ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠲᠠᠪᠤᠳᠤᠭᠠᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠪᠠ
2026-02-08 11:29:12
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ   ᠪᠦᠦ ᠭᠠᠩ   ᠵᠠᠩ ᠶᠠᠨ ᠺᠦᠨ ᠣᠷᠣᠯᠴᠠᠵᠠᠢ


2 ᠰᠠᠷ᠎ᠠ ᠎ᠶ᠋ᠢᠨ 7 ᠎ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠣᠲᠣ 530 ᠬᠥᠮᠦᠨ ᠪᠣᠶ᠂ 506 ᠬᠥᠮᠦᠨ ᠨᠢ ᠲᠣᠰ ᠤᠳᠠᠭ᠎ᠠ᠎ᠶ᠋ᠢᠨ ᠪᠦᠬᠦᠳᠡ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃ ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠦ᠋ ᠶᠠᠨ ᠭᠠᠩ᠂ ᠲᠠᠩ ᠢ᠂ ᠵᠧᠦ ᠺᠠᠢ᠂ ᠯᠢ ᠯᠢ᠂ ᠬᠤᠸᠠᠩ ᠶᠠ ᠯᠢ᠂ ᠮᠸᠩ ᠴᠢᠩ ᠸᠧᠢ᠂ ᠰᠦᠬᠡ᠂ ᠴᠢ᠊·ᠲᠠᠯᠠᠨᠲᠠᠢ ᠲᠡᠷᠢᠭᠦᠯᠡᠭ᠌ᠴᠢᠳ᠎ᠦᠨ ᠲᠠᠢᠰᠠᠨ᠎ᠤ ᠡᠮᠦᠨ᠎ᠡ ᠮᠥᠷ᠎ᠲᠦ ᠰᠠᠭᠠᠲᠠᠪᠠ᠃

ᠸᠠᠩ ᠸᠧᠢ ᠵᠦᠩ᠂ ᠪᠦᠦ ᠭᠠᠩ᠂ ᠵᠠᠩ ᠶᠠᠨ ᠺᠦᠨ᠂ ᠱ᠌ᠢ ᠭᠤᠸᠠᠩ ᠬᠤᠢ᠂ ᠯᠢᠦ ᠱᠤᠸᠠᠩ᠂ ᠮᠸᠩ ᠱᠢᠶᠠᠨ ᠳ᠋ᠦᠩ᠂ ᠬᠤᠸᠠᠩ ᡁᠢ ᠴᠢᠶᠠᠩ᠂ ᠬᠦᠦᠳᠠᠭᠤᠯᠠ᠂ ᠪᠦᠦ ᠱᠢᠶᠠᠨ ᠬᠤᠸᠠ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ ᠵᠡᠷᠭᠡ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠴᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠤᠰᠤᠳ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢᠳ᠎ᠤᠨ ᠨᠡᠷᠡᠰ》 ᠢ᠋ ᠪᠠᠲᠤᠯᠠᠪᠠ᠃ ᠪᠢᠯᠧᠲ ᠥᠭ᠌ᠴᠦ ᠰᠣᠩᠭᠣᠭᠤᠯᠢ ᠬᠢᠬᠦ᠌᠎ᠪᠡᠷ ᠳᠠᠮᠵᠢᠨ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ᠎ᠪᠡᠷ ᠰᠣᠩᠭᠣᠭ᠍ᠳᠠᠪᠠ; ᠳ᠋ᠦ᠋ ᠢ ᠱᠢᠨ᠂ ᠦ᠋ ᠬᠠᠶ ᠯᠦᠩ᠂ ᠵᠣᠣ ᠱ᠌ᠢ ᠳ᠋ᠸ᠂ ᠶᠣᠣ ᠶᠠ ᠫᠢᠩ᠂ ᠰᠡᠴᠡᠨᠪᠢᠯᠢᠭ᠂ ᠯᠠ ᠵᠢᠶᠦ᠋ᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠭᠡᠱᠢᠭᠦᠨ᠎ᠢᠶᠡᠷ ᠰᠣᠩᠭᠣᠭ᠍ᠳᠠᠪᠠ᠃

ᠱᠢᠨ᠎ᠡ᠎ᠪᠡᠷ ᠰᠣᠩᠭᠣᠭ᠍ᠳᠠᠭ᠍ᠰᠠᠨ ᠬᠥᠮᠦᠰ ᠬᠠᠤᠯᠢ ᠶᠣᠰᠣᠭᠠᠷ ᠦᠨᠳᠦᠰᠦᠨ ᠬᠠᠤᠯᠢ᠎ᠳᠤ ᠲᠠᠩᠭᠠᠷᠢᠭ᠍ᠯᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号