(2026 ᠣᠨ᠎ᠤ 2 ᠰᠠᠷ᠎ᠠ᠎ᠶ᠋ᠢᠨ 7 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠷᠢᠶ᠎ᠠ ᠵᠢᠨ ᠳᠥᠷᠪᠡᠳᠦᠭᠡᠷ ᠬᠤᠷᠠᠯ ᠡᠴᠡ ᠪᠠᠲᠤᠯᠠᠪᠠ)
ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠤᠷᠢᠶ᠎ᠠ ᠵᠢᠨ ᠳᠥᠷᠪᠡᠳᠦᠭᠡᠷ ᠬᠤᠷᠠᠯ 2026 ᠣᠨ᠎ᠤ 2 ᠰᠠᠷ᠎ᠠ᠎ᠶ᠋ᠢᠨ 3 ᠤ᠋ ᠡᠳᠦᠷ᠎ᠡᠴᠡ 7 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠸᠠᠩ ᠸᠧᠶ ᠵᠥᠩ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠵᠡᠷᠭᠡ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠤ᠂ ᠶᠡᠬᠡ ᠬᠤᠷᠠᠯ ᠳᠡᠭᠡᠷᠡᠬᠢ ᠶᠠᠷᠢᠶ᠎ᠠ᠎ᠶ᠋ᠢ ᠰᠣᠨᠣᠰᠴᠤ᠌᠂ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠰᠠᠨᠠᠯ᠎ᠢᠶᠠᠨ ᠭᠦᠨᠵᠡᠭᠡᠶ ᠶᠠᠷᠢᠯᠴᠠᠨ ᠰᠣᠯᠢᠯᠴᠠᠵᠤ᠂ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠢᠨ ᠠᠷᠭ᠎ᠠ ᠶ᠋ᠢ ᠬᠠᠮᠲᠤ᠎ᠪᠠᠷ ᠰᠦᠪᠡᠭ᠌ᠴᠢᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠪᠣᠳᠣᠯᠭ᠎ᠠ᠎ᠶ᠋ᠢ ᠬᠠᠮᠲᠤ᠎ᠪᠠᠷ ᠵᠥᠪᠳᠡᠯᠴᠡᠪᠡ᠃ ᠬᠤᠷᠠᠯ ᠡᠴᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ᠂ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠤ᠂ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠵᠤ᠂ ᠪᠣᠳᠠᠲᠠᠢ᠎ᠶ᠋ᠢ ᠡᠷᠬᠢᠮᠯᠡᠨ ᠵᠥᠪᠯᠡᠯᠭᠡ ᠬᠢᠵᠦ᠍ ᠵᠠᠰᠠᠭ᠎ᠤᠨ ᠶᠠᠪᠤᠳᠠᠯ᠎ᠢ ᠵᠥᠪᠯᠡᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠡᠯ᠎ᠡ ᠵᠦᠶ᠋ᠯ᠎ᠦᠨ ᠵᠥᠪᠯᠡᠬᠦ᠌ ᠵᠦᠶ᠋ᠯᠡᠰ᠎ᠢ ᠤᠷᠤᠭ᠍ᠰᠢᠲᠠᠶ ᠪᠡᠶᠡᠯᠡᠭᠦᠯᠵᠤ᠂ ᠴᠢᠬᠤᠯᠠ ᠦᠷ᠎ᠡ ᠪᠦᠲᠦᠭᠡᠯ ᠣᠯᠵᠠᠢ᠃ ᠬᠤᠷᠠᠯ᠎ᠡᠴᠡ ᠵᠠᠩ ᠶᠠᠨ ᠺᠦᠨ ᠨᠥᠬᠥᠷ᠎ᠦᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠡᠮᠦᠨ᠎ᠡ᠎ᠡᠴᠡ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠴᠡᠴᠡᠭ ᠨᠥᠬᠥᠷ᠎ᠦᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠡᠮᠦᠨ᠎ᠡ᠎ᠡᠴᠡ ᠬᠢᠭ᠌ᠰᠡᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠬᠣᠷᠢᠶ᠎ᠠ ᠵᠢᠨ ᠳᠡᠳ᠋ ᠲᠡᠷᠢᠭᠦᠯᠡᠭ᠌ᠴᠢ 3 ᠬᠥᠮᠦᠨ᠂ ᠪᠠᠢᠩᠭᠤ᠎ᠶ᠋ᠢᠨ ᠭᠡᠱᠢᠭᠦᠨ 7 ᠬᠥᠮᠦᠨ᠎ᠢ ᠰᠣᠩᠭᠣᠨ ᠭᠠᠷᠭᠠᠪᠠ᠃ ᠭᠡᠱᠢᠭᠦᠳ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠤᠬᠠᠮᠰᠠᠷ ᠪᠠ ᠴᠢᠩᠭ᠎ᠠ ᠡᠭᠦᠷᠭᠡ ᠬᠠᠷᠢᠭᠤᠴᠠᠯᠭᠠᠲᠤ ᠰᠡᠳᠭᠢᠯᠭᠡ᠎ᠪᠡᠷ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠳᠤ ᠰᠤᠯᠠ ᠣᠷᠣᠯᠴᠠᠵᠤ᠂ ᠪᠦᠦ ᠭᠠᠩ ᠨᠥᠬᠥᠷ᠎ᠦᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠶᠠᠷᠢᠯᠴᠠᠵᠤ ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠂ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠰᠦᠪ᠎ᠦᠨ ᠮᠡᠳᠡᠭᠦᠯᠦᠯᠲᠡ᠎ᠶ᠋ᠢ ᠶᠠᠷᠢᠯᠴᠠᠵᠤ᠂ ᠰᠠᠨᠠᠯ ᠨᠢᠭᠡᠲᠡᠢ᠎ᠪᠡᠷ ᠵᠥᠪᠱᠢᠶᠡᠷᠡᠬᠦ᠌᠎ᠶ᠋ᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠦ᠍᠎ᠨᠡᠷ᠎ᠦᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠵᠥᠪᠯᠡᠬᠦ᠌ ᠠᠷᠠᠳᠴᠢᠯᠠᠯ᠎ᠤᠨ ᠵᠠᠯᠠᠭᠤᠴᠤᠳ ᠪᠠᠭᠠᠴᠤᠳ ᠠᠵᠢᠭ᠍ᠯᠠᠭ᠍ᠴᠢ ᠪᠣᠯᠤᠨ ᠡᠮᠡᠭ᠌ᠲᠡᠢ ᠠᠵᠢᠭ᠍ᠯᠠᠭ᠍ᠴᠢ ᠬᠤᠷᠠᠯ᠎ᠳᠤ ᠰᠤᠯᠠ ᠣᠷᠣᠯᠴᠠᠪᠠ᠃ ᠬᠤᠷᠠᠯ ᠨᠢ ᠪᠣᠳᠠᠲᠠᠢ᠎ᠶ᠋ᠢ ᠡᠷᠬᠢᠮᠯᠡᠨ ᠥᠨᠳᠥᠷ ᠪᠦᠲᠦᠮᠵᠢᠲᠡᠢ᠂ ᠰᠤᠷᠲᠠᠯ ᠴᠢᠬᠡᠴᠢ ᠣᠪᠣᠷ ᠲᠥᠪ ᠵᠢᠡᠷ ᠶᠠᠪᠤᠭ᠍ᠳᠠᠵᠤ᠂ ᠠᠷᠠᠳᠴᠢᠯᠠᠯ᠎ᠢ ᠡᠷᠬᠢᠮᠯᠡᠨ ᠪᠣᠳᠠᠲᠠᠢ᠎ᠶ᠋ᠢ ᠡᠷᠬᠢᠮᠯᠡᠭ᠌ᠰᠡᠨ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠵᠠᠢ᠃
ᠬᠤᠷᠠᠯ ᠡᠴᠡ᠂ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠰᠢ ᠵᠢᠨ ᠫᠢᠩ ᠨᠥᠬᠥᠷ ᠢᠶᠡᠷ ᠭᠣᠣᠯ ᠪᠣᠯᠭᠠᠭ᠍ᠰᠠᠨ ᠲᠤᠮᠳᠠᠳᠤ ᠤᠯᠤᠰ᠎ᠤᠨ ᠡᠪ ᠬᠠᠮᠳᠤ ᠨᠠᠮ ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ ᠤ ᠲᠦᠪ ᠬᠤᠷᠢᠶ᠎ᠠ ᠵᠢᠨ ᠤᠳᠠᠭ᠎ᠠ ᠪᠦᠷᠢ ᠶ᠋ᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠭᠣᠣᠯᠳᠠᠯᠭ᠎ᠠ᠎ᠲᠠᠶ ᠬᠦᠷᠢᠶᠡᠨ᠎ᠳ᠋ᠡᠬᠢ ᠠᠵᠢᠯ᠎ᠢ ᠦᠷᠭᠦᠯᠵᠢᠯᠡᠨ ᠪᠠᠢᠷᠢᠯᠠᠭᠤᠯᠵᠤ ᠠᠬᠢᠭᠤᠯᠤᠨ᠂ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠬᠡ ᠪᠡᠷ ᠳᠡᠭᠡᠭ᠌ᠰᠢᠯᠡᠵᠤ᠂ ᠤᠯᠤᠰ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌ ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ᠎ᠢᠶᠠᠷ ᠠᠬᠢᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ ᠨᠢᠭᠡ ᠠᠯᠬᠤᠮ ᠪᠡᠬᠢᠵᠢᠭᠦᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠥᠬᠡᠶ ᠨᠡᠮᠡᠭ᠌ᠳᠡᠵᠤ᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠦᠷᠭᠦᠯᠵᠢᠯᠡᠨ ᠪᠡᠬᠢᠵᠢᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠲᠡᠭᠦᠰ ᠠᠮᠵᠢᠯᠲᠠ᠎ᠲᠠᠶ ᠦᠨᠳᠦᠷᠯᠡᠪᠡ ᠭᠡᠵᠤ ᠦᠵᠡᠪᠡ᠃
ᠬᠤᠷᠠᠯ᠎ᠡᠴᠡ᠂ ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠳᠠᠬᠢ ᠤᠳᠤᠷᠢᠳᠤᠯᠭ᠎ᠠ᠎ᠪᠠᠨ ᠪᠥᠬᠥ᠌ ᠲᠠᠯ᠎ᠠ᠎ᠪᠠᠷ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ᠎ᠢ ᠬᠤᠷᠠᠯᠳᠤᠭᠤᠯᠵᠤ᠂ ᠪᠥᠬᠥ᠌ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠴᠢᠭ᠌ᠯᠡᠯ ᠪᠠ ᠭᠤᠤᠯᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ; ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ᠎ᠡᠴᠡ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠠᠵᠢᠯ᠂ ᠣᠨ᠎ᠤ ᠵᠥᠪᠯᠡᠬᠦ᠌ ᠲᠥᠯᠥᠪᠯᠡᠭᠡ ᠲᠣᠭ᠍ᠲᠠᠭᠠᠬᠤ᠂ ᠨᠠᠮ ᠵᠠᠰᠠᠭ᠎ᠤᠨ ᠤᠳᠤᠷᠢᠳᠤᠯᠭ᠎ᠠ ᠭᠣᠣᠯᠳᠠᠯᠭ᠎ᠠ᠎ᠲᠠᠶ ᠰᠠᠨᠠᠯ ᠳᠤᠷᠠᠳᠤᠯᠭ᠎ᠠ᠎ᠶ᠋ᠢ ᠱᠠᠯᠠᠪᠳᠠᠭᠤᠯᠤᠨ ᠭᠦᠢᠴᠡᠳᠭᠡᠯᠭᠡᠭ᠌ᠰᠡᠨ ᠵᠡᠷᠭᠡ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠤᠳᠤᠯᠤᠨ ᠲᠤᠬᠢᠷᠠᠭᠤᠯᠪᠠ; ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠤᠳᠤᠷᠢᠳᠤᠯᠭ᠎ᠠ ᠤᠷᠢᠯᠭ᠎ᠠ᠎ᠪᠠᠷ ᠤᠯᠤᠰ ᠲᠥᠷᠥ᠎ᠶ᠋ᠢᠨ ᠵᠥᠪᠯᠡᠯᠭᠡᠨ᠎ᠦ ᠴᠢᠬᠤᠯᠠ ᠬᠤᠷᠠᠯ ᠠᠵᠢᠯᠯᠠᠭ᠎ᠠ᠎ᠳᠤ ᠣᠷᠣᠯᠴᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠪᠠᠢᠴᠠᠭᠠᠨ ᠰᠤᠳᠤᠯᠤᠨ ᠵᠢᠭᠠᠨ ᠵᠢᠯᠣᠭᠣᠳᠴᠤ᠌᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠡᠳᠡᠭ᠌ᠳᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠤᠩᠱᠢᠨ ᠴᠤᠬᠤᠯᠠᠪᠤᠷᠢᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ᠎ᠪᠠᠨ ᠨᠠᠩ ᠰᠠᠢᠲᠤᠷ ᠭᠦᠶ᠋ᠴᠡᠳᠭᠡᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠡᠢ ᠭᠡᠵᠦ ᠦᠵᠡᠪᠡ᠃
ᠬᠤᠷᠠᠯ᠎ᠡᠴᠡ᠂ ᠥᠩᠭᠡᠷᠡᠭ᠌ᠰᠡᠨ ᠨᠢᠭᠡ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠶᠡᠷᠦᠩᠬᠡᠢᠯᠡᠨ ᠵᠢᠯᠤᠭᠤᠳᠤᠭᠤᠯᠬᠤ ᠶᠡᠷᠦᠩᠬᠡᠢ ᠬᠥᠲᠥᠯᠪᠦᠷᠢ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭᠠᠳᠤ ᠠᠩᠬᠠᠷᠤᠯ᠎ᠢᠶᠠᠨ ᠲᠥᠪᠯᠡᠷᠡᠭᠦᠯᠵᠦ᠂ ᠭᠤᠤᠯ ᠠᠵᠢᠯ᠎ᠤᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ᠂ ᠭᠤᠤᠯ ᠠᠵᠢᠯ ᠳ᠋ᠤ ᠤᠷᠤᠯᠴᠠᠨ᠂ ᠬᠥᠭ᠌ᠵᠢᠯᠲᠡ᠎ᠳᠦ ᠬᠦᠴᠦᠨ ᠨᠡᠮᠡᠷᠢᠯᠡᠬᠦ᠂ ᠭᠤᠤᠯ ᠠᠵᠢᠯ ᠳ᠋ᠤ ᠠᠭᠤᠰᠤᠯᠴᠠᠨ᠂ ᠠᠷᠠᠳ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ ᠵᠢ ᠪᠠᠷᠢᠮᠳᠠᠯᠠᠵᠤ᠂ ᠡᠭᠦᠷᠭᠡ ᠲᠤᠰᠢᠶᠠᠯ᠎ᠢᠶᠡᠨ ᠨᠠᠷᠢᠨ ᠬᠢᠨᠠᠮᠠᠭᠠᠶ ᠭᠦᠶ᠋ᠴᠡᠳᠭᠡᠵᠤ᠂ 《ᠳᠥᠷᠪᠡ᠎ᠵᠢ ᠨᠢᠭ᠍ᠲᠠᠷᠠᠭᠤᠯᠬᠤ》ᠵᠢ ᠰᠠᠢᠲᠤᠷ ᠬᠢᠵᠤ᠂ ᠦᠵᠡᠯ ᠰᠠᠨᠠᠭ᠎ᠠ ᠤᠯᠤᠰ ᠲᠥᠷᠥ᠎ᠪᠡᠷ ᠬᠦᠳᠦᠯᠦᠨ ᠲᠠᠭᠠᠭᠤᠯᠬᠤ᠎ᠶ᠋ᠢ ᠨᠠᠩ ᠪᠦᠲᠦᠮᠵᠢᠲᠡᠶ ᠪᠣᠯᠭᠠᠵᠤ᠂ ᠵᠥᠪᠳᠡᠯᠴᠡᠨ ᠰᠠᠨᠠᠯ ᠵᠥᠪᠯᠡᠯᠭᠡ ᠳᠤᠷᠠᠳᠭᠤ ᠲᠠᠯ᠎ᠠ ᠪᠡᠷ ᠨᠠᠩ ᠢᠯᠡᠭᠦᠦ ᠵᠢᠳᠬᠦᠯ ᠴᠢᠷᠮᠠᠢᠯᠭᠠᠭᠠᠷᠭᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠵᠢ ᠨᠠᠩ ᠬᠦᠴᠦᠲᠡᠶ ᠪᠣᠯᠭᠠᠵᠤ᠂ ᠪᠠᠢᠩᠭᠤ᠎ᠶ᠋ᠢᠨ ᠴᠢᠨᠠᠷᠲᠠᠶ ᠠᠵᠢᠯ᠎ᠢ ᠨᠠᠩ ᠬᠢᠯᠠᠯᠵᠠᠳᠠᠯ᠎ᠠ ᠬᠢᠵᠤ᠂ ᠭᠡᠱᠢᠭᠦᠳ ᠲᠤᠱᠢᠶᠠᠯ᠎ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠳᠤ ᠨᠠᠩ ᠴᠢᠨᠠᠷ ᠰᠠᠢᠲᠠᠶ ᠪᠣᠯᠵᠤ᠂ ᠲᠣᠰ ᠪᠡᠶ᠎ᠡ᠎ᠶ᠋ᠢᠨ ᠪᠠᠢᠭᠤᠯᠤᠯᠲᠠ᠎ᠵᠢ ᠨᠠᠩ ᠪᠠᠳᠤ ᠴᠢᠩᠭ᠎ᠠ ᠪᠣᠯᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌ ᠳᠤᠮᠳᠠ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠵᠦ᠂ ᠱᠢᠨ᠎ᠡ ᠡᠭᠦᠷᠭᠡᠯᠡᠯ᠎ᠢ ᠢᠯᠡᠷᠡᠭᠦᠯᠪᠡ ᠭᠡᠵᠦ ᠦᠵᠡᠪᠡ᠃
ᠬᠤᠷᠠᠯ᠎ᠡᠴᠡ᠂ 2026 ᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠦᠨ ᠤᠢ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠂ ᠨᠠᠩ ᠥᠨᠳᠥᠷ ᠵᠣᠭ᠍ᠰᠣᠴᠠ᠎ᠡᠴᠡ ᠦᠵᠡᠯ ᠰᠠᠨᠠᠭ᠎ᠠ ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠬᠠᠵᠤ᠂ ᠨᠡᠩ ᠶᠡᠬᠡ ᠵᠢᠳᠬᠦᠯ ᠴᠢᠷᠮᠠᠢᠯᠭ᠎ᠠ ᠭᠠᠷᠭᠠᠵᠤ ᠭᠤᠤᠯ ᠠᠵᠢᠯᠤᠨᠲᠣᠭᠣᠷᠢᠨᠳᠤ ᠰᠠᠨᠠᠯ ᠰᠠᠨᠠᠭᠤᠯᠭ᠎ᠠ ᠳᠡᠪᠱᠢᠭᠦᠯᠵᠦ᠍᠂ ᠨᠡᠩ ᠴᠢᠩᠭ᠎ᠠ ᠡᠭᠦᠷᠭᠡᠯᠡᠯ᠎ᠢᠶᠡᠷ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠳᠦᠷᠢᠮᠵᠢᠯᠲᠡ᠂ ᠵᠢᠷᠤᠮᠵᠢᠯᠲᠠ᠂ ᠲᠡᠰ ᠲᠠᠷᠠᠭᠠᠵᠢᠯᠲᠠ ᠵᠡᠷᠭᠡ ᠦᠢᠯᠡᠳᠦᠯ ᠴᠢᠳᠠᠮᠵᠢ᠎ᠶ᠋ᠢᠨ ᠪᠠᠢᠭᠤᠯᠤᠯᠲᠠ ᠶ᠋ᠢ ᠠᠬᠢᠭᠤᠯᠵᠤ᠂ ᠨᠡᠩ ᠴᠢᠩᠭ᠎ᠠ ᠱᠠᠭᠠᠷᠳᠠᠯᠭ᠎ᠠ᠎ᠪᠠᠷ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠰᠠᠢᠲᠤᠷ ᠠᠳᠭᠤᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠵᠢᠨ ᠲᠦᠯᠦᠬᠡ ᠥᠷᠭᠡᠨ᠎ᠢᠶᠡᠷ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ᠎ᠢ ᠨᠢᠭ᠍ᠲᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠪᠣᠯᠤᠨ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠳᠤᠷᠢᠳᠤᠯᠭ᠎ᠠ ᠳᠣᠣᠷ᠎ᠠ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠤ ᠪᠦᠬᠦ᠌ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢᠨ ᠲᠦᠯᠦᠬᠡ ᠪᠦᠯᠬᠦᠮᠳᠡᠨ ᠲᠡᠮᠡᠴᠡᠰᠦᠭᠡᠢ ᠭᠡᠵᠦ᠍ ᠤᠷᠢᠶᠠᠯᠠᠪᠠ!