ᠸᠠᠩ ᠸᠧᠢ ᠵᠦᠩ ᠪᠦᠦ ᠭᠠᠩ ᠬᠤᠷᠠᠯ᠎ᠳᠤ ᠣᠷᠣᠯᠴᠠᠵᠤ ᠵᠠᠩ ᠶᠠᠨ ᠺᠦᠨ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠡᠢ
2 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠢᠯᠡᠰ ᠢᠶᠡᠨ ᠲᠡᠭᠦᠰ ᠠᠮᠵᠢᠯᠲᠠ᠎ᠲᠠᠶ ᠳᠠᠭᠤᠰᠭᠠᠵᠤ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠲᠡᠭᠦᠰᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠤᠷᠢᠯᠭ᠎ᠠ᠎ᠪᠠᠷ ᠬᠤᠷᠠᠯ᠎ᠳᠤ ᠣᠷᠣᠯᠴᠠᠭ᠍ᠰᠠᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠵᠠᠢ᠃

2 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠤᠨ ᠲᠡᠭᠦᠰᠭᠦ ᠶᠡᠬᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃
ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠲᠡᠭᠦᠰᠭᠦ ᠶᠡᠬᠡ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠣ᠌᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠶᠤᠤ ᠶᠦᠩ ᠪᠥᠸᠧ᠂ ᠵᠠᠩ ᠯᠸᠢ᠂ ᠵᠠᠩ ᠪᠠᠶ ᠴᠧᠩ᠂ ᠶᠠᠩ ᠵᠢᠶᠧ᠂ ᠵᠢᠨ ᠵᠤᠸᠠᠩ᠂ ᠢᠦᠶ ᠷᠧᠨ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃
ᠱ᠌ᠢ ᠭᠤᠸᠠᠩ ᠬᠤᠢ᠂ ᠯᠢᠦ ᠱᠤᠸᠠᠩ᠂ ᠮᠸᠩ ᠱᠢᠶᠠᠨ ᠳ᠋ᠦᠩ᠂ ᠬᠤᠸᠠᠩ ᡁᠢ ᠴᠢᠶᠠᠩ᠂ ᠬᠦᠦᠳᠠᠭᠤᠯᠠ᠂ ᠢᠦᠢ ᠯᠢ ᠱᠢᠨ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ᠂ ᠯᠢᠦ ᠴᠦᠨ ᠵᠢᠶᠠᠩ᠂ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠴᠢ᠊ ᠪᠠᠲᠤ᠂ ᠵᠧᠩ ᠭᠤᠸᠠᠩ ᠵᠤᠤ᠂ ᠲᠠᠢᠴᠢᠨ᠂ ᠰᠦᠨ ᠵᠢᠶᠦ᠋ᠨ ᠴᠢᠩ᠂ ᠲᠠᠩ ᠢ᠂ ᠶᠠᠩ ᠽᠦᠩ ᠷᠧᠨ᠂ ᠯᠢ ᠶᠦᠩ ᠵᠢᠶᠦ᠋ᠨ᠂ ᠭᠦᠸᠧ ᠵᠢᠶᠦ᠋ᠨ᠂ ᠵᠠᠩ ᠵᠢᠶᠦ᠋ᠨᠨᠡᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

2 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠭᠠᠵᠤ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠲᠡᠭᠦᠰᠪᠡ᠃
ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠬᠣᠯᠪᠣᠭ᠍ᠳᠠᠯ ᠪᠥᠬᠥᠶ ᠲᠠᠯ᠎ᠠ᠎ᠶ᠋ᠢᠨ ᠬᠠᠷᠢᠭᠤᠴᠠᠯᠭᠠᠲᠠᠨ ᠤᠷᠢᠯᠭ᠎ᠠ᠎ᠪᠠᠷ ᠬᠤᠷᠠᠯ᠎ᠳᠤ ᠣᠷᠣᠯᠴᠠᠵᠠᠶ᠃
