ᠶ᠋ᠢᠨ ᠱᠢᠨ᠎ᠡ ᠭᠠᠷᠤᠭ᠎ᠠ ᠳᠡᠭᠡᠷ᠎ᠡ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠩ ᠡᠷᠡᠰ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠵᠠᠮ ᠱᠤᠭᠤᠮ᠎ᠤᠨ ᠵᠢᠷᠤᠭ》  ᠢ᠋ 《ᠪᠠᠷᠢᠯᠭ᠎ᠠ᠎ᠶ᠋ᠢᠨ ᠵᠢᠷᠤᠭ》 ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠯᠠᠪᠳᠠᠭᠤᠨ ᠪᠠᠲᠤᠲᠠᠶ ᠠᠵᠢᠯᠯᠠᠬᠤ ᠪᠠ ᠰᠠᠢᠨ ᠰᠠᠢᠬᠠᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠦ ᠠᠭᠤᠰᠤᠯᠴᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠵᠢ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ  ᠵᠢ ᠡᠭᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠨᠡᠩ ᠤᠯᠠᠨ 《ᠪᠣᠭᠣᠮᠢ ᠪᠤᠯᠵᠤ ᠪᠠᠢᠭ᠎ᠠ》 ᠮᠡᠷᠭᠡᠵᠢᠯ᠎ᠢ ᠪᠤᠭᠤᠮᠳᠠ ᠰᠢᠪᠳᠤᠯᠤᠨ ᠰᠢᠢᠳᠪᠦᠷᠢᠯᠡᠵᠤ᠂ ᠤᠯᠠᠮᠵᠢᠯᠠᠯᠲᠤ ᠠᠵᠤ ᠦᠢᠯᠡᠰ᠎ᠦᠨ ᠱᠢᠨ᠎ᠡ ᠬᠥᠭ᠌ᠵᠢᠯᠲᠡ᠎ᠶ᠋ᠢ ᠠᠬᠢᠭᠤᠯᠤᠨ᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳ᠋ᠤᠨᠢ ᠲᠤᠬᠢᠷᠠᠭᠤᠯᠤᠨ ᠪᠠᠢᠷᠢᠱᠢᠭᠤᠯᠵᠤ᠂ ᠥᠪᠥᠷ ᠮᠣᠩᠭᠣᠯ᠎ᠤᠨ ᠤᠨᠴᠠᠯᠢᠬ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠬᠠᠮᠠᠭᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠳᠭᠡᠨ ᠪᠠᠢᠭᠤᠯᠵᠤ᠂ ᠥᠷᠭᠡᠨ ᠣᠯᠠᠨ ᠠᠵᠤ ᠠᠬᠤᠢᠯᠠᠯ ᠪᠠ ᠠᠵᠤ ᠠᠬᠤᠢᠯᠠᠯᠲᠠᠨ᠎ᠢ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠬᠦ ᠳ᠋ᠤ ᠰᠡᠳᠬᠢᠯ ᠲᠠᠭᠠᠯᠠᠮᠵᠢᠲᠠᠶ᠂ ᠬᠥᠭ᠌ᠵᠢᠬᠦᠯᠬᠦ ᠳ᠋ᠤ ᠰᠠᠨᠠᠭ᠎ᠠ ᠠᠮᠤᠷ ᠪᠠᠢᠯᠭᠠᠬᠤ ᠬᠡᠷᠡᠭ᠌ᠲᠡᠶ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠵᠢᠵᠢᠭ ᠰᠠᠵᠢᠭ ᠵᠦᠢᠯ ᠡᠴᠡ ᠭᠠᠷᠳᠠᠵᠤ 《ᠠᠷᠪᠠᠨ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ》  