(2026 ᠣᠨ᠎ᠤ 2 ᠰᠠᠷ᠎ᠠ᠎ᠶ᠋ᠢᠨ 7᠎ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠡᠴᠡ ᠪᠠᠲᠤᠯᠠᠪᠠ)
ᠤᠯᠤᠰ ᠲᠥᠷᠥ ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠶ᠋ᠢᠨ ᠳᠥᠷᠪᠡᠳᠦᠭᠡᠷ ᠬᠤᠷᠠᠯ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠤᠳᠤᠷᠢᠳᠤᠯᠭ᠎ᠠ ᠳᠤᠤᠷ᠎ᠠ᠂ ᠤᠯᠤᠰ ᠲᠦᠷᠦ᠍ ᠶ᠋ᠢᠨ ᠵᠥᠪᠯᠡᠯᠭᠡᠨ ᠦ ᠪᠦᠬᠦ᠌ ᠭᠡᠱᠢᠭᠦᠨ᠂ ᠤᠯᠤᠰ ᠲᠥᠷᠥ ᠶ᠋ᠢᠨ ᠵᠥᠪᠯᠡᠯᠭᠡᠨ ᠦ ᠡᠯ᠎ᠡ ᠣᠷᠣᠯᠴᠠᠭ᠍ᠰᠠᠨ ᠨᠢᠭᠡᠴᠢ ᠪᠣᠯᠤᠨ ᠡᠯ᠎ᠡ ᠲᠤᠰᠭᠠᠶ ᠵᠥᠪᠯᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ᠂ ᠠᠷᠪᠠᠨ ᠨᠢᠭᠡᠳᠦᠭᠡᠷ ᠤᠳᠠᠭ᠎ᠠ᠎ᠶ᠋ᠢᠨ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠠᠨᠠᠯ ᠳᠤᠷᠠᠳᠤᠯᠭ᠎ᠠ᠎ᠶ᠋ᠢ ᠢᠳᠡᠪᠬᠢᠲᠡᠢ ᠬᠡᠷᠡᠭ᠌ᠯᠡᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ᠃
2026 ᠣᠨ᠎ᠤ 2 ᠰᠠᠷ᠎ᠠ᠎ᠶ᠋ᠢᠨ 5 ᠤ᠋ ᠡᠳᠦᠷ᠎ᠦᠨ 12 ᠴᠠᠭ ᠪᠣᠯᠲᠠᠯ᠎ᠠ᠂ ᠨᠡᠢᠲᠡ 1080 ᠬᠤᠪᠢ ᠰᠠᠨᠠᠯ ᠳᠤᠷᠠᠳᠤᠯᠭ᠎ᠠ᠎ᠶ᠋ᠢ ᠭᠥᠯᠢᠶᠡᠨ ᠠᠪᠴᠤ᠌᠂《ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶ᠋ᠢᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠲᠦᠷᠢᠮ》 ᠤ᠋ᠨ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ᠂ ᠬᠢᠨᠠᠨ ᠪᠠᠢᠴᠠᠭᠠᠬᠤ᠎ᠪᠠᠷ ᠳᠡᠮᠵᠢᠨ 780 ᠬᠤᠪᠢ᠎ᠶ᠋ᠢ ᠨᠢ ᠬᠡᠷᠡᠭ ᠪᠤᠯᠭᠠᠨ ᠳᠡᠩᠰᠡᠯᠡᠵᠦ᠍᠂ ᠬᠡᠷᠡᠭ ᠪᠤᠯᠭᠠᠨ ᠳᠠᠩᠰᠠᠯᠠᠭ᠍ᠰᠠᠨ ᠨᠣᠷᠮ᠎ᠠ 72.2 % ᠲᠤ᠌ ᠬᠦᠷᠴᠡᠢ; 130 ᠬᠤᠪᠢ᠎ᠶᠢ ᠨᠡᠢᠯᠡᠭᠦᠯᠵᠦ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ 170 ᠬᠤᠪᠢ ᠱᠢᠯᠵᠢᠭᠦᠯᠪᠡ᠃ ᠬᠡᠷᠡᠭ ᠪᠣᠯᠭᠠᠨ ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ ᠭᠡᠱᠢᠭᠦᠳ᠎ᠦᠨ ᠰᠠᠨᠠᠯ ᠳᠤᠷᠠᠳᠤᠯᠭ᠎ᠠ 569 ᠬᠤᠪᠢ ᠪᠠᠢᠵᠤ᠂ 72.9 % ᠶ᠋ᠢ ᠡᠵᠡᠯᠡᠪᠡ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠦᠪᠯᠡᠯ ᠪᠠ ᠡᠲᠡᠭᠡᠳ ᠢᠯᠭᠠᠯ᠎ᠤᠨ ᠰᠠᠨᠠᠯ ᠲᠤᠷᠠᠳᠤᠯᠭ᠎ᠠ 211 ᠬᠤᠪᠢ ᠪᠠᠢᠵᠤ᠂ 27.1% ᠶ᠋ᠢ ᠡᠵᠡᠯᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 68 ᠬᠤᠪᠢ ᠪᠠᠢᠵᠤ᠂ 8.7 % ᠵᠢ ᠡᠵᠡᠯᠡᠪᠡ; ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 151 ᠬᠤᠪᠢ ᠪᠠᠢᠵᠤ᠂ 19.4 % ᠶ᠋ᠢ ᠡᠵᠡᠯᠡᠪᠡ; ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 105 ᠬᠤᠪᠢ ᠪᠠᠢᠵᠤ᠂ 13.5 % ᠶ᠋ᠢ ᠡᠵᠡᠯᠡᠪᠡ; ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ᠎ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 156 ᠬᠤᠪᠢ ᠪᠠᠢᠵᠤ᠂ 20% ᠶ᠋ᠢ ᠡᠵᠡᠯᠡᠪᠡ; ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 120 ᠬᠤᠪᠢ ᠪᠠᠢᠵᠤ᠂ 15.4 % ᠶ᠋ᠢ ᠡᠵᠡᠯᠡᠪᠡ; ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ ᠲᠠᠢ ᠨᠢᠭᠲᠠ ᠤᠶᠠᠯᠳᠤᠭᠤᠯᠤᠭᠰᠠᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 108 ᠬᠤᠪᠢ ᠪᠠᠢᠵᠤ᠂ 13.8 % ᠶ᠋ᠢ ᠡᠵᠡᠯᠡᠪᠡ; ᠪᠤᠰᠤᠳ ᠲᠠᠯ᠎ᠠ᠎ᠪᠠᠷ ᠬᠢ ᠰᠠᠨᠠᠯ ᠲᠤᠷᠠᠳᠤᠯᠭ᠎ᠠ 72 ᠬᠤᠪᠢ ᠪᠠᠢᠵᠤ᠂ 9.2 % ᠢ᠋ ᠡᠵᠡᠯᠡᠪᠡ᠃
ᠲᠤᠰ ᠤᠳᠠᠭ᠎ᠠ᠎ᠶ᠋ᠢᠨ ᠬᠤᠷᠠᠯ᠎ᠤᠨ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠰᠠᠨ ᠨᠢᠭᠡᠴᠢ ᠵᠢᠴᠢ ᠡᠯ᠎ᠡ ᠲᠤᠰᠭᠠᠢ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠦᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠰᠠᠨᠠᠯ ᠳᠤᠷᠠᠳᠤᠯᠭ᠎ᠠ ᠳᠡᠪᠱᠢᠭᠦᠯᠵᠦ᠍᠂ ᠰᠠᠨᠠᠯ ᠳᠤᠷᠠᠳᠤᠯᠭ᠎ᠠ᠎ᠶ᠋ᠢᠨ ᠰᠡᠳᠦᠪ ᠰᠣᠩᠭᠣᠬᠤ ᠴᠢᠭ᠌ᠯᠡᠯ᠎ᠢ ᠨᠡᠩ ᠣᠨᠣᠪᠴᠢᠲᠠᠢ᠂ ᠪᠠᠢᠴᠠᠭᠠᠨ ᠰᠤᠳᠤᠯᠤᠯᠲᠠ ᠨᠤᠲᠠᠯᠠᠯᠲᠠ᠎ᠶ᠋ᠢ ᠨᠡᠩ ᠭᠦᠨᠵᠡᠭᠡᠢ᠂ ᠠᠷᠭ᠎ᠠ ᠪᠤᠳᠤᠯᠭ᠎ᠠ ᠰᠠᠨᠠᠭᠤᠯᠭ᠎ᠠ᠎ᠶ᠋ᠢ ᠨᠡᠩ ᠪᠣᠳᠠᠲᠠᠢ ᠪᠤᠯᠭᠠᠵᠤ᠂ ᠰᠠᠨᠠᠯ ᠳᠤᠷᠠᠳᠤᠯᠭ᠎ᠠ᠎ᠶ᠋ᠢᠨ ᠪᠦᠲᠦᠴᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠪᠦᠬᠦᠯᠢ ᠴᠣᠭ᠍ᠴᠠ᠎ᠶ᠋ᠢᠨ ᠶᠠᠰᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠪᠡ᠃
ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ᠎ᠲᠠᠶ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ᠎ᠢ ᠬᠠᠮᠲᠤ ᠪᠡᠷ ᠬᠤᠷᠠᠯᠳᠤᠭᠤᠯᠵᠤ᠂ ᠬᠡᠷᠡᠭ ᠪᠣᠯᠭᠠᠨ ᠳᠠᠩᠰᠠᠯᠠᠭᠰᠠᠨ ᠰᠠᠨᠠᠯ ᠳᠤᠷᠠᠳᠤᠯᠭ᠎ᠠ᠎ᠶ᠋ᠢ ᠬᠠᠮᠢᠶ᠎ᠠ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠬᠦ᠌ ᠪᠣᠯᠤᠨ᠎ᠠ᠃ ᠲᠣᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠲᠤᠷᠠᠳᠬᠤ ᠴᠠᠭ᠎ᠤᠨ ᠬᠢᠵᠠᠭᠠᠷ ᠦᠩᠭᠡᠷᠡᠭᠰᠡᠨ᠎ᠤ ᠲᠠᠷᠠᠭ᠎ᠠ ᠬᠦᠯᠢᠶᠡᠨ ᠠᠪᠤᠭᠰᠠᠨ ᠰᠠᠨᠠᠯ ᠳᠤᠷᠠᠳᠤᠯᠭ᠎ᠠ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠠᠷ ᠴᠠᠭ ᠲᠤᠬᠠᠶ᠎ᠳᠤᠨᠢ ᠬᠢᠨᠠᠨ ᠪᠠᠢᠴᠠᠭᠠᠵᠤ᠂ ᠬᠡᠷᠡᠭ ᠪᠣᠯᠭᠠᠨ ᠳᠠᠩᠰᠠᠯᠠᠭ᠍ᠰᠠᠨ᠎ᠤ ᠳᠠᠷᠠᠭ᠎ᠠ ᠬᠣᠯᠪᠣᠭ᠍ᠳᠠᠯ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠬᠦ᠌ ᠪᠣᠯᠤᠨ᠎ᠠ᠃