ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ 1080 ᠬᠤᠪᠢ ᠰᠠᠨᠠᠯ ᠳᠤᠷᠠᠳᠤᠯᠭ᠎ᠠ ᠬᠤᠷᠢᠶᠠᠨ ᠤᠯᠪᠠ
2026-02-08 11:50:18
ᠵᠣᠬᠢᠶᠠᠭ᠍ᠴᠢ᠄
ᠱᠢᠤᠢ ᠵᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ 2 ᠰᠠᠷ᠎ᠠ᠎ᠶ᠋ᠢᠨ 5 ᠤ᠋ 12 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠨᠡᠢ᠌ᠳᠡ 1080 ᠬᠤᠪᠢ ᠰᠠᠨᠠᠯ ᠳᠤᠷᠠᠳᠤᠯᠭ᠎ᠠ ᠬᠤᠷᠢᠶᠠᠨ ᠤᠯᠵᠠᠢ᠃ ᠬᠢᠨᠠᠨ ᠪᠠᠢᠴᠠᠭᠠᠬᠤ ᠪᠡᠷ ᠲᠠᠮᠵᠢᠭᠠᠳ 780 ᠬᠤᠪᠢ ᠰᠠᠨᠠᠯ ᠲᠤᠷᠠᠳᠤᠯᠭ᠎ᠠ ᠵᠢ ᠳᠡᠩᠰᠡᠯᠡᠵᠦ᠍᠂ 130 ᠬᠤᠪᠢ ᠰᠠᠨᠠᠯ ᠲᠤᠷᠠᠳᠤᠯᠭ᠎ᠠ ᠵᠢ ᠨᠡᠢᠯᠡᠬᠦᠯᠵᠤ᠂ 170 ᠬᠤᠪᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ ᠤ᠋ ᠮᠡᠳᠡᠭᠡ ᠵᠠᠩᠭᠢ᠎ᠶ᠋ᠢ ᠲᠠᠮᠵᠢᠭᠤᠯᠬᠤ ᠪᠡᠷ ᠪᠠᠢᠨ᠎ᠠ᠃

ᠲᠤᠰ ᠤᠳᠠᠭ᠎ᠠ᠎ᠶ᠋ᠢᠨ ᠬᠤᠷᠠᠯ ᠳᠡᠭᠡᠷ᠎ᠡ᠂ ᠪᠦᠬᠦ᠌ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠪᠣᠯᠤᠨ ᠡᠯ᠎ᠡ ᠲᠤᠰᠭᠠᠢ ᠵᠥᠪᠯᠡᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠪᠬᠢᠲᠡᠢ᠎ᠪᠡᠷ ᠰᠠᠨᠠᠯ ᠳᠤᠷᠠᠳᠤᠯᠭ᠎ᠠ᠎ᠶ᠋ᠢ ᠬᠡᠷᠡᠭ᠌ᠯᠡᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ᠃ ᠡᠭᠦᠨ᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 68 ᠬᠤᠪᠢ ᠪᠠᠢᠵᠤ᠂ 8.7% ᠵᠢ ᠡᠵᠡᠯᠡᠪᠡ; ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 151 ᠬᠤᠪᠢ ᠪᠠᠢᠵᠤ᠂ 19.4 %᠎ᠶ᠋ᠢ ᠡᠵᠡᠯᠡᠪᠡ; ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 105 ᠬᠤᠪᠢ ᠪᠠᠢᠵᠤ᠂ 13.5% ᠶ᠋ᠢ ᠡᠵᠡᠯᠡᠪᠡ; ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ᠎ᠲᠠᠯ᠎ᠠ ᠪᠡᠷ ᠬᠢ ᠰᠠᠨᠠᠯ ᠲᠤᠷᠠᠳᠤᠯᠭ᠎ᠠ 156 ᠬᠤᠪᠢ ᠪᠠᠢᠵᠤ᠂ 20% ᠶ᠋ᠢ ᠡᠵᠡᠯᠡᠪᠡ; ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠳᠦᠭᠡᠭᠳᠡᠬᠦᠨ ᠤ᠋ ᠦᠶ᠋ᠯᠡᠳᠪᠦᠷᠢᠯᠡᠯ᠎ᠦᠨ ᠰᠠᠭᠤᠷᠢᠨ ᠢ᠋ ᠪᠦᠲᠦᠭᠡᠨ ᠪᠠᠢᠭᠤᠯᠬᠤ ᠲᠠᠯ᠎ᠠ᠎ᠪᠠᠷ ᠬᠢ ᠰᠠᠨᠠᠯ ᠲᠤᠷᠠᠳᠤᠯᠭ᠎ᠠ120 ᠬᠤᠪᠢ ᠪᠠᠢᠵᠤ᠂ 15.4 % ᠶ᠋ᠢ ᠡᠵᠡᠯᠡᠪᠠ; ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 108 ᠬᠤᠪᠢ ᠪᠠᠢᠵᠤ᠂ 13.8% ᠶ᠋ᠢ ᠡᠵᠡᠯᠡᠪᠡ; ᠪᠤᠰᠤᠳ ᠲᠠᠯ᠎ᠠ᠎ᠶ᠋ᠢᠨ ᠰᠠᠨᠠᠯ ᠲᠤᠷᠠᠳᠤᠯᠭ᠎ᠠ 72 ᠬᠤᠪᠢ ᠪᠠᠢᠵᠤ᠂ 9.2% ᠢ᠋ ᠡᠵᠡᠯᠡᠪᠠ᠃

