ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠠᠯᠪᠠᠨ ᠵᠠᠷᠯᠠᠯ
2026-02-08 13:07:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠢᠭᠡᠳᠦᠭᠡᠷ ᠲᠤᠭᠠᠲᠦ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠡᠴᠡ 2026 ᠣᠨ᠎ᠤ 2 ᠰᠠᠷ᠎ᠠ᠎ᠶ᠋ᠢᠨ 7 ᠤ᠋ ᠡᠳᠦᠷ ᠮᠸᠩ ᠱᠢᠶᠠᠨ ᠳ᠋ᠦᠩ᠂ ᠯᠢ ᠢᠦᠢ ᠭᠠᠩ᠂ ᠢᠦᠢ ᠯᠢ ᠱᠢᠨ (ᠮᠣᠩᠭᠣᠯ ᠦᠨᠳᠦᠰᠦᠲᠡᠨ) ᠎ᠢ᠋ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢ᠎ᠪᠡᠷ ᠰᠣᠩᠭᠣᠪᠠ᠃

ᠤᠳᠤ ᠵᠠᠷᠯᠠᠨ ᠨᠡᠢᠲᠡᠯᠡᠰᠤᠭᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ

2026 ᠣᠨ᠎ᠤ 2 ᠰᠠᠷ᠎ᠠ᠎ᠶ᠋ᠢᠨ 7 ᠎ᠤ᠋ ᠡᠳᠦᠷ


e09390f6-e288-4d66-8d6e-1b3d19886c4b.png


ᠮᠸᠩ ᠱᠢᠶᠠᠨ ᠳ᠋ᠦᠩ ᠨᠥᠬᠥᠷ᠎ᠦᠨ ᠲᠣᠪᠴᠢ ᠨᠠᠮᠲᠠᠷ

ᠮᠸᠩ ᠱᠢᠶᠠᠨ ᠳ᠋ᠦᠩ᠂ ᠡᠷᠡᠭ᠌ᠲᠡᠶ᠂ ᠬᠢᠲᠠᠳ ᠦᠨᠳᠦᠰᠦᠲᠡᠨ᠂ 1965 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠲᠠᠷ ᠲᠠᠢ᠂ ᠲᠠᠷᠢᠶᠠᠯᠠᠩ᠎ᠤᠨ ᠮᠡᠷᠬᠡᠵᠢᠯ᠎ᠤᠨ ᠳᠡᠯᠭᠡᠷᠡᠭᠦᠯᠦᠯᠲᠡ᠎ᠶ᠋ᠢᠨ ᠮᠠᠬᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠦ ᠲᠤᠱᠢᠶᠠᠯ᠎ᠳᠤ ᠪᠤᠢ᠃


59c6ab35-c76e-4ccc-ad5e-f157c9e0ff9e.png


ᠯᠢ ᠢᠦᠶ ᠭᠠᠩ ᠨᠥᠬᠥᠷ᠎ᠦᠨ ᠲᠣᠪᠴᠢ ᠨᠠᠮᠲᠠᠷ

ᠯᠢ ᠢᠦᠢ ᠭᠠᠩ᠂ ᠡᠷᠡᠭ᠌ᠲᠡᠢ᠂ ᠬᠢᠲᠠᠳ ᠦᠨᠳᠦᠰᠦᠲᠡᠨ᠂ 1965 ᠣᠨ᠎ᠤ 8 ᠰᠠᠷ᠎ᠠ᠎ᠳᠤ ᠲᠦᠷᠦᠵᠠᠢ᠂ ᠬᠠᠷᠠᠮᠥ᠋ᠷᠡᠨ ᠮᠤᠵᠢ᠎ᠶ᠋ᠢᠨ ᠨᠠᠮ᠎ᠤᠨ ᠬᠣᠷᠢᠶ᠎ᠠ᠎ᠶᠢᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠡᠭᠡᠳᠦ ᠵᠡᠷᠭᠡ᠎ᠶ᠋ᠢᠨ ᠬᠠᠮᠢᠶᠠᠷᠤᠯᠲᠠ᠎ᠶ᠋ᠢᠨ ᠠᠵᠢᠯᠲᠠᠨ᠎ᠤ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶ᠋ᠢᠨ ᠮᠠᠬᠢᠰᠲ᠋ᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠦ ᠲᠤᠱᠢᠶᠠᠯ᠎ᠳᠤ ᠪᠤᠢ᠃


c1f3c077-7e28-40ea-a882-01d6c8348ea4.png


ᠢᠦᠢ ᠯᠢ ᠱᠢᠨ ᠨᠥᠬᠥᠷ᠎ᠦᠨ ᠲᠣᠪᠴᠢ ᠨᠠᠮᠲᠠᠷ

ᠢᠦᠢ ᠯᠢ ᠱᠢᠨ᠂ ᠡᠷᠡᠭ᠌ᠲᠡᠢ᠂ ᠮᠣᠩᠭᠣᠯ ᠦᠨᠳᠦᠰᠦᠲᠡᠨ᠂ 1965 ᠣᠨ᠎ᠤ 11 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ ᠵᠢᠨ ᠰᠤᠷᠤᠯᠭ᠎ᠠ ᠵᠢᠨ ᠨᠠᠮᠳᠠᠷ ᠲᠠᠢ᠂ ᠲᠸᠭᠨᠢᠭ᠎ᠦᠨ ᠤᠬᠠᠭᠠᠨ᠎ᠤ ᠪᠠᠴᠸᠯᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠤᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ᠂ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠠᠵᠢᠯ᠎ᠤᠨ ᠬᠤᠷᠢᠶ᠎ᠠ ᠵᠢᠨ ᠱᠦᠵᠢ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠤᠷᠢᠶ᠎ᠠ ᠵᠢᠨ ᠠᠯᠪᠠᠨ ᠭᠡᠷ᠎ᠦᠨ ᠡᠷᠬᠢᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠡᠷᠬᠢᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠦ ᠲᠤᠱᠢᠶᠠᠯ᠎ᠳᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号