2 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠣᠷᠣᠯᠴᠠᠵᠤ ᠪᠠᠢᠭ᠎ᠠ ᠠᠷᠠᠳ᠎ᠤᠨ ᠲᠥᠯᠥᠭᠡᠯᠡᠭ᠌ᠴᠢᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ᠃
ᠬᠢᠨᠠᠨ ᠵᠥᠪᠯᠡᠬᠰᠡᠨ ᠲᠥᠯᠥᠭᠡᠯᠡᠭ᠌ᠴᠢᠳ᠎ᠡᠴᠡ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠠᠵᠢᠯ᠎ᠤᠨ ᠮᠡᠳᠡᠭᠦᠯᠦᠯᠲᠡ ᠨᠢ ᠠᠮᠵᠢᠯᠲᠠ ᠪᠦᠲᠦᠮᠵᠢ᠎ᠶ᠋ᠢ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠠᠵᠢᠯ᠎ᠤᠨ ᠪᠠᠢᠷᠢᠯᠠᠭᠤᠯᠤᠯᠲᠠ᠎ᠶ᠋ᠢᠨ ᠭᠣᠣᠯᠳᠠᠯᠭ᠎ᠠ ᠨᠢ ᠲᠣᠳᠣᠷᠬᠠᠢ᠂ ᠠᠷᠭ᠎ᠠ ᠬᠡᠮᠵᠢᠶ᠎ᠡ ᠨᠢ ᠬᠦᠴᠦᠲᠡᠢ ᠪᠠᠢᠵᠤ᠂ ᠬᠠᠤᠯᠢ᠎ᠪᠡᠷ ᠵᠠᠰᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠭ᠌ᠰᠡᠨ ᠰᠠᠢ᠌ᠨ ᠮᠡᠳᠡᠭᠦᠯᠦᠯᠲᠡ ᠪᠣᠯᠵᠠᠢ ᠭᠡᠵᠦ᠍ ᠰᠠᠨᠠᠯ ᠨᠢᠭᠡᠲᠡᠢ ᠦᠵᠡᠵᠡᠬᠡᠪᠡ᠃
《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠳᠦ ᠲᠣᠭ᠎ᠠ ᠪᠠᠷᠢᠮᠲᠠ᠎ᠪᠠᠷ ᠦᠭᠦᠯᠡᠬᠦ᠂ ᠬᠡᠷᠡᠭ᠎ᠦᠨ ᠵᠢᠱ᠌ᠢᠶ᠎ᠡ᠎ᠪᠡᠷ ᠬᠠᠤᠯᠢ ᠵᠢ ᠲᠠᠢᠯᠪᠤᠷᠢᠯᠠᠬᠤ᠎ᠶ᠋ᠢ ᠴᠢᠬᠤᠯᠠᠴᠢᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠠᠮᠠᠭᠠᠯᠠᠬᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠠᠬᠢᠭᠤᠯᠬᠤ᠂ ᠠᠷᠠᠳ ᠲᠦᠮᠡᠨ᠎ᠦ ᠠᠮᠤᠷ ᠲᠠᠢᠪᠤᠩ ᠠᠵᠤ ᠲᠦᠷᠦᠭᠦ᠎ᠶ᠋ᠢ ᠪᠠᠲᠤᠯᠠᠬᠤ ᠵᠡᠷᠭᠡ ᠲᠠᠯ᠎ᠠ᠎ᠪᠠᠷ ᠣᠯᠤᠭ᠍ᠰᠠᠨ ᠢᠯᠡᠷᠬᠡᠢ ᠦᠷ᠎ᠡ ᠪᠦᠲᠦᠮᠵᠢ᠎ᠶ᠋ᠢ ᠢᠯᠡᠷᠡᠭᠦᠯᠪᠡ᠃ ᠢᠷᠭᠡᠨ᠎ᠦ ᠬᠡᠷᠡᠭ᠎ᠦᠨ ᠱᠢᠭᠦᠨ ᠲᠠᠰᠤᠯᠤᠯᠲᠠ᠎ᠶ᠋ᠢᠨ ᠠᠵᠢᠯ᠎ᠨᠢ ᠠᠷᠠᠳ ᠣᠯᠠᠨ᠎ᠤ ᠦᠶ᠋ᠯᠡᠳᠪᠦᠷᠢᠯᠡᠯ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠪᠢ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠨᠠᠷᠢᠪᠴᠢᠶᠢᠨᠬᠡᠮᠵᠢᠶᠡ ᠪᠠ ᠣᠨᠣᠪᠴᠢ᠎ᠶ᠋ᠢᠨ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠠᠤᠯᠢ᠎ᠪᠡᠷ ᠲᠠᠰᠤᠯᠬᠤ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠵᠤ᠂ ᠮᠠᠷᠭᠤᠭᠠᠨ᠎ᠢ ᠵᠤᠭᠰᠤᠭᠠᠬᠤ᠎ᠵᠢ ᠠᠷᠠᠳ ᠲᠦᠮᠡᠨ᠎ᠦ ᠰᠡᠳᠭᠢᠯ᠎ᠳᠦ ᠬᠦᠷᠲᠡᠯ᠎ᠡ ᠬᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠬᠡᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ᠎ᠶᠢᠨ ᠢᠷᠭᠡᠨ᠎ᠦ ᠬᠡᠷᠡᠭ᠎ᠦᠨ ᠱᠢᠭᠦᠨ ᠲᠠᠰᠤᠯᠤᠯᠲᠠ᠎ᠶ᠋ᠢᠨ ᠨᠢᠭᠡᠳᠦᠭᠡᠷ ᠲᠢᠩᠬᠢᠮ᠎ᠦᠨ ᠳᠡᠳ᠋ ᠳᠠᠷᠤᠭ᠎ᠠ ᠵᠠᠩ ᠵᠸ ᠭᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠥᠯᠥᠨ ᠪᠤᠢ᠌ᠷ ᠬᠤᠳᠠ᠎ᠶ᠋ᠢᠨ ᠤᠢ ᠱᠢᠭᠤᠢ ᠪᠠ ᠨᠤᠲᠤᠭ ᠪᠡᠯᠴᠢᠭᠡᠷ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠤᠢ ᠱᠢᠭᠤᠢ᠎ᠶ᠋ᠢᠨ ᠰᠤᠳᠤᠯᠭᠠᠨ᠎ᠤ ᠲᠠᠰᠤᠭ᠎ᠤᠨ ᠡᠷᠬᠢᠯᠡᠭ᠌ᠴᠢ ᠨᠢᠩ ᠱᠢᠨ ᠵᠧ᠂ ᠲᠤᠬᠠᠢ᠎ᠶ᠋ᠢᠨ ᠲᠠᠯᠠᠪᠠᠢ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠭᠠᠳ᠂ ᠥᠩᠭᠡᠷᠡᠭ᠌ᠰᠡᠨ ᠨᠢᠭᠡ ᠵᠢᠯ᠎ᠦᠨ ᠲᠤᠷᠰᠢ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ ᠴᠢᠨᠠᠷ ᠰᠠᠢᠲᠠᠢ ᠬᠥᠭ᠌ᠵᠢᠯᠲᠡ ᠪᠠ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠵᠤ᠂ ᠠᠷᠠᠳ᠎ᠤᠨ ᠲᠥᠯᠥᠭᠡ ᠪᠠᠢᠴᠠᠭᠠᠬᠤ ᠠᠵᠢᠯ᠎ᠢ ᠦᠷᠨᠢᠬᠦᠯᠬᠦ ᠵᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠴᠢᠨᠠᠷ ᠰᠠᠢᠲᠠᠢ᠎ᠪᠠᠷ ᠬᠡᠷᠡᠭ ᠱᠢᠢᠳᠪᠦᠷᠢᠯᠡᠵᠦ᠍ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠵᠤ᠂ ᠠᠵᠢᠯ᠎ᠳᠠᠭᠠᠨ ᠴᠠᠭᠠᠷᠠᠭ᠍ᠰᠠᠨ ᠪᠠᠢᠴᠠᠭᠠᠬᠤ ᠡᠩᠨᠡᠭᠡ᠎ᠶ᠋ᠢ ᠶᠡᠬᠡᠪᠡᠷ ᠳᠠᠪᠲᠠᠨ ᠪᠣᠯᠪᠠᠰᠤᠷᠠᠭᠤᠯᠬᠤ ᠵᠡᠷᠭᠡ ᠲᠠᠯ᠎ᠠ᠎ᠪᠠᠷ ᠤᠯᠤᠬᠰᠠᠨ ᠠᠵᠢᠯ᠎ᠤᠨ ᠪᠣᠳᠠᠲᠤ ᠠᠮᠵᠢᠯᠲᠠ ᠪᠠ ᠭᠠᠷᠭᠠᠭ᠍ᠰᠠᠨ ᠴᠢᠷᠮᠠᠢᠯᠭ᠎ᠠ᠎ᠶ᠋ᠢ ᠭᠦᠢᠴᠡᠳ ᠮᠡᠳᠡᠷᠡᠵᠦ᠍ ᠤᠯᠪᠠ᠃ ᠠᠵᠢᠯ᠎ᠤᠨ ᠮᠡᠳᠡᠬᠦᠯᠦᠯᠳᠡ ᠨᠢ ᠠᠷᠠᠳ ᠲᠦᠮᠡᠨ᠎ᠢ ᠳᠡᠭᠡᠳᠦᠯᠡᠬᠦ᠌᠂ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠡᠭᠦᠷᠭᠡᠯᠡᠯ᠎ᠢ ᠢᠯᠡᠷᠡᠭᠦᠯᠪᠡ ᠭᠡᠵᠡᠢ᠃
ᠲᠦᠯᠦᠬᠡᠯᠡᠭᠴᠢᠳ ᠬᠣᠢᠱᠢᠳᠠ᠎ᠶ᠋ᠢᠨ ᠠᠵᠢᠯ᠎ᠤᠨ ᠳᠤᠮᠳᠠ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠱᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠦᠷᠭᠦᠯᠵᠢᠯᠡᠨ ᠪᠣᠳᠠᠲᠠᠢ ᠠᠳᠭᠤᠵᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠬᠦᠴᠦᠲᠡᠢ ᠬᠠᠤᠯᠢ ᠪᠠᠷᠢᠬᠤ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠦᠰᠡᠯ ᠵᠢᠡᠨ ᠢᠯᠡᠳᠬᠡᠪᠡ᠃