ᠬᠤᠷᠠᠯ᠎ᠡᠴᠡ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠶ᠋ᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠡᠴᠡ ᠨᠠᠭᠠᠱᠢᠬᠢ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠢᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠱᠢᠶ᠋ᠳᠪᠦᠷᠢ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠦᠨ ᠮᠡᠳᠡᠭᠦᠯᠦᠯᠲᠡ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠤᠯᠤᠰ ᠲᠥᠷᠥ᠎ᠶ᠋ᠢᠨ ᠱᠢᠶ᠋ᠳᠪᠦᠷᠢ᠎ᠶ᠋ᠢ ᠬᠢᠨᠠᠨ ᠵᠥᠪᠯᠡᠵᠦ᠍ ᠪᠠᠲᠤᠯᠠᠪᠠ᠃
ᠵᠠᠩ ᠶᠠᠨ ᠺᠦᠨ ᠶᠠᠷᠢᠶᠠᠨ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ᠂ ᠪᠦᠬᠦ᠌ ᠭᠡᠱᠢᠭᠦᠳ ᠪᠣᠯᠤᠨ ᠡᠯ᠎ᠡ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ᠂ ᠡᠯ᠎ᠡ ᠵᠥᠪᠯᠡᠬᠦ᠌ ᠵᠦᠢᠯᠡᠰ ᠢᠶᠡᠨ ᠲᠡᠭᠦᠰ ᠠᠮᠵᠢᠯᠲᠠ᠎ᠲᠠᠶ ᠲᠠᠭᠤᠰᠬᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠸᠠᠩ ᠸᠧᠶ ᠵᠥᠩ᠂ ᠪᠦᠦ ᠭᠠᠩ ᠵᠡᠷᠭᠡ ᠨᠥᠬᠥᠳ ᠡᠬᠢᠯᠡᠯᠲᠡ᠎ᠶ᠋ᠢᠨ ᠬᠤᠷᠠᠯ ᠪᠠ ᠲᠡᠭᠦᠰᠭᠦ ᠬᠤᠷᠠᠯ᠎ᠳᠤ ᠣᠷᠣᠯᠴᠠᠵᠤ᠂ ᠶᠡᠬᠡ ᠬᠤᠷᠠᠯ᠎ᠲᠡᠭᠡᠷ᠎ᠡ ᠬᠡᠯᠡᠭᠰᠡᠨ ᠦᠭᠡ᠎ᠶ᠋ᠢ ᠰᠣᠨᠣᠰᠤᠭ᠍ᠰᠠᠨ ᠪᠥᠭᠡᠳ ᠲᠤᠬᠠᠶ᠎ᠶ᠋ᠢᠨ ᠲᠠᠯᠠᠪᠠᠶ᠎ᠳᠤ ᠦᠵᠡᠵᠦ ᠵᠦᠪᠰᠢᠶᠡᠷᠡᠵᠦ᠂ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ ᠪᠠ ᠳᠤᠭᠤᠢᠯᠠᠩ ᠬᠤᠪᠢᠶᠠᠨ ᠶᠠᠷᠢᠯᠴᠠᠬᠤ᠎ᠳᠤ ᠣᠷᠣᠯᠴᠠᠵᠤ᠂ ᠱᠢᠶᠠᠩᠭᠠᠩ ᠣᠣᠮᠧᠨ᠎ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢᠳ᠎ᠲᠡᠶ ᠠᠭᠤᠯᠵᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ ᠪᠠ ᠬᠦᠴᠦᠲᠡᠶ ᠳᠡᠮᠵᠢᠵᠦ᠍ ᠪᠠᠢᠬᠤ᠎ᠶ᠋ᠢ ᠭᠦᠶ᠋ᠴᠡᠳ ᠢᠯᠡᠷᠡᠭᠦᠯᠪᠡ᠃ ᠪᠦᠬᠦ᠌ ᠭᠡᠱᠢᠭᠦᠳ ᠬᠤᠷᠠᠯ᠎ᠤᠨ ᠪᠢᠴᠢᠭ ᠮᠠᠲ᠋ᠧᠷᠢᠶᠠᠯ᠎ᠢ ᠬᠢᠨᠠᠮᠠᠭᠠᠢ ᠶᠠᠷᠢᠯᠴᠠᠨ ᠬᠢᠨᠠᠨ ᠵᠦᠪᠯᠡᠵᠦ᠂ ᠭᠦᠨᠵᠡᠭᠡᠢ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠨ᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠲᠡᠪᠰᠢᠬᠥᠯᠥᠨ ᠠᠷᠭ᠎ᠠ ᠪᠤᠲᠤᠯᠭ᠎ᠠ ᠡᠷᠬᠥᠵᠤ᠂ ᠬᠠᠮᠲᠤ᠎ᠶ᠋ᠢᠨ ᠲᠠᠨᠢᠯᠲᠠ᠎ᠪᠠᠨ ᠥᠷᠭᠡᠨ᠎ᠢᠶᠡᠷ ᠨᠡᠮᠡᠭ᠌ᠳᠡᠭᠦᠯᠦᠨ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠷᠠᠯ᠎ᠡᠴᠡ ᠱᠢᠨ᠎ᠡ ᠵᠢᠷᠤᠭ ᠲᠥᠯᠥᠪᠯᠡᠭᠡ᠎ᠶ᠋ᠢ ᠬᠠᠮᠲᠤ ᠪᠠᠷ ᠶᠠᠷᠢᠯᠴᠠᠵᠤ᠂ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠡᠷᠢᠭᠰᠡᠨ᠂ ᠡᠷᠡᠮᠡᠬᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠵᠠᠢ ᠭᠡᠵᠡᠢ᠃
