— ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ ᠪᠤᠯᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠣᠯᠠᠨ᠎ᠤ ᠣᠶᠤᠨ ᠤᠬᠠᠭᠠᠨ᠎ᠢ ᠨᠢᠭᠳᠠᠷᠠᠭᠤᠯᠵᠤ᠂ ᠲᠦᠮᠡᠨ᠎ᠤ ᠬᠦᠴᠦᠨ ᠴᠢᠳᠠᠯ᠎ᠢ ᠲᠦᠪᠯᠡᠷᠡᠭᠦᠯᠵᠦ᠂ ᠱᠢᠨ᠎ᠡ ᠪᠠᠢᠳᠠᠯ᠎ᠢ ᠡᠬᠥᠳᠴᠤ᠂ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ ᠪᠥᠬᠥ᠌ ᠠᠷᠠᠳ᠎ᠤᠨ ᠲᠥᠯᠥᠭᠡᠯᠡᠭ᠌ᠴᠢᠳ᠂ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠶ᠋ᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠬᠠᠵᠤ᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠭ᠍ᠰᠠᠨ᠂ ᠡᠷᠡᠯᠬᠡᠭ᠌ᠯᠡᠨ ᠤᠷᠤᠭ᠍ᠰᠢᠯᠠᠭ᠍ᠰᠠᠨ ᠬᠠᠯᠠᠭᠤᠨ ᠠᠭᠤᠷ ᠠᠮᠢᠰᠭᠤᠯ᠎ᠤᠨ ᠳᠤᠮᠳᠠ ᠢᠯᠠᠯᠳᠠ᠎ᠲᠠᠶ ᠲᠡᠭᠦᠰᠪᠡ᠃ ᠪᠢᠳᠡ ᠬᠣᠶᠠᠷ ᠬᠤᠷᠠᠯ᠎ᠤᠨ ᠲᠡᠭᠦᠰ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ! ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠲᠥᠯᠥᠭᠡᠯᠡᠭ᠌ᠴᠢᠳ ᠭᠡᠱᠢᠭᠦᠤᠨ ᠲᠸ᠋ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠤ ᠪᠠᠢᠨ᠎ᠠ!
ᠡᠨᠡ ᠵᠢᠯ᠎ᠦᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠴᠢᠬᠤᠯᠠ ᠵᠠᠩᠭᠢᠯᠠᠭ᠎ᠠ᠎ᠶ᠋ᠢᠨ ᠴᠠᠭ᠎ᠲᠤ ᠬᠤᠷᠠᠯᠳᠤᠭᠤᠯᠤᠭᠰᠠᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ ᠡᠴᠡ ᠡᠨᠡ ᠵᠢᠯ᠎ᠦᠨ ᠠᠵᠢᠯ᠎ᠤᠨ ᠶᠡᠷᠦᠩᠬᠡᠢ ᠱᠠᠭᠠᠷᠳᠠᠯᠭ᠎ᠠ᠂ ᠭᠣᠣᠯ ᠵᠢᠱ᠌ᠢᠭ᠌ᠰᠡᠨ ᠬᠠᠷᠠᠯᠲᠠ᠎ᠶ᠋ᠢ ᠲᠣᠭ᠍ᠲᠠᠭᠠᠪᠠ᠂ ᠡᠨᠡ ᠨᠢ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠲᠤᠷ ᠠᠯᠬᠤᠬᠤ᠎ᠶ᠋ᠢ ᠪᠠᠲᠤᠯᠠᠬᠤ 《ᠪᠠᠷᠢᠯᠭ᠎ᠠ᠎ᠶ᠋ᠢᠨ ᠵᠢᠷᠤᠭ》 ᠪᠣᠯᠬᠤ ᠪᠥᠭᠡᠳ ᠪᠠᠰᠠ ᠣᠷᠣᠨ ᠳᠠᠶᠠᠭᠠᠷ ᠤ᠋ᠨ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠬᠥᠭ᠌ᠵᠢᠭᠡᠬᠦ᠌ 《ᠳᠠᠢ᠌ᠴᠢᠯᠠᠯᠳᠠ᠎ᠶ᠋ᠢᠨ ᠵᠠᠷᠯᠢᠭ》 ᠪᠣᠯᠤᠨ᠎ᠠ᠃ ᠪᠦᠬᠦ᠌ ᠣᠷᠣᠨ᠎ᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠦᠨᠡᠨ ᠬᠦ᠌ ᠬᠣᠶᠠᠷ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠶᠡᠬᠡ ᠬᠤᠷᠠᠯ ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《 1571 》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠵᠠᠮ ᠤᠨ ᠵᠢᠷᠤᠭ》 ᠢ᠋ 《ᠪᠠᠷᠢᠯᠭ᠎ᠠ ᠵᠢᠨ ᠵᠢᠷᠤᠭ》 ᠪᠣᠯᠭᠠᠵᠤ᠂ ᠬᠦᠰᠡᠯ ᠡᠷᠡᠮᠡᠯᠵᠡᠯ᠎ᠢ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠪᠡᠷ ᠬᠦᠴᠦᠯᠡᠨ ᠴᠢᠷᠮᠠᠢᠬᠤ ᠬᠡᠷᠡᠭ᠌ᠲᠡᠢ᠃
ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠳ᠋ᠤ᠂ ᠢᠲᠡᠭᠡᠯ ᠵᠣᠷᠢᠭ᠎ᠢᠶᠠᠨ ᠬᠥᠪᠴᠢᠯᠡᠨ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠬᠤ ᠬᠡᠷᠡᠭᠳᠠᠢ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠶᠡᠷᠦᠩᠬᠡᠢᠯᠡᠭ᠌ᠰᠡᠨ ᠠᠵᠤ ᠠᠬᠤᠶ᠎ᠶ᠋ᠢᠨ ᠪᠣᠳᠠᠲᠤ ᠬᠦᠴᠦᠨ ᠶᠡᠬᠡᠪᠡᠷ ᠳᠡᠭᠡᠭ᠌ᠰᠢᠯᠡᠵᠦ᠍᠂ ᠤᠯᠤᠰ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠢᠲᠠᠶ ᠬᠥᠭ᠌ᠵᠢᠯᠲᠡ ᠯᠠᠪᠳᠠᠭᠤᠨ᠎ᠢᠶᠠᠷ ᠠᠭᠢᠵᠤ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠤᠯᠠᠮ ᠨᠢᠭᠡ ᠠᠯᠬᠤᠮ ᠪᠡᠬᠢᠵᠢᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠥᠬᠡᠶ ᠨᠡᠮᠡᠭ᠌ᠳᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠦᠷᠭᠦᠯᠵᠢᠯᠡᠨ ᠪᠡᠬᠢᠵᠢᠵᠦ᠍᠂ ᠪᠢᠳᠡᠨ᠎ᠦ ᠠᠯᠬᠤᠮ ᠨᠢᠭᠡᠪᠦᠷᠢ ᠪᠠᠨ ᠴᠥᠮ ᠮᠠᠰᠢ ᠪᠠᠲᠤ ᠴᠢᠩᠭ᠎ᠠ᠂ ᠮᠠᠰᠢ ᠬᠦᠴᠦᠲᠡᠶ ᠠᠯᠬᠤᠪᠠ᠃ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠭᠰᠡᠨ᠎ᠳᠤ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠂ ᠣᠷᠣᠨ ᠳᠠᠶᠠᠭᠠᠷ᠎ᠤᠨ ᠴᠢᠷᠮᠠᠢᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠠᠰᠠ ᠴᠤ᠌ ᠪᠢᠳᠡᠨ ᠦ 《ᠠᠷᠪᠠᠨ ᠲᠠᠪᠤᠳᠤᠭᠠᠷ ᠲᠠᠪᠤᠨ ᠵᠢᠯ》 ᠳ᠋ᠤ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠵᠣᠷᠢᠭ ᠪᠠ ᠢᠳᠡ ᠬᠦᠴᠦᠨ ᠮᠥᠨ᠃
ᠱᠢᠨ᠎ᠡ ᠵᠢᠯ ᠡᠬᠢᠯᠡᠵᠤ᠂ ᠱᠢᠨ᠎ᠡ ᠬᠠᠭᠤᠳᠠᠰᠤ ᠳᠡᠯᠭᠡᠭᠳᠡᠵᠤ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠩ ᠡᠷᠡᠰ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠲᠡᠭᠡᠯ ᠵᠣᠷᠢᠭ᠎ᠢᠶᠠᠨ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠮᠤᠭ ᠵᠣᠷᠢᠭ᠎ᠢᠶᠠᠨ ᠠᠵᠢᠯᠯᠠᠬᠤ ᠬᠦᠴᠦᠨ ᠪᠤᠯᠭᠠᠵᠤ᠂ ᠪᠣᠳᠠᠲᠠᠶ ᠠᠵᠢᠯ᠎ᠤᠨ ᠦᠷ᠎ᠡ ᠪᠦᠲᠦᠮᠵᠢ᠎ᠪᠡᠷ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃
ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠳ᠋ᠤ᠂ ᠨᠠᠢᠳᠠᠪᠤᠷᠢᠵᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠣᠳᠠᠲᠠᠢ ᠠᠵᠢᠯᠯᠠᠬᠤ ᠬᠡᠷᠡᠭ᠌ᠲᠡᠢ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠴᠢᠬᠤᠯᠠ ᠨᠢᠭᠡ ᠵᠢᠯ ᠪᠣᠯᠤᠨ᠎ᠠ᠃ ᠣᠳᠣᠬᠠᠨ᠎ᠳᠤ᠂ ᠣᠷᠣᠨ ᠳᠠᠶᠠᠭᠠᠷ ᠶᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠠᠳᠤ ᠡᠵᠡᠮᠳᠡᠵᠤ᠂ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍ ᠪᠤᠢ᠃ ᠭᠠᠭ᠍ᠴᠠ ᠬᠦ᠌ ᠥᠷᠯᠥᠭᠡ ᠦᠳᠡᠰᠢ᠎ᠶ᠋ᠢ ᠲᠡᠮᠡᠴᠡᠵᠦ᠍᠂ ᠦᠷᠭᠦᠯᠵᠢᠯᠡᠨ ᠲᠡᠮᠡᠴᠡᠬᠦ᠌᠎ᠳᠦ᠂ ᠪᠢᠳᠡ ᠡᠷᠬᠡᠪᠰᠢ ᠵᠣᠷᠢᠭ ᠱᠢᠭᠤᠳᠴᠤ᠌᠂ ᠡᠷᠴᠢ ᠵᠣᠷᠢᠭ᠎ᠢᠶᠠᠨ ᠬᠥᠪᠴᠢᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠶᠡᠷᠦᠩᠬᠡᠢ ᠭᠠᠷᠳᠠᠴᠠ ᠵᠢ ᠪᠠᠲᠤ ᠡᠵᠡᠮᠳᠡᠵᠦ᠍᠂ ᠥᠭᠡᠷᠡᠴᠢᠯᠡᠯᠲᠡ ᠨᠡᠬᠡᠬᠡᠯᠳᠡ᠎ᠶ᠋ᠢᠨ 《 ᠵᠠᠩᠭᠢᠯᠠᠭ᠎ᠠ᠎ᠶ᠋ᠢᠨ ᠠᠷᠭ᠎ᠠ》 ᠵᠢ ᠰᠠᠢᠲᠤᠷ ᠬᠡᠷᠡᠭ᠌ᠯᠡᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ 《ᠲᠡᠷᠢᠭᠦᠨ ᠴᠢᠬᠤᠯᠠ ᠶᠠᠪᠤᠳᠠᠯ》 ᠢ᠋ ᠰᠠᠢᠲᠤᠷ ᠬᠢᠵᠦ᠍᠂ ᠨᠢᠭᠡ ᠨᠢᠭᠡ ᠠᠯᠬᠤᠮ᠎ᠢᠶᠠᠷ ᠬᠢᠵᠦ᠍᠂ ᠦᠶ᠎ᠠ ᠵᠢᠨ ᠦᠶ᠎ᠠ ᠳ᠋ᠡᠭᠡᠨ ᠬᠢᠵᠦ᠍᠂ 《ᠴᠠᠭ ᠢᠮᠠᠭ᠍ᠲᠠ ᠰᠡᠳᠭᠢᠯ ᠲᠠᠯᠪᠢᠬᠤ》 ᠬᠠᠷᠢᠭᠤᠴᠠᠯᠭᠠᠲᠤ ᠰᠡᠳᠭᠢᠯᠭᠡ ᠪᠣᠯᠤᠨ 《ᠶᠠᠪᠤᠳᠠᠯ ᠪᠦᠬᠦᠨ᠎ᠢ ᠪᠣᠳᠠᠲᠠᠢ᠎ᠳᠤ ᠨᠠᠢᠳᠠᠪᠤᠷᠢᠵᠢᠭᠤᠯᠬᠤ》 ᠬᠡᠷᠡᠭ᠌ᠵᠢᠭᠦᠯᠬᠦ᠌ ᠬᠦᠴᠦᠨ᠎ᠢᠶᠡᠷ ᠰᠠᠢ᠌ᠨ ᠰᠠᠢᠬᠠᠨ ᠵᠢᠷᠤᠭ ᠲᠥᠯᠥᠪᠯᠡᠭᠡ᠎ᠶ᠋ᠢ ᠥᠪᠥᠷ ᠮᠣᠩᠭᠣᠯ᠎ᠤᠨ ᠡᠬᠡ ᠭᠠᠵᠠᠷ᠎ᠤᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭ᠌ᠲᠡᠢ᠃
ᠰᠠᠢᠨ ᠡᠬᠢᠯᠡᠯᠳᠡ ᠲᠠᠢ ᠪᠤᠯᠭᠠᠵᠤ᠂ ᠠᠩᠬᠠᠨ ᠤ᠋ ᠠᠯᠬᠤᠭ᠎ᠠ ᠵᠢ ᠰᠠᠢᠳᠤᠷ ᠠᠯᠬᠤᠬᠤ ᠳ᠋ᠤ᠂ ᠰᠡᠳᠭᠢᠯ ᠨᠢᠭᠡᠳᠦᠨ ᠬᠦᠴᠦᠨ ᠵᠢᠡᠨ ᠬᠠᠮᠲᠤᠳᠭᠠᠵᠤ ᠱᠢᠨ᠎ᠡ ᠬᠠᠭᠤᠳᠠᠰᠤ᠎ᠶ᠋ᠢ ᠲᠠᠬᠢᠨ ᠪᠢᠴᠢᠭ᠌ᠯᠡᠬᠦ ᠭᠡᠷᠡᠭᠳᠠᠢ᠃ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳᠤᠮᠳᠠ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠳᠦᠯ᠎ᠢ ᠭᠦᠢᠴᠡᠳ ᠪᠠᠳᠠᠷᠠᠭᠤᠯᠬᠤ ᠴᠢᠬᠤᠯᠠᠲᠠᠢ᠂ ᠡᠯ᠎ᠡ ᠲᠠᠯ᠎ᠠ᠎ᠶ᠋ᠢᠨ ᠬᠢᠨ ᠢᠳᠡᠪᠬᠢᠲᠡᠢ ᠣᠷᠣᠯᠴᠠᠵᠤ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ᠎ᠢᠶᠠᠨ ᠡᠷᠭᠦᠬᠦ᠌ ᠴᠢᠬᠤᠯᠠᠲᠠᠢ᠃ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠬᠢᠶᠠᠨ ᠪᠠᠢᠭᠤᠯᠤᠯᠲᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠵᠤ᠂ ᠠᠵᠢᠯ᠎ᠤᠨ ᠶᠠᠰᠤ ᠴᠢᠨᠠᠷ ᠪᠠ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ᠃ ᠥᠷᠭᠡᠨ ᠤᠯᠠᠨ ᠲᠥᠯᠥᠭᠡᠯᠡᠭ᠌ᠴᠢ ᠭᠡᠱᠢᠭᠦᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠤᠯᠠᠨ ᠲᠦᠮᠡᠨ᠎ᠲᠡᠶ ᠨᠡᠩ ᠨᠢᠭ᠍ᠲᠠ ᠬᠠᠷᠢᠯᠴᠠᠵᠤ᠂ ᠤᠯᠠᠨ ᠲᠦᠮᠡᠨ᠎ᠲᠡᠶ ᠪᠦᠯᠬᠦᠮᠳᠡᠨ᠂ ᠥᠪᠥᠷ ᠮᠣᠩᠭᠣᠯ᠎ᠤᠨ ᠬᠥᠭ᠌ᠵᠢᠯᠲᠡ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ᠃ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ᠨ ᠨᠢᠭᠡᠲᠡᠢ ᠪᠠᠢᠵᠤ᠂ ᠬᠠᠷᠠᠯᠲᠠ᠎ᠪᠠᠨ ᠰᠤᠯᠠᠷᠠᠭᠤᠯᠤᠯ ᠦᠭᠡᠢ ᠪᠠᠲᠤ ᠡᠵᠡᠮᠳᠡᠨ᠂ ᠥᠪᠡᠷ᠎ᠦᠨ ᠡᠬᠦᠷᠭᠡᠯᠡᠬᠦ ᠶᠤᠰᠤᠳᠠᠢ ᠡᠬᠦᠷᠭᠡ ᠪᠡᠨ ᠡᠬᠦᠷᠭᠡᠯᠡᠵᠤ᠂ ᠰᠠᠢᠨ ᠬᠦᠢᠴᠡᠳᠭᠡᠭᠴᠢ᠂ ᠦᠢᠯᠡᠳᠤᠯᠭᠡᠵᠢᠬᠦᠯᠦᠭᠴᠢ᠂ ᠪᠣᠳᠠᠲᠠᠢ ᠠᠵᠢᠯᠯᠠᠭ᠍ᠴᠢ ᠪᠣᠯᠬᠤ ᠬᠡᠷᠡᠭ᠌ᠲᠡᠢ᠃ ᠨᠡᠩ ᠢᠯᠡᠭᠦᠦ ᠬᠦᠴᠦᠯᠡᠨ ᠴᠢᠷᠮᠠᠢᠬᠤ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠲᠡᠮᠡᠴᠡᠯ᠎ᠦᠨ ᠳᠦᠷᠰᠦ ᠪᠠᠢᠳᠠᠯ᠎ᠢᠶᠠᠷ᠂ ᠡᠯ᠎ᠡ ᠲᠠᠯ᠎ᠠ᠎ᠶ᠋ᠢᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠢᠴᠡᠳ ᠲᠠᠢ᠌ᠴᠢᠯᠠᠵᠤ᠂ ᠤᠯᠠᠨ᠎ᠢᠶᠠᠷ᠎ᠢᠶᠠᠨ ᠬᠠᠮᠲᠤ᠎ᠪᠠᠷ ᠴᠢᠷᠮᠠᠢᠨ ᠠᠵᠢᠯᠯᠠᠪᠠᠯ᠂ ᠬᠤᠷᠢᠬ᠍ᠯᠠᠬ᠍ᠳᠠᠰᠢ ᠦᠭᠡᠢ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠱᠢᠨ᠎ᠡ ᠤᠷᠤᠭ᠍ᠰᠢᠯᠠᠯᠲᠠ᠎ᠪᠠᠷ ᠱᠢᠨ᠎ᠡ ᠢᠷᠡᠭᠡᠳᠤᠢ ᠵᠢ ᠨᠡᠭᠡᠭᠡᠵᠤ ᠴᠢᠳᠠᠬᠤ ᠨᠢ ᠯᠠᠪᠳᠠᠢ᠃
ᠲᠦᠮᠡᠨ ᠠᠬ᠍ᠳᠠ ᠵᠢᠨ ᠲᠦᠪᠡᠷᠭᠡᠨ ᠰᠦᠷ ᠳᠠᠯᠠᠢᠴᠠᠲᠠᠢ ᠪᠠᠢᠵᠤ᠂ ᠥᠪᠥᠷ ᠮᠣᠩᠭᠣᠯ᠎ᠤᠨ ᠦᠵᠡᠮᠵᠢ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠤᠢ᠃ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠱᠢᠨ᠎ᠡ ᠠᠶᠠᠨ ᠳ᠋ᠤ᠂ ᠨᠡᠩ ᠠᠤᠭ᠎ᠠ ᠬᠠᠷᠠᠯᠲᠠ ᠪᠢᠳᠡᠨ᠎ᠦ ᠪᠡᠶᠡᠯᠡᠭᠦᠯᠬᠦ᠌᠎ᠶ᠋ᠢ ᠬᠦᠯᠢᠶᠡᠵᠦ᠍᠂ ᠨᠡᠩ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠢᠳᠡᠨ᠎ᠦ ᠡᠭᠦᠳᠦᠨ ᠪᠦᠲᠦᠭᠡᠬᠦ᠌᠎ᠶ᠋ᠢ ᠬᠦᠯᠢᠶᠡᠵᠦ᠍ ᠪᠤᠢ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠡᠬᠢᠯᠡᠯᠲᠡ᠎ᠶ᠋ᠢᠨ ᠵᠢᠯ᠎ᠳᠦ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠱᠢᠨ᠎ᠡ ᠳᠦᠷᠰᠦ ᠪᠠᠢᠳᠠᠯ᠎ᠢ ᠪᠤᠢ ᠪᠣᠯᠭᠠᠵᠤ᠂ ᠱᠢᠨ᠎ᠡ ᠣᠷᠣᠨ ᠵᠠᠢ᠎ᠶ᠋ᠢ ᠨᠡᠭᠡᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ ᠤ᠋ᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠰᠤᠭᠡᠢ᠃