(2026 ᠣᠨ᠎ᠤ 2 ᠰᠠᠷ᠎ᠠ᠎ᠶ᠋ᠢᠨ 7 ᠤ᠋ ᠡᠳᠦᠷ)
ᠸᠠᠩ ᠸᠧᠶ ᠵᠥᠩ
ᠲᠥᠯᠥᠭᠡᠯᠡᠭ᠌ᠴᠢᠳ ᠡ᠂ ᠨᠥᠬᠥᠳ ᠡ᠄
ᠣᠯᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠪᠡᠶᠡᠯᠡᠬᠦᠯᠵᠤ᠂ ᠢᠯᠠᠯᠳᠠ᠎ᠲᠠᠶ ᠲᠡᠭᠦᠰᠭᠦ ᠪᠣᠯᠤᠯ᠎ᠠ᠃
ᠡᠨᠡ ᠤᠳᠠᠭ᠎ᠠ᠎ᠶ᠋ᠢᠨ ᠶᠡᠬᠡ ᠬᠤᠷᠠᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠪᠦᠬᠦᠳᠠ ᠬᠤᠷᠠᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ》 ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠡᠷᠭᠡ ᠡᠯ᠎ᠡ ᠵᠦᠢᠯ᠎ᠦᠨ ᠢᠯᠡᠳᠭᠡᠯ ᠮᠡᠳᠡᠭᠦᠯᠦᠯᠲᠡ᠂ ᠱᠢᠢᠳᠪᠦᠷᠢ᠎ᠶ᠋ᠢ ᠬᠢᠨᠠᠨ ᠵᠥᠪᠯᠡᠵᠦ᠍ ᠪᠠᠲᠤᠯᠠᠨ᠂ ᠰᠣᠩᠭᠣᠭᠤᠯᠢ᠎ᠶ᠋ᠢᠨ ᠡᠭᠦᠷᠭᠡ ᠵᠢ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠪᠦᠬᠦ᠌ ᠣᠷᠣᠨ᠎ᠤ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ ᠪᠣᠯᠤᠨ ᠠᠷᠠᠳ ᠤᠯᠠᠨ᠎ᠤ ᠬᠡᠷᠡᠭ᠌ᠴᠡᠭᠡ ᠪᠠ ᠬᠦᠰᠡᠵᠤ ᠪᠠᠢᠭ᠎ᠠ ᠵᠦᠢᠯ ᠳ᠋ᠤ ᠠᠩᠬᠠᠷᠤᠯ ᠵᠢᠡᠨ ᠲᠦᠪᠯᠡᠷᠡᠭᠦᠯᠦᠨ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠴᠢᠩᠭ᠎ᠠ ᠬᠦᠴᠦᠲᠡᠢ ᠡᠵᠡᠨ ᠬᠥᠮᠦᠨ᠎ᠦ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠡᠨᠡ ᠤᠳᠠᠭ᠎ᠠ᠎ᠶ᠋ᠢᠨ ᠬᠤᠷᠠᠯ ᠮᠠᠰᠢ ᠢᠯᠠᠯᠳᠠ᠎ᠲᠠᠶ ᠬᠤᠷᠠᠯᠳᠤᠵᠤ᠂ ᠨᠢᠭᠡ ᠤᠳᠠᠭ᠎ᠠ᠎ᠶ᠋ᠢᠨ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠰᠡᠳᠭᠢᠯ᠎ᠢ ᠨᠢᠭᠡᠳᠭᠡᠨ ᠬᠦᠴᠦ᠍᠎ᠪᠠᠨ ᠬᠠᠮᠲᠤᠳᠭᠠᠭ᠍ᠰᠠᠨ᠂ ᠬᠥᠮᠦᠰ᠎ᠢ ᠵᠣᠷᠢᠭ᠍ᠵᠢᠭᠤᠯᠤᠨ ᠤᠷᠤᠭᠰᠢᠯᠠᠭᠤᠯᠤᠬᠰᠠᠨ ᠶᠡᠬᠡ ᠬᠤᠷᠠᠯ ᠪᠣᠯᠵᠠᠢ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠪᠦᠯᠬᠦᠮᠳᠡᠨ ᠲᠡᠮᠡᠴᠡᠵᠦ᠍᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ ᠱᠢᠨ᠎ᠡ ᠭᠠᠷᠤᠭ᠎ᠠ ᠳᠡᠭᠡᠷ᠎ᠡ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠵᠢ ᠤᠷᠮᠠᠰᠢᠭᠤᠯᠤᠨ ᠵᠤᠷᠢᠭᠵᠢᠭᠤᠯᠬᠤ ᠨᠢ ᠯᠠᠪᠳᠠᠢ᠃
ᠲᠥᠯᠥᠭᠡᠯᠡᠭ᠌ᠴᠢᠳ ᠡ᠂ ᠨᠥᠬᠥᠳ ᠡ!
ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠤᠯᠤᠨ᠎ᠠ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ᠎ᠢ ᠲᠦᠷᠭᠡᠳᠬᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠃ ᠡᠨᠡ ᠤᠳᠠᠭ᠎ᠠ ᠵᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠶ ᠱᠢᠰᠲ᠋ᠧᠮ᠎ᠲᠡᠶ ᠪᠠᠢᠷᠢᠯᠠᠭᠤᠯᠤᠯᠲᠠ᠎ᠶ᠋ᠢ ᠬᠠᠤᠯᠢ᠎ᠪᠠᠷ ᠲᠣᠭ᠍ᠲᠠᠭᠠᠭ᠍ᠰᠠᠨ ᠲᠠᠰ ᠳᠠᠷᠠᠭᠠᠯᠠᠯ᠎ᠢᠶᠠᠷ ᠳᠠᠮᠵᠢᠨ ᠪᠥᠬᠥ᠌ ᠣᠷᠣᠨ᠎ᠤ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠪᠣᠯᠭᠠᠨ ᠬᠤᠪᠢᠷᠠᠭᠤᠯᠪᠠ᠃ ᠱᠢᠨ᠎ᠡ ᠬᠥᠭ᠌ᠵᠢᠯᠲᠡ᠎ᠶ᠋ᠢᠨ ᠭᠠᠷᠤᠭ᠎ᠠ ᠳᠡᠭᠡᠷ᠎ᠡ᠂ ᠮᠠᠨ᠎ᠤ ᠡᠭᠦᠷᠭᠡ ᠪᠣᠯ 《ᠵᠠᠮ ᠱᠤᠭᠤᠮ᠎ᠤᠨ ᠵᠢᠷᠤᠭ》 ᠢ᠋ 《ᠪᠠᠷᠢᠯᠭ᠎ᠠ᠎ᠶ᠋ᠢᠨ ᠵᠢᠷᠤᠭ》 ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭᠠᠨ ᠬᠤᠪᠢᠷᠠᠭᠤᠯᠤᠨ᠂ ᠬᠠᠷᠠᠯᠲᠠᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠴᠤᠴᠠᠯᠲᠠ ᠦᠭᠡᠢ ᠤᠷᠤᠭ᠍ᠰᠢᠯᠠᠨ᠂ ᠡᠭᠦᠷᠭᠡ᠎ᠪᠡᠨ ᠨᠢᠬᠳᠠ ᠠᠩᠬᠠᠷᠴᠤ᠌᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢ᠌ᠳᠤᠷ ᠡᠬᠢᠯᠡᠬᠦᠯᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠵᠢ ᠪᠠᠲᠤᠯᠠᠬᠤ ᠶᠠᠪᠤᠳᠠᠯ ᠪᠣᠯᠤᠨ᠎ᠠ᠃
ᠡᠬᠢᠯᠡᠯᠲᠡ᠎ᠶ᠋ᠢᠨ ᠵᠢᠯ᠎ᠳᠦ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠩ ᠡᠷᠡᠰ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠬᠤ ᠦᠨᠳᠦᠰᠦᠨ ᠱᠠᠭᠠᠷᠳᠠᠯᠭ᠎ᠠ ᠮᠥᠨ᠂ ᠬᠠᠮᠤᠭ᠎ᠤᠨ ᠴᠢᠬᠤᠯᠠ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ ᠮᠥᠨ᠃ ᠪᠢᠳᠡ ᠠᠯᠢᠪᠠ ᠠᠵᠢᠯ᠎ᠢ ᠲᠥᠯᠥᠪᠵᠢᠭᠦᠯᠦᠨ ᠥᠷᠨᠢᠭᠦᠯᠬᠦ᠌᠎ᠳᠦ ᠴᠥᠮ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠴᠥᠮ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠪᠠᠷᠢᠮᠵᠢᠶᠠᠯᠠᠨ ᠬᠠᠷᠭᠤᠭᠤᠯᠵᠤ᠂ ᠨᠠᠮ᠎ᠤᠨ ᠲᠥᠪ ᠬᠣᠷᠢᠶ᠎ᠠ ᠵᠢᠨ ᠰᠠᠨᠠᠭᠠᠴᠢᠯᠠᠭᠰᠠᠨ ᠢ᠋ ᠡᠷᠡᠰ ᠴᠤᠤᠷᠢᠶᠠᠲᠤᠨ ᠳᠠᠭᠠᠵᠤ᠂ ᠨᠠᠮ᠎ᠤᠨ ᠲᠥᠪ ᠬᠣᠷᠢᠶ᠎ᠠ ᠵᠢᠨ ᠲᠣᠭ᠍ᠲᠠᠭᠠᠭᠰᠠᠨᠢ ᠡᠷᠡᠰ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠴᠠᠭᠠᠵᠠᠯᠠᠭ᠍ᠰᠠᠨ ᠵᠦᠶ᠋ᠯ᠎ᠢ ᠶᠠᠭᠠᠬᠢᠭ᠍ᠰᠠᠨ ᠴᠤ᠌ ᠬᠢᠬᠦ᠌ ᠥᠬᠡᠶ ᠪᠠᠢᠵᠤ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠭᠦᠨ ᠵᠤᠵᠠᠭᠠᠨ ᠬᠦᠰᠡᠯ ᠨᠠᠢᠳᠠᠯᠭ᠎ᠠ ᠲᠠᠯᠪᠢᠵᠤ᠂ ᠪᠢᠳᠡᠨ᠎ᠳᠦ ᠲᠠᠪᠤᠨ ᠶᠡᠬᠡ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠣᠯᠭᠣᠪᠠ᠃ ᠣᠷᠣᠨ ᠳᠠᠶᠠᠭᠠᠷ᠎ᠢᠶᠠᠨ ᠶᠡᠷᠦᠩᠬᠡᠢ ᠱᠦᠵᠢ᠎ᠶ᠋ᠢᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠦᠭᠡᠢ ᠤᠷᠤᠭ᠍ᠰᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》 ᠠᠵᠢᠯ᠎ᠤᠨ ᠪᠠᠢᠷᠢᠯᠠᠭᠤᠯᠤᠯᠲᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ ᠬᠡᠷᠡᠭ᠌ᠲᠡᠢ᠃ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠴᠥᠬᠥᠷᠡᠰᠢ ᠦᠭᠡᠢ ᠴᠢᠷᠮᠠᠢᠵᠤ᠂ ᠤᠷᠳᠤ ᠬᠤᠭᠤᠴᠠᠭ᠎ᠠ ᠪᠡᠷ ᠵᠢᠳᠬᠦᠯ ᠴᠢᠷᠮᠠᠢᠯᠭ᠎ᠠ ᠭᠠᠷᠭᠠᠵᠤ᠂ ᠨᠢᠭᠡ ᠨᠢᠭᠡ ᠠᠯᠬᠤᠮ᠎ᠢᠶᠠᠷ ᠶᠡᠷᠦᠩᠬᠡᠢ ᠱᠦᠵᠢ᠎ᠶ᠋ᠢᠨ ᠴᠢᠬᠤᠯᠠ ᠵᠢᠭᠠᠪᠤᠷᠢ ᠵᠢᠨ ᠱᠠᠭᠠᠷᠳᠠᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠪᠤᠳᠠᠳᠠᠢ ᠳ᠋ᠤ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠯᠠᠪᠳᠠᠭᠤᠨ ᠪᠠᠲᠤᠲᠠᠢ ᠠᠵᠢᠯᠯᠠᠬᠤ ᠪᠣᠯᠤᠨ ᠰᠠᠢ᠌ᠨ ᠰᠠᠢᠬᠠᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭ᠌ᠲᠡᠢ᠃
ᠡᠬᠢᠯᠡᠯᠲᠡ᠎ᠶ᠋ᠢᠨ ᠵᠢᠯ᠎ᠳ᠋ᠤ᠂ ᠪᠢᠳᠡ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠠᠯᠬᠤᠮ᠎ᠢ ᠠᠯᠬᠤᠬᠤ᠎ᠪᠠᠷ ᠬᠦᠴᠦᠯᠡᠨ ᠴᠢᠷᠮᠠᠢᠬᠤ ᠬᠡᠷᠡᠭ᠌ᠲᠡᠢ᠃ ᠥᠪᠥᠷ ᠮᠣᠩᠭᠣᠯ᠎ᠤᠨ ᠡᠨᠧᠷᠭᠢ᠂ ᠠᠭᠤᠷᠬᠠᠶ᠎ᠶ᠋ᠢᠨ ᠭᠠᠷᠤᠯᠲᠠ᠂ ᠮᠠᠯ ᠠᠵᠤ ᠠᠬᠤᠶ ᠲᠠᠷᠢᠶᠠᠯᠠᠩ᠂ ᠠᠮᠢ ᠠᠬᠤᠶ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠥᠪᠡᠷᠮᠢᠴᠡ ᠳᠠᠪᠠᠭᠤᠯᠢᠭ᠎ᠲᠠᠶ ᠪᠠᠢᠵᠤ᠂ ᠮᠠᠰᠢ ᠣᠯᠠᠨ ᠬᠦᠷᠢᠶᠡᠨ᠎ᠳᠦ ᠰᠠᠢᠨ ᠰᠠᠢᠬᠠᠨ ᠠᠵᠤ ᠦᠶ᠋ᠯᠡᠰ᠎ᠦᠨ ᠰᠠᠭᠤᠷᠢ ᠲᠠᠢ᠂ ᠥᠷᠭᠡᠨ ᠠᠭᠤᠳᠠᠮ ᠬᠥᠭ᠌ᠵᠢᠯᠲᠡ᠎ᠶ᠋ᠢᠨ ᠣᠷᠣᠨ ᠵᠠᠶ ᠲᠠᠢ᠂ ᠯᠤᠲᠤ ᠶᠡᠬᠡ ᠳᠠᠯᠳᠠ ᠬᠦᠴᠦᠨ᠎ᠲᠡᠶ ᠪᠠᠢᠵᠤ᠂ ᠲᠣᠰ ᠪᠡᠶ᠎ᠡ᠎ᠶ᠋ᠢᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠠᠮ᠎ᠢ ᠨᠡᠭᠡᠭᠡᠬᠦ᠌ ᠨᠥᠬᠥᠴᠡᠯ ᠪᠠ ᠴᠢᠳᠠᠪᠤᠷᠢ ᠪᠦᠷᠢᠮᠦᠰᠦᠨ ᠪᠠᠢᠬᠤ᠎ᠶᠤᠮ᠃ ᠪᠢᠳᠡ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠦ ᠠᠭᠤᠰᠤᠯᠴᠠᠵᠤ᠂ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠶ᠋ᠯᠡᠰ᠎ᠦᠨ ᠰᠠᠭᠤᠷᠢ᠎ᠳᠤ ᠰᠠᠭᠤᠷᠢᠯᠠᠵᠤ᠂ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠳᠠᠪᠠᠭᠤᠯᠢᠭ ᠣᠨᠴᠠᠯᠢᠭ᠎ᠢ ᠢᠯᠡᠷᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢ᠎ᠵᠢ ᠨᠠᠩ ᠪᠠᠲᠤ ᠪᠠᠬᠢ ᠪᠣᠯᠭᠠᠵᠤ᠂ ᠶᠠᠰᠤ ᠴᠢᠨᠠᠷ᠎ᠢ ᠨᠠᠩ ᠭᠦᠶ᠋ᠴᠡᠳ ᠪᠣᠯᠭᠠᠬᠤ ᠬᠡᠷᠡᠭ᠌ᠲᠡᠶ᠃ ᠡᠨᠧᠷᠭᠢ᠂ ᠲᠡᠮᠦᠷᠯᠢᠭ ᠬᠠᠢᠯᠤᠭᠤᠯᠬᠤ᠂ ᠲᠣᠨᠣᠭ ᠲᠥᠬᠥᠭᠡᠷᠦᠮᠵᠢ᠂ ᠬᠢᠮᠢ᠎ᠶ᠋ᠢᠨ ᠠᠵᠤ ᠦᠶ᠋ᠯᠡᠳᠪᠦᠷᠢ᠂ ᠲᠦᠭᠦᠬᠡᠶ ᠮᠠᠲ᠋ᠧᠷᠢᠶᠠᠯ᠂ ᠮᠠᠯ ᠠᠵᠤ ᠠᠬᠤᠶ ᠲᠡᠷᠢᠶᠠᠯᠠᠩ ᠵᠡᠷᠭᠡ ᠪᠣᠯ ᠮᠠᠨ᠎ᠤ ᠣᠷᠣᠨ᠎ᠤ ᠭᠤᠤᠯᠯᠠᠬᠴᠢ ᠠᠵᠤ ᠦᠶ᠋ᠯᠡᠰ ᠮᠥᠨ᠂ ᠤᠶᠤᠨᠴᠢᠯᠠᠬᠤ᠂ ᠪᠣᠬᠢᠷᠲᠤᠯ ᠥᠬᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢᠶᠡᠷ ᠤᠯᠠᠮᠵᠢᠯᠠᠯᠲᠤ ᠠᠵᠤ ᠦᠶ᠋ᠯᠡᠰ᠎ᠦᠨ ᠱᠢᠨ᠎ᠡ ᠬᠥᠭ᠌ᠵᠢᠯᠲᠡ᠎ᠶ᠋ᠢ ᠠᠬᠢᠭᠤᠯᠵᠤ᠂ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠵᠢ ᠪᠡᠶᠡᠯᠡᠬᠦᠯᠬᠦ ᠬᠡᠷᠡᠭ᠌ᠲᠡᠶ᠃ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠵᠤ᠂ ᠱᠢᠨ᠎ᠡ ᠬᠥᠳᠡᠯᠭᠡᠬᠦ᠌ ᠡᠨᠧᠷᠭᠢ ᠱᠢᠨ᠎ᠡ ᠳᠠᠪᠠᠭᠤᠯᠢᠭ᠎ᠢ ᠲᠦᠷᠭᠡᠳᠭᠡᠨ ᠪᠤᠢ ᠪᠣᠯᠭᠠᠵᠤ᠂ ᠭᠠᠵᠠᠷ ᠣᠷᠣᠨ᠎ᠤ ᠪᠠᠢᠳᠠᠯ᠎ᠳ᠋ᠤᠨᠢ ᠲᠤᠬᠢᠷᠠᠭᠤᠯᠤᠨ ᠤᠢᠷ᠎ᠠ ᠤᠬᠳᠠᠷᠭᠤᠢ ᠵᠢᠨ ᠠᠵᠤ ᠠᠬᠤᠢ᠂ ᠬᠤᠳᠠᠯᠳᠤᠭᠠᠨ᠎ᠤ ᠰᠠᠨᠰᠠᠷ᠎ᠤᠨ ᠠᠶᠠᠯᠠᠯ᠂ ᠪᠣᠬᠢᠷᠲᠤᠯ ᠦᠭᠡᠢ ᠪᠤᠳᠤᠯᠳᠠ ᠵᠢᠨ ᠬᠦᠴᠤᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠦᠢᠯᠡᠳᠭᠡᠯ ᠵᠡᠷᠭᠡ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠠᠢᠷᠢᠱᠢᠭᠤᠯᠵᠤ᠂ ᠱᠢᠨ᠎ᠡ ᠤᠷᠤᠯᠳᠤᠭᠠᠨ᠎ᠤ ᠵᠠᠮ ᠳᠡᠭᠡᠷ᠎ᠡ ᠥᠪᠥᠷ ᠮᠣᠩᠭᠣᠯ᠎ᠤᠨ 《ᠰᠢᠨ᠎ᠠ ᠬᠤᠷᠳᠤᠴᠠ》 ᠵᠢ ᠢᠯᠡᠷᠡᠬᠦᠯᠬᠦ ᠬᠡᠷᠡᠭ᠌ᠲᠡᠢ᠃ 《ᠬᠡᠳᠦᠢ ᠬᠥᠭ᠌ᠵᠢᠭᠡᠳᠦᠶ ᠭᠠᠵᠠᠷ ᠣᠷᠣᠨ᠎ᠳᠤ ᠲᠡᠳᠦᠢ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠴᠢᠬᠤᠯᠠᠲᠠᠶ》 ᠭᠡᠬᠦ᠌ ᠤᠬᠠᠮᠰᠠᠷ᠎ᠢᠶᠠᠨ ᠴᠢᠩᠭᠠᠳᠭᠠᠵᠤ᠂ ᠳᠠᠪᠠᠭᠤᠯᠢᠭ ᠬᠦᠷᠢᠶ᠎ᠡ ᠴᠠᠷᠠᠭ᠎ᠠ ᠪᠣᠯᠤᠨ ᠠᠵᠤ ᠦᠶ᠋ᠯᠡᠰ᠎ᠦᠨ ᠪᠠᠴᠢᠮ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ ᠠᠵᠢᠯ᠎ᠢ ᠥᠷᠨᠢᠭᠦᠯᠵᠦ᠍᠂ ᠨᠠᠩ ᠣᠯᠠᠨ 《ᠪᠣᠭᠣᠮᠢ ᠪᠤᠯᠵᠤ ᠪᠠᠢᠭ᠎ᠠ》 ᠮᠡᠷᠭᠡᠵᠢᠯ᠎ᠤᠨ ᠠᠰᠠᠭᠤᠳᠠᠯ᠎ᠢ ᠴᠢᠷᠮᠠᠢᠨ ᠪᠤᠭᠤᠮᠳᠠ ᠱᠢᠪᠲᠤᠯᠵᠤ᠂ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠶ᠃
ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠬ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠲᠦᠷᠭᠡᠳᠬᠡᠨ ᠪᠠᠢᠭᠤᠯᠵᠤ᠂ ᠡᠯ᠎ᠡ ᠭᠠᠵᠠᠷ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠵᠠᠬ᠎ᠠ ᠳᠡᠯᠭᠡᠭᠦᠷ᠎ᠦᠨ ᠳᠦᠷᠢᠮ᠎ᠢ ᠵᠥᠷᠢᠴᠡᠭ᠌ᠰᠡᠨ ᠠᠷᠭ᠎ᠠ ᠲᠣᠭ᠍ᠲᠠᠭᠠᠯ᠎ᠢ ᠦᠨᠡᠨ ᠬᠦ᠌ ᠠᠷᠢᠯᠭᠠᠨ ᠴᠡᠪᠡᠷᠯᠡᠵᠦ᠍᠂ ᠵᠠᠬ᠎ᠠ ᠳᠡᠯᠭᠡᠭᠦᠷ᠎ᠦᠨ ᠦᠷ᠎ᠡ ᠪᠦᠲᠦᠮᠵᠢ᠎ᠶ᠋ᠢ ᠬᠣᠬᠢᠷᠠᠭᠤᠯᠤᠭ᠍ᠰᠠᠨ ᠬᠢᠨᠠᠨ ᠵᠥᠪᠱᠢᠶᠡᠷᠡᠬᠦ᠌ ᠬᠣᠷᠢᠭ᠎ᠠ ᠴᠡᠭ᠎ᠢ ᠠᠷᠢᠯᠭᠠᠵᠤ᠂ ᠬᠢᠬᠦ᠌ ᠶᠣᠰᠣᠲᠠᠢ᠂ ᠬᠢᠵᠦ᠍ ᠳᠡᠢᠯᠬᠦ᠌ ᠶᠠᠪᠤᠳᠠᠯ᠎ᠢ ᠰᠠᠢᠲᠤᠷ ᠬᠢᠵᠦ᠍᠂ ᠬᠠᠮᠢᠶᠠᠷᠬᠤ ᠶᠤᠰᠤ ᠦᠭᠡᠢ᠂ ᠬᠠᠮᠢᠶᠠᠷᠪᠠᠯ ᠵᠤᠬᠢᠰ ᠦᠬᠡᠢ ᠭᠣᠭ᠍ᠴᠣᠭ᠎ᠠ᠎ᠶ᠋ᠢ ᠵᠠᠬ᠎ᠠ ᠳᠡᠯᠭᠡᠭᠦᠷ᠎ᠲᠦ ᠲᠤᠱᠢᠶᠠᠨ ᠥᠭ᠌ᠴᠦ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠂ ᠱᠢᠨ᠎ᠡ᠎ᠶ᠋ᠢ ᠡᠭᠦᠳᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠥᠷᠭᠡᠨ ᠤᠯᠠᠨ ᠠᠵᠤ ᠠᠬᠤᠢᠯᠠᠯ ᠪᠣᠯᠤᠨ ᠠᠵᠤ ᠠᠬᠤᠢᠯᠠᠯᠲᠠᠨ᠎ᠤ ᠥᠪᠥᠷ ᠮᠣᠩᠭᠣᠯ᠎ᠳᠤ ᠠᠵᠢᠯ ᠶᠠᠪᠤᠳᠠᠯ ᠭᠦᠢᠴᠡᠳᠭᠡᠬᠦ᠌ ᠳᠦ ᠤᠷᠤᠭ᠍ᠰᠢᠲᠠᠢ᠂ ᠪᠡᠯᠡ ᠣᠷᠣᠭᠤᠯᠬᠤ ᠳ᠋ᠤ ᠢᠲᠡᠭᠡᠯ ᠲᠠᠢ᠂ ᠡᠵᠡᠩᠨᠡᠯᠲᠡ ᠬᠢᠬᠦ ᠳ᠋ᠤ ᠲᠠᠭᠠᠯᠠᠮᠵᠢᠲᠠᠢ᠂ ᠠᠵᠢᠯ ᠦᠢᠯᠡᠰ᠎ᠢᠶᠡᠨ ᠬᠥᠭ᠌ᠵᠢᠬᠦᠯᠬᠦ ᠳ᠋ᠤ ᠰᠠᠨᠠᠭ᠎ᠠ ᠠᠮᠤᠷ ᠪᠠᠢᠵᠤ᠂ ᠥᠪᠥᠷ ᠮᠣᠩᠭᠣᠯ᠎ᠤᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠤᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠬᠤ᠎ᠶ᠋ᠢ ᠠᠬᠢᠭᠤᠯᠬᠤ ᠬᠡᠷᠡᠭ᠌ᠲᠡᠢ᠃
ᠡᠬᠢᠯᠡᠯᠲᠡ᠎ᠶ᠋ᠢᠨ ᠵᠢᠯ᠎ᠳᠦ᠂ ᠪᠢᠳᠡ ᠵᠣᠷᠢᠯᠲᠠ᠎ᠪᠠᠨ ᠪᠠᠲᠤ ᠴᠡᠭᠡᠵᠢᠯᠡᠵᠦ᠍᠂ ᠠᠷᠠᠳ᠎ᠤᠨ ᠲᠥᠯᠥᠭᠡ ᠵᠢᠳᠬᠦᠬᠦ᠌᠎ᠪᠡᠷ ᠵᠣᠷᠢᠭ ᠱᠢᠭᠤᠳᠴᠤ᠌᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠳ᠋ᠤ᠂ ᠠᠷᠠᠳ᠎ᠤᠨ ᠠᠮᠢᠳᠤᠷᠠᠯ ᠬᠠᠮᠤᠭ᠎ᠤᠨ ᠴᠢᠬᠤᠯᠠ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠢᠬᠦ᠌ ᠠᠵᠢᠯ ᠪᠣᠯ ᠲᠠᠷᠤᠢ ᠠᠷᠠᠳ ᠲᠦᠮᠡᠨ᠎ᠢ ᠨᠡᠩ ᠵᠣᠯ ᠵᠢᠷᠭᠠᠯ᠎ᠲᠠᠶ ᠠᠮᠢᠳᠤᠷᠠᠭᠤᠯᠬᠤ ᠶᠠᠪᠤᠳᠠᠯ ᠪᠣᠯᠤᠨ᠎ᠠ》 ᠭᠡᠵᠦ᠍ ᠵᠢᠭᠠᠵᠤ ᠭᠠᠷᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠤᠬᠠᠭᠠᠯᠠᠨ ᠲᠥᠯᠦᠪᠯᠡᠵᠤ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠯ ᠭᠠᠷᠭᠠᠵᠤ ᠪᠠᠲᠤᠯᠠᠨ ᠬᠡᠷᠡᠭ᠌ᠵᠢᠭᠦᠯᠪᠡ᠃ ᠡᠳᠡᠭᠡᠷ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠭ᠍ᠰᠠᠨ᠎ᠨᠢ ᠳᠠᠷᠤᠢ ᠡᠯ᠎ᠡ ᠱᠠᠲᠤᠨ᠎ᠤ ᠬᠢᠨᠢ ᠬᠥᠲᠥᠯᠥᠨ ᠵᠢᠯᠣᠭᠣᠳᠴᠤ᠌ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠨᠠᠩ ᠰᠠᠢᠳᠤᠷ ᠪᠠᠲᠤᠯᠠᠨ ᠰᠠᠢᠵᠢᠷᠠᠭᠤᠯᠵᠤ᠂ ᠪᠦᠬᠦ᠌ ᠣᠷᠣᠨ᠎ᠤ ᠠᠷᠠᠳ ᠲᠦᠮᠡᠨ᠎ᠳᠦ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠭᠦᠢᠴᠡᠳ ᠡᠳ᠋ᠯᠡᠭᠦᠯᠬᠦ᠌᠎ᠶ᠋ᠢᠨ ᠲᠥᠯᠥᠭᠡ ᠶᠤᠮ᠃ ᠪᠢᠳᠡ ᠣᠯᠠᠨ ᠲᠦᠮᠡᠨ᠎ᠦ ᠢᠳᠡᠵᠦ᠍ ᠡᠮᠦᠰᠭᠦ ᠶᠠᠪᠤᠵᠤ ᠰᠠᠭᠤᠬᠤ᠂ ᠠᠮᠤᠷ ᠲᠦᠪᠱᠢᠨ ᠬᠠᠯᠠᠭᠤᠨ ᠬᠦᠢᠲᠡᠨ᠎ᠢ ᠴᠠᠭ ᠢᠮᠠᠭ᠍ᠲᠠ ᠰᠡᠳᠭᠢᠯ᠎ᠳᠡᠭᠡᠨ ᠪᠣᠳᠣᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠪᠠᠢᠩᠭᠤᠵᠢᠭᠤᠯᠤᠨ ᠰᠠᠢᠲᠤᠷ ᠨᠠᠢᠳᠠᠪᠤᠷᠢᠵᠢᠭᠤᠯᠵᠤ᠂ ᠨᠢᠭᠡ ᠨᠢᠭᠡᠶᠠᠪᠤᠳᠠᠯᠢᠶᠡᠷ ᠪᠡᠶᠡᠯᠡᠬᠦᠯᠵᠤ᠂ ᠨᠢᠬᠡ ᠨᠢᠬᠡ ᠵᠢᠯ᠎ᠢᠶᠡᠷ ᠵᠠᠯᠭᠠᠨ ᠬᠢᠵᠦ᠍᠂ ᠣᠯᠠᠨ ᠲᠦᠮᠡᠨ᠎ᠦ ᠠᠩᠬᠠᠷᠴᠤ᠌ ᠪᠠᠢᠭ᠎ᠠ ᠰᠤᠷᠭᠠᠭᠤᠯᠢ᠎ᠳᠤ ᠣᠷᠣᠬᠤ᠂ ᠡᠪᠡᠳᠴᠢᠨ ᠦᠵᠡᠭᠦᠯᠬᠦ᠌᠂ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ᠎ᠢ ᠪᠣᠢᠵᠢᠭᠤᠯᠬᠤ᠂ ᠠᠵᠢᠯ ᠣᠯᠭᠣᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠵᠡᠷᠭᠡ ᠪᠣᠳᠠᠲᠤ ᠠᠰᠠᠭᠤᠳᠠᠯ᠎ᠢ ᠪᠣᠳᠠᠲᠠᠶ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ᠃ ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠨᠥᠬᠥᠴᠡᠯ ᠪᠣᠯ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠮᠥᠨ᠃ ᠪᠢᠳᠡ 《ᠤᠯᠤᠰ᠎ᠤᠨ ᠶᠡᠬᠡ ᠶᠠᠪᠤᠳᠠᠯ》 ᠢ᠋ ᠪᠠᠲᠤ ᠡᠬᠦᠷᠭᠡᠯᠡᠵᠤ᠂ ᠤᠯᠤᠰ᠂ ᠦᠨᠳᠦᠰᠦᠲᠡᠨ᠂ ᠦᠷ᠎ᠡ ᠬᠣᠢᠴᠢᠰ᠎ᠲᠠᠭᠠᠨ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠵᠣᠷᠢᠭ ᠰᠠᠨᠠᠭ᠎ᠠ᠎ᠪᠠᠷ᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ ᠵᠡᠷᠭᠡ ᠭᠤᠤᠯᠳᠠᠯᠭ᠎ᠠ᠎ᠲᠠᠶ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠡᠨᠡᠬᠦ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ᠃
ᠡᠬᠢᠯᠡᠯᠲᠡ᠎ᠶ᠋ᠢᠨ ᠵᠢᠯ᠎ᠳᠦ᠂ ᠪᠢᠳᠡ 《ᠱᠢᠪᠲᠤᠯᠤᠯᠲᠠ ᠬᠢᠬᠦ᠌》 ᠵᠣᠷᠢᠭ ᠰᠠᠨᠠᠭ᠎ᠠ᠂ 《ᠰᠢᠨ᠎ᠠ ᠵᠢ ᠡᠭᠦᠳᠬᠦ》 ᠡᠷᠴᠢ ᠵᠣᠷᠢᠭ᠂ 《ᠪᠤᠳᠠᠳᠠᠢ ᠠᠵᠢᠯᠯᠠᠬᠤ》 ᠰᠤᠷᠲᠠᠯ᠎ᠢᠶᠠᠷ᠂ ᠨᠠᠢᠳᠠᠪᠤᠷᠢᠵᠢᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠠᠳᠭᠤᠵᠤ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠬᠠᠷᠠᠯᠲᠠ ᠡᠭᠦᠷᠭᠡ᠎ᠶ᠋ᠢ ᠲᠣᠭ᠍ᠲᠠᠭᠠᠭ᠍ᠰᠠᠨ᠎ᠤ ᠲᠠᠷᠠᠭ᠎ᠠ᠂ ᠵᠠᠩᠭᠢᠯᠠᠭ᠎ᠠ ᠨᠢ ᠠᠵᠢᠯᠯᠠᠭ᠎ᠠ᠎ᠶ᠋ᠢ ᠦᠵᠡᠵᠦ᠍᠂ ᠪᠣᠳᠠᠲᠠᠢ ᠠᠵᠢᠯᠯᠠᠬᠤ᠎ᠳᠤ ᠲᠦᠱᠢᠭ᠌ᠯᠡᠨ᠎ᠡ᠃ ᠪᠠᠢᠷᠢᠯᠠᠭᠤᠯᠤᠭ᠍ᠰᠠᠨ ᠡᠭᠦᠷᠭᠡ ᠵᠢ ᠪᠡᠶᠡᠯᠡᠬᠦᠯᠬᠦ᠎ᠳᠦ ᠡᠷᠡᠰ ᠰᠢᠭᠤᠷᠬᠠᠢ ᠠᠵᠢᠯᠯᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ 《ᠴᠢᠯᠠᠭᠤᠨ ᠳᠡᠭᠡᠷ᠎ᠡ ᠬᠢᠰᠭᠢᠪᠡᠯ ᠮᠥᠷ᠎ᠲᠡᠶ᠂ ᠲᠡᠮᠦᠷ᠎ᠢ ᠠᠳᠭᠤᠪᠠᠯ ᠤᠷᠤᠮ᠎ᠲᠠᠶ ᠪᠠᠢᠬᠤ》 ᠡᠷᠡᠰ ᠬᠠᠲᠠᠭᠤ ᠵᠣᠷᠢᠭ᠎ᠢᠶᠠᠷ ᠨᠠᠢᠳᠠᠪᠤᠷᠢᠵᠢᠭᠤᠯᠤᠯᠲᠠ᠎ᠶ᠋ᠢ ᠠᠳᠭᠤᠨ ᠳᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠳᠭᠤᠵᠤ᠂ ᠵᠤᠷᠢᠭᠰᠠᠨ ᠳ᠋ᠠᠭᠠᠨ ᠵᠠᠪᠠᠯ ᠬᠦᠷᠬᠦ᠌ ᠬᠡᠷᠡᠭ᠌ᠲᠡᠢ᠃ ᠥᠭᠡᠷᠡᠴᠢᠯᠡᠯᠲᠡ᠎ᠶ᠋ᠢᠨ ᠤᠬᠠᠮᠰᠠᠷ ᠪᠣᠯᠤᠨ ᠪᠣᠭᠣᠮᠲᠠ ᠱᠢᠪᠲᠤᠯᠬᠤ ᠡᠷᠴᠢ ᠵᠣᠷᠢᠭ᠎ᠢᠶᠠᠨ ᠴᠢᠩᠭᠠᠳᠭᠠᠵᠤ᠂ ᠪᠤᠯᠤᠨ᠎ᠡ ᠬᠡᠵᠤ ᠪᠤᠳᠤᠬᠰᠠᠨ ᠶᠠᠪᠤᠳᠠᠯ᠎ᠢᠶᠠᠨ ᠲᠠᠲᠠᠭᠠᠯᠵᠠᠯ ᠦᠭᠡᠢ ᠵᠣᠷᠢᠭ᠍ᠲᠠᠢ ᠬᠢᠬᠦ᠌ ᠬᠡᠷᠡᠭ᠌ᠲᠡᠢ᠃ ᠪᠢᠳᠡ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠤᠳᠤᠷᠢᠳᠤᠮᠵᠢ᠎ᠶ᠋ᠢ ᠢᠯᠡ ᠲᠣᠳᠣ ᠪᠤᠢ ᠪᠣᠯᠭᠠᠵᠤ᠂ ᠬᠤᠭᠤᠴᠠᠭ᠎ᠠ ᠰᠣᠯᠢᠬᠤ᠎ᠲᠠᠶ ᠤᠶᠠᠯᠳᠤᠭᠤᠯᠤᠨ ᠺᠠᠳ᠋ᠷ᠎ᠢ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠎ᠶ᠋ᠢ ᠴᠢᠨᠠᠭ᠍ᠰᠢᠳᠠ ᠱᠢᠯᠢᠳᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ᠂ 《ᠨᠠᠮ ᠵᠠᠰᠠᠭ᠎ᠤᠨ ᠤᠳᠤᠷᠢᠳᠭᠤ ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠠᠵᠢᠯ᠎ᠤᠨ ᠲᠦᠷᠢᠮ》 ᠪᠣᠯᠤᠨ ᠦᠨᠳᠦᠰᠦᠲᠡᠨ᠎ᠦ ᠭᠠᠵᠠᠷ ᠣᠷᠣᠨ᠎ᠤ ᠺᠠᠳ᠋ᠷ᠎ᠤᠨ ᠲᠤᠬᠠᠢ 《ᠲᠦᠷᠪᠡᠨ ᠣᠨᠴᠠᠭᠠᠢ》 ᠴᠢᠬᠤᠯᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ᠂ ᠡᠷᠡᠰ ᠰᠢᠭᠤᠷᠬᠠᠢ᠎ᠪᠠᠷ ᠥᠭᠡᠷᠡᠴᠢᠯᠡᠯᠲᠡ ᠬᠢᠳᠡᠭ᠂ ᠪᠣᠳᠠᠲᠤ ᠠᠮᠵᠢᠯᠲᠠ᠎ᠪᠠᠷ ᠲᠤᠪᠤᠢ᠌ᠮ᠎ᠠ᠂ ᠲᠥᠪ ᠭᠣᠣᠯᠴᠢ ᠠᠷᠢᠭᠤᠨ ᠴᠢᠬᠡᠴᠢ ᠱᠢᠯᠢᠳᠡᠭ ᠺᠠᠳ᠋ᠷ᠎ᠢ ᠶᠡᠬᠡᠪᠡᠷ ᠱᠢᠯᠢᠨ ᠳᠡᠪᠱᠢᠭᠦᠯᠵᠦ᠍᠂ ᠪᠦᠬᠦ᠌ ᠣᠷᠣᠨ ᠳᠠᠶᠠᠭᠠᠷ ᠲᠤ᠌ ᠵᠤᠷᠢᠬᠳᠠᠢ ᠪᠡᠷ ᠬᠠᠷᠢᠭᠤᠴᠠᠯᠭ᠎ᠠ ᠡᠭᠦᠷᠭᠡᠯᠡᠨ᠂ ᠡᠷᠡᠮᠡᠬᠡᠢᠯᠡᠨ ᠲᠡᠮᠡᠴᠡᠬᠦ᠌ ᠬᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠦ ᠲᠥᠯᠥᠭᠡ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠬᠤ ᠶ᠋ᠢ ᠪᠠᠷᠢᠮᠲᠠᠯᠠᠵᠤ᠂ ᠠᠯᠢᠪᠠ ᠪᠦᠬᠦᠨ᠎ᠳᠦ ᠪᠣᠳᠠᠲᠠᠢ᠎ᠡᠴᠡ ᠡᠭᠦᠰᠴᠦ᠂ ᠤᠬᠠᠮᠰᠠᠷ᠎ᠡᠴᠡ᠎ᠪᠠᠨ ᠵᠢᠮ᠎ᠡ ᠶᠣᠰᠣ᠎ᠶ᠋ᠢ ᠦᠨᠳᠦᠰᠦᠯᠡᠨ ᠠᠵᠢᠯᠯᠠᠵᠤ᠂ ᠠᠷᠠᠳ ᠲᠦᠮᠡᠨ᠎ᠳᠦ ᠪᠤᠶᠠᠨ ᠦᠢᠯᠡᠳᠬᠦ᠌ ᠶᠠᠪᠤᠳᠠᠯ᠎ᠢ ᠢᠯᠡᠭᠦᠬᠡᠨ ᠬᠢᠵᠦ᠍᠂ ᠰᠠᠭᠤᠷᠢ ᠵᠢ ᠲᠠᠯᠪᠢᠬᠤ ᠠᠯᠤᠰ ᠢᠷᠡᠭᠡᠳᠦᠢ᠎ᠳᠦ ᠠᠱᠢᠭ᠍ᠲᠠᠢ ᠠᠵᠢᠯ᠎ᠢ ᠢᠯᠡᠭᠦᠬᠡᠨ ᠬᠢᠬᠦ᠌ ᠬᠡᠷᠡᠭ᠌ᠲᠡᠢ᠃ ᠬᠥᠭ᠌ᠵᠢᠯᠲᠡ᠎ᠶ᠋ᠢ ᠠᠬᠢᠭᠤᠯᠬᠤ ᠶᠠᠪᠤᠴᠠ᠎ᠳᠤ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠌᠂ ᠬᠤᠳᠠᠯ ᠬᠡᠯᠡᠵᠦ᠍ ᠬᠠᠭᠤᠷᠮᠠᠭᠯᠠᠨ ᠵᠣᠬᠢᠶᠠᠬᠤ᠂ ᠠᠷᠠᠳ᠎ᠢ ᠵᠦᠳᠡᠭᠡᠵᠦ᠍ ᠡᠳ᠋᠎ᠢ ᠰᠦᠢᠳᠭᠡᠬᠦ᠂ ᠱᠢᠨ᠎ᠡ ᠨᠣᠶᠠᠨ ᠬᠠᠭᠤᠴᠢᠨ ᠲᠠᠨᠭᠰᠠ᠎ᠶ᠋ᠢ ᠦᠯᠦ ᠬᠠᠮᠢᠶᠠᠷᠬᠤ ᠵᠡᠷᠬᠡ᠎ᠶ᠋ᠢ ᠡᠷᠡᠰ ᠲᠡᠪᠴᠢᠵᠦ᠍᠂ 《ᠲᠦᠷᠢ ᠲᠥᠷᠬᠦ᠌᠎ᠶ᠋ᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》 ᠢ᠋ ᠪᠠᠢᠭᠤᠯᠬᠤ ᠶ᠋ᠢ ᠡᠷᠡᠰ ᠰᠡᠷᠭᠡᠢᠯᠡᠬᠦ᠌ ᠬᠡᠷᠡᠭ᠌ᠲᠡᠢ᠃ ᠬᠥᠭ᠌ᠵᠢᠭᠦᠯᠬᠦ᠌᠎ᠳᠡᠭᠡᠨ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ᠎ᠢ ᠦᠷᠡᠭ᠌ᠳᠡᠭᠦᠯᠬᠦ᠌᠎ᠪᠡᠷ ᠦᠨ᠎ᠡ ᠲᠥᠯᠥᠪᠦᠷᠢ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠪᠢᠳᠡ ᠶᠠᠭᠠᠬᠢᠭᠰᠠᠨ ᠴᠦ᠍ ᠡᠷᠡᠭᠦᠯ ᠮᠡᠨᠳᠦ ᠠᠮᠢ ᠨᠠᠰᠤ ᠪᠡᠷ ᠦᠷᠡᠭᠳᠡᠯ ᠪᠤᠯᠭᠠᠭᠰᠠᠨ GDP᠂ ᠪᠤᠬᠢᠷᠳᠤᠯ ᠲᠠᠢ GDP᠂ 《ᠬᠠᠭᠤᠷᠮᠠᠭ》 GDP ᠵᠢ ᠬᠦᠬᠡᠬᠡᠴᠡᠯᠳᠦᠵᠤ ᠪᠣᠯᠬᠤ ᠦᠭᠡᠢ᠃ ᠪᠢᠳᠡ ᠰᠤᠷᠤᠯᠴᠠᠯᠭ᠎ᠠ᠎ᠶ᠋ᠢ ᠶᠡᠬᠡᠪᠡᠷ ᠡᠷᠬᠢᠮᠯᠡᠵᠦ᠍᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠰᠦᠨ ᠱᠤᠤ ᠴᠸᠩ᠂ ᠸᠠᠩ ᠯᠢ ᠱᠢᠶᠠ ᠵᠡᠷᠭᠡ ᠬᠥᠮᠦᠰ᠎ᠦᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ᠎ᠢᠶᠡᠷ ᠰᠡᠵᠢᠭ᠌ᠯᠡᠭ᠌ᠳᠡᠭ᠌ᠰᠡᠨ ᠠᠰᠠᠭᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠤᠬᠠᠮᠰᠠᠷ᠎ᠡᠴᠡ᠎ᠪᠠᠨ ᠲᠦᠷᠢᠮ ᠲᠣᠭ᠍ᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶ᠋ᠢ ᠰᠠᠬᠢᠬᠤ ᠳᠤᠮᠳᠠ ᠠᠵᠢᠯ ᠬᠢᠵᠦ᠍ ᠦᠢᠯᠡᠰ ᠪᠤᠰᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠪᠠᠷ ᠬᠦᠳᠦᠯᠥᠨ ᠳᠠᠭᠠᠭᠤᠯᠵᠤ ᠰᠠᠢ᠌ᠨ ᠰᠠᠢᠬᠠᠨ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠪᠦᠷᠢᠯᠳᠦᠭᠦᠯᠬᠦ᠌ ᠬᠡᠷᠡᠭ᠌ᠲᠡᠢ᠃
ᠲᠥᠯᠥᠭᠡᠯᠡᠭ᠌ᠴᠢᠳ ᠡ᠂ ᠨᠥᠬᠥᠳ ᠡ!
ᠡᠨᠡ ᠤᠳᠠᠭ᠎ᠠ᠎ᠶ᠋ᠢᠨ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠪᠣᠯᠤᠨ ᠰᠠᠢ᠌ᠨ ᠰᠠᠢᠬᠠᠨ᠎ᠤ ᠲᠤᠬᠠᠢ ᠡᠷᠢᠯ ᠬᠦᠬᠡᠬᠡᠴᠡᠯᠳᠦᠯᠢ ᠠᠬᠤᠭᠤᠯᠵᠤ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠲᠡᠰᠪᠦᠷᠢ ᠬᠠᠳᠠᠭᠤᠵᠢᠯᠳᠠᠢ᠂ ᠴᠤᠴᠠᠯᠲᠠ ᠦᠭᠡᠢ ᠤᠷᠤᠭ᠍ᠰᠢᠯᠠᠬᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠡᠷᠡᠯᠬᠡᠭ᠌ᠯᠡᠨ ᠲᠡᠮᠡᠴᠡᠵᠤ᠂ ᠵᠠᠮ ᠨᠡᠭᠡᠭᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠶ᠎ᠡ!
ᠪᠠᠰᠠ ᠬᠡᠳᠦᠨ ᠡᠳᠦᠷ ᠥᠩᠭᠡᠷᠡᠪᠡᠯ ᠴᠠᠭᠠᠨ ᠰᠠᠷ᠎ᠠ᠎ᠵᠢ ᠤᠬᠳᠤᠬᠤ ᠪᠤᠯᠤᠨ᠎ᠠ᠃ ᠡᠨᠳᠡ ᠲᠠ ᠪᠦᠬᠦᠨ᠎ᠳᠦ ᠱᠢᠨ᠎ᠡ ᠵᠢᠯ᠎ᠦᠨ ᠮᠡᠨᠳᠦ ᠬᠦᠷᠭᠡᠶ᠎ᠡ᠂ ᠲᠥᠯᠥᠭᠡᠯᠡᠭ᠌ᠴᠢᠳ᠂ ᠨᠥᠬᠥᠳ ᠪᠣᠯᠤᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠴᠠᠭᠠᠨ ᠰᠠᠷ᠎ᠠ᠎ᠪᠠᠨ ᠪᠠᠶᠠᠷ ᠬᠥᠷ᠎ᠲᠡᠶ ᠥᠩᠭᠡᠷᠡᠭᠦᠯᠵᠦ᠍᠂ ᠭᠡᠷ ᠬᠣᠲᠠᠯᠠᠭᠠᠷ᠎ᠢᠶᠠᠨ ᠵᠣᠯ ᠵᠢᠷᠭᠠᠯ᠎ᠲᠠᠶ᠂ ᠲᠦᠮᠡᠨ ᠶᠠᠪᠤᠳᠠᠯ ᠲᠡᠭᠦᠰ ᠠᠮᠵᠢᠯᠲᠠ᠎ᠲᠠᠶ ᠪᠠᠢᠬᠤ᠎ᠶ᠋ᠢ ᠵᠥᠩᠨᠡᠶ᠎ᠡ!