ᠵᠠᠩ ᠶᠠᠨ ᠺᠦᠨ᠂ 2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ ᠡᠨᠡ ᠵᠢᠯ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠲᠤᠱᠢᠶᠠᠯ᠎ᠢᠶᠠᠨ ᠭᠦᠢᠴᠡᠳᠭᠡᠬᠦ᠌ ᠵᠥᠪ ᠴᠢᠭ᠌ᠯᠡᠯ᠎ᠢ ᠡᠵᠡᠮᠳᠡᠬᠦ᠌ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠭᠰᠠᠨ》᠎ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠵᠥᠪ ᠴᠢᠭ᠌ᠯᠡᠯ᠎ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠴᠢᠨᠠᠷ ᠰᠠᠢᠲᠠᠢ ᠭᠦᠢᠴᠡᠳᠭᠡᠬᠦ᠌᠎ᠪᠡᠷ ᠶᠡᠬᠡ ᠲᠠᠯ᠎ᠠ᠎ᠳᠤ ᠦᠢᠯᠡᠴᠢᠯᠡᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠴᠢᠩᠭ᠎ᠠ ᠡᠵᠡᠮᠳᠡᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠠᠷᠢᠭᠤᠴᠠᠯᠭ᠎ᠠ᠎ᠡᠭᠦᠷᠭᠡᠯᠡᠯ᠂ ᠬᠠᠷᠠᠯᠲᠠ ᠱᠠᠭᠠᠷᠳᠠᠯᠭ᠎ᠠ ᠪᠣᠯᠤᠨ ᠠᠵᠢᠯ᠎ᠤᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠤᠯᠤᠰ ᠲᠥᠷᠥ᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠥᠷᠥ᠎ᠶ᠋ᠢᠨ ᠶᠠᠪᠤᠳᠠᠯ᠎ᠳᠤ ᠣᠷᠣᠯᠴᠠᠵᠤ ᠲᠥᠷᠥ᠎ᠶ᠋ᠢᠨ ᠶᠠᠪᠤᠳᠠᠯ᠎ᠢ ᠵᠥᠪᠯᠡᠬᠦ᠌ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ 2026 ᠣᠨ᠎ᠤ ᠵᠥᠪᠯᠡᠯᠭᠡ ᠬᠢᠬᠦ᠌ ᠲᠥᠯᠥᠪᠯᠡᠭᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠣᠯᠠᠨ ᠴᠢᠭ᠌ᠯᠡᠭᠦᠯᠦᠯᠲᠦ ᠴᠢᠨᠠᠷᠲᠠᠶ᠂ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠨ ᠴᠢᠳᠠᠯ᠎ᠢ ᠨᠡᠮᠡᠷᠢᠯᠡᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠬᠤᠪᠢ ᠨᠡᠮᠡᠷᠢ᠎ᠶᠢ ᠦᠵᠡᠭᠦᠯᠬᠦ᠌᠎ᠪᠡᠷ ᠴᠢᠷᠮᠠᠢᠬᠤ ᠬᠡᠷᠡᠭ᠌ᠲᠡᠶ᠃ ᠪᠦᠯᠬᠦᠮᠳᠡᠨ ᠨᠢᠭᠡᠳᠴᠦ᠍᠂ ᠬᠠᠮᠲᠤ᠎ᠶ᠋ᠢᠨ ᠲᠠᠨᠢᠯᠲᠠ ᠬᠠᠮᠲᠤᠷᠠᠯ ᠬᠦᠴᠦᠨ᠎ᠢ ᠥᠷᠭᠡᠨ᠎ᠢᠶᠡᠷ ᠨᠢᠭ᠍ᠲᠠᠷᠠᠭᠤᠯᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠬᠤ ᠴᠢᠳᠠᠮᠵᠢ᠎ᠶ᠋ᠢ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠶᠡᠬᠡ ᠪᠦᠯᠬᠦᠮᠳᠡᠯ ᠪᠠ ᠶᠡᠬᠡ ᠬᠣᠯᠪᠣᠭᠠᠯᠠᠯ᠎ᠢ ᠪᠡᠬᠢᠵᠢᠭᠦᠯᠦᠨ ᠬᠥᠭ᠌ᠵᠢᠭᠦᠯᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠪᠦᠯᠬᠦᠮ᠂ ᠡᠯ᠎ᠡ ᠦᠨᠳᠦᠰᠦᠲᠡᠨ᠂ ᠡᠯ᠎ᠡ ᠳᠠᠪᠬᠤᠷᠭ᠎ᠠ᠂ ᠡᠯ᠎ᠡ ᠡᠲᠡᠭᠡᠳ᠎ᠦᠨ ᠬᠥᠮᠦᠰ᠎ᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶ᠋ᠢ ᠦᠨᠡᠨ ᠬᠦ᠌ ᠨᠢᠭ᠍ᠲᠠᠷᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠬᠤ᠂ ᠠᠷᠠᠳ᠎ᠤᠨ ᠰᠡᠳᠭᠢᠯ᠎ᠢ ᠨᠢᠭ᠍ᠲᠠᠷᠠᠭᠤᠯᠬᠤ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠬᠤ᠂ ᠰᠡᠳᠭᠢᠯ᠎ᠢᠶᠡᠨ ᠨᠢᠭᠡᠳᠭᠡᠬᠦ᠌ ᠠᠵᠢᠯ᠎ᠢ ᠢᠯᠡᠭᠦᠬᠡᠨ ᠬᠢᠵᠦ᠍᠂ ᠡᠯ᠎ᠡ ᠲᠠᠯ᠎ᠠ᠎ᠶ᠋ᠢᠨ ᠬᠢᠨ᠎ᠦ ᠬᠠᠮᠲᠤ᠎ᠶ᠋ᠢᠨ ᠲᠠᠨᠢᠯᠲᠠ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠵᠤ᠂ ᠠᠤᠭ᠎ᠠ ᠶᠡᠬᠡ ᠬᠦᠴᠦᠨ ᠴᠢᠳᠠᠯ᠎ᠢ ᠲᠦᠪᠯᠡᠷᠡᠭᠦᠯᠬᠦ ᠬᠡᠷᠡᠭ᠌ᠲᠡᠢ᠃ ᠰᠠᠭᠤᠷᠢ᠎ᠶ᠋ᠢ ᠴᠢᠩᠭᠠᠳᠭᠠᠨ ᠦᠨᠳᠦᠰᠦ᠎ᠶ᠋ᠢ ᠪᠡᠬᠢᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠱᠢᠯᠭᠠᠷᠠᠭ᠍ᠰᠠᠨ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ᠃ 《ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ 〈1571〉 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠣᠨ》 ᠳ᠋ᠦ᠍ ᠦᠢᠯᠡᠴᠢᠯᠡᠬᠦ᠌᠎ᠪᠡᠷ ᠭᠠᠷᠳᠠᠴᠠ ᠪᠣᠯᠭᠠᠬᠤ᠎ᠶ᠋ᠢ ᠪᠠᠷᠢᠮᠲᠠᠯᠠᠵᠤ᠂ 《ᠶᠡᠬᠡ ᠰᠤᠷᠤᠯᠴᠠᠯᠭ᠎ᠠ᠎ᠶ᠋ᠢ ᠡᠷᠬᠢᠮᠯᠡᠬᠦ᠌᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ》 ᠱᠠᠭᠠᠷᠳᠠᠯᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠠᠵᠢᠯᠯᠠᠬᠤ》 ᠰᠤᠷᠲᠠᠯ᠎ᠢᠶᠠᠷ ᠱᠢᠨ᠎ᠡ ᠨᠢᠭᠡ ᠵᠢᠯ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠦᠢᠯᠡᠳᠦᠯᠭᠡ᠎ᠳᠦ ᠣᠷᠣᠯᠴᠠᠵᠤ᠂ ᠨᠠᠮ᠎ᠢ ᠰᠠᠨᠠᠭ᠎ᠠ ᠠᠮᠤᠷ ᠪᠠᠢᠯᠭᠠᠬᠤ᠂ ᠠᠷᠠᠳ ᠲᠦᠮᠡᠨ᠎ᠢ ᠰᠡᠳᠭᠢᠯ ᠬᠠᠨᠤᠮᠵᠢᠲᠠᠢ ᠪᠠᠢᠯᠭᠠᠬᠤ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠯᠭᠠᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠲᠤᠱᠢᠶᠠᠬᠤ ᠬᠡᠷᠡᠭᠳᠡᠢ ᠭᠡᠵᠦ ᠬᠡᠯᠡᠪᠡ᠃
ᠵᠠᠩ ᠶᠠᠨ ᠺᠦᠨ᠂ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ᠂ ᠨᠢᠭᠡ ᠰᠡᠳᠭᠢᠯ ᠨᠢᠭᠡ ᠵᠣᠷᠢᠭ᠎ᠢᠶᠠᠷ ᠡᠷᠡᠮᠡᠬᠡᠢᠯᠡᠨ ᠤᠷᠤᠭ᠍ᠰᠢᠯᠠᠵᠤ᠂ ᠨᠡᠩ ᠪᠣᠳᠠᠲᠠᠢ ᠠᠷᠭ᠎ᠠ ᠬᠡᠮᠵᠢᠢ᠎ᠡ᠎ᠪᠡᠷ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ᠭᠡᠵᠦ ᠬᠡᠯᠡᠪᠡ᠃
ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠲᠡᠭᠦᠰᠴᠠᠢ᠃