ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠭᠤᠷᠪᠠᠳᠤᠭᠠᠷ ᠤᠳᠠᠭ᠎ᠠ᠎ᠶ᠋ᠢᠨ᠎ᠪᠦᠭᠦᠳᠡ ᠬᠤᠷᠠᠯ ᠬᠢᠪᠠ
2026-02-08 11:39:32
ᠵᠣᠬᠢᠶᠠᠭ᠍ᠴᠢ᠄
ᠪᠠᠢ ᠎ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠬᠤᠷᠠᠯ᠎ᠳᠤ ᠣᠷᠣᠯᠴᠠᠵᠠᠢ


2 ᠰᠠᠷ᠎ᠠ᠎ᠶ᠋ᠢᠨ 7᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠭᠤᠷᠪᠠᠳᠤᠭᠠᠷ ᠤᠳᠠᠭ᠎ᠠ᠎ᠶ᠋ᠢᠨ᠎ᠪᠦᠭᠦᠳᠡ ᠬᠤᠷᠠᠯ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠪᠠᠢᠩᠭᠤ᠎ᠶ᠋ᠢᠨ ᠭᠡᠱᠢᠭᠦᠨ᠎ᠢ ᠨᠥᠬᠥᠵᠤ ᠰᠣᠩᠭᠣᠪᠠ᠃

ᠵᠠᠩ ᠶᠠᠨ ᠺᠦᠨ᠂ ᠬᠦᠦᠳᠠᠭᠤᠯᠠ᠂ ᠯᠦᠸᠧ ᡁᠢ ᠬᠤ᠌᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠶᠤᠤ ᠶᠦᠩ ᠪᠥᠸᠧ᠂ ᠵᠠᠩ ᠯᠸᠢ᠂ ᠵᠠᠩ ᠪᠠᠢ ᠴᠧᠩ᠂  ᠶᠠᠩ ᠵᠢᠶᠸ᠂ ᠶᠠᠩ ᠯᠢ ᠮᠢᠨ ᠬᠤᠷᠠᠯ᠎ᠳᠤ ᠣᠷᠣᠯᠴᠠᠭ᠍ᠰᠠᠨ ᠪᠥᠭᠡᠳ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃ ᠯᠦᠸᠧ ᡁᠢ ᠬᠤ᠌ ᠬᠤᠷᠠᠯ᠎ᠢ ᠡᠷᠬᠢᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠨᠡᠢᠲᠡ 513 ᠬᠥᠮᠦᠨ᠂ ᠪᠣᠳᠠᠲᠠᠶ ᠣᠷᠣᠯᠴᠠᠭ᠍ᠰᠠᠨ᠎ᠨᠢ 481 ᠬᠥᠮᠦᠨ ᠪᠠᠢᠵᠤ᠂ ᠰᠣᠩᠭᠣᠭᠤᠯᠢ᠎ᠶ᠋ᠢᠨ ᠠᠷᠭ᠎ᠠ᠎ᠶ᠋ᠢᠨ ᠬᠠᠮᠢᠶ᠎ᠠ ᠪᠥᠬᠥᠶ ᠲᠣᠭ᠍ᠲᠠᠭᠠᠯ᠎ᠳᠤ ᠨᠡᠢᠴᠡᠪᠡ᠃

ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ᠂ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢᠳ᠎ᠤᠨ ᠨᠡᠷᠡᠰ᠎ᠢ ᠬᠢᠨᠠᠨ ᠵᠥᠪᠯᠡᠵᠦ᠍ ᠪᠠᠲᠤᠯᠠᠪᠠ᠃

ᠳᠠᠷᠠᠭ᠎ᠠ ᠨᠢ ᠬᠤᠷᠠᠯ ᠳᠡᠭᠡᠷ᠎ᠡ ᠰᠣᠩᠭᠣᠭᠤᠯᠢ ᠶᠠᠪᠤᠭᠤᠯᠪᠠ᠃

ᠰᠣᠩᠭᠣᠭᠤᠯᠢ᠎ᠶ᠋ᠢᠨ ᠪᠢᠯᠧᠲ ᠪᠦᠷᠢᠳᠭᠡᠭ᠌ᠰᠡᠨ ᠦᠷ᠎ᠡ ᠳ᠋ᠦᠩ᠎ᠢ ᠦᠨᠳᠦᠰᠦᠯᠡᠪᠡᠯ᠂ ᠶᠤᠤ ᠶᠦᠩ ᠪᠥᠸᠧ᠂ ᠵᠢᠨ ᠵᠤᠸᠠᠩ᠂ ᠢᠦᠢ ᠷᠧᠨ ᠵᠢᠶ᠍ᠸ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ ᠵᠢᠨ ᠳᠡᠳ᠋ ᠲᠡᠷᠢᠭᠦᠯᠡᠭ᠌ᠴᠢ᠎ᠪᠡᠷ ᠰᠣᠩᠭᠣᠭ᠍ᠳᠠᠪᠠ; ᠸᠠᠩ ᠴᠠᠩ ᠴᠢᠩ᠂ ᠴᠢᠶᠧ ᠭᠦᠸᠧ ᠱᠠᠨ᠂ ᠶᠠᠩ ᠸᠧᠢ ᠳ᠋ᠦᠩ᠂ ᠵᠠᠩ ᠪᠥᠸᠧ᠂ ᠬᠤᠤ ᠮᠢᠩ ᠱᠧᠩ᠂ ᠭᠤᠤ ᠸᠠᠩ ᠳ᠋ᠦᠩ᠂ ᠨᠣᠮᠢᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠎ᠢᠶᠡᠷ ᠰᠣᠩᠭᠣᠭ᠍ᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号