ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠭᠤᠷᠪᠠᠳᠤᠭᠠᠷ ᠤᠳᠠᠭ᠎ᠠ᠎ᠶᠢᠨ ᠬᠤᠷᠠᠯ ᠬᠢᠪᠡ
2026-02-08 11:33:35
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ ᠬᠤᠷᠠᠯ ᠢ᠋ ᠡᠷᠭᠢᠯᠡᠵᠡᠢ


2 ᠰᠠᠷ᠎ᠠ᠎ᠶ᠋ᠢᠨ 7 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠭᠤᠷᠪᠠᠳᠤᠭᠠᠷ ᠤᠳᠠᠭ᠎ᠠ᠎ᠶ᠋ᠢᠨ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ 61 ᠬᠥᠮᠦᠨ ᠪᠣᠶ᠂ 60 ᠬᠥᠮᠦᠨ ᠲᠣᠰ ᠤᠳᠠᠭ᠎ᠠ᠎ᠶ᠋ᠢᠨ ᠬᠤᠷᠠᠯ᠎ᠳᠤ ᠣᠷᠣᠯᠴᠠᠵᠤ᠂ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠸᠧᠢ ᠵᠦᠩ ᠬᠤᠷᠠᠯ᠎ᠢ ᠡᠷᠬᠢᠯᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠠᠩ ᠱᠤᠤ ᠴᠦᠨ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ᠂ ᠠᠢ ᠯᠢ ᠬᠤᠸᠠ᠂ ᠯᠢ ᠪᠢᠩ ᠷᠦᠩ᠂ ᠡᠸ᠋ ᠶᠠᠨ ᠭᠠᠩ᠂ ᠸᠠᠨ ᠴᠤᠤ ᠴᠢ ᠬᠤᠷᠠᠯ᠎ᠳᠤ ᠣᠷᠣᠯᠴᠠᠪᠠ᠃

ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠦᠨ ᠳᠠᠷᠤᠭ᠎ᠠ ᠵᠧᠩ ᠳ᠋ᠦᠩ ᠪᠥᠸᠧ᠎ᠶ᠋ᠢᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ ᠪᠣᠯᠤᠨ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ᠎ᠶ᠋ᠢᠨ ᠬᠢᠭ᠌ᠰᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃

ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠭᠡᠱᠢᠭᠦᠨ ᠸᠠᠨ ᠴᠤᠤ ᠴᠢ᠎ᠶ᠋ᠢᠨ ᠬᠢᠭ᠌ᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠪᠠᠲᠤᠯᠠᠪᠠ᠃ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠹᠧᠩ ᠢᠦᠶ ᠵᠧᠨ᠎ᠦ ᠬᠢᠭ᠌ᠰᠡᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠬᠡᠷᠡᠭ᠌ᠵᠢᠭᠦᠯᠦᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠪᠠᠲᠤᠯᠠᠪᠠ᠃ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ᠎ᠶ᠋ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠬᠤ᠎ᠪᠠᠷ ᠲᠣᠭ᠍ᠲᠠᠪᠠ᠃

ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠵᠠᠩ ᠵᠣᠣ ᠭᠠᠩ᠎ᠤᠨ ᠬᠢᠭ᠌ᠰᠡᠨ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢ᠂ ᠭᠡᠱᠢᠭᠦᠨ᠎ᠦ ᠵᠢᠱ᠌ᠢᠭ᠌ᠳᠡᠭ᠌ᠴᠢ᠎ᠶ᠋ᠢ ᠶᠠᠷᠢᠯᠴᠠᠭ᠍ᠰᠠᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠲᠡᠷᠢᠭᠦᠯᠡᠭ᠌ᠴᠢᠳ᠎ᠦᠨ ᠪᠦᠯᠬᠦᠮ᠎ᠦᠨ ᠨᠡᠷ᠎ᠡ ᠳᠤᠷᠠᠳᠤᠭ᠍ᠰᠠᠨ ᠵᠢᠱ᠌ᠢᠭ᠌ᠳᠡᠭ᠌ᠴᠢ᠎ᠶ᠋ᠢ ᠵᠢᠩᠬᠢᠨᠢ ᠵᠢᠱ᠌ᠢᠭ᠌ᠳᠡᠭ᠌ᠴᠢ᠎ᠶᠢᠨ ᠬᠤᠪᠢ᠎ᠪᠡᠷ ᠶᠡᠬᠡ ᠬᠤᠷᠠᠯ᠎ᠳᠤ ᠳᠡᠪᠱᠢᠭᠦᠯᠵᠦ᠍ ᠰᠣᠩᠭᠣᠭᠤᠯᠬᠤ᠎ᠪᠠᠷ ᠲᠣᠭ᠍ᠲᠠᠪᠠ᠃

ᠬᠤᠷᠠᠯ᠎ᠡᠴᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ ᠂ ᠪᠢᠯᠧᠲ ᠬᠢᠨᠠᠭ᠍ᠴᠢ᠎ᠶ᠋ᠢᠨ ᠨᠡᠷᠡᠰ (ᠲᠥᠰᠦᠯ)》 ᠢ᠋ ᠪᠠᠲᠤᠯᠠᠵᠤ᠂ ᠨᠡᠷᠡᠰ᠎ᠦᠨ ᠲᠥᠰᠦᠯ᠎ᠢ ᠪᠥᠬᠥ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠵᠤ᠂ ᠶᠡᠬᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠵᠠᠢ᠃

ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ  ᠱᠢᠶ᠋ᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠤᠬᠠᠶ ᠱᠢᠶ᠋ᠳᠪᠦᠷᠢ(ᠲᠥᠰᠦᠯ)᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2026 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠱᠢᠶ᠋ᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2026 ᠣᠨ᠎ᠤ ᠲᠥᠰᠦᠪ᠎ᠦᠨ ᠲᠤᠬᠠᠢ ᠱᠢᠢᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠱᠢᠢᠳᠪᠦᠷᠢ (ᠲᠥᠰᠦᠯ)᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠱᠢᠢᠳᠪᠦᠷᠢ (ᠲᠥᠰᠦᠯ) ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠱᠢᠢᠳᠪᠦᠷᠢ (ᠲᠥᠰᠦᠯ)᠎ᠵᠢ ᠪᠠᠲᠤᠯᠠᠪᠠ᠂ ᠳᠡᠭᠡᠷ᠎ᠡ ᠳᠤᠷᠠᠳᠤᠭ᠍ᠰᠠᠨ ᠡᠯ᠎ᠡ ᠵᠦᠢᠯ᠎ᠦᠨ ᠱᠢᠢᠳᠪᠦᠷᠢ᠎ᠶ᠋ᠢᠨ ᠲᠥᠰᠦᠯ᠎ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠵᠤ᠂ ᠶᠡᠬᠡ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠵᠦ᠂ ᠪᠠᠲᠤᠯᠠᠭᠤᠯᠬᠤ᠎ᠪᠡᠷ ᠲᠤᠭᠲᠠᠪᠠ᠃

ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠦᠨᠳᠦᠰᠦᠨ ᠬᠠᠤᠯᠢ᠎ᠳᠤ ᠲᠠᠩᠭᠠᠷᠢᠭ᠍ᠯᠠᠬᠤ᠎ᠶ᠋ᠢ ᠵᠣᠬᠢᠶᠠᠨ ᠪᠠᠢᠭᠤᠯᠬᠤ ᠲᠥᠰᠦᠯ ᠶᠣᠰᠣᠭᠠᠷ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ᠎ᠢ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠪᠡᠷ ᠲᠣᠭ᠍ᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号