ᠲᠤᠰ ᠤᠳᠠᠭ᠎ᠠ᠎ᠶ᠋ᠢᠨ ᠬᠤᠷᠠᠯ᠎ᠤᠨ ᠬᠤᠭᠤᠴᠠᠭᠠᠨ᠎ᠳᠤ᠂ ᠪᠦᠬᠦ᠌ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠪᠣᠯᠤᠨ ᠡᠯ᠎ᠡ ᠲᠤᠰᠭᠠᠢ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠨᠠᠯ ᠳᠤᠷᠠᠳᠤᠯᠭ᠎ᠠ ᠳᠡᠪᠱᠢᠭᠦᠯᠵᠦ᠍᠂ ᠰᠠᠨᠠᠯ ᠳᠤᠷᠠᠳᠤᠯᠭ᠎ᠠ᠎ᠶ᠋ᠢᠨ ᠰᠡᠳᠦᠪ ᠰᠤᠨᠭᠭᠤᠯᠳᠠ ᠵᠢᠨ ᠴᠢᠭ᠌ᠯᠡᠯ᠎ᠢ ᠨᠡᠩ ᠣᠨᠣᠪᠴᠢᠲᠠᠢ᠂ ᠪᠠᠢᠴᠠᠭᠠᠨ ᠰᠤᠳᠤᠯᠬᠤ ᠨᠤᠲᠠᠯᠠᠯᠳᠠ᠎ᠶ᠋ᠢ ᠨᠡᠩ ᠭᠦᠨᠵᠡᠭᠡᠢ᠂ ᠠᠷᠭ᠎ᠠ ᠪᠤᠳᠤᠯᠭ᠎ᠠ ᠰᠠᠨᠠᠭᠤᠯᠭ᠎ᠠ᠎ᠶ᠋ᠢ ᠨᠡᠩ ᠪᠣᠳᠠᠲᠠᠢ᠂ ᠰᠠᠨᠠᠯ ᠳᠤᠷᠠᠳᠤᠯᠭ᠎ᠠ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠦᠬᠦᠯᠢ ᠴᠣᠭ᠍ᠴᠠ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃

ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ᠎ᠯᠤᠭ᠎ᠠ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ᠂ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ᠎ᠶ᠋ᠢ ᠬᠤᠯᠪᠤᠬᠳᠠᠯ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠬᠦ᠌ ᠪᠣᠯᠤᠨ᠎ᠠ᠃ ᠲᠣᠰ ᠤᠳᠠᠭ᠎ᠠ ᠵᠢᠨ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠲᠤᠷᠠᠳᠬᠤ ᠴᠠᠭ᠎ᠤᠨ ᠬᠢᠵᠠᠭᠠᠷ ᠦᠩᠭᠡᠷᠡᠭᠰᠡᠨ᠎ᠤ ᠲᠠᠷᠠᠭ᠎ᠠ ᠬᠦᠯᠢᠶᠡᠨ ᠠᠪᠤᠭᠰᠠᠨ ᠰᠠᠨᠠᠯ ᠳᠤᠷᠠᠳᠤᠯᠭ᠎ᠠ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠠᠷ ᠴᠠᠭ ᠲᠤᠬᠠᠶ᠎ᠳᠤᠨᠢ ᠬᠢᠨᠠᠨ ᠪᠠᠢᠴᠠᠭᠠᠵᠤ᠂ ᠬᠡᠷᠡᠭ ᠪᠣᠯᠭᠠᠨ ᠳᠠᠩᠰᠠᠯᠠᠭ᠍ᠰᠠᠨ᠎ᠤ ᠳᠠᠷᠠᠭ᠎ᠠ ᠬᠣᠯᠪᠣᠭ᠍ᠳᠠᠯ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号