ᠢ᠋ ᠪᠠᠢᠩᠭᠤᠵᠢᠭᠤᠯᠤᠨ ᠰᠠᠢᠲᠤᠷ ᠨᠠᠢᠳᠠᠪᠤᠷᠢᠵᠢᠭᠤᠯᠵᠤ᠂ ᠪᠦᠬᠦ᠌ ᠣᠷᠣᠨ᠎ᠤ ᠠᠷᠠᠳ ᠲᠦᠮᠡᠨ᠎ᠳᠦ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠭᠦᠢᠴᠡᠳ ᠡᠳ᠋ᠯᠡᠭᠦᠯᠬᠦ᠌ ᠬᠡᠷᠡᠭ᠌ᠲᠡᠢ᠃ ᠣᠷᠣᠨ ᠳᠠᠶᠠᠭᠠᠷ᠎ᠢᠶᠠᠨ ᠴᠣᠭ ᠰᠦᠯᠳᠡ᠎ᠪᠡᠨ ᠪᠠᠳᠠᠷᠠᠭᠤᠯᠵᠤ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠪᠤᠳᠠᠳᠠᠢ ᠠᠵᠢᠯᠯᠠᠬᠤ》 ᠰᠤᠷᠲᠠᠯ ᠎ᠢᠶᠠᠷ 《ᠠᠷᠪᠠᠨ ᠲᠠᠪᠤᠳᠤᠭᠠᠷ ᠲᠠᠪᠤᠨ ᠵᠢᠯ》  ᠢ᠋ ᠰᠠᠢᠲᠤᠷ ᠡᠬᠢᠯᠡᠭᠦᠯᠵᠤ ᠠᠨᠭᠬᠠᠨ ᠤ᠋ ᠠᠯᠬᠤᠮ ᠢ᠋ ᠯᠠᠪᠳᠠᠭᠤᠨ ᠪᠠᠳᠤᠳᠠᠢ ᠠᠯᠬᠤᠬᠤ ᠵᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠸᠠᠩ ᠸᠧᠢ ᠵᠦᠩ᠂ ᠡᠨᠡ ᠤᠳᠠᠭ᠎ᠠ᠎ᠶ᠋ᠢᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ ᠳ᠋ᠤ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠪᠣᠯᠤᠨ ᠰᠠᠢ᠌ᠨ ᠰᠠᠢᠬᠠᠨ᠎ᠤ ᠲᠤᠬᠠᠢ ᠡᠷᠢᠯ ᠬᠦᠬᠡᠬᠡᠴᠡᠯᠳᠦᠯ ᠠᠬᠤᠭᠤᠯᠤᠭᠳᠠᠵᠦ ᠪᠠᠢᠳᠠᠭ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠡᠷᠡᠮᠡᠬᠡᠢᠯᠡᠨ ᠲᠡᠮᠡᠴᠡᠵᠤ᠂ ᠵᠠᠮ ᠨᠡᠭᠡᠭᠡᠨ ᠤᠷᠤᠭ᠍ᠰᠢᠯᠠᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠡᠭᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠤ ᠴᠢᠬᠤᠯᠠᠴᠢᠯᠠᠪᠠ᠃

ᠬᠠᠤᠯᠢ᠎ᠳᠤ ᠲᠣᠭ᠍ᠲᠠᠭᠠᠭ᠍ᠰᠠᠨ ᠰᠤᠯᠠ ᠣᠷᠣᠯᠴᠠᠬᠤ ᠬᠦᠮᠦᠰ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ  ᠬᠣᠷᠢᠨ ᠳᠥᠷᠪᠡᠳᠦᠭᠡᠷ ᠬᠤᠷᠠᠯ᠎ᠡᠴᠡ ᠲᠣᠭ᠍ᠲᠠᠭᠠᠭ᠍ᠰᠠᠨ ᠰᠤᠯᠠ ᠣᠷᠣᠯᠴᠠᠬᠤ ᠬᠦᠮᠦᠰ ᠲᠣᠰ ᠤᠳᠠᠭ᠎ᠠ᠎ᠶ᠋ᠢᠨ ᠪᠥᠬᠥᠳᠡ ᠬᠤᠷᠠᠯ᠎ᠳᠤ ᠰᠤᠯᠠ ᠣᠷᠣᠯᠴᠠᠵᠠᠢ᠃

ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠲᠡᠭᠦᠰᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号