16 ᠬᠤᠪᠢ ᠰᠠᠨᠠᠯ ᠵᠥᠪᠯᠡᠯᠭᠡ᠎ᠶ᠋ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠶᠡᠬᠡ ᠬᠤᠷᠠᠯ᠎ᠤᠨ ᠰᠠᠨᠠᠯ ᠵᠥᠪᠯᠡᠯᠭᠡ᠎ᠪᠡᠷ ᠲᠣᠭ᠍ᠲᠠᠭᠠᠵᠠᠢ
2026-02-08 11:42:26
ᠵᠣᠬᠢᠶᠠᠭ᠍ᠴᠢ᠄
ᠸᠠᠩ ᠬᠤᠤ ᠱᠢᠤᠸᠠᠢ ᠱᠢᠶᠤᠤ ᠹᠠᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠤᠳᠠᠭ᠎ᠠ ᠵᠢᠨ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠪᠠᠲᠤᠯᠠᠵᠤ᠂ ᠮᠡᠳᠡᠭᠦᠯᠦᠯᠲᠡ᠎ᠶ᠋ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠬᠤ᠎ᠪᠠᠷ ᠲᠣᠭ᠍ᠲᠠᠪᠠ᠃

ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠦᠨᠳᠦᠰᠦᠨ ᠬᠠᠤᠯᠢ᠂ ᠬᠠᠤᠯᠢ ᠴᠠᠭᠠᠵᠠ᠎ᠡᠴᠡ ᠣᠯᠭᠣᠭ᠍ᠰᠠᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠢᠳᠡᠪᠬᠢᠲᠡᠶ᠎ᠪᠡᠷ ᠰᠠᠨᠠᠯ ᠵᠥᠪᠯᠡᠯᠭᠡ ᠳᠤᠷᠠᠳᠪᠠ᠃ ᠶᠡᠬᠡ ᠬᠤᠷᠠᠯ᠎ᠡᠴᠡ ᠲᠣᠭ᠍ᠲᠠᠭᠠᠭ᠍ᠰᠠᠨ ᠰᠠᠨᠠᠯ ᠵᠥᠪᠯᠡᠯᠭᠡ᠎ᠲᠤᠷᠠᠳᠬᠤ ᠬᠠᠮᠤᠭ᠎ᠤᠨ ᠡᠴᠤᠰ ᠤ᠋ᠨ ᠬᠢᠵᠠᠭᠠᠷᠯᠠᠬᠤ ᠴᠠᠭ (2 ᠰᠠᠷ᠎ᠠ᠎ᠶ᠋ᠢᠨ 5 ᠎ᠤ᠋ ᠡᠳᠦᠷ᠎ᠦᠨ 12 ᠴᠠᠭ) ᠪᠣᠯᠲᠠᠯ᠎ᠠ ᠶᠡᠭᠡ ᠬᠤᠷᠠᠯ ᠡᠴᠡ ᠨᠡᠢ᠌ᠲᠡ 18 ᠬᠤᠪᠢ ᠰᠠᠨᠠᠯ ᠵᠥᠪᠯᠡᠯᠭᠡ᠎ᠶ᠋ᠢ ᠲᠤᠰᠤᠨ ᠤᠯᠪᠠ᠃

ᠬᠤᠷᠠᠯ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠬᠤ ᠵᠥᠪᠯᠡᠯ ᠡᠯ᠎ᠡ ᠵᠦᠶ᠋ᠯ᠎ᠦᠨ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠶ ᠬᠢᠨᠠᠨ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠬᠠᠳᠤᠯᠠᠩ ᠪᠡᠯᠴᠢᠭᠡᠷ᠎ᠢ ᠬᠠᠮᠠᠭᠠᠯᠠᠨ ᠠᠱᠢᠭ᠍ᠯᠠᠬᠤ ᠲᠦᠷᠢᠮ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠦᠷᠢᠮ ᠵᠡᠷᠭᠡ 16 ᠬᠤᠪᠢ ᠰᠠᠨᠠᠯ ᠵᠥᠪᠯᠡᠯᠭᠡ᠎ᠶ᠋ᠢ ᠰᠠᠨᠠᠯ ᠵᠥᠪᠯᠡᠯᠭᠡ ᠪᠤᠯᠭᠠᠨ ᠱᠢᠶ᠋